ᠬᠢᠩᠭᠠᠨ ᠠᠶᠢᠮᠠᠭ ᠤᠨ ᠳᠥᠷᠪᠡᠨ ᠶᠡᠭᠡ ᠪᠠᠭ ᠤᠨ ᠤᠳᠤᠷᠢᠳᠬᠤ ᠨᠥᠬᠦᠳ ᠬᠠᠮᠲᠤ ᠪᠠᠷ ︽5 · 1︾  ᠬᠤᠷᠠᠯ ᠤᠨ ᠭᠡᠷ ᠢ ᠲᠣᠭᠤᠷᠢᠨ ᠦᠵᠡᠪᠡ
ᠨᠡᠶᠢᠲᠡᠯᠡᠭᠰᠡᠨ ᠴᠠᠭ᠄
2024/8/7
        ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 97 ᠵᠢᠯ ᠤᠨ ᠣᠶ ᠶᠢ ᠪᠡᠯᠭᠡᠯᠡᠵᠦ ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠤᠭᠲᠤᠬᠤ ᠶᠢᠨ ᠲᠥᠯᠥᠭᠡ᠂ 8 ᠰᠠᠷ᠎ᠠ ᠶᠢᠨ 1 ᠤ ᠡᠳᠦᠷ᠂ ᠬᠢᠩᠭᠠᠨ ᠠᠶᠢᠮᠠᠭ ᠤᠨ ᠲᠦᠷᠪᠡᠨ ᠶᠡᠭᠡ ᠪᠠᠭ ᠤᠨ ᠤᠳᠤᠷᠢᠳᠬᠤ ᠨᠥᠬᠦᠳ ᠵᠢᠴᠢ ᠬᠤᠯᠪᠣᠭᠠᠨ ᠳᠤ ᠰᠠᠭᠤᠭ᠎ᠠ ᠴᠡᠷᠢᠭ ᠴᠠᠭᠳᠠᠭ᠎ᠠ ᠴᠡᠷᠢᠭ ᠠᠩᠬᠢ ᠶᠢᠨ ᠤᠳᠤᠷᠢᠳᠬᠤ ᠨᠥᠬᠦᠳ ᠬᠠᠮᠲᠤ ᠪᠠᠷ ︽5 · 1︾  ᠬᠤᠷᠠᠯ ᠤᠨ ᠭᠡᠷ ᠲᠤ ᠬᠦᠷᠴᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠤᠭᠳᠠᠭᠰᠠᠨ ᠦᠪᠡᠳᠡᠭᠰᠢ ᠪᠠᠶᠢᠳᠠᠯ ᠢ ᠡᠷᠭᠢᠴᠡᠭᠦᠯᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠳᠣᠣᠷᠠᠬᠢ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠪᠣᠯᠤᠨ ᠦᠨᠳᠦᠰᠦᠲᠡᠨ ᠤ ᠣᠷᠣᠨ ᠤ ᠥᠪᠡᠷᠲᠡᠭᠡᠨ ᠵᠠᠰᠠᠬᠤ ᠭᠡᠷᠡᠯ ᠰᠠᠴᠤᠷᠠᠩᠭᠤᠢ ᠲᠡᠦᠬᠡᠨ ᠶᠠᠪᠤᠴᠠ ᠶᠢ ᠡᠷᠭᠢᠴᠡᠭᠦᠯᠪᠡ᠃    ᠠᠶᠢᠮᠠᠭ ᠤᠨ ᠨᠠᠮ ᠤᠨ ᠬᠤᠷᠢᠶᠠᠨ ᠤ ᠱᠦᠵᠢ ᠰᠦᠬᠡ ᠵᠡᠷᠭᠡ ᠤᠳᠤᠷᠢᠳᠬᠤ ᠨᠥᠬᠦᠳ ︽5 · 1︾  ᠬᠤᠷᠠᠯ ᠤᠨ ᠭᠡᠷ ᠲᠤ ᠣᠷᠣᠵᠤ᠂ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠴᠤ᠂ ᠳᠡᠯᠭᠡᠨ ᠦᠵᠡᠭᠦᠯᠵᠦ ᠪᠠᠶᠢᠭ᠎ᠠ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯ᠂ ᠲᠡᠦᠬᠡ ᠶᠢᠨ ᠮᠠᠲ᠋ᠧᠷᠢᠶᠠᠯ ᠪᠣᠯᠤᠨ ︽5 · 1︾ ᠤ ᠶᠡᠭᠡ ᠬᠤᠷᠠᠯ ᠤᠨ ᠠᠬᠤᠢ ᠳᠦᠷᠰᠦ ᠰᠢᠩᠭᠡᠭᠡᠯᠲᠡ ᠶᠢ ᠨᠠᠷᠢᠨ ᠠᠵᠢᠭᠯᠠᠵᠤ᠂ ᠲᠡᠷᠡᠬᠦ ᠰᠦᠷ ᠳᠠᠯᠠᠶᠢᠴᠠᠲᠠᠢ ᠲᠡᠦᠬᠡ ᠶᠢᠨ ᠣᠨ ᠰᠠᠷ᠎ᠠ ᠶᠢ ᠡᠷᠭᠢᠴᠡᠭᠦᠯᠵᠦ᠂ ᠬᠤᠪᠢᠰᠬᠠᠯ ᠤᠨ ᠠᠬᠠᠮᠠᠳ ᠦᠶ᠎ᠡ ᠶᠢᠨ ᠬᠢᠨ ᠤ ᠤᠯᠤᠰ ᠪᠣᠯᠤᠨ ᠠᠷᠠᠳ ᠲᠦᠮᠡᠨ ᠤ ᠵᠣᠯ ᠵᠢᠷᠭᠠᠯ ᠤᠨ ᠲᠥᠯᠥᠭᠡ ᠭᠠᠷᠭᠠᠭᠰᠠᠨ ᠯᠤᠲᠤ ᠶᠡᠭᠡ ᠦᠷᠡᠭᠳᠡᠯ ᠪᠠ ᠴᠥᠬᠦᠷᠡᠰᠢ ᠦᠭᠡᠢ ᠴᠢᠷᠮᠠᠶᠢᠯᠭ᠎ᠠ ᠶᠢ ᠭᠦᠨᠵᠡᠭᠡᠢ ᠣᠶᠢᠯᠠᠭᠠᠪᠠ᠃    ᠤᠯᠠᠨ ᠢᠶᠠᠷ ᠢᠶᠠᠨ᠂ ᠨᠠᠮ ᠤᠨ ᠭᠡᠷᠡᠯ ᠰᠠᠴᠤᠷᠠᠩᠭᠤᠢ ᠲᠡᠮᠡᠴᠡᠯ ᠤᠨ ᠲᠡᠦᠬᠡᠨ ᠶᠠᠪᠤᠴᠠ ᠠᠴᠠ ᠡᠷᠡᠮᠡᠬᠡᠶᠢᠯᠡᠨ ᠲᠠᠪᠰᠢᠬᠤ ᠤᠶᠤᠨ ᠤᠬᠠᠭᠠᠨ ᠪᠠ ᠬᠦᠴᠦᠨ ᠴᠢᠳᠠᠯ ᠢ ᠰᠢᠩᠭᠡᠭᠡᠨ ᠠᠪᠴᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡᠬᠦ ᠭᠤᠣᠯ ᠱᠤᠭᠤᠮ ᠲᠠᠢ ᠨᠢᠭᠲᠠ ᠤᠶᠠᠯᠳᠤᠭᠤᠯᠤᠨ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠢᠩᠭᠠᠨ ᠠᠶᠢᠮᠠᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ ᠭᠡᠵᠦ ᠢᠯᠡᠳᠬᠡᠵᠡᠭᠡᠪᠡ᠃ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠪᠦᠬᠦ ᠨᠡᠶᠢᠭᠡᠮ ᠢᠶᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠯᠠᠮᠵᠢᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠬᠠᠶᠢᠷᠠᠯᠠᠬᠤ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠪᠦᠳᠦᠭᠡᠨ ᠪᠠᠶᠢᠭᠤᠯᠬᠤ ᠬᠠᠯᠠᠭᠤᠨ ᠰᠡᠳᠬᠢᠯᠭᠡ ᠶᠢ ᠤᠯᠠᠮ ᠴᠢᠨᠠᠭᠰᠢᠳᠠ ᠬᠥᠭᠵᠢᠭᠡᠵᠦ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠤᠨ ᠶᠡᠭᠡ ᠰᠠᠶᠢᠨ ᠪᠠᠶᠢᠳᠠᠯ ᠢ ᠲᠠᠰᠤᠷᠠᠯᠳᠠ ᠦᠭᠡᠢ ᠪᠠᠬᠢᠵᠢᠭᠦᠯᠦᠨ ᠬᠥᠭᠵᠢᠭᠦᠯᠵᠦ᠂ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠬᠦ ᠠᠵᠢᠯ ᠤᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠲᠣᠭᠤᠷᠢᠨ ᠦᠵᠡᠵᠦ ᠳᠠᠭᠤᠰᠤᠭᠰᠠᠨ ᠤ ᠳᠠᠷᠠᠭ᠎ᠠ᠂ ᠤᠳᠤᠷᠢᠳᠬᠤ ᠨᠥᠬᠦᠳ ᠪᠠᠰᠠ ᠬᠢᠩᠭᠠᠨ ᠠᠶᠢᠮᠠᠭ ᠤᠨ ᠰᠣᠶᠣᠯ ᠤᠨ ᠲᠥᠪ ᠲᠤ ᠬᠦᠷᠴᠦ᠂ ᠬᠤᠯᠪᠣᠭᠠᠨ ᠳᠤ ᠰᠠᠭᠤᠭ᠎ᠠ ᠴᠡᠷᠢᠭ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠲᠠᠢ ᠬᠠᠮᠲᠤ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 97 ᠵᠢᠯ ᠤᠨ ᠣᠶ ᠶᠢ ᠪᠡᠯᠭᠡᠯᠡᠬᠦ ᠬᠤᠶᠠᠷ ᠢ ᠬᠦᠷᠢᠶᠡᠯᠡᠬᠦ ᠤᠷᠠᠨ ᠰᠠᠶᠢᠬᠠᠨ ᠤ ᠬᠠᠮᠲᠤᠷᠠᠭᠰᠠᠨ ᠲᠣᠭᠯᠠᠯᠲᠠ ᠶᠢ ᠰᠣᠨᠢᠷᠬᠠᠪᠠ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号