1 — 7 ᠳ᠋ᠤᠭᠠᠷ ᠰᠠᠷ᠎ᠠ ᠳᠤ ᠬᠢᠩᠭᠠᠨ ᠠᠶᠢᠮᠠᠭ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ  ᠶᠢ ᠡᠳ᠋ᠰᠢᠭᠦᠯᠬᠦ ᠦᠢᠯᠡᠰ ᠲᠦᠷᠭᠡᠨ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/8/30
       1 — 7 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ  ᠶᠢ ᠡᠳ᠋ᠰᠢᠭᠦᠯᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 21.7% ᠪᠠᠷ ᠨᠡᠮᠡᠭᠳᠡᠵᠦ᠂ ᠳᠡᠭᠡᠷ᠎ᠡ ᠬᠠᠭᠠᠰ ᠵᠢᠯ ᠤᠨ ᠬᠢ ᠠᠴᠠ 2.4 ᠵᠠᠭᠤᠨ ᠤ ᠨᠢᠭᠡᠴᠢ ᠳᠡᠭᠡᠭᠰᠢᠯᠡᠵᠦ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ 0.9 ᠵᠠᠭᠤᠨ ᠤ ᠨᠢᠭᠡᠴᠢ ᠨᠡᠮᠡᠭᠳᠡᠬᠦ ᠶᠢ ᠳᠠᠶᠢᠴᠢᠯᠠᠨ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠲᠤ ᠡᠵᠡᠯᠡᠬᠦ ᠬᠤᠪᠢ ᠶᠢᠨ ᠵᠢᠩ ᠨᠢ 4.5% ᠳᠤ ᠬᠥᠷᠪᠡ ᠃ ᠡᠭᠦᠨ ᠳᠤ᠂ ᠢᠳᠡᠭᠡᠨ ᠤ  ᠵᠦᠢᠯ ᠤᠨ ᠦᠢᠯᠡᠳᠬᠦ ᠦᠢᠯᠡᠰ ᠤᠨ ᠬᠥᠭᠵᠢᠯᠲᠡ ᠶᠢᠨ ᠬᠠᠨᠳᠤᠰᠢ ᠮᠥᠨ ᠬᠦ ᠲᠦᠷᠭᠡᠨ ᠪᠠᠶᠢᠵᠤ᠂ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 49.9% ᠨᠡᠮᠡᠭᠳᠡᠵᠦ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠶ᠋ᠯᠡᠳᠪᠦᠷᠢ ᠶᠢᠨ ᠨᠡᠮᠡᠭᠳᠡᠯ ᠥᠷᠲᠡᠭ ᠢ 1.0 ᠵᠠᠭᠤᠨ ᠤ ᠨᠢᠭᠡᠴᠢ ᠨᠡᠮᠡᠭᠳᠡᠭᠦᠯᠪᠡ᠃ 
 
ᠢᠷᠡᠯᠲᠡ᠄ ᠠᠶᠢᠮᠠᠭ ᠤᠨ ᠲᠤᠭ᠎ᠠ ᠪᠦᠷᠢᠳᠬᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号