ᠶᠠᠩ ᠵᠢᠢ ᠫᠧᠩ ᠬᠢᠩᠭᠠᠨ ᠴᠡᠷᠢᠭ ᠤᠨ ᠬᠤᠪᠢᠶᠠᠷᠢ ᠲᠣᠭᠤᠷᠢᠭ ᠢᠶᠠᠷ ᠬᠦᠷᠴᠦ ︽8 · 1︾ ᠤ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/5
             7 ᠰᠠᠷ᠎ᠠ ᠶᠢᠨ 29 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠵᠢᠶ ᠫᠧᠩ ᠬᠢᠩᠭᠠᠨ ᠴᠡᠷᠢᠭ ᠤᠨ ᠬᠤᠪᠢᠶᠠᠷᠢ ᠲᠣᠭᠤᠷᠢᠭ ᠢᠶᠠᠷ ᠬᠦᠷᠴᠦ ︽8 · 1︾ ᠤ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ᠃ ᠤᠯᠠᠭᠠᠨᠬᠤᠲᠠ ᠶᠢᠨ ᠤᠳᠤᠷᠢᠳᠤᠯᠭ᠎ᠠ ᠮᠠ ᠱᠦ ᠭᠠᠩ᠂ ᠯᠢᠦ ᠶᠢᠨ ᠪᠥᠸᠧ ᠵᠢᠴᠢ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠭᠤᠤᠯ ᠤᠳᠤᠷᠢᠳᠤᠯᠭ᠎ᠠ ᠨᠠᠷ ᠬᠠᠮᠲᠤ ᠪᠠᠷ ᠪᠣᠯᠭᠤᠭᠠᠨ ᠲᠣᠬᠤᠨᠢᠭᠤᠯᠪᠠ᠃    ᠬᠢᠩᠭᠠᠨ ᠴᠡᠷᠢᠭ ᠤᠨ ᠬᠤᠪᠢᠶᠠᠷᠢ ᠲᠣᠭᠤᠷᠢᠭ ᠲᠤ᠂ ᠶᠠᠩ ᠵᠢᠢ ᠫᠧᠩ ᠬᠢᠩᠭᠠᠨ ᠴᠡᠷᠢᠭ ᠤᠨ ᠬᠤᠪᠢᠶᠠᠷᠢ ᠲᠣᠭᠤᠷᠢᠭ ᠤᠨ ᠭᠤᠣᠯ ᠤᠳᠤᠷᠢᠳᠤᠯᠭ᠎ᠠ ᠲᠠᠢ ᠳᠣᠲᠣᠨᠣ ᠪᠠᠷ ᠶᠠᠷᠢᠯᠴᠠᠵᠤ᠂ ᠳᠠᠷᠤᠭ᠎ᠠ ᠪᠠᠶᠢᠯᠳᠤᠭᠴᠢᠳ ᠤᠨ ᠠᠵᠢᠯ ᠠᠮᠢᠳᠤᠷᠠᠯ᠂ ᠡᠳᠦᠷ ᠳᠤᠳᠤᠮ ᠤᠨ ᠪᠣᠯᠪᠠᠰᠤᠷᠠᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠤᠯᠠᠭᠠᠨᠬᠤᠲᠠ ᠳᠤ ᠰᠠᠭᠤᠭ᠎ᠠ ᠴᠡᠷᠢᠭ ᠠᠩᠬᠢ ᠶᠢᠨ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠬᠦᠴᠦᠨ ᠨᠡᠮᠡᠷᠢᠯᠡᠬᠦ ᠲᠠᠯ᠎ᠠ ᠪᠠᠷ ᠦᠵᠡᠭᠦᠯᠦᠭᠰᠡᠨ ᠬᠤᠪᠢ ᠨᠡᠮᠡᠷᠢ ᠶᠢ ᠭᠦᠢᠴᠡᠳ ᠨᠤᠲᠠᠯᠠᠪᠠ᠃    ᠶᠠᠩ ᠵᠢᠢ ᠫᠧᠩ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠴᠡᠷᠢᠭ ᠠᠩᠭᠢ ᠪᠠ ᠣᠷᠣᠨ ᠨᠤᠲᠤᠭ ᠤᠨ ᠬᠠᠮᠲᠤ ᠪᠠᠷ ᠪᠥᠲᠥᠭᠡᠨ ᠪᠠᠶᠢᠭᠤᠯᠬᠤ ᠶᠢ ᠴᠢᠩᠭᠠᠳᠬᠠᠵᠤ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠪᠠ ᠥᠷᠭᠡᠨ ᠣᠯᠠᠨ ᠳᠠᠷᠤᠭ᠎ᠠ ᠪᠠᠶᠢᠯᠳᠤᠭᠴᠢᠳ ᠤᠨ ᠪᠣᠳᠠᠲᠠᠶ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ ᠰᠢᠨ᠎ᠡ ᠴᠠᠭ ᠦᠶ᠎ᠡ ᠶᠢᠨ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠶᠡᠭᠡ ᠰᠠᠶᠢᠨ ᠪᠠᠶᠢᠳᠠᠯ ᠢ ᠲᠠᠰᠤᠷᠠᠯᠲᠠ ᠥᠬᠡᠶ ᠪᠠᠬᠢᠵᠢᠭᠦᠯᠦᠨ ᠬᠥᠭᠵᠢᠭᠦᠯᠵᠦ᠂ ᠤᠯᠠᠭᠠᠨᠬᠤᠲᠠ ᠶᠢᠨ ᠬᠤᠶᠠᠷ ᠢ ᠬᠦᠷᠢᠶᠡᠯᠡᠬᠦ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠦᠷᠭᠦᠯᠵᠢᠯᠡᠨ ᠠᠬᠢᠭᠤᠯᠬᠤ ᠬᠡᠷᠡᠭᠳᠡᠢ ᠭᠡᠵᠤ ᠴᠢᠬᠤᠯᠠᠴᠢᠯᠠᠵᠠᠢ᠃    
 
ᠢᠷᠡᠯᠲᠡ᠄ ᠤᠯᠠᠭᠠᠨᠬᠤᠲᠠ ᠶᠢᠨ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号