ᠤᠯᠠᠭᠠᠨᠬᠤᠲᠠ 2024 ᠣᠨ ᠤ ᠵᠡᠪᠰᠡᠭᠲᠦ ᠬᠦᠴᠦᠨ ᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/5
            7 ᠰᠠᠷ᠎ᠠ ᠶᠢᠨ 30 ᠤ ᠡᠳᠦᠷ᠂ ᠤᠯᠠᠭᠠᠨᠬᠤᠲᠠ 2024 ᠣᠨ ᠤ ᠵᠡᠪᠰᠡᠭᠲᠦ ᠬᠦᠴᠦᠨ ᠤ ᠠᠵᠢᠯ ᠤᠨ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠨᠠᠮ ᠤᠨ ᠬᠤᠷᠢᠶᠠᠨ ᠤ ᠨᠢᠭᠡᠳᠦᠭᠡᠷ ᠱᠦᠵᠢ ᠶᠠᠩ ᠵᠢᠶ ᠫᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠢᠩᠭᠠᠨ ᠴᠡᠷᠢᠭ ᠤᠨ ᠬᠤᠪᠢᠶᠠᠷᠢ ᠲᠣᠭᠤᠷᠢᠭ ᠤᠨ ᠳᠠᠶᠢᠴᠢᠯᠠᠯᠲᠠ ᠶᠢᠨ ᠭᠠᠵᠠᠷ ᠤᠨ ᠤᠳᠤᠷᠢᠳᠤᠯᠭ᠎ᠠ᠂ ᠤᠯᠠᠭᠠᠨᠬᠤᠲᠠ ᠶᠢᠨ ᠤᠳᠤᠷᠢᠳᠤᠯᠭ᠎ᠠ ᠮᠠ ᠱᠦ ᠭᠠᠩ᠂ ᠪᠦᠦ ᠭᠦᠸᠧ ᠵᠥᠩ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠭᠤᠤᠯ ᠤᠳᠤᠷᠢᠳᠤᠯᠭ᠎ᠠ ᠵᠢᠴᠢ ᠤᠯᠠᠭᠠᠨᠬᠤᠲᠠ ᠶᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠵᠥᠪᠯᠡᠯ ᠤᠨ ᠬᠡᠰᠡᠭ ᠪᠦᠷᠢᠯᠳᠦᠬᠦᠨ ᠨᠢᠭᠡᠴᠢ ᠪᠣᠯᠤᠨ ᠡᠯ᠎ᠡ ᠵᠡᠭᠡᠯᠢ ᠶᠢᠨ ᠤᠯᠤᠰ ᠲᠥᠷᠥ ᠶᠢᠨ ᠵᠢᠭᠠᠨ ᠵᠢᠯᠣᠭᠤᠳᠣᠭᠴᠢ᠂ ᠲᠤᠰᠬᠠᠶ ᠵᠡᠪᠰᠡᠭᠲᠦ ᠬᠦᠴᠦᠨ ᠤ ᠬᠡᠯᠳᠡᠰ ᠤᠨ ᠺᠠᠳ᠋ᠷ ᠬᠤᠷᠠᠯ ᠳᠤ ᠣᠷᠣᠯᠴᠠᠵᠠᠶ᠃ ᠬᠤᠷᠠᠯ ᠢ ᠤᠯᠠᠭᠠᠨᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠬᠤᠷᠠᠩᠳᠠ ᠤᠯᠤᠰ ᠲᠥᠷᠥ ᠶᠢᠨ ᠭᠡᠰᠢᠭᠦᠨ ᠡᠷᠭᠢᠯᠡᠪᠡ᠃    ᠶᠠᠩ ᠵᠢᠢ ᠫᠧᠩ 2023 ᠣᠨ ᠤ ᠪᠦᠬᠦ ᠬᠤᠳᠠ ᠶᠢᠨ ᠵᠡᠪᠰᠡᠭᠲᠦ ᠬᠦᠴᠦᠨ ᠤ ᠠᠵᠢᠯ ᠢ ᠭᠦᠢᠴᠡᠳ ᠨᠤᠲᠠᠯᠠᠬᠤ ᠶᠢᠨ ᠬᠠᠮᠲᠤ᠂ ᠤᠯᠠᠭᠠᠨᠬᠤᠲᠠ ᠶᠢᠨ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠪᠦᠬᠦ ᠲᠠᠯ᠎ᠠ ᠶᠢᠨ ᠪᠠᠶᠢᠭᠤᠯᠤᠯᠲᠠ ᠪᠣᠯᠤᠨ ᠪᠦᠬᠦ ᠬᠤᠳᠠ ᠶᠢᠨ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠣᠨᠴᠠᠭᠠᠢ ᠪᠥᠭᠡᠳ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠭᠡᠵᠠᠢ᠃ ᠶᠠᠩ ᠵᠢᠢ ᠫᠧᠩ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠳᠠᠭᠠᠨ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠦᠵᠡᠯ ᠰᠠᠨᠠᠭᠠᠨ ᠤ ᠰᠠᠭᠤᠷᠢ ᠶᠢ ᠲᠠᠰᠤᠷᠠᠯᠳᠠ ᠦᠭᠡᠢ ᠪᠠᠬᠢᠵᠢᠭᠦᠯᠵᠦ᠂ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠬᠠᠷᠢᠭᠤᠴᠠᠬᠤ ᠲᠦᠷᠢᠮ ᠤᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠪᠦᠬᠦ ᠲᠠᠯ᠎ᠠ ᠪᠠᠷ ᠴᠡᠷᠢᠭ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠬᠡᠷᠡᠭᠲᠡᠢ᠃ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠡᠷᠢᠭ ᠪᠣᠯᠪᠠᠰᠤᠷᠠᠭᠤᠯᠵᠤ ᠲᠠᠶᠢᠨ ᠳᠤ ᠪᠡᠯᠡᠳᠬᠡᠬᠦ ᠶᠢ ᠰᠠᠶᠢᠳᠤᠷ ᠴᠢᠩᠭᠠᠳᠬᠠᠵᠤ᠂ ᠰᠢᠯᠢᠳᠡᠭ ᠡᠷᠦᠭᠡ ᠶᠢᠨ ᠴᠡᠷᠢᠭ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠶᠢᠨ ᠶᠠᠰᠤ ᠴᠢᠨᠠᠷ ᠦᠷ᠎ᠡ ᠠᠰᠢᠭ ᠪᠣᠯᠤᠨ ᠵᠢᠩᠬᠢᠨᠢᠴᠢᠯᠡᠯᠲᠡ ᠶᠢᠨ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠡᠷᠴᠢᠮ ᠢ ᠴᠢᠩᠭᠠᠷᠠᠭᠤᠯᠵᠤ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠴᠡᠷᠢᠭ ᠠᠩᠭᠢ ᠪᠠ ᠣᠷᠣᠨ ᠨᠤᠲᠤᠭ ᠬᠠᠮᠲᠤ ᠪᠠᠷ ᠪᠦᠲᠦᠭᠡᠨ ᠪᠠᠶᠢᠭᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠡᠷᠢᠭ ᠠᠩᠭᠢ ᠪᠠ ᠣᠷᠣᠨ ᠨᠤᠲᠤᠭ ᠰᠡᠳᠬᠢᠯ ᠨᠢᠭᠡᠳᠦᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     
 
ᠢᠷᠡᠯᠲᠡ᠄ ᠤᠯᠠᠭᠠᠨᠬᠤᠳᠠ ᠶᠢᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号