ᠤᠯᠠᠭᠠᠨᠬᠤᠲᠠ ᠶᠢᠨ ᠵᠢᠭᠤᠯᠴᠢᠯᠠᠯ ᠤᠨ ᠶᠡᠷᠦᠩᠬᠡᠶ ᠬᠥᠮᠦᠨ ᠤ ᠲᠤᠭ᠎ᠠ 255.6 ᠲᠦᠮᠡᠨ ᠬᠥᠮᠦᠨ ᠤᠳᠠᠭ᠎ᠠ ᠳᠤ ᠬᠦᠷᠴᠠᠢ
ᠨᠡᠶᠢᠲᠡᠯᠡᠭᠰᠡᠨ ᠴᠠᠭ᠄
2024/8/5
         ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ 2024 ᠣᠨ ᠤ ᠳᠡᠭᠡᠷ᠎ᠡ ᠬᠠᠭᠠᠰ ᠵᠢᠯ ᠳᠤ᠂ ᠤᠯᠠᠭᠠᠨᠬᠤᠲᠠ ᠶᠢᠨ ᠵᠢᠭᠤᠯᠴᠢᠯᠠᠯ ᠤᠨ ᠶᠡᠷᠦᠩᠬᠡᠶ ᠬᠥᠮᠦᠨ ᠤ ᠲᠤᠭ᠎ᠠ 255.6 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.8% ᠪᠠᠷ ᠨᠡᠮᠡᠭᠳᠡᠪᠡ᠃ ᠵᠢᠭᠤᠯᠴᠢᠯᠠᠯ ᠤᠨ ᠦᠢᠯᠡᠰ ᠤᠨ ᠶᠡᠷᠦᠩᠬᠡᠶᠢᠯᠡᠭᠰᠡᠨ ᠶᠡᠷᠦᠩᠬᠡᠶ ᠣᠷᠣᠯᠭ᠎ᠠ 14.91 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.8% ᠪᠠᠷ ᠨᠡᠮᠡᠭᠳᠡᠪᠡ᠃ 32 ᠲᠦᠮᠡᠭᠡᠨ ᠬᠥᠮᠥᠨ ᠠᠮᠠ ᠲᠠᠢ ᠰᠢᠶᠠᠨ ᠤ ᠳᠡᠰ ᠤᠨ ᠬᠤᠲᠠ ᠨᠢ ᠵᠢᠭᠤᠯᠴᠢᠯᠠᠭᠰᠠᠳ ᠲᠤ ᠪᠠᠭ᠎ᠠ ᠬᠤᠲᠠ ᠶᠢᠨ ᠦᠪᠡᠷᠮᠢᠴᠡ ᠷᠢᠳᠢ ᠰᠢᠳᠢ ᠶᠢ ᠭᠠᠶᠢᠬᠠᠭᠤᠯᠪᠠ᠃ ᠪᠦᠬᠦ ᠤᠯᠤᠰ ᠤᠨ ᠡᠯ᠎ᠡ ᠭᠠᠵᠠᠷ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠠᠷᠢᠯᠴᠠᠨ ᠥᠷᠢᠰᠦᠯᠳᠦᠵᠦ ᠪᠠᠶᠢᠭ᠎ᠠ ᠠᠬᠤᠢ ᠪᠠᠶᠢᠳᠠᠯ ᠳᠣᠣᠷ᠎ᠠ᠂ ᠤᠯᠠᠭᠠᠨᠬᠤᠲᠠ ᠨᠢ ᠶᠠᠮᠠᠷ ᠶᠠᠩᠵᠤ ᠶᠢᠨ ᠵᠢᠭᠤᠯᠴᠢᠯᠠᠯ ᠢᠶᠠᠷ ᠵᠢᠭᠤᠯᠴᠢᠯᠠᠭᠴᠢᠳ ᠢ ᠵᠣᠴᠢᠯᠠᠵᠤ ᠪᠠᠶᠢᠭ᠎ᠠ ᠪᠤᠯ︖ ︽ᠥᠪᠥᠷ ᠮᠣᠩᠭᠤᠯ ᠢ ᠲᠤᠷᠠᠳᠬᠤ ᠲᠠᠢ ᠵᠡᠷᠭᠡ ᠯᠠᠪᠲᠠᠶ ᠨᠤᠮᠢᠨ ᠨᠣᠭᠤᠭᠠᠨ ᠲᠠᠯ᠎ᠠ ᠨᠤᠲᠤᠭ ᠢ ᠯᠠᠪᠳᠠᠢ ᠪᠤᠳᠤᠵᠤ ᠤᠯᠳᠠᠭ᠂ ᠭᠡᠬᠦ ᠳᠤ ᠤᠯᠠᠭᠠᠨᠬᠤᠲᠠ ᠶᠢᠨ ᠨᠤᠮᠢᠨ ᠨᠣᠭᠤᠭᠠᠨ ᠥᠩᠭᠡ ᠨᠢ ᠠᠳᠠᠯᠢ ᠦᠭᠡᠢ᠂ ᠡ᠊ᠨᠳᠡ ᠭᠤᠤᠯ ᠮᠥᠷᠡᠨ᠂ ᠣᠶ ᠰᠢᠭᠤᠶ᠂ ᠭᠤᠤᠯ ᠤᠨ ᠰᠠᠶᠢᠷᠭᠠᠯ ᠢ ᠨᠢᠭᠡ ᠴᠣᠭᠴᠠᠵᠢᠭᠤᠯᠤᠭᠰᠠᠨ ᠲᠤᠭᠤᠷ ᠤᠨ ᠭᠤᠤᠯ ᠨᠤᠭᠤ ᠭᠠᠵᠠᠷ ᠤᠨ ᠦᠵᠡᠮᠵᠢ ᠶᠢᠨ ᠣᠷᠣᠨ ᠪᠣᠶ᠂ ᠨᠠᠩ ᠳᠤᠷᠠᠳᠤᠭᠤᠰᠢᠲᠠᠶ ᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠡ᠊ᠨᠳᠡ ᠪᠠᠶᠢᠭᠤᠯᠤᠭᠳᠠᠵᠠᠢ︾᠃ ᠤᠯᠠᠭᠠᠨᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶᠠᠨ ᠤ ᠯᠢ ᠲᠣᠪᠴᠢᠶᠠᠨ ᠳᠠᠷᠤᠭ᠎ᠠ ᠶᠢᠨ ᠦᠵᠡᠬᠦ ᠪᠠᠷ᠂ ᠥᠨᠥᠳᠦᠷ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠠᠳᠠᠯᠢ ᠴᠢᠨᠠᠷ ᠠᠴᠠ ᠵᠠᠶᠢᠯᠠᠰᠬᠢᠬᠦ ᠬᠡᠷᠡᠭᠲᠡᠢ᠂ ᠬᠠᠷᠢᠨ ᠤᠯᠠᠭᠠᠨᠬᠤᠲᠠ ᠶᠢᠨ ᠤᠨᠴᠠᠯᠢᠬᠳᠤ ᠳᠠᠪᠠᠭᠤᠯᠢᠭ ᠪᠣᠯ ︽ᠬᠤᠪᠢᠰᠬᠠᠯᠲᠤ ᠪᠣᠬᠢᠷᠲᠤᠯ ᠦᠭᠡᠢ︾ ᠵᠢᠭᠤᠯᠴᠢᠯᠠᠯ ᠪᠣᠯᠤᠨ᠎ᠠ ᠃ ᠤᠯᠠᠭᠠᠨᠬᠤᠲᠠ ᠶᠢᠨ ᠬᠤᠪᠢᠰᠬᠠᠯᠳᠤ ᠰᠣᠶᠣᠯ ᠨᠢ ᠵᠢᠭᠤᠯᠴᠢᠯᠠᠭᠴᠢᠳ ᠤᠨ ᠵᠢᠭᠤᠯᠴᠢᠯᠠᠯ ᠤᠨ ᠪᠡᠶᠠᠴᠢᠯᠡᠨ ᠥᠩᠭᠡᠷᠡᠯᠲᠡ ᠶᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠭᠦᠨ ᠵᠤᠵᠠᠭᠠᠨ ᠲᠡᠤᠬᠡ ᠪᠠ ᠰᠣᠶᠣᠯ ᠢᠷᠭᠡᠨᠰᠢᠯ ᠢ ︽ᠨᠢᠭᠡ ᠣᠷᠳᠣᠨ ᠭᠤᠷᠪᠠᠨ ᠭᠠᠵᠠᠷ︾ ᠳᠤ ᠳᠡᠯᠭᠡᠨ ᠦᠵᠡᠭᠦᠯᠵᠦ ᠪᠠᠶᠢᠨ᠎ᠠ᠃ ᠡᠭᠦᠨ ᠤ ᠬᠠᠮᠲᠤ᠂ ᠤᠯᠠᠭᠠᠨᠬᠤᠲᠠ ᠪᠠᠰᠠ ᠰᠣᠶᠣᠯ ᠪᠠ ᠵᠢᠭᠤᠯᠴᠢᠯᠠᠯ᠂ ᠬᠤᠳᠠᠯᠳᠤᠭᠠᠨ ᠤ ᠦᠢᠯᠡᠰ ᠤᠨ ᠭᠦᠨᠵᠡᠭᠡᠶ ᠠᠭᠤᠰᠤᠯᠴᠠᠨ ᠬᠥᠭᠵᠢᠬᠦ ︽ᠰᠢᠨ᠎ᠡ ᠤᠷᠤᠯᠳᠤᠭᠠᠨ ᠤ ᠵᠠᠮ︾ ᠢ ᠲᠠᠰᠤᠷᠠᠯᠲᠠ ᠥᠬᠡᠶ ᠬᠠᠶᠢᠨ ᠰᠦᠪᠡᠭᠴᠢᠯᠡᠵᠦ᠂ ᠬᠢᠩᠭᠠᠨ ᠤ ᠰᠢᠨ᠎ᠡ ᠶᠢ ᠡᠭᠦᠳᠬᠦ · ᠲᠡᠯᠭᠡᠨ ᠦᠵᠡᠬᠦᠯᠵᠤ ᠪᠡᠶᠡᠴᠢᠯᠡᠨ ᠣᠶᠢᠯᠠᠭᠠᠬᠤ ᠲᠥᠪ ᠢ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ᠂ ᠲᠣᠭᠯᠠᠯᠲᠠ ᠶᠢᠨ ᠦᠵᠡᠰᠬᠦᠯᠡᠩ᠂ ᠭᠤᠤᠯ ᠰᠡᠳᠦᠪᠲᠦ ᠪᠠᠷᠠᠭ᠎ᠠ ᠬᠤᠳᠠᠯᠳᠤᠨ ᠠᠪᠬᠤ᠂ ᠰᠡᠯᠡᠭᠦᠴᠡᠯ ᠵᠤᠭ᠎ᠠ ᠴᠡᠩᠭᠡᠯ᠂ ᠵᠢᠭᠤᠯᠴᠢᠯᠠᠯ ᠲᠣᠭᠤᠷᠢᠨ ᠦᠵᠡᠬᠦ ᠶᠢ ᠨᠢᠭᠡ ᠴᠣᠭᠴᠠᠵᠢᠭᠤᠯᠵᠤ᠂ ᠵᠢᠭᠤᠯᠴᠢᠯᠠᠭᠰᠠᠳ ᠲᠤ ᠨᠠᠩ ᠴᠠᠭ ᠦᠶ᠎ᠡ ᠶᠢᠨ᠂ ᠨᠠᠩ ᠣᠲᠣ ᠦᠶ᠎ᠡ ᠶᠢᠨ ᠵᠢᠭᠤᠯᠴᠢᠯᠠᠯ ᠤᠨ ᠭᠠᠵᠠᠷ ᠢ ᠬᠠᠩᠭᠠᠭᠰᠠᠨ ᠪᠠᠶᠢᠨ᠎ᠠ᠃ ︽5.1︾ ᠤ ᠠᠮᠠᠷᠠᠯᠲᠠ ᠳᠤ᠂ ᠤᠯᠠᠭᠠᠨᠬᠤᠲᠠ ᠡᠯ᠎ᠠ ᠵᠦᠢᠯ ᠤᠨ ᠲᠤᠭᠯᠠᠯᠳᠠ ᠵᠡᠷᠭᠡ 14 ᠵᠦᠢᠯ ᠤᠨ ᠠᠵᠢᠯᠯᠠᠭ᠎ᠠ ᠨᠢ ᠵᠢᠭᠤᠯᠴᠢᠯᠠᠯ ᠤᠨ ᠶᠡᠷᠤᠩᠬᠡᠢ ᠬᠥᠮᠦᠨ ᠤ ᠲᠤᠭ᠎ᠠ ᠶᠢ 33.26 ᠲᠦᠮᠡᠨ ᠬᠥᠮᠦᠨ ᠤᠳᠠᠭ᠎ᠠ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.5% ᠪᠠᠷ ᠨᠡᠮᠡᠭᠳᠡᠪᠡ᠃ ᠡᠨᠡ ᠵᠢᠯ᠂ ᠤᠯᠠᠭᠠᠨᠬᠤᠲᠠ ᠣᠲᠣ ᠶᠢᠨ ᠪᠠᠶᠢᠭ᠎ᠠ ᠵᠢᠭᠤᠯᠴᠢᠯᠠᠯ ᠤᠨ ᠵᠠᠮ ᠱᠤᠭᠤᠮ ᠲᠠᠢ ᠪᠠᠨ ᠤᠶᠠᠯᠳᠤᠭᠤᠯᠤᠨ᠂ 9 ᠵᠢᠭᠤᠯᠴᠢᠯᠠᠯ ᠤᠨ ᠵᠠᠮ ᠱᠤᠭᠤᠮ ᠢ ᠳᠠᠬᠢᠨ ᠲᠥᠯᠥᠪᠵᠢᠭᠦᠯᠵᠦ᠂ ᠬᠤᠪᠢᠰᠬᠠᠯᠳᠤ ᠵᠢᠭᠤᠯᠴᠢᠯᠠᠯ᠂ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ᠂ ᠠᠷᠠᠳ ᠤᠨ ᠵᠠᠩ ᠦᠢᠯᠡ ᠶᠢᠨ ᠵᠢᠭᠤᠯᠴᠢᠯᠠᠯ ᠵᠡᠷᠭᠡ ᠶᠢ ᠪᠠᠭᠲᠠᠭᠠᠵᠤ᠂ ᠡᠭᠦᠨ ᠳᠤ 1 ᠰᠠᠭᠤᠷᠢᠨ ᠭᠠᠵᠠᠷ᠂ 4 ᠰᠤᠳᠤᠯᠤᠨ ᠰᠤᠷᠤᠯᠴᠠᠬᠤ ᠵᠠᠮ ᠱᠤᠭᠤᠮ ᠨᠢ ᠪᠠᠰᠠ ᠥᠪᠡᠷᠲᠡᠭᠡᠨ ᠵᠠᠰᠠᠬᠤ ᠣᠷᠣᠨ ᠤ ᠲᠠᠰ ᠤᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠠᠭᠤᠷᠢᠨ ᠭᠠᠵᠠᠷ ᠪᠠ ᠰᠢᠯᠢᠳᠡᠭ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠰᠣᠳᠣᠨ ᠵᠠᠮ ᠱᠤᠭᠤᠮ ᠪᠤᠯᠵᠠᠢ᠃ ᠤᠯᠠᠭᠠᠨᠬᠤᠲᠠ ᠡᠨᠡ ᠵᠢᠯ ᠤᠨ ᠵᠢᠭᠤᠯᠴᠢᠯᠠᠯ ᠤᠨ ᠬᠠᠨᠳᠤᠰᠢ ᠶᠢ ᠠᠰᠢᠭᠯᠠᠨ᠂ ᠥᠪᠡᠷᠮᠢᠴᠡ ᠣᠨᠴᠠᠯᠢᠭ ᠲᠠᠢ ᠵᠢᠭᠤᠯᠴᠢᠯᠠᠯ ᠤᠨ ᠪᠦᠲᠦᠭᠡᠭᠳᠡᠬᠦᠨ ᠢ ᠲᠥᠯᠥᠪᠵᠢᠭᠦᠯᠵᠦ᠂ ᠵᠤᠭᠠᠴᠠᠭᠰᠠᠳ ᠤᠨ ᠢᠳᠡᠵᠤ ᠤᠤᠭᠤᠬᠤ᠂ ᠬᠤᠨᠤᠵᠤ ᠬᠡᠪᠳᠡᠬᠦ᠂ ᠶᠠᠪᠤᠵᠤ ᠰᠠᠭᠤᠬᠤ᠂ ᠵᠤᠭᠠᠴᠠᠨ ᠲᠤᠭᠤᠷᠢᠬᠤ᠂ ᠬᠤᠳᠠᠯᠳᠤᠨ ᠠᠪᠬᠤ᠂ ᠵᠤᠭ᠎ᠠ ᠴᠡᠩᠭᠡᠯ ᠤᠨ ᠰᠠᠭᠤᠷᠢᠨ ᠳᠡᠭᠡᠷ᠎ᠡ᠂ ᠬᠥᠮᠦᠰ ᠤᠨ ᠵᠢᠭᠤᠯᠴᠢᠯᠠᠯ᠂ ᠰᠡᠯᠡᠭᠦᠴᠡᠯ᠂ ᠰᠤᠳᠤᠯᠤᠨ ᠰᠤᠷᠤᠯᠴᠠᠬᠤ ᠵᠡᠷᠭᠡ ᠬᠡᠷᠡᠭᠴᠡᠭᠡ ᠶᠢ ᠭᠦᠢᠴᠡᠳ ᠪᠣᠳᠣᠯᠬᠢᠯᠠᠵᠤ᠂ ᠰᠠᠶᠢᠨ ᠰᠠᠶᠢᠬᠠᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠯᠲᠠ ᠬᠢᠵᠤ᠂ ᠪᠦᠬᠦ ᠣᠷᠣᠨ ᠪᠦᠰᠡ ᠶᠢᠨ ᠦᠵᠡᠮᠵᠢ ᠶᠢᠨ ᠣᠷᠣᠨ᠂ ᠦᠵᠡᠮᠵᠢ ᠬᠤᠳᠠ ᠶᠢ ᠠᠭᠤᠰᠤᠯᠴᠠᠭᠤᠯᠤᠭᠰᠠᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠵᠡᠢ᠃ 
 
ᠢᠷᠡᠯᠲᠡ᠄ ᠤᠯᠠᠭᠠᠨᠬᠤᠳᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号