ᠰᠦᠬᠡ  ᠢᠦᠶ ᠵᠢᠶ ᠱᠦᠨ ᠬᠢᠩᠭᠠᠨ ᠠᠶᠢᠮᠠᠭ ᠤᠨ ᠬᠤᠶᠠᠳᠤᠭᠠᠷ ᠭᠤᠷᠪᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2024/8/9
        8 ᠳ᠋ᠤᠭᠠᠷ ᠰᠠᠷ᠎ᠠ ᠶᠢᠨ 7 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠬᠢᠩᠭᠠᠨ ᠠᠶᠢᠮᠠᠭ ᠤᠨ ᠬᠤᠶᠠᠳᠤᠭᠠᠷ᠂ ᠭᠤᠷᠪᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠳᠤ ᠪᠠᠶᠢᠴᠠᠭᠠᠨ ᠰᠤᠳᠤᠯᠤᠯᠲᠠ ᠬᠢᠵᠦ᠂ ᠬᠤᠶᠠᠷ ᠡᠮᠨᠡᠯᠭᠡ ᠶᠢᠨ ᠬᠤᠷᠢᠶ᠎ᠠ ᠶᠢᠨ ᠡᠵᠡᠩᠨᠡᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠲᠤᠬᠠᠶ ᠶᠢᠨ ᠲᠠᠯᠠᠪᠤᠷ ᠲᠤ ᠠᠵᠢᠯᠯᠠᠵᠤ ᠪᠠᠶᠢᠭᠠᠳ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠬᠥᠭᠵᠢᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠲᠠᠢ ᠠᠰᠠᠭᠤᠳᠠᠯ ᠢ ᠵᠣᠬᠢᠴᠠᠭᠤᠯᠤᠨ  ᠰᠢᠢᠳᠪᠦᠷᠢᠯᠡᠪᠡ ᠃    ᠰᠦᠬᠡ᠂ ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠬᠢᠨ ᠰᠢᠨ᠎ᠡ ᠴᠠᠭ ᠦᠶ᠎ᠡ ᠶᠢᠨ ᠠᠷᠠᠳ ᠤᠯᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠤᠨ ᠲᠤᠬᠠᠢ ᠰᠢᠨ᠎ᠡ ᠬᠦᠰᠡᠯ ᠱᠠᠭᠠᠷᠳᠠᠯᠭ᠎ᠠ ᠶᠢᠨ ᠲᠣᠭᠤᠷᠢᠨ ᠳᠤ᠂ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠪᠣᠯᠤᠨ ᠤᠨᠴᠠᠯᠢᠬᠳᠤ ᠲᠤᠰᠬᠠᠢ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠤᠲᠠᠭᠤᠳᠠᠯ ᠢ ᠨᠥᠬᠦᠪᠥᠷᠢᠯᠡᠵᠦ᠂ ᠤᠷᠳᠤ ᠳᠠᠪᠲᠠᠯᠲᠠ ᠶᠢ ᠳᠠᠪᠲᠠᠨ ᠪᠣᠯᠪᠠᠰᠤᠷᠠᠭᠤᠯᠵᠤ᠂ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠠᠪᠤᠷᠠᠨ ᠵᠠᠰᠠᠬᠤ ᠲᠦᠪᠰᠢᠨ ᠪᠣᠯᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠴᠢᠳᠠᠪᠤᠷᠢᠲᠠᠨ ᠤ ︽ᠨᠢᠭᠡᠳᠦᠭᠡᠷ ᠡᠬᠢ ᠪᠠᠶᠠᠯᠢᠭ︾ ᠢ ᠰᠠᠶᠢᠲᠤᠷ ᠠᠰᠢᠭᠯᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ︽ᠪᠦᠯᠬᠦᠮ ᠪᠠᠶᠢᠭᠤᠯᠬᠤ ᠮᠠᠶ᠋ᠢᠭ︾ ᠤᠨ ᠬᠠᠪᠰᠤᠷᠤᠨ ᠲᠡᠳᠬᠦᠬᠦ ᠠᠵᠠ ᠲᠣᠬᠢᠶᠠᠯ ᠢ ᠠᠰᠢᠭᠯᠠᠨ᠂ ᠴᠢᠳᠠᠪᠤᠷᠢᠲᠠᠨ ᠤ ᠱᠠᠲᠤᠯᠵᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠡᠭᠡᠳᠦ ᠲᠠᠰ ᠳᠠᠪᠬᠤᠷᠭ᠎ᠠ ᠶᠢᠨ ᠠᠨᠠᠭᠠᠬᠤ ᠤᠬᠠᠭᠠᠨ ᠤ ᠴᠢᠳᠠᠪᠤᠷᠢᠲᠠᠨ ᠢ ᠶᠡᠬᠡᠪᠡᠷ ᠣᠷᠣᠭᠤᠯᠤᠨ ᠠᠪᠴᠢᠷᠠᠬᠤ ᠪᠠ ᠬᠥᠮᠦᠵᠢᠭᠦᠯᠵᠦ᠂ ᠡᠮᠨᠡᠯᠭᠡ ᠶᠢᠨ ᠬᠤᠷᠢᠶ᠎ᠠ ᠶᠢᠨ ᠴᠢᠨᠠᠷ ᠰᠠᠶᠢᠲᠠᠶ᠂ ᠦᠷᠭᠦᠯᠵᠢᠯᠡᠨ ᠬᠥᠭᠵᠢᠬᠦ ᠳᠤ ᠬᠦᠴᠦᠲᠡᠶ ᠪᠠᠲᠤᠯᠠᠭ᠎ᠠ ᠬᠠᠩᠭᠠᠬᠤ ᠬᠡᠷᠡᠭᠲᠡᠶ ᠭᠡᠪᠡ᠃    ᠰᠦᠬᠡ᠂ ᠬᠢᠩᠭᠠᠨ ᠠᠶᠢᠮᠠᠭ ᠤᠨ ᠬᠤᠶᠠᠳᠤᠭᠠᠷ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠭᠠᠵᠠᠷ ᠢ ᠨᠡᠭᠦᠯᠭᠡᠨ ᠥᠭᠡᠷᠡᠴᠢᠯᠡᠨ ᠪᠠᠶᠢᠭᠤᠯᠬᠤ ᠲᠦᠷᠦᠯ ᠵᠦᠢᠯ ᠪᠣᠯ ᠠᠶᠢᠮᠠᠭ ᠤᠨ ᠨᠠᠮ ᠤᠨ  ᠬᠤᠷᠢᠶ᠎ᠠ ᠵᠠᠬᠢᠷᠭ᠎ᠠ ᠶᠢᠨ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠰᠢᠨ᠎ᠡ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠵᠢᠷᠤᠭ ᠲᠥᠯᠥᠪᠯᠡᠭᠡ ᠪᠣᠯᠤᠨ ᠴᠢᠳᠠᠪᠬᠢ ᠶᠢᠨ ᠪᠠᠶᠢᠷᠢᠰᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠰᠠᠶᠢᠲᠤᠷ ᠬᠢᠵᠦ᠂ ᠢᠯᠴᠢ ᠬᠠᠩᠭᠠᠬᠤ ᠬᠤᠭᠤᠯᠠᠢ ᠶᠢᠨ ᠲᠣᠣᠷ ᠢ ᠬᠤᠯᠪᠣᠬᠤ ᠵᠡᠷᠭᠡ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠡᠮᠨᠡᠯᠭᠡ ᠶᠢᠨ ᠬᠤᠷᠢᠶ᠎ᠠ ᠶᠢᠨ ᠲᠣᠭᠲᠠᠭᠰᠠᠨ ᠬᠤᠭᠤᠴᠠᠭᠠᠨ ᠳᠤ ᠠᠰᠢᠭᠯᠠᠯᠲᠠ ᠳᠤ ᠣᠷᠣᠬᠤ ᠶᠢ ᠪᠠᠲᠤᠯᠠᠵᠤ᠂ ᠤᠯᠠᠨ ᠲᠦᠮᠡᠨ ᠤ ᠡᠪᠡᠳᠴᠢᠨ ᠦᠵᠡᠭᠦᠯᠬᠦ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃    ᠠᠶᠢᠮᠠᠭ ᠤᠨ ᠤᠳᠤᠷᠢᠳᠤᠯᠭ᠎ᠠ ᠶᠠᠩ ᠵᠢᠢ ᠫᠧᠩ᠂ ᠰᠦᠨ ᠳ᠋ᠧ ᠮᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ      
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号