1 — 7 ᠳ᠋ᠤᠭᠠᠷ ᠰᠠᠷ᠎ᠠ ᠳᠤ ᠬᠢᠩᠭᠠᠨ ᠠᠶᠢᠮᠠᠭ ᠤᠨ ᠴᠠᠬᠢᠯᠭᠠᠨ ᠬᠦᠴᠦᠨ ᠤ ᠠᠵᠤ ᠦᠶ᠋ᠯᠡᠳᠪᠦᠷᠢ ᠲᠦᠷᠭᠡᠨ ᠬᠥᠭᠵᠢᠯᠲᠡ ᠶᠢᠨ ᠬᠠᠨᠳᠤᠰᠢ ᠪᠠᠨ ᠪᠠᠲᠤᠯᠠᠪᠠ
ᠨᠡᠶᠢᠲᠡᠯᠡᠭᠰᠡᠨ ᠴᠠᠭ᠄
2024/8/30
     1 — 7 ᠳ᠋ᠤᠭᠠᠷ ᠰᠠᠷ᠎ᠠ ᠳᠤ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠴᠠᠬᠢᠯᠭᠠᠨ ᠬᠦᠴᠦᠨ᠂ ᠢᠯᠴᠢ ᠶᠢᠨ ᠬᠦᠴᠦᠨ ᠤ  ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 22.9% ᠪᠠᠷ ᠨᠡᠮᠡᠭᠳᠡᠵᠦ᠂ ᠮᠥᠨ ᠬᠦ ᠲᠦᠷᠭᠡᠨ ᠨᠡᠮᠡᠭᠳᠡᠯ ᠤᠨ ᠬᠠᠨᠳᠤᠰᠢ ᠪᠠᠨ ᠪᠠᠲᠤᠯᠠᠵᠤ᠂ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 6.4 ᠵᠠᠭᠤᠨ ᠤ ᠨᠢᠭᠡᠴᠢ ᠳᠠᠶᠢᠴᠢᠯᠠᠪᠠ᠃ ᠡᠭᠦᠨ ᠳᠤ᠂ ᠴᠠᠬᠢᠯᠭᠠᠨ ᠬᠦᠴᠦᠨ ᠤ  ᠦᠢᠯᠡᠳᠪᠦᠷᠢᠯᠡᠯ ᠤᠨ ᠦᠢᠯᠡᠰ ᠠᠳᠠᠯᠢ ᠬᠤᠭᠤᠴᠠᠭᠠᠨ ᠤ ᠬᠢ ᠠᠴᠠ 30.1% ᠨᠡᠮᠡᠭᠳᠡᠵᠦ᠂ ᠴᠠᠬᠢᠯᠭᠠᠨ ᠬᠦᠴᠦᠨ ᠤ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 4.2% ᠨᠡᠮᠡᠭᠳᠡᠵᠦ᠂ ᠲᠣᠰ ᠲᠣᠰ ᠪᠥᠬᠦ ᠠᠶᠢᠮᠠᠭ ᠤᠨ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢᠯᠡᠯ ᠶᠢᠨ ᠨᠡᠮᠡᠭᠳᠡᠯ ᠥᠷᠲᠡᠭ ᠤᠨ ᠨᠡᠮᠡᠭᠳᠡᠯ ᠢ 6.1 ᠪᠠ 0.3 ᠵᠠᠭᠤᠨ ᠤ ᠨᠢᠭᠡᠴᠢ ᠳᠠᠶᠢᠴᠢᠯᠠᠪᠠ᠃    ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠴᠠᠬᠢᠯᠭᠠᠨ ᠭᠠᠷᠭᠠᠭᠰᠠᠨ ᠬᠡᠮᠵᠢᠶ᠎ᠡ ᠨᠡᠶᠢᠲᠡ 158.4 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33.6% ᠪᠠᠷ ᠨᠡᠮᠡᠭᠳᠡᠪᠡ᠃ ᠡᠭᠦᠨ ᠳᠤ᠂ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠬᠡᠮᠵᠢᠶ᠎ᠡ 86.5 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 57.6% ᠨᠡᠮᠡᠭᠳᠡᠵᠦ᠂ ᠪᠥᠬᠦ ᠬᠡᠪᠴᠢᠶᠡᠵᠢᠯ ᠠᠴᠠ ᠳᠡᠭᠡᠭᠰᠢᠬᠢ ᠠᠵᠤ  ᠦᠢᠯᠡᠳᠪᠦᠷᠢ ᠶᠢᠨ ᠴᠠᠬᠢᠯᠭᠠᠨ ᠭᠠᠷᠭᠠᠬᠤ ᠬᠡᠮᠵᠢᠶ᠎ᠡ ᠶᠢᠨ 54.6% ᠶᠢ ᠡᠵᠡᠯᠡᠪᠡ᠃ ᠪᠦᠬᠦ ᠠᠶᠢᠮᠠᠭ ᠤᠨ ᠴᠠᠬᠢᠯᠭᠠᠨ ᠬᠦᠴᠦᠨ ᠤ ᠠᠵᠤ ᠦᠢᠯᠡᠳᠪᠦᠷᠢ ᠲᠠᠰᠤᠷᠠᠯᠲᠠ ᠦᠭᠡᠢ ᠨᠣᠭᠤᠭᠠᠨ ᠦᠩᠬᠡ ᠲᠡᠰᠢ ᠬᠥᠭᠵᠢᠬᠦ ᠶᠢᠨ ᠵᠡᠷᠭᠡᠪᠡᠷ ᠲᠦᠷᠭᠡᠨ ᠨᠡᠮᠡᠭᠳᠡᠯ ᠢᠶᠠᠨ ᠪᠠᠲᠤᠯᠠᠵᠤ᠂ ᠪᠦᠬᠦ ᠠᠶᠢᠮᠠᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠭᠤᠣᠯ ᠬᠥᠳᠡᠯᠭᠡᠭᠦᠷ ᠪᠣᠯᠪᠠ᠃ 
 
ᠢᠷᠡᠯᠲᠡ᠄ ᠠᠶᠢᠮᠠᠭ ᠤᠨ ᠲᠤᠭ᠎ᠠ ᠪᠦᠷᠢᠳᠬᠡᠯ ᠤᠨ ᠲᠤᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号