ᠤᠯᠠᠭᠠᠨᠬᠤᠲᠠ ᠬᠤᠷᠢᠮ ᠤᠨ ᠶᠤᠰᠤᠯᠠᠯ ᠤᠨ ᠠᠵᠢᠯ ᠲᠥᠷᠥᠯ ᠤᠨ ᠵᠠᠩ ᠳᠠᠳᠬᠠᠯ ᠢ ᠥᠭᠡᠷᠡᠴᠢᠯᠡᠬᠦ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/5
         ᠵᠠᠩ ᠳᠠᠳᠬᠠᠯ ᠢ ᠥᠭᠡᠷᠡᠴᠢᠯᠡᠬᠦ ᠠᠵᠢᠯ ᠢ ᠤᠯᠠᠮ ᠨᠢᠭᠡ ᠠᠯᠬᠤᠮ ᠠᠬᠢᠭᠤᠯᠵᠤ᠂ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠣᠯᠪᠠᠰᠤᠨ ᠰᠢᠨ᠎ᠡ ᠰᠤᠷᠲᠠᠯ ᠢ ᠪᠣᠶ ᠪᠣᠯᠭᠠᠬᠤ ᠶᠢᠨ ᠲᠥᠯᠥᠭᠡ᠂ 7 ᠰᠠᠷ᠎ᠠ ᠶᠢᠨ 30 ᠤ ᠡᠳᠦᠷ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠬᠤᠷᠢᠮ ᠤᠨ ᠶᠤᠰᠤᠯᠠᠯ ᠤᠨ ᠪᠠᠶᠠᠷ ᠤᠨ ᠠᠵᠢᠯ ᠲᠥᠷᠥᠯ ᠤᠨ ᠵᠠᠩ ᠳᠠᠳᠬᠠᠯ ᠢ ᠥᠭᠡᠷᠡᠴᠢᠯᠡᠬᠦ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠠᠢ᠃ ᠤᠯᠠᠭᠠᠨᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠤᠯᠠᠭᠠᠨᠬᠤᠲᠠ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠤᠯᠠᠭᠠᠨᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠬᠢᠩᠭᠠᠨ ᠠᠶᠢᠮᠠᠭ ᠤᠨ ᠬᠤᠷᠢᠮ ᠤᠨ ᠶᠣᠰᠣᠯᠠᠯ ᠤᠨ ᠠᠵᠢᠯ ᠲᠥᠷᠥᠯ ᠤᠨ ᠨᠡᠶᠢᠭᠡᠮᠯᠢᠭ᠂ ᠬᠢᠩᠭᠠᠨ ᠠᠶᠢᠮᠠᠭ ᠤᠨ ᠳᠦᠷᠰᠦ ᠰᠢᠩᠭᠡᠭᠡᠯᠳᠡ ᠶᠢᠨ ᠠᠵᠢᠯ ᠲᠥᠷᠥᠯ ᠤᠨ ᠨᠡᠶᠢᠭᠡᠮᠯᠢᠭ ᠵᠡᠷᠭᠡ 7 ᠪᠦᠷᠢᠯᠳᠦᠬᠦᠨ ᠨᠢᠭᠡᠴᠢ ᠶᠢᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠡᠯ᠎ᠡ ᠪᠦᠷᠢᠯᠳᠦᠬᠦᠨ ᠨᠢᠭᠡᠴᠢ ᠶᠢᠨ ᠲᠥᠯᠥᠭᠡᠯᠡᠭᠴᠢ ᠬᠤᠷᠢᠮ ᠤᠨ ᠶᠤᠰᠤᠯᠠᠯ ᠤᠨ ᠠᠵᠢᠯ ᠲᠥᠷᠥᠯ ᠤᠨ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠬᠤ ᠠᠵᠢᠯ ᠤᠨ ᠬᠠᠮᠢᠶ᠎ᠠ ᠪᠥᠬᠦᠶ ᠠᠷᠭ᠎ᠠ ᠬᠢᠳᠡᠯ ᠲᠠᠢ ᠤᠶᠠᠯᠳᠤᠭᠤᠯᠤᠨ ᠬᠠᠷᠢᠭᠤ ᠮᠡᠳᠡᠭᠦᠯᠦᠯᠲᠡ ᠬᠢᠬᠦ ᠶᠢᠨ ᠬᠠᠮᠲᠤ᠂ ᠲᠤᠮᠤ ᠪᠡᠯᠡᠭ᠂ ᠶᠡᠭᠡ ᠪᠠᠷ ᠪᠡᠯᠡᠳᠭᠡᠵᠤ ᠶᠡᠭᠡ ᠪᠠᠷ ᠬᠢᠬᠦ ᠵᠡᠷᠭᠡ ᠬᠠᠭᠤᠴᠢᠨ ᠶᠣᠰᠣ ᠪᠦᠳᠦᠭᠦᠯᠢᠭ ᠳᠠᠳᠬᠠᠯ ᠢ ᠡᠰᠡᠷᠭᠦᠴᠡᠨ ᠬᠤᠷᠢᠭᠯᠠᠵᠤ᠂ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠰᠢᠨ᠎ᠡ ᠵᠠᠭᠪᠤᠷ ᠢ ᠰᠦᠪᠡᠭᠴᠢᠯᠡᠬᠦ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠪᠠ᠃ ᠬᠤᠷᠠᠯ ᠠᠴᠠ᠂ ᠵᠠᠩ ᠳᠠᠳᠬᠠᠯ ᠢ ᠥᠭᠡᠷᠡᠴᠢᠯᠡᠬᠦ ᠠᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠡᠭᠦᠷᠭᠡ ᠬᠠᠷᠢᠭᠤᠴᠠᠯᠭ᠎ᠠ ᠶᠢ ᠦᠨᠡᠨ ᠬᠦ ᠲᠣᠳᠣᠷᠬᠠᠶᠢᠯᠠᠵᠤ ᠂ ᠤᠷᠤᠭ ᠤᠨ ᠶᠠᠪᠤᠳᠠᠯ ᠢ ᠰᠢᠨ᠎ᠡ ᠪᠠᠷ ᠬᠢᠬᠦ ᠶᠢ ᠰᠠᠨᠠᠭᠠᠴᠢᠯᠠᠵᠤ᠂ ᠤᠷᠤᠭ ᠬᠤᠷᠢᠮ ᠤᠨ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠵᠤ᠂ ᠥᠨᠳᠥᠷ ᠦᠨ᠎ᠡ ᠲᠠᠢ ᠬᠤᠷᠢᠮ ᠤᠨ ᠪᠡᠯᠡᠭ ᠤᠨ ᠵᠤᠭᠤᠰ ᠢ ᠴᠡᠭᠴᠡᠯᠡᠵᠦ᠂ ︽ᠳᠠᠷᠤᠭᠠᠰᠤ ᠶᠢ ᠬᠥᠩᠭᠡᠯᠡᠬᠦ︾ ᠳᠡᠭᠡᠷ᠎ᠡ ᠰᠢᠨ᠎ᠡ ᠶᠢ ᠡᠭᠦᠳᠴᠦ᠂ ᠬᠤᠷᠢᠮ ᠨᠠᠶᠢᠷ ᠤᠨ ᠶᠠᠪᠤᠳᠠᠯ ᠢ ᠵᠢᠷᠤᠮᠵᠢᠭᠤᠯᠵᠤ᠂ ᠬᠤᠷᠢᠮ ᠤᠨ ᠶᠤᠰᠤᠯᠠᠯ ᠤᠨ ᠦᠢᠯᠡᠴᠢᠯᠡᠭᠡ ᠶᠢ ᠰᠢᠯᠢᠳᠡᠭᠵᠢᠭᠦᠯᠤᠨ᠂ ᠬᠤᠷᠢᠮ ᠤᠨ ᠰᠠᠶᠢᠨ ᠰᠠᠶᠢᠬᠠᠨ ᠵᠠᠩ ᠲᠠᠳᠬᠠᠯ ᠢ ᠰᠠᠶᠢᠳᠤᠷ ᠪᠤᠢ ᠪᠤᠯᠭᠠᠨ ᠲᠡᠯᠭᠡᠷᠡᠬᠦᠯᠬᠦ ᠬᠡᠷᠡᠭᠳᠡᠢ ᠭᠡᠵᠤ ᠴᠢᠬᠤᠯᠠᠴᠢᠯᠠᠵᠠᠢ᠃     
 
ᠢᠷᠡᠯᠲᠡ᠄ ᠤᠯᠠᠭᠠᠨᠬᠤᠳᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号