1 — 7 ᠳ᠋ᠤᠭᠠᠷ ᠰᠠᠷ᠎ᠠ ᠳᠤ ᠬᠢᠩᠭᠠᠨ ᠠᠶᠢᠮᠠᠭ ᠤᠨ ︽ᠬᠤᠶᠠᠷ ᠰᠠᠭᠤᠷᠢᠨ ᠭᠠᠵᠠᠷ︾ ᠤᠨ ᠪᠥᠲᠥᠭᠡᠨ ᠪᠠᠶᠢᠭᠤᠯᠤᠯᠲᠠ ᠯᠠᠪᠳᠠᠭᠤᠨ ᠢᠶᠠᠷ ᠠᠭᠢᠪᠠ
ᠨᠡᠶᠢᠲᠡᠯᠡᠭᠰᠡᠨ ᠴᠠᠭ᠄
2024/8/30
      ᠡᠨᠡ ᠵᠢᠯ ᠠᠴᠠ ᠨᠠᠰᠢ᠂ ᠪᠥᠬᠦ ᠠᠶᠢᠮᠠᠭ ᠤᠨ ᠳᠡᠭᠡᠳᠦ ᠳᠣᠤᠷᠠᠳᠤ ᠱᠠᠲᠤ ᠪᠠᠷ ᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠡᠨᠧᠷᠭᠢ ᠶᠢᠨ ᠰᠠᠭᠤᠷᠢᠨ ᠭᠠᠵᠠᠷ ᠪᠠ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ   ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠶᠡᠭᠡ ᠪᠠᠷ ᠳᠥᠯᠭᠢᠨ ᠠᠬᠢᠭᠤᠯᠵᠤ᠂ ᠡᠨᠧᠷᠭᠢ ᠶᠢ ᠦᠷᠭᠦᠯᠵᠢᠯᠡᠨ ᠬᠤᠷᠠᠮᠳᠤᠭᠤᠯᠤᠨ᠂ ᠰᠠᠶᠢᠲᠤᠷ ᠤᠷᠤᠭᠰᠢᠯᠠᠵᠤ ᠪᠠᠶᠢᠨ᠎ᠠ᠃    ᠡᠨᠧᠷᠭᠢ ᠶᠢᠨ ᠰᠠᠭᠤᠷᠢᠨ ᠭᠠᠵᠠᠷ ᠤᠨ ᠲᠠᠯ᠎ᠠ ᠪᠠᠷ᠂ ᠪᠣᠬᠢᠷᠲᠤᠯ ᠥᠬᠡᠶ ᠬᠡᠯᠪᠡᠷᠢ ᠶᠢᠨ ᠬᠤᠪᠢᠷᠠᠭᠤᠯᠤᠯᠲᠠ ᠶᠠᠪᠤᠬᠤ ᠲᠤᠲᠤᠮ ᠯᠠᠪᠳᠠᠭᠤᠨ ᠪᠥᠭᠡᠳ ᠬᠦᠴᠦᠲᠡᠶ ᠪᠣᠯᠵᠣ᠂ ᠴᠠᠬᠢᠯᠭᠠᠨ ᠬᠦᠴᠦᠨ ᠤ ᠠᠵᠤ ᠦᠢᠯᠡᠳᠪᠦᠷᠢ ᠲᠦᠷᠭᠡᠨ ᠢᠶᠠᠷ ᠬᠥᠭᠵᠢᠪᠡ᠃ 1 — 7 ᠰᠠᠷ᠎ᠠ ᠳᠤ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ  ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠨᠡᠶᠢᠲᠡ 158.4 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33.6% ᠪᠠᠷ ᠨᠡᠮᠡᠭᠳᠡᠪᠡ᠃ ᠡᠭᠦᠨ ᠳᠤ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ 86.5 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 57.6% ᠪᠠᠷ ᠨᠡᠮᠡᠭᠳᠡᠨ᠂ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶᠡᠨ ᠤ 54.6% ᠶᠢ ᠡᠵᠡᠯᠡᠵᠦ᠂ ᠡᠵᠡᠯᠡᠬᠦ ᠬᠠᠷᠢᠴᠠᠯ ᠨᠢ 9.4 ᠵᠠᠭᠤᠨ ᠤ ᠨᠢᠭᠡᠴᠢ ᠳᠡᠭᠡᠭᠰᠢᠯᠡᠵᠡᠶ᠃ ᠲᠣᠭᠲᠠᠭᠠᠯ ᠳᠡᠭᠡᠷᠡᠬᠢ ᠰᠢᠨ᠎ᠡ ᠡᠨᠧᠷᠭᠢ ᠶᠢᠨ ᠠᠵᠤ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.3% ᠨᠡᠮᠡᠭᠳᠡᠵᠦ᠂ ᠪᠥᠬᠦ ᠲᠣᠭᠲᠠᠭᠠᠯ ᠳᠡᠭᠡᠷᠡᠬᠢ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 1.1 ᠵᠠᠭᠤᠨ ᠤ ᠨᠢᠭᠡᠴᠢ ᠳᠠᠶᠢᠴᠢᠯᠠᠪᠠ᠃ ᠴᠠᠬᠢᠯᠭᠠᠨ ᠬᠦᠴᠦᠨ ᠤ ᠠᠵᠤ ᠦᠢᠯᠡᠳᠪᠦᠷᠢ ᠪᠣᠬᠢᠷᠲᠤᠯ ᠦᠭᠡᠢ ᠬᠥᠭᠵᠢᠯᠲᠡ ᠶᠢᠨ ᠵᠠᠮ ᠢᠶᠠᠷ ᠲᠣᠭᠲᠠᠭᠤᠨ ᠢᠶᠠᠷ ᠤᠷᠤᠭᠰᠢᠯᠠᠵᠤ᠂ ᠪᠦᠬᠦ ᠠᠶᠢᠮᠠᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠭᠤᠣᠯ ᠬᠥᠳᠡᠯᠭᠡᠭᠦᠷ ᠪᠤᠯᠵᠤ᠂ ᠡᠨᠧᠷᠭᠢ ᠶᠢᠨ ᠬᠠᠩᠭᠠᠯᠭ᠎ᠠ ᠶᠢᠨ ᠪᠦᠲᠦᠴᠡ ᠶᠢ ᠰᠢᠯᠢᠳᠡᠭᠵᠢᠭᠦᠯᠬᠦ ᠳᠤ ᠪᠠᠲᠤ ᠲᠤᠯᠭᠠᠭᠤᠷᠢᠯᠠᠯ ᠬᠠᠩᠭᠠᠪᠠ᠃    ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ  ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠠᠯ᠎ᠠ ᠪᠠᠷ᠂ ᠣᠳᠣᠬᠢᠴᠢᠯᠠᠭᠰᠠᠨ ᠲᠠᠷᠢᠶᠠᠯᠠᠩ ᠮᠠᠯ ᠠᠵᠤ ᠠᠬᠤᠶ ᠶᠢ ᠭᠦᠨᠵᠡᠭᠡᠶᠢᠷᠡᠭᠦᠯᠦᠨ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ ᠰᠠᠶᠢᠨ ᠨᠡᠮᠡᠭᠳᠡᠯ ᠤᠨ ᠬᠠᠨᠳᠤᠰᠢ ᠲᠠᠢ ᠪᠣᠯᠪᠠ᠃ 1 — 7 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠡᠳ᠋ᠰᠢᠭᠦᠯᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 21.7% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠳᠡᠭᠡᠷ᠎ᠡ ᠬᠠᠭᠠᠰ ᠵᠢᠯ ᠤᠨ ᠬᠢ ᠠᠴᠠ 2.4 ᠵᠠᠭᠤᠨ ᠤ ᠨᠢᠭᠡᠴᠢ ᠳᠡᠭᠡᠭᠰᠢᠯᠡᠵᠦ᠂ ᠪᠥᠬᠦ ᠲᠣᠭᠲᠠᠭᠠᠯ ᠳᠡᠭᠡᠷᠡᠬᠢ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 0.9 ᠵᠠᠭᠤᠨ ᠤ ᠨᠢᠭᠡᠴᠢ ᠳᠠᠶᠢᠴᠢᠯᠠᠪᠠ᠂ ᠡᠭᠦᠨ ᠳᠤ᠂ ᠢᠳᠡᠭᠡᠨ ᠤ  ᠵᠦᠢᠯ ᠤᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 49.9% ᠪᠠᠷ ᠨᠡᠮᠡᠭᠳᠡᠵᠦ᠂ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 1.0 ᠵᠠᠭᠤᠨ ᠤ ᠨᠢᠭᠡᠴᠢ ᠳᠠᠶᠢᠴᠢᠯᠠᠪᠠ᠃ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2.4 ᠳᠠᠬᠢᠨ ᠨᠡᠮᠡᠭᠳᠡᠵᠦ᠂ ᠪᠥᠬᠦ ᠪᠠᠯᠠ ᠣᠷᠣᠭᠤᠯᠤᠯᠲᠠ ᠶᠢᠨ ᠨᠡᠮᠡᠭᠳᠡᠯ ᠢ 13.3 ᠵᠠᠭᠤᠨ ᠤ ᠨᠢᠭᠡᠴᠢ ᠳᠠᠶᠢᠴᠢᠯᠠᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠲᠣᠭᠲᠠᠭᠤᠨ ᠬᠠᠩᠭᠠᠯᠭ᠎ᠠ ᠪᠠ ᠣᠳᠣᠬᠢᠴᠢᠯᠠᠭᠰᠠᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠪᠠᠲᠤᠯᠠᠬᠤ ᠳᠤ ᠬᠦᠴᠦᠲᠡᠶ ᠬᠥᠳᠡᠯᠭᠡᠬᠦ ᠬᠦᠴᠦᠨ ᠨᠡᠮᠡᠷᠢᠯᠡᠪᠡ᠃ 
 
ᠢᠷᠡᠯᠲᠡ᠄ ᠠᠶᠢᠮᠠᠭ ᠤᠨ ᠲᠤᠭ᠎ᠠ ᠪᠦᠷᠢᠳᠬᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号