ᠳᠤᠮᠳᠠᠳᠤ ᠮᠣᠩᠭᠤᠯ ᠤᠨ ᠬᠠᠯᠬ᠎ᠠ ᠭᠤᠤᠯ ᠤᠨ ᠰᠠᠪᠠ ᠭᠠᠵᠠᠷ ᠤᠨ ᠬᠠᠮᠲᠤᠷᠠᠯᠴᠠᠭ᠎ᠠ ᠰᠣᠯᠢᠯᠴᠠᠭᠠᠨ ᠤ ᠠᠵᠢᠯᠯᠠᠭ᠎ᠠ ᠷᠠᠰᠢᠶᠠᠨ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/8/5
       7 ᠰᠠᠷ᠎ᠠ ᠶᠢᠨ 28 ᠤ ᠡᠳᠦᠷ᠂ ᠬᠢᠩᠭᠠᠨ ᠠᠶᠢᠮᠠᠭ ᠤᠨ ᠵᠠᠬᠢᠷᠭ᠎ᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ ᠂ ᠮᠣᠩᠭᠤᠯ ᠤᠯᠤᠰ ᠤᠨ ᠳᠣᠷᠣᠨᠠᠲᠤ ᠮᠤᠵᠢ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ᠭᠤᠤᠯᠯᠠᠨ ᠡᠷᠭᠢᠯᠡᠭᠰᠡᠨ ᠳᠤᠮᠳᠠᠳᠤ ᠮᠣᠩᠭᠤᠯ ᠤᠨ ᠬᠠᠯᠬ᠎ᠠ ᠭᠤᠤᠯ ᠤᠨ ᠰᠠᠪᠠ ᠭᠠᠵᠠᠷ ᠤᠨ ᠬᠠᠮᠲᠤᠷᠠᠯᠴᠠᠭ᠎ᠠ ᠰᠣᠯᠢᠯᠴᠠᠭᠠᠨ ᠤ ᠠᠵᠢᠯᠯᠠᠭ᠎ᠠ ᠷᠠᠰᠢᠶᠠᠨ ᠬᠤᠲᠠ ᠳᠤ ᠶᠠᠪᠤᠭᠳᠠᠪᠠ᠃ ᠳᠤᠮᠳᠠᠳᠤ ᠮᠣᠩᠭᠤᠯ ᠤᠨ 170 ᠭᠠᠷᠤᠶ ᠤᠳᠤᠷᠢᠳᠤᠯᠭ᠎ᠠ ᠵᠢᠴᠢ ᠬᠦᠨᠳᠦᠲᠦ ᠵᠣᠴᠢᠳ ︽ᠪᠣᠬᠢᠷᠲᠤᠯ ᠥᠬᠡᠶ ᠠᠵᠠ ᠲᠣᠬᠢᠶᠠᠯ ᠢ ᠬᠠᠮᠲᠤ ᠪᠠᠷ ᠡᠳ᠋ᠯᠡᠵᠦ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠠᠰᠢᠭ ᠭᠥᠷᠳᠡᠶ᠎ᠡ︾ ᠭᠡᠬᠦ ᠭᠤᠤᠯ ᠰᠡᠳᠦᠪ ᠢᠶᠠᠷ ᠳᠤᠮᠳᠠᠳᠤ ᠮᠣᠩᠭᠤᠯ ᠤᠨ ᠬᠠᠯᠬ᠎ᠠ ᠭᠤᠤᠯ ᠤᠨ ᠰᠠᠪᠠ ᠭᠠᠵᠠᠷ ᠤᠨ ᠬᠠᠮᠠᠭᠠᠯᠠᠯᠲᠠ ᠵᠠᠰᠠᠯᠲᠠ ᠪᠠ ᠪᠣᠬᠢᠷᠲᠤᠯ ᠥᠬᠡᠶ ᠬᠥᠭᠵᠢᠯᠲᠡ ᠶᠢ ᠬᠠᠮᠲᠤ ᠪᠠᠷ ᠲᠣᠭᠠᠴᠢᠨ ᠶᠠᠷᠢᠵᠠᠶ᠃    ᠬᠢᠩᠭᠠᠨ ᠠᠶᠢᠮᠠᠭ ᠤᠨ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ ᠰᠦᠨ ᠱᠦ ᠲᠤᠤ᠂ ᠳᠤᠮᠳᠠᠳᠤ ᠤᠯᠤᠰ ᠤᠨ ᠤᠯᠠᠨ ᠨᠡᠶᠢᠲᠡ ᠶᠢᠨ ᠭᠠᠳᠠᠭᠠᠳᠤ ᠬᠠᠷᠢᠯᠴᠠᠭᠠᠨ ᠤ ᠨᠡᠶᠢᠭᠡᠮᠯᠢᠭ ᠤᠨ ᠳᠡᠳ᠋ ᠳᠠᠷᠤᠭ᠎ᠠ ᠴᠢᠦ ᠰᠢᠶᠤᠤ ᠴᠢ᠂ ᠳᠤᠮᠳᠠᠳᠤ ᠤᠯᠤᠰ ᠤᠨ ᠤᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠨᠡᠶᠢᠭᠡᠮᠯᠢᠭ ᠤᠨ ᠳᠠᠷᠤᠭ᠎ᠠ ᠶᠣᠣ ᠸᠧᠢ ᠺᠧ᠂ ᠮᠣᠩᠭᠤᠯ ᠤᠯᠤᠰ ᠤᠨ ᠳᠤᠮᠳᠠᠳᠤ ᠶᠢᠨ ᠥᠪᠥᠷ ᠮᠣᠩᠭᠤᠯ ᠤᠨ ᠬᠤᠳᠠᠯᠳᠤᠭᠠᠴᠢᠳ ᠤᠨ ᠶᠡᠷᠦᠩᠬᠡᠢ ᠡᠪᠯᠡᠯ ᠤᠨ ᠳᠠᠷᠤᠭ᠎ᠠ ᠦ᠋ ᠬᠠᠢ ᠮᠢᠩ ᠵᠡᠷᠭᠡ ᠬᠦᠨᠳᠦᠲᠦ ᠵᠣᠴᠢᠳ ᠠᠵᠢᠯᠯᠠᠭ᠎ᠠ ᠳᠤ ᠣᠷᠣᠯᠴᠠᠵᠤ ᠪᠠᠶᠠᠷ ᠤᠨ ᠦᠭᠡ ᠬᠡᠯᠡᠵᠦ᠂ ᠮᠣᠩᠭᠤᠯ ᠤᠯᠤᠰ ᠤᠨ ᠳᠣᠷᠣᠨᠠᠲᠤ ᠮᠤᠵᠢ ᠶᠢᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠠᠤᠯᠢ ᠴᠠᠭᠠᠵᠠ ᠶᠢᠨ ᠭᠠᠵᠠᠷ ᠪᠣᠯᠭᠠᠨ ᠤ ᠳᠠᠷᠤᠭ᠎ᠠ ᠼ᠊ · ᠪᠠᠶᠠᠷᠵᠢᠷᠭᠠᠯ ᠪᠠᠶᠠᠷ ᠤᠨ ᠦᠭᠡ ᠬᠡᠯᠡᠪᠡ᠃ ᠡᠭᠦᠨ ᠤ ᠵᠡᠷᠭᠡ ᠳᠤ᠂ ᠳᠤᠮᠳᠠᠳᠤ ᠮᠣᠩᠭᠤᠯ ᠤᠨ ᠤᠳᠤᠷᠢᠳᠤᠯᠭ᠎ᠠ ᠪᠣᠯᠤᠨ ᠡᠷᠬᠢᠮ ᠵᠣᠴᠢᠳ ᠬᠠᠯᠬ᠎ᠠ ᠭᠤᠤᠯ ᠢ ᠬᠠᠮᠠᠭᠠᠯᠠᠵᠤ ᠨᠡᠭᠡᠭᠡᠨ ᠬᠥᠭᠵᠢᠭᠦᠯᠬᠦ ᠰᠠᠨᠠᠭᠠᠴᠢᠯᠠᠭ᠎ᠠ ᠭᠠᠷᠭᠠᠵᠠᠶ᠃    ᠠᠵᠢᠯᠯᠠᠭ᠎ᠠ ᠶᠢᠨ ᠬᠤᠭᠤᠴᠠᠭᠠᠨ ᠳᠤ᠂ ᠳᠤᠮᠳᠠᠳᠤ ᠮᠣᠩᠭᠤᠯ ᠬᠤᠶᠠᠷ ᠤᠯᠤᠰ ᠤᠨ ᠲᠤᠰᠬᠠᠶ ᠮᠡᠷᠭᠡᠵᠢᠯᠲᠡᠨ ᠡᠷᠳᠡᠮᠲᠡᠨ᠂ ᠵᠠᠰᠠᠭ ᠤᠨ ᠣᠷᠳᠣᠨ ᠵᠢᠴᠢ ᠠᠵᠤ ᠠᠬᠤᠶᠢᠯᠠᠯ ᠤᠨ ᠲᠥᠯᠥᠭᠡᠯᠡᠭᠴᠢ᠂ ᠳᠤᠮᠳᠠᠳᠤ ᠮᠣᠩᠭᠤᠯ ᠤᠨ ᠬᠠᠯᠬ᠎ᠠ ᠭᠤᠤᠯ ᠤᠨ ᠰᠠᠪᠠ ᠭᠠᠵᠠᠷ ᠤᠨ ᠪᠣᠬᠢᠷᠲᠤᠯ ᠥᠬᠡᠶ ᠬᠥᠭᠵᠢᠯᠲᠡ᠂ ᠨᠠᠷᠮᠠᠶ ᠪᠣᠭᠤᠮᠲᠠ ᠶᠢᠨ ᠠᠵᠤ ᠠᠬᠤᠶ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠣᠯᠠᠨ ᠤᠯᠤᠰ ᠤᠨ ᠬᠠᠮᠲᠤᠷᠠᠯᠴᠠᠭ᠎ᠠ ᠵᠡᠷᠭᠡ ᠵᠥᠪᠯᠡᠬᠦ ᠰᠡᠳᠦᠪ ᠤᠨ ᠲᠣᠭᠤᠷᠢᠨ ᠳᠤ ᠭᠤᠤᠯ ᠰᠡᠳᠦᠪᠲᠦ ᠶᠠᠷᠢᠶ᠎ᠠ ᠢᠯᠡᠳᠬᠡᠯ᠂ ᠲᠣᠭᠤᠷᠢᠭ ᠰᠢᠷᠡᠭᠡᠨ ᠤ ᠶᠠᠷᠢᠯᠴᠠᠭ᠎ᠠ ᠥᠷᠨᠢᠭᠦᠯᠵᠦ᠂ ᠳᠤᠮᠳᠠᠳᠤ ᠮᠣᠩᠭᠤᠯ ᠤᠨ ᠬᠠᠯᠬ᠎ᠠ ᠭᠤᠤᠯ ᠤᠨ ᠰᠠᠪᠠ ᠭᠠᠵᠠᠷ ᠵᠢᠴᠢ ᠡᠷᠬᠢᠨ ᠲᠣᠭᠤᠷᠢᠨ ᠤ ᠭᠠᠵᠠᠷ ᠣᠷᠣᠨ ᠢ ᠬᠠᠮᠠᠭᠠᠯᠠᠨ ᠨᠡᠭᠡᠭᠡᠨ ᠬᠥᠭᠵᠢᠭᠦᠯᠬᠦ ᠳᠤ ᠠᠷᠭ᠎ᠠ ᠤᠬᠠᠭᠠᠨ ᠬᠦᠴᠦᠨ ᠴᠢᠳᠠᠯ ᠢᠶᠠᠨ ᠡᠷᠭᠦᠪᠡ᠃ ᠬᠢᠩᠭᠠᠨ ᠠᠶᠢᠮᠠᠭ ᠤᠨ ᠬᠢᠨ ᠪᠠᠰᠠ ᠰᠢ ᠬᠤ᠋ ᠪᠦᠯᠦᠭᠯᠡᠯ᠂ ᠰᠢᠨ᠎ᠡ ᠽᠢᠯᠠᠨᠳ᠋ ᠤᠨ ᠱᠠᠩᠬᠠᠢ ᠶᠢᠨ ᠬᠤᠳᠠᠯᠳᠤᠭᠠᠴᠢᠳ ᠤᠨ ᠶᠡᠷᠦᠩᠬᠡᠢ ᠡᠪᠯᠡᠯ᠂ ᠮᠣᠩᠭᠤᠯ ᠤᠯᠤᠰ ᠤᠨ ᠳᠣᠷᠣᠨᠠᠲᠤ ᠮᠤᠵᠢ ᠶᠢᠨ ᠪᠠᠶᠢᠭᠠᠯᠢ ᠶᠢᠨ ᠣᠷᠴᠢᠨ ᠲᠣᠭᠤᠷᠢᠨ ᠬᠢᠭᠡᠳ ᠵᠤᠭᠠᠴᠠᠯ ᠤᠨ  ᠲᠤᠪᠴᠢᠶ᠎ᠠ ᠵᠡᠷᠭᠡ ᠲᠠᠢ 8 ᠵᠦᠢᠯ ᠤᠨ ᠳᠤᠮᠳᠠᠳᠤ ᠮᠣᠩᠭᠤᠯ ᠤᠨ ᠬᠠᠯᠬ᠎ᠠ ᠭᠤᠣᠯ ᠤᠨ ᠰᠠᠪᠠ ᠭᠠᠵᠠᠷ ᠤᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ᠂ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠬᠢᠯᠢ ᠠᠯᠤᠰᠯᠠᠭᠰᠠᠨ ᠵᠤᠭᠠᠴᠠᠯ᠂ ᠠᠮᠢ ᠠᠬᠤᠢ ᠶᠢᠨ ᠬᠠᠮᠠᠭᠠᠯᠠᠯᠲᠠ᠂ ᠪᠣᠬᠢᠷᠲᠤᠯ ᠦᠭᠡᠢ ᠣᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠬᠤ᠂ ᠬᠢᠯᠢ ᠠᠯᠤᠰᠯᠠᠭᠰᠠᠨ ᠪᠠᠷᠠᠭᠠᠨ ᠤ ᠭᠦᠢᠯᠭᠡᠭᠡ ᠵᠡᠷᠭᠡ ᠤᠯᠠᠨ ᠬᠦᠷᠢᠶᠡᠨ ᠳᠤ ᠬᠤᠯᠪᠣᠭᠳᠠᠵᠠᠢ᠃    ᠳᠤᠮᠳᠠᠳᠤ ᠤᠯᠤᠰ ᠤᠨ ᠬᠢᠩᠭᠠᠨ ᠠᠶᠢᠮᠠᠭ ᠤᠨ ᠬᠢᠨ ᠮᠣᠩᠭᠤᠯ ᠤᠯᠤᠰ ᠤᠨ ᠳᠣᠷᠣᠨᠠᠲᠤ ᠮᠤᠵᠢ ᠲᠠᠢ ᠬᠠᠷᠢᠯᠴᠠᠨ ᠢᠲᠡᠭᠡᠯᠴᠡᠬᠦ᠂ ᠬᠠᠷᠢᠯᠴᠠᠨ ᠠᠰᠢᠭ ᠬᠦᠷᠲᠡᠭᠡᠬᠦ᠂ ᠬᠠᠷᠢᠯᠴᠠᠨ ᠠᠰᠢᠭᠲᠠᠢ ᠪᠠᠶᠢᠬᠤ ᠵᠠᠷᠴᠢᠮ ᠢ ᠪᠠᠷᠢᠮᠲᠠᠯᠠᠵᠤ᠂ ᠬᠠᠮᠲᠤ ᠪᠠᠷ ︽ᠪᠣᠬᠢᠷᠲᠤᠯ ᠦᠭᠡᠢ ᠭᠡᠷ᠎ᠡ︾ ᠳᠤ ᠬᠦᠷᠴᠦ᠂ ᠬᠠᠮᠲᠤ ᠪᠠᠷ ︽ᠭᠤᠣᠯ ᠬᠠᠮᠠᠭᠠᠯᠠᠬᠤ ᠠᠵᠢᠯᠯᠠᠭ᠎ᠠ︾ ᠶᠢ ᠡᠬᠢᠯᠡᠭᠦᠯᠵᠦ᠂ ᠬᠠᠯᠬ᠎ᠠ ᠭᠤᠣᠯ ᠤᠨ ᠰᠠᠪᠠ ᠭᠠᠵᠠᠷ ᠵᠢᠴᠢ ᠲᠡᠭᠦᠨ ᠤ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ  ᠰᠢᠰᠲ᠋ᠧᠮ ᠤᠨ ᠤᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ ᠪᠣᠯᠤᠨ ᠦᠷᠭᠦᠯᠵᠢᠯᠡᠬᠦ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠬᠤᠶᠠᠷ ᠤᠯᠤᠰ ᠤᠨ ᠬᠢᠯᠢ ᠶᠢ ᠬᠤᠯᠪᠣᠭᠰᠠᠨ ᠠᠮᠢ ᠠᠬᠤᠢ ᠶᠢᠨ ᠬᠤᠩᠬᠢᠯ ᠪᠣᠯᠤᠨ ᠠᠮᠢ ᠠᠬᠤᠢ ᠶᠢᠨ ᠨᠣᠭᠤᠭᠠᠨ ᠪᠦᠰᠡ ᠶᠢ ᠬᠠᠮᠲᠤᠪᠠᠷ ᠴᠣᠭᠴᠠᠯᠠᠨ ᠪᠠᠶᠢᠭᠤᠯᠵᠠᠢ᠃    ᠠᠵᠢᠯᠯᠠᠭ᠎ᠠ ᠶᠢᠨ ᠳᠤᠮᠳᠠ᠂ ᠬᠠᠯᠬ᠎ᠠ ᠭᠤᠣᠯ ᠤᠨ ᠠᠮᠢ ᠠᠬᠤᠢ ᠶᠢᠨ ᠰᠠᠭᠤᠷᠢ ᠮᠥᠩᠭᠦ ᠪᠣᠯᠤᠨ ᠰᠢᠶᠠᠩᠭᠠᠩ ᠣᠣᠮᠧᠨ ᠤ ᠵᠠᠯᠠᠭᠤᠴᠤᠳ ᠪᠠᠭᠠᠴᠤᠳ ᠤᠨ ᠬᠢᠩᠭᠠᠨ ᠠᠶᠢᠮᠠᠭ ᠤᠨ ᠰᠤᠳᠤᠯᠭᠠᠨ ᠤ ᠰᠠᠭᠤᠷᠢᠨ ᠤ ᠫᠠᠶᠢᠰᠠ ᠡᠯᠭᠦᠪᠡ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号