ᠰᠦᠬᠡ ᠢᠦᠶ ᠵᠢᠶ ᠱᠦᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠵᠡᠷᠭᠡ ᠰᠠᠯᠠᠭ᠎ᠠ ᠮᠥᠴᠢᠷ ᠲᠤ ᠬᠦᠷᠴᠦ ᠰᠤᠷᠪᠤᠯᠵᠢᠯᠠᠨ ᠵᠣᠯᠭᠠᠭᠤᠯᠪᠠ
ᠨᠡᠶᠢᠲᠡᠯᠡᠭᠰᠡᠨ ᠴᠠᠭ᠄
2024/8/7
      8 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠡ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠪᠣᠯᠤᠨ ᠬᠢᠨᠠᠨ ᠪᠤᠳᠤᠬᠤ ᠲᠢᠩᠬᠢᠮ ᠳᠤ ᠬᠦᠷᠴᠦ᠂ ᠣᠶ ᠰᠢᠭᠤᠶ ᠶᠢᠨ ᠡᠬᠢ ᠪᠠᠶᠠᠯᠢᠭ ᠢ ᠦᠨ᠎ᠡ ᠲᠥᠯᠥᠪᠦᠷᠢ ᠲᠠᠢ ᠪᠠᠷ ᠬᠡᠷᠡᠭᠯᠡᠬᠦ᠂ ᠤᠳᠠᠴᠢ ᠮᠣᠩᠭᠤᠯ ᠡᠮ ᠤᠨ ᠺᠣᠮᠫᠠᠨᠢ ᠶᠢᠨ ᠵᠠᠬ᠎ᠠ ᠳᠡᠯᠭᠡᠭᠦᠷ ᠲᠤ ᠭᠠᠷᠭᠠᠬᠤ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠲᠥᠷᠥᠯ ᠵᠦᠢᠯ ᠢ ᠬᠢᠨᠠᠨ ᠵᠥᠪᠰᠢᠶᠡᠷᠡᠬᠦ ᠵᠢᠴᠢ ᠬᠢᠨᠠᠨ ᠪᠤᠳᠤᠬᠤ ᠶᠠᠰᠤ ᠴᠢᠨᠠᠷ ᠢ ᠬᠠᠮᠢᠶᠠᠷᠤᠨ ᠡᠵᠡᠮᠳᠡᠬᠦ ᠵᠡᠷᠭᠡ ᠠᠵᠢᠯ ᠢ ᠵᠣᠯᠭᠠᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠲᠠᠯ᠎ᠠ ᠶᠢᠨ ᠬᠢᠨ ᠤ ᠳᠡᠮᠵᠢᠯᠭᠡ ᠶᠢ ᠤᠯᠬᠤ ᠪᠠᠷ ᠴᠢᠷᠮᠠᠶᠢᠪᠠ᠃    ᠥᠪᠡᠷᠲᠡᠭᠡᠨ ᠵᠠᠰᠠᠬᠤ ᠣᠷᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠢᠯᠡᠷᠬᠡᠶᠢᠯᠡᠬᠦ ᠳᠡᠭᠡᠨ᠂ ᠬᠢᠩᠭᠠᠨ ᠠᠶᠢᠮᠠᠭ ᠤᠨ ᠥᠭᠡᠷᠡᠴᠢᠯᠡᠯᠲᠡ ᠶᠢᠨ ᠰᠡᠳᠬᠢᠬᠦᠶ᠂ ᠥᠭᠡᠷᠡᠴᠢᠯᠡᠯᠲᠡ ᠶᠢᠨ ᠠᠷᠭ᠎ᠠ ᠮᠠᠶ᠋ᠢᠭ ᠢᠶᠠᠷ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠣᠬᠢᠲᠠᠶ  ᠰᠢᠢᠳᠪᠦᠷᠢᠯᠡᠬᠦ ᠶᠢ ᠳᠡᠮᠵᠢᠵᠦ᠂ ᠬᠥᠩᠭᠡᠨ ᠬᠠᠭᠤᠳᠠᠮ ᠢᠶᠠᠷ ᠪᠠᠶᠢᠯᠳᠤᠭᠠᠨ ᠳᠤ ᠣᠷᠣᠯᠴᠠᠬᠤ ᠶᠢ ᠪᠡᠶᠡᠯᠡᠭᠦᠯᠵᠦ᠂ ᠷᠠᠰᠢᠶᠠᠨ ᠤ ᠵᠢᠭᠤᠯᠴᠢᠯᠠᠯ ᠤᠨ ᠲᠦᠷᠭᠡᠨ ᠬᠥᠭᠵᠢᠬᠦ ᠶᠢ ᠠᠬᠢᠭᠤᠯᠤᠨ᠎ᠠ︔ ᠲᠤᠰᠬᠠᠶ ᠠᠩᠭᠢ ᠶᠢ ᠵᠣᠬᠢᠶᠠᠨ ᠪᠠᠶᠢᠭᠤᠯᠵᠤ ᠤᠲ᠋ᠤᠴᠢ ᠮᠣᠩᠭᠤᠯ ᠡᠮ ᠤᠨ ᠺᠣᠮᠫᠠᠨᠢ ᠶᠢᠨ ᠵᠠᠬ᠎ᠠ ᠳᠡᠯᠭᠡᠭᠦᠷ ᠲᠤ ᠭᠠᠷᠭᠠᠬᠤ ᠠᠵᠢᠯ ᠢ ᠬᠠᠪᠰᠤᠷᠤᠨ ᠰᠠᠶᠢᠲᠤᠷ ᠬᠢᠨ᠎ᠠ ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠢᠯᠡᠷᠬᠡᠶᠢᠯᠡᠬᠦ ᠳᠡᠭᠡᠨ᠂ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2 ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ  ᠵᠦᠢᠯ ᠢ ᠬᠡᠷᠡᠭᠵᠢᠭᠦᠯᠬᠦ ᠪᠠ ᠳᠣᠤᠷ᠎ᠠ ᠠᠭᠠᠷ ᠤᠨ ᠠᠵᠤ ᠠᠬᠤᠶ ᠶᠢ ᠬᠥᠭᠵᠢᠭᠦᠯᠬᠦ ᠶᠢ ᠳᠡᠮᠵᠢᠵᠦ᠂ ᠬᠤᠯᠪᠣᠭᠳᠠᠯ ᠪᠥᠬᠦᠶ ᠲᠠᠯ᠎ᠠ ᠶᠢᠨ ᠬᠢᠨ ᠢ ᠢᠳᠡᠪᠬᠢᠲᠡᠶ ᠪᠠᠷ ᠵᠣᠬᠢᠴᠠᠭᠤᠯᠤᠨ ᠲᠥᠷᠥᠯ  ᠵᠦᠢᠯ ᠢ ᠬᠢᠨᠠᠨ ᠲᠣᠭᠲᠠᠭᠠᠬᠤ ᠠᠬᠢᠴᠠ ᠶᠢ ᠲᠦᠷᠭᠡᠳᠬᠡᠵᠦ᠂ ᠡᠷᠲᠡᠬᠡᠨ ᠠᠵᠢᠯ ᠡᠬᠢᠯᠡᠭᠦᠯᠬᠦ ᠪᠠᠷ ᠴᠢᠷᠮᠠᠶᠢᠨ᠎ᠠ ᠭᠡᠵᠡᠶ᠃ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠢᠯᠡᠷᠬᠡᠶᠢᠯᠡᠬᠦ ᠳᠡᠭᠡᠨ᠂ ᠬᠢᠩᠭᠠᠨ ᠠᠶᠢᠮᠠᠭ ᠤᠨ ᠬᠢᠨᠠᠨ ᠪᠤᠳᠤᠬᠤ ᠲᠥᠷᠥᠯ  ᠵᠦᠢᠯ ᠢ ᠲᠥᠯᠥᠪᠵᠢᠭᠦᠯᠬᠦ᠂ ᠬᠢᠨᠠᠨ ᠪᠤᠳᠤᠬᠤ ᠠᠵᠢᠯ ᠢ ᠴᠡᠭᠴᠡᠯᠡᠨ ᠰᠠᠶᠢᠵᠢᠷᠠᠭᠤᠯᠬᠤ ᠪᠠ ᠬᠢᠨᠠᠨ ᠪᠤᠳᠤᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠳᠬᠠᠬᠤ ᠶᠢ ᠳᠡᠮᠵᠢᠵᠦ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠶ᠃    ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠣᠰ ᠲᠣᠰ ᠰᠤᠷᠪᠤᠯᠵᠢᠯᠠᠨ ᠵᠣᠯᠭᠠᠭᠤᠯᠬᠤ ᠳᠤ ᠣᠷᠣᠯᠴᠠᠵᠠᠶ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号