ᠤᠯᠠᠭᠠᠨᠬᠤᠲᠠ ᠶᠢᠨ ᠬᠢᠩᠭᠠᠨ ᠨᠢᠭᠡᠳᠦᠭᠡᠷ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠷᠤᠭᠰᠢᠳᠠᠢ ᠶᠠᠪᠤᠭᠳᠠᠵᠤ ᠪᠤᠢ
ᠨᠡᠶᠢᠲᠡᠯᠡᠭᠰᠡᠨ ᠴᠠᠭ᠄
2024/8/5
           7 ᠰᠠᠷ᠎ᠠ ᠶᠢᠨ 31 ᠤ ᠡᠳᠦᠷ᠂ ᠤᠯᠠᠭᠠᠨᠬᠤᠲᠠ ᠶᠢᠨ ᠬᠤᠲᠠ ᠶᠢᠨ ᠴᠧᠩ ᠵᠢᠶᠠᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠥᠪ ᠠᠴᠠ ᠬᠠᠷᠢᠭᠤᠴᠠᠵᠤ ᠣᠷᠣᠯᠠᠨ ᠪᠠᠶᠢᠭᠤᠯᠤᠭᠰᠠᠨ ᠤᠯᠠᠭᠠᠨᠬᠤᠲᠠ ᠶᠢᠨ ᠬᠢᠩᠭᠠᠨ ᠨᠢᠭᠡᠳᠦᠭᠡᠷ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠷᠤᠭᠰᠢᠲᠠᠶ ᠶᠠᠪᠤᠭᠳᠠᠵᠤ ᠪᠠᠶᠢᠨ᠎ᠠ᠃ ᠲᠥᠷᠥᠯ ᠵᠦᠢᠯ ᠤᠨ ᠭᠤᠤᠯ ᠪᠣᠯᠬᠤ ᠪᠥᠲᠥᠭᠡᠨ ᠪᠠᠶᠢᠭᠤᠯᠤᠯᠲᠠ ᠶᠢᠨ ᠠᠭᠤᠯᠭ᠎ᠠ ᠳᠤ ᠤᠤᠯ ᠤᠨ ᠵᠢᠭᠠᠨ ᠰᠤᠷᠭᠠᠯᠲᠠ ᠶᠢᠨ ᠠᠰᠠᠷ ᠤᠨ ᠪᠡᠶ᠎ᠡ ᠶᠢᠨ ᠲᠠᠮᠢᠷ ᠤᠨ ᠣᠷᠳᠣᠨ ᠤ ᠬᠡᠰᠡᠭ ᠢ 2430 ᠲᠡᠭᠰᠢ ᠳᠥᠷᠪᠡᠯᠵᠢᠨ ᠮᠧᠳ᠋ᠷ ᠨᠤᠷᠠᠭᠠᠵᠤ᠂ ᠤᠤᠯ ᠤᠨ ᠭᠠᠵᠠᠷ ᠲᠤᠨᠢ 4 ᠳᠠᠪᠬᠤᠷ ᠵᠢᠭᠠᠨ ᠰᠤᠷᠭᠠᠯᠲᠠ ᠶᠢᠨ ᠠᠰᠠᠷ ᠢ ᠰᠢᠨ᠎ᠡ ᠪᠠᠷ ᠪᠠᠶᠢᠭᠤᠯᠵᠤ ᠪᠠᠶᠢᠭ᠎ᠠ ᠪᠦᠭᠡᠳ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 3036 ᠲᠡᠭᠰᠢ ᠳᠥᠷᠪᠡᠯᠵᠢᠨ ᠮᠧᠳ᠋ᠷ ᠪᠣᠯᠤᠨ᠎ᠠ᠃ ᠲᠣᠰ ᠲᠥᠷᠥᠯ ᠵᠦᠢᠯ ᠢ 6 ᠰᠠᠷ᠎ᠠ ᠶᠢᠨ 5 ᠤ ᠡᠳᠦᠷ ᠠᠴᠠ ᠡᠬᠢᠯᠡᠨ ᠪᠠᠶᠢᠭᠤᠯᠵᠤ᠂ ᠪᠠᠷᠢᠯᠭ᠎ᠠ ᠡᠬᠢᠯᠡᠭᠰᠡᠨ ᠠᠴᠠ ᠣᠲᠣ ᠪᠣᠯᠲᠠᠯ᠎ᠠ ᠪᠥᠲᠥᠭᠡᠨ ᠪᠠᠶᠢᠭᠤᠯᠬᠤ᠂ ᠵᠢᠷᠤᠵᠤ ᠲᠥᠯᠥᠪᠯᠡᠬᠦ ᠂ ᠬᠢᠨᠠᠨ ᠬᠠᠮᠢᠶᠠᠷᠬᠤ᠂ ᠪᠠᠷᠢᠯᠭ᠎ᠠ ᠪᠠᠷᠢᠬᠤ ᠵᠡᠷᠭᠡ ᠪᠥᠲᠥᠭᠡᠨ ᠪᠠᠶᠢᠭᠤᠯᠤᠯᠲᠠ ᠳᠤ ᠣᠷᠣᠯᠴᠠᠭᠰᠠᠨ ᠨᠢᠭᠡᠴᠢ ᠡᠭᠦᠷᠭᠡ ᠬᠠᠷᠢᠭᠤᠴᠠᠯᠭ᠎ᠠ ᠪᠠᠨ ᠬᠢᠨᠠᠮᠠᠭᠠᠶ ᠭᠦᠢᠴᠡᠳᠬᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠶᠠᠰᠤ ᠴᠢᠨᠠᠷ ᠪᠠ ᠠᠶᠤᠯᠭᠦᠶ ᠦᠢᠯᠡᠳᠪᠦᠷᠢᠯᠡᠯ ᠢ ᠰᠠᠶᠢᠲᠤᠷ ᠠᠳᠬᠤᠬᠤ ᠶᠢᠨ ᠬᠠᠮᠲᠤ᠂ ᠪᠠᠷᠢᠯᠭ᠎ᠠ ᠶᠢᠨ ᠠᠬᠢᠴᠠ ᠶᠢ ᠢᠳᠡᠪᠬᠢᠲᠡᠶ ᠵᠠᠪᠳᠤᠨ᠂ 57 ᠡᠳᠦᠷ ᠤᠨ ᠪᠠᠷᠢᠯᠭ᠎ᠠ ᠶᠢᠨ ᠬᠤᠭᠤᠴᠠᠭᠠᠨ ᠤ ᠲᠥᠷᠥᠯ ᠵᠦᠢᠯ ᠤᠨ ᠤᠷᠤᠭᠰᠢᠲᠠᠶ ᠪᠥᠭᠡᠳ ᠠᠮᠤᠷ ᠲᠦᠪᠰᠢᠨ ᠢᠶᠠᠷ ᠠᠳᠠᠭᠠᠷᠯᠠᠬᠤ ᠶᠢ ᠪᠠᠲᠤᠯᠠᠵᠠᠢ᠃ ᠲᠠᠷᠠᠭᠠᠴᠢ ᠶᠢᠨ ᠠᠯᠬᠤᠮ ᠳᠤ᠂ ᠤᠯᠠᠭᠠᠨᠬᠤᠲᠠ ᠶᠢᠨ ᠴᠧᠩ ᠵᠢᠶᠠᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠥᠪ ᠠᠴᠠ ᠢᠨᠵᠧᠨᠧᠷᠢᠩ ᠤᠨ ᠶᠠᠰᠤ ᠴᠢᠨᠠᠷ ᠪᠠ ᠪᠠᠷᠢᠯᠭ᠎ᠠ ᠶᠢᠨ ᠠᠮᠤᠷ ᠲᠦᠪᠰᠢᠨ ᠢ ᠦᠷᠭᠦᠯᠵᠢᠯᠡᠨ ᠴᠢᠩᠭ᠎ᠠ ᠠᠳᠬᠤᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ 10 ᠰᠠᠷ᠎ᠠ ᠶᠢᠨ ᠰᠡᠭᠦᠯᠴᠢ ᠪᠤᠯᠬᠤ ᠠᠴᠠ ᠡᠮᠦᠨ᠎ᠡ ᠪᠠᠷᠢᠯᠭ᠎ᠠ ᠳᠠᠭᠤᠰᠬᠠᠬᠤ ᠪᠠᠷ ᠴᠢᠷᠮᠠᠶᠢᠵᠤ ᠪᠠᠶᠢᠨ᠎ᠠ᠃     
 
ᠢᠷᠡᠯᠲᠡ᠄ ᠤᠯᠠᠭᠠᠨᠬᠤᠳᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号