| | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ | ᠵᠥᠪᠯᠡᠯ᠂ ᠠᠯᠪᠠᠨ ᠬᠡᠷ᠂ ᠲᠣᠪᠴᠢᠶ᠎ᠠ ᠳᠤ᠄ | ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠶᠢᠨ ᠲᠥᠯᠥᠭᠡ᠂ ᠮᠠᠨ ᠤ | ᠠᠶᠢᠮᠠᠭ ᠤᠨ ᠠᠭᠤᠷᠬᠠᠶ ᠶᠢᠨ ᠦᠢᠯᠡᠰ ᠤᠨ ᠪᠣᠬᠢᠷᠲᠤᠯ ᠦᠭᠡᠶ ᠴᠢᠨᠠᠷ ᠰᠠᠶᠢᠲᠠᠶ ᠬᠥᠭᠵᠢᠯᠲᠡ ᠶᠢ ᠤᠯᠠᠮ ᠨᠢᠭᠡ | ᠠᠯᠬᠤᠮ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ | ᠤ ᠦᠵᠡᠯ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠶ ᠶᠢ ᠡᠩ | ᠲᠡᠷᠢᠭᠦᠨ ᠳᠤ ᠲᠠᠯᠪᠢᠬᠤ᠂ ᠪᠣᠬᠢᠷᠲᠤᠯ ᠥᠭᠡᠢ ᠬᠥᠭᠵᠢᠯᠲᠡ ᠶᠢᠨ ᠤᠳᠤᠷᠢᠳᠤᠮᠵᠢ ᠶᠢ ᠠᠭᠤᠷᠬᠠᠶ ᠶᠢᠨ ᠭᠠᠷᠤᠯᠲᠠ ᠶᠢᠨ | ᠡᠬᠢ ᠪᠠᠶᠠᠯᠢᠭ ᠢ ᠲᠥᠯᠥᠪᠵᠢᠭᠦᠯᠬᠦ᠂ ᠬᠠᠶᠢᠨ ᠪᠠᠶᠢᠴᠠᠭᠠᠬᠤ᠂ ᠨᠡᠭᠡᠭᠡᠨ ᠠᠰᠢᠭᠯᠠᠬᠤ ᠬᠢᠭᠡᠳ ᠬᠠᠮᠠᠭᠠᠯᠠᠬᠤ ᠪᠥᠬᠦ | ᠶᠠᠪᠤᠴᠠ ᠳᠤ ᠲᠤᠭᠤᠰᠢᠯᠠᠭᠤᠯᠵᠦ ᠂ ᠪᠣᠬᠢᠷᠲᠤᠯ ᠥᠭᠡᠢ ᠠᠭᠤᠷᠬᠠᠶ ᠶᠢᠨ ᠪᠥᠳᠥᠭᠡᠨ ᠪᠠᠶᠢᠭᠤᠯᠤᠯᠲᠠ ᠶᠢ ᠪᠥᠬᠦ | ᠬᠦᠴᠦᠨ ᠢᠶᠠᠷ ᠲᠥᠯᠬᠢᠨ ᠠᠬᠢᠭᠤᠯᠵᠤ᠂ ᠠᠭᠤᠷᠬᠠᠶ ᠶᠢᠨ ᠦᠢᠯᠡᠰ ᠤᠨ ᠪᠣᠬᠢᠷᠲᠤᠯ ᠥᠭᠡᠢ ᠬᠥᠭᠵᠢᠯᠲᠡ᠂ ᠴᠢᠨᠠᠷ | ᠰᠠᠶᠢᠲᠠᠶ ᠬᠥᠭᠵᠢᠯᠲᠡ ᠶᠢ ᠬᠥᠲᠥᠯᠥᠨ ᠳᠠᠭᠠᠭᠤᠯᠬᠤ ᠪᠠ ᠲᠠᠶᠢᠴᠢᠯᠠᠵᠤ᠂ ᠡᠭᠡ ᠤᠯᠤᠰ ᠤᠨ ᠤᠮᠠᠷᠠᠲᠤ ᠬᠢᠯᠢ ᠶᠢᠨ | ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠳᠥᠭᠡᠨ ᠪᠠᠶᠢᠭᠤᠯᠬᠤ ᠳᠤ ᠬᠢᠩᠭᠠᠨ ᠳᠤ ᠬᠤᠪᠢ ᠨᠡᠮᠡᠷᠢ | ᠦᠵᠡᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠶᠢ ᠠᠬᠢᠭᠤᠯᠬᠤ ᠲᠦᠷᠢᠮ︾ | ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠦᠷᠢᠮ︾ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠬᠤ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2024 ︺ | 13 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠪᠡᠯ᠂ ᠮᠠᠨ ᠤ ᠠᠶᠢᠮᠠᠭ ᠤᠨ ᠪᠣᠳᠠᠲᠠᠶ ᠲᠠᠢ ᠪᠠᠨ | ᠤᠶᠠᠯᠳᠤᠭᠤᠯᠤᠨ᠂ ᠡᠳᠦᠭᠡ ᠪᠥᠬᠦ ᠠᠶᠢᠮᠠᠭ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ | ᠡᠭᠦᠷᠭᠡ ᠶᠢ ᠲᠦᠷᠭᠡᠳᠬᠡᠨ ᠨᠠᠶᠢᠳᠠᠪᠤᠷᠢᠵᠢᠭᠤᠯᠬᠤ ᠬᠤᠯᠪᠣᠭᠳᠠᠯ ᠪᠥᠬᠦᠶ ᠤᠴᠢᠷ ᠢ ᠳᠣᠤᠷᠠᠬᠢ ᠮᠡᠲᠦ ᠮᠡᠳᠡᠭᠳᠡᠶ᠎ᠡ᠃ | ᠨᠢᠭᠡ᠂ ᠦᠨᠳᠦᠰᠦᠨ ᠵᠠᠷᠴᠢᠮ | ︵ᠨᠢᠭᠡ︶ ᠠᠭᠤᠷᠬᠠᠶ ᠶᠢᠨ ᠦᠢᠯᠡᠰ ᠤᠨ ᠬᠥᠭᠵᠢᠯᠲᠡ ᠬᠢᠭᠡᠳ ᠣᠷᠣᠨ ᠪᠦᠰᠡ ᠶᠢᠨ ᠠᠵᠤ ᠠᠬᠤᠶ ᠶᠢ | ᠵᠣᠬᠢᠴᠠᠩᠭᠤᠶ ᠪᠠᠷ ᠬᠥᠭᠵᠢᠭᠦᠯᠬᠦ ᠵᠠᠷᠴᠢᠮ ᠢ ᠪᠠᠷᠢᠮᠲᠠᠯᠠᠨ᠎ᠠ᠃ ᠮᠠᠨ ᠤ ᠠᠶᠢᠮᠠᠭ ᠤᠨ ᠤᠯᠤᠰ ᠠᠷᠠᠳ ᠤᠨ ᠠᠵᠤ | ᠠᠬᠤᠶ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠬᠢᠭᠡᠳ ᠠᠭᠤᠷᠬᠠᠶ ᠶᠢᠨ ᠭᠠᠷᠤᠯᠲᠠ ᠶᠢ ᠨᠡᠭᠡᠭᠡᠨ ᠠᠰᠢᠭᠯᠠᠵᠤ | ᠪᠠᠶᠢᠭ᠎ᠠ ᠣᠳᠣᠬᠢ ᠪᠠᠶᠢᠳᠠᠯ ᠳᠤ ᠰᠠᠭᠤᠷᠢᠯᠠᠨ᠂ ᠡᠬᠢ ᠪᠠᠶᠠᠯᠢᠭ ᠤᠨ ᠲᠥᠷᠥᠯᠬᠢ ᠨᠥᠬᠦᠴᠡᠯ ᠲᠠᠢ ᠤᠶᠠᠯᠳᠤᠭᠤᠯᠵᠤ᠂ | ᠪᠥᠬᠦ ᠠᠶᠢᠮᠠᠭ ᠤᠨ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠨᠢᠭᠡᠳᠦᠯᠲᠡᠶ ᠲᠥᠯᠥᠪᠯᠡᠨ᠂ | ᠠᠭᠤᠷᠬᠠᠶ ᠶᠢᠨ ᠦᠢᠯᠡᠰ ᠬᠢᠭᠡᠳ ᠠᠵᠤ ᠠᠬᠤᠶ᠂ ᠣᠷᠴᠢᠨ ᠲᠣᠭᠤᠷᠢᠨ ᠪᠠ ᠨᠡᠶᠢᠭᠡᠮ ᠤᠨ ᠦᠷ᠎ᠡ ᠠᠰᠢᠭ ᠤᠨ | ᠵᠣᠬᠢᠴᠠᠩᠭᠤᠶ ᠬᠥᠭᠵᠢᠯᠲᠡ ᠶᠢ ᠠᠬᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠶ ᠶᠢᠨ ᠳᠠᠪᠠᠭᠤᠯᠢᠭ | ᠪᠣᠯᠭᠠᠨ ᠬᠤᠪᠢᠷᠠᠭᠤᠯᠬᠤ ᠶᠢ ᠠᠬᠢᠭᠤᠯᠤᠨ᠎ᠠ᠃ | ︵ᠬᠤᠶᠠᠷ︶ ᠠᠭᠤᠷᠬᠠᠶ ᠶᠢᠨ ᠦᠢᠯᠡᠰ ᠤᠨ ᠪᠣᠬᠢᠷᠲᠤᠯ ᠥᠬᠡᠶ ᠬᠥᠭᠵᠢᠯᠲᠡ ᠶᠢᠨ ᠵᠠᠷᠴᠢᠮ ᠢ ᠪᠠᠷᠢᠮᠲᠠᠯᠠᠨ᠎ᠠ᠃ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠶᠡᠷᠦᠩᠬᠡᠶᠢᠯᠡᠨ ᠬᠠᠶᠢᠨ ᠪᠠᠶᠢᠴᠠᠭᠠᠬᠤ ᠪᠠ | ᠨᠡᠭᠡᠭᠡᠨ ᠬᠥᠭᠵᠢᠭᠦᠯᠬᠦ ᠶᠢ ᠠᠬᠢᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠠᠰᠢᠭᠯᠠᠬᠤ ᠠᠷᠭ᠎ᠠ | ᠮᠠᠶ᠋ᠢᠭ ᠢ ᠬᠦᠴᠦᠯᠡᠨ ᠬᠤᠪᠢᠷᠠᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠪᠠ | ᠨᠡᠭᠡᠭᠡᠨ ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠬᠠᠮᠲᠤ᠂ ᠡᠬᠢ ᠪᠠᠶᠠᠯᠢᠭ ᠢ ᠬᠠᠶᠢᠨ ᠪᠠᠶᠢᠴᠠᠭᠠᠵᠤ | ᠨᠡᠭᠡᠭᠡᠨ ᠠᠰᠢᠭᠯᠠᠬᠤ ᠳᠤ ᠵᠥᠪᠰᠢᠶᠡᠷᠡᠨ ᠣᠷᠣᠭᠤᠯᠬᠤ ᠶᠢ ᠴᠢᠩᠳᠠᠯᠠᠵᠤ᠂ ᠠᠮᠢ ᠠᠬᠤᠶ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠴᠢᠬᠤᠯᠠᠴᠢᠯᠠᠨ᠂ ᠪᠣᠬᠢᠷᠲᠤᠯ ᠥᠬᠡᠶ ᠬᠥᠭᠵᠢᠭᠦᠯᠬᠦ ᠣᠨᠣᠯᠵᠢᠬᠤᠨ ᠢ ᠪᠣᠶ ᠪᠣᠯᠭᠠᠵᠤ᠂ | ᠠᠭᠤᠷᠬᠠᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ ᠪᠣᠬᠢᠷᠲᠤᠯ ᠥᠬᠡᠶ ᠬᠥᠭᠵᠢᠭᠦᠯᠬᠦ ᠰᠢᠨ᠎ᠡ ᠵᠠᠭᠪᠤᠷ ᠢ | ᠠᠭᠤᠷᠬᠠᠶ ᠶᠢᠨ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠪᠠ ᠠᠮᠢ ᠠᠬᠤᠶ ᠶᠢᠨ ᠣᠷᠴᠢᠨ ᠲᠣᠭᠤᠷᠢᠨ ᠢ ᠳᠠᠬᠢᠨ | ᠪᠥᠲᠥᠭᠡᠨ ᠪᠠᠶᠢᠭᠤᠯᠬᠤ ᠶᠢ ᠴᠢᠩᠭᠠᠳᠬᠠᠵᠤ᠂ ᠠᠭᠤᠷᠬᠠᠶ ᠶᠢᠨ ᠦᠢᠯᠡᠳᠪᠦᠷᠢᠯᠡᠯ ᠠᠮᠢᠳᠤᠷᠠᠯ ᠤᠨ ᠣᠷᠴᠢᠨ | ᠲᠣᠭᠤᠷᠢᠨ ᠢ ᠶᠡᠬᠡᠪᠡᠷ ᠰᠠᠶᠢᠵᠢᠷᠠᠭᠤᠯᠤᠨ᠂ ᠡᠶ᠎ᠡ ᠵᠣᠬᠢᠴᠠᠯ ᠲᠠᠢ ᠪᠣᠬᠢᠷᠲᠤᠯ ᠥᠬᠡᠶ ᠠᠭᠤᠷᠬᠠᠶ ᠶᠢ ᠪᠥᠲᠥᠭᠡᠨ | ᠪᠠᠶᠢᠭᠤᠯᠤᠨ᠎ᠠ᠃ | ᠬᠤᠶᠠᠷ᠂ ᠭᠤᠣᠯᠳᠠᠯᠭ᠎ᠠ ᠲᠠᠢ ᠬᠠᠷᠠᠯᠲᠠ | 2028 ᠣᠨ ᠤ ᠡᠴᠦᠰ ᠪᠣᠯᠬᠤ ᠳᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ | ᠠᠵᠢᠯ ᠤᠨ ᠲᠣᠭᠲᠠᠴᠠ ᠶᠢ ᠨᠠᠩ ᠲᠡᠭᠦᠯᠳᠡᠷᠵᠢᠭᠦᠯᠵᠦ᠂ ᠦᠨᠡᠮᠯᠡᠯ ᠲᠠᠢ ᠪᠠᠷ ᠦᠢᠯᠡᠳᠪᠦᠷᠢᠯᠡᠵᠦ ᠪᠠᠶᠢᠭ᠎ᠠ | 80% ᠠᠴᠠ ᠳᠡᠭᠡᠭᠰᠢᠬᠢ ᠲᠣᠮᠣ ᠳᠤᠮᠳᠠ ᠬᠡᠯᠪᠡᠷᠢ ᠶᠢᠨ ᠠᠭᠤᠷᠬᠠᠶ ᠶᠢ ᠪᠣᠬᠢᠷᠲᠤᠯ ᠥᠬᠡᠶ ᠠᠭᠤᠷᠬᠠᠶ ᠶᠢᠨ | ᠪᠠᠷᠢᠮᠵᠢᠶ᠎ᠠ ᠳᠤ ᠬᠦᠷᠦᠭᠦᠯᠬᠦ ᠬᠡᠷᠡᠭᠲᠡᠶ᠃ 2030 ᠣᠨ ᠤ ᠰᠡᠭᠦᠯᠴᠢ ᠪᠣᠯᠬᠤ ᠳᠤ᠂ ᠦᠨᠡᠮᠯᠡᠯ ᠲᠠᠢ ᠪᠠᠷ | ᠦᠢᠯᠡᠳᠪᠦᠷᠢᠯᠡᠵᠦ ᠪᠠᠶᠢᠭ᠎ᠠ ᠲᠣᠮᠣ ᠳᠤᠮᠳᠠ ᠬᠡᠯᠪᠡᠷᠢ ᠶᠢᠨ ᠪᠥᠬᠦ ᠠᠭᠤᠷᠬᠠᠶ ᠶᠢ ᠪᠣᠬᠢᠷᠲᠤᠯ ᠥᠬᠡᠶ ᠠᠭᠤᠷᠬᠠᠶ ᠶᠢᠨ | ᠪᠠᠷᠢᠮᠵᠢᠶ᠎ᠠ ᠳᠤ ᠬᠦᠷᠦᠭᠦᠯᠵᠦ᠂ ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠳᠤ ᠨᠡᠶᠢᠴᠡᠬᠦ ᠥᠬᠡᠶ ᠠᠭᠤᠷᠬᠠᠶ ᠶᠢ | ᠬᠠᠤᠯᠢ ᠶᠣᠰᠣᠭᠠᠷ ᠠᠯᠬᠤᠮ ᠠᠯᠬᠤᠮ ᠢᠶᠠᠷ ᠵᠠᠬ᠎ᠠ ᠳᠡᠯᠭᠡᠭᠦᠷ ᠠᠴᠠ ᠭᠠᠷᠭᠠᠨ᠎ᠠ︔ ᠦᠨᠡᠮᠯᠡᠯ ᠲᠠᠢ ᠪᠠᠷ | ᠦᠢᠯᠡᠳᠪᠦᠷᠢᠯᠡᠵᠦ ᠪᠠᠶᠢᠭ᠎ᠠ ᠵᠢᠵᠢᠭ ᠬᠡᠯᠪᠡᠷᠢ ᠶᠢᠨ ᠠᠭᠤᠷᠬᠠᠶ ᠪᠠ ᠦᠯᠡᠳᠡᠵᠦ ᠪᠠᠶᠢᠭ᠎ᠠ ᠬᠠᠳᠠᠭᠠᠯᠠᠭᠳᠠᠴᠠ ᠶᠢᠨ | ᠮᠠᠯᠲᠠᠵᠤ ᠪᠣᠯᠬᠤ ᠵᠢᠯ ᠬᠤᠭᠤᠴᠠᠭ᠎ᠠ ᠨᠢ 3 ᠵᠢᠯ ᠬᠦᠷᠬᠦ ᠦᠭᠡᠶ ᠪᠠᠶᠢᠭ᠎ᠠ ᠠᠭᠤᠷᠬᠠᠶ ᠶᠢᠨ ᠭᠠᠷᠤᠯᠲᠠ ᠨᠢ ᠪᠣᠬᠢᠷᠲᠤᠯ | ᠦᠭᠡᠶ ᠨᠡᠭᠡᠭᠡᠨ ᠮᠠᠯᠲᠠᠬᠤ ᠦᠨᠳᠦᠰᠦᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ ᠥᠪᠡᠷᠲᠡᠭᠡᠨ ᠵᠠᠰᠠᠬᠤ | ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠦᠨᠡᠯᠡᠬᠦ ᠭᠦᠢᠴᠡᠳᠭᠡᠯ ᠲᠤᠭ᠎ᠠ ᠶᠢᠨ | ᠳᠣᠲᠣᠷᠠᠬᠢ ᠬᠢᠵᠠᠭᠠᠷᠯᠠᠬᠤ ᠴᠢᠨᠠᠷᠲᠠᠶ ᠭᠦᠢᠴᠡᠳᠭᠡᠯ ᠲᠤᠭ᠎ᠠ ᠶᠢᠨ ᠱᠠᠭᠠᠷᠳᠠᠯᠭ᠎ᠠ ᠶᠣᠰᠣᠭᠠᠷ ᠪᠥᠲᠥᠭᠡᠨ | ᠪᠠᠶᠢᠭᠤᠯᠤᠯᠲᠠ ᠶᠢᠨ ᠦᠢᠯᠡᠳᠪᠦᠷᠢᠯᠡᠯ ᠤᠨ ᠬᠠᠮᠢᠶᠠᠷᠤᠯᠲᠠ ᠬᠢᠵᠦ᠂ ᠠᠭᠤᠷᠬᠠᠶ ᠶᠢᠨ ᠭᠠᠵᠠᠷ ᠰᠢᠷᠣᠶ ᠶᠢ ᠳᠠᠬᠢᠨ | ᠬᠠᠭᠠᠯᠪᠤᠷᠢᠯᠠᠬᠤ ᠪᠠ ᠠᠮᠢ ᠠᠬᠤᠶ ᠶᠢ ᠰᠡᠷᠭᠦᠭᠡᠬᠦ ᠪᠠ ᠠᠭᠤᠷᠬᠠᠶ ᠶᠢᠨ ᠬᠠᠶᠠᠭᠳᠠᠮᠠᠯ ᠬᠡᠶ᠂ ᠬᠠᠶᠠᠭᠳᠠᠮᠠᠯ ᠤᠰᠤ᠂ | ᠬᠠᠶᠠᠭᠳᠠᠮᠠᠯ ᠰᠢᠭᠠᠷᠤ ᠵᠢᠴᠢ ᠳᠡᠭᠳᠡᠮᠡᠯ ᠲᠣᠭᠤᠰᠣ ᠵᠡᠷᠭᠡ ᠪᠣᠬᠢᠷᠲᠤᠯ ᠪᠣᠳᠠᠰ ᠢ ᠪᠠᠷᠢᠮᠵᠢᠶ᠎ᠠ ᠳᠤ ᠬᠦᠷᠦᠭᠦᠯᠦᠨ | ᠭᠠᠳᠠᠭᠰᠢᠯᠠᠭᠤᠯᠬᠤ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ᠃ | ᠭᠤᠷᠪᠠ᠂ ᠭᠤᠣᠯᠳᠠᠯᠭ᠎ᠠ ᠲᠠᠢ ᠡᠭᠦᠷᠭᠡ | ︵ᠨᠢᠭᠡ︶ ᠪᠣᠬᠢᠷᠲᠤᠯ ᠥᠬᠡᠶ ᠠᠭᠤᠷᠬᠠᠶ ᠶᠢᠨ ᠠᠵᠢᠯ ᠲᠥᠷᠥᠯ ᠤᠨ ᠪᠠᠷᠢᠮᠵᠢᠶ᠎ᠠ ᠪᠠ ᠦᠨᠡᠯᠡᠬᠦ ᠭᠦᠢᠴᠡᠳᠭᠡᠯ | ᠲᠤᠭ᠎ᠠ ᠶᠢ ᠴᠢᠩᠭ᠎ᠠ ᠬᠡᠷᠡᠭᠵᠢᠭᠦᠯᠦᠨ᠎ᠡ᠃ ᠮᠠᠨ ᠤ ᠠᠶᠢᠮᠠᠭ ᠤᠨ ᠪᠣᠳᠠᠲᠤ ᠪᠠᠶᠢᠳᠠᠯ ᠢ ᠦᠨᠳᠦᠰᠦᠯᠡᠨ ᠲᠡᠮᠦᠷᠯᠢᠭ᠂ | ᠲᠡᠮᠦᠷᠯᠢᠭ ᠪᠤᠰᠤ ︵ᠴᠢᠯᠠᠭᠤ ᠭᠠᠷᠭᠠᠬᠤ ᠲᠠᠯᠠᠪᠠᠶ ᠪᠠᠭᠲᠠᠬᠤ ᠦᠭᠡᠶ︶᠂ ᠴᠢᠯᠠᠭᠤ ᠭᠠᠷᠭᠠᠬᠤ ᠲᠠᠯᠠᠪᠠᠶ᠂ ᠭᠠᠵᠠᠷ ᠤᠨ | ᠢᠯᠴᠢ ᠶᠢᠨ ᠷᠠᠰᠢᠶᠠᠨ ᠤᠰᠤ ᠵᠡᠷᠭᠡ ᠳᠥᠷᠪᠡᠨ ᠲᠥᠷᠥᠯ ᠤᠨ ᠠᠭᠤᠷᠬᠠᠶ ᠭᠡᠵᠦ ᠬᠤᠪᠢᠶᠠᠨ᠎ᠠ᠃ ᠡᠯ᠎ᠡ ᠬᠤᠰᠢᠭᠤ | ᠰᠢᠶᠠᠨ ᠬᠤᠲᠠ ᠨᠤᠭᠤᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ | ᠠᠬᠢᠭᠤᠯᠬᠤ ᠲᠤᠬᠠᠶ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2024 ︺ 13 ᠳ᠋ᠤᠭᠠᠷ | ᠲᠣᠭᠠᠲᠤ︶ ᠳᠠᠬᠢ ᠦᠨᠡᠯᠡᠬᠦ ᠭᠦᠢᠴᠡᠳᠭᠡᠯ ᠲᠤᠭ᠎ᠠ ᠶᠢ ᠴᠢᠩᠭ᠎ᠠ ᠬᠡᠷᠡᠭᠵᠢᠭᠦᠯᠵᠦ᠂ ᠨᠢᠭᠡᠨᠲᠡ ᠪᠠᠶᠢᠭᠤᠯᠤᠭᠰᠠᠨ | ᠪᠣᠬᠢᠷᠲᠤᠯ ᠥᠬᠡᠶ ᠠᠭᠤᠷᠬᠠᠶ ᠳᠤ ᠰᠢᠨ᠎ᠡ ᠪᠠᠷᠢᠮᠵᠢᠶ᠎ᠠ ᠲᠠᠢ ᠬᠠᠷᠢᠴᠠᠭᠤᠯᠤᠨ ᠥᠪᠡᠷ ᠢ ᠪᠠᠨ ᠪᠠᠶᠢᠴᠠᠭᠠᠵᠤ᠂ ᠡᠯ᠎ᠡ | ᠵᠦᠢᠯ ᠤᠨ ᠭᠦᠢᠴᠡᠳᠭᠡᠯ ᠲᠤᠭ᠎ᠠ ᠶᠢ ᠬᠠᠮᠤᠭ ᠤᠨ ᠰᠢᠨ᠎ᠡ ᠱᠠᠭᠠᠷᠳᠠᠯᠭ᠎ᠠ ᠳᠤ ᠬᠦᠷᠦᠭᠦᠯᠵᠦ᠂ ᠰᠢᠨ᠎ᠡ ᠪᠠᠷ | ᠪᠠᠶᠢᠭᠤᠯᠤᠭᠰᠠᠨ ᠪᠣᠬᠢᠷᠲᠤᠯ ᠥᠬᠡᠶ ᠠᠭᠤᠷᠬᠠᠶ ᠳᠤ ᠲᠣᠰ ᠪᠠᠷᠢᠮᠵᠢᠶ᠎ᠠ ᠶᠣᠰᠣᠭᠠᠷ ᠥᠪᠡᠷ ᠢ ᠪᠠᠨ ᠦᠨᠡᠯᠡᠨ ᠵᠢᠱᠢᠬᠦ ᠪᠠ | ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ ᠶᠢ ᠥᠷᠨᠢᠭᠦᠯᠬᠦ ᠶᠢᠨ ᠬᠠᠮᠲᠤ ᠰᠢᠯᠢᠳᠡᠭ ᠢ ᠨᠢ ᠰᠣᠩᠭᠤᠨ | ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ ᠶᠢ ᠲᠠᠨᠢᠯᠴᠠᠭᠤᠯᠵᠤ ᠪᠣᠯᠤᠨ᠎ᠠ᠃ ᠡᠯ᠎ᠡ ᠬᠤᠰᠢᠭᠤ ᠰᠢᠶᠠᠨ | ᠬᠤᠲᠠ ᠬᠠᠮᠢᠶ᠎ᠠ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠡᠭᠦᠷᠭᠡ ᠴᠢᠳᠠᠪᠤᠷᠢ ᠡᠭᠦᠷᠭᠡ | ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠪᠦᠬᠦ ᠲᠠᠯ᠎ᠠ ᠪᠠᠷ ᠬᠢᠨᠠᠨ ᠪᠠᠶᠢᠴᠠᠭᠠᠬᠤ ᠠᠵᠢᠯ ᠢ ᠥᠷᠨᠢᠭᠦᠯᠵᠦ᠂ | ᠬᠥᠮᠥᠷᠭᠡ ᠳᠤ ᠪᠠᠶᠢᠭ᠎ᠠ ᠪᠣᠬᠢᠷᠲᠤᠯ ᠥᠬᠡᠶ ᠠᠭᠤᠷᠬᠠᠶ ᠳᠤ᠂ ᠲᠣᠭᠲᠠᠭᠰᠠᠨ ᠬᠤᠭᠤᠴᠠᠭ᠎ᠠ ᠬᠢᠵᠠᠭᠠᠷ ᠶᠣᠰᠣᠭᠠᠷ | ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠥᠬᠡᠶ᠂ 5 ᠵᠦᠢᠯ ᠤᠨ ᠤᠷᠢᠳᠴᠢᠯᠠᠭᠰᠠᠨ ᠨᠥᠬᠦᠴᠡᠯ ᠢ ᠪᠦᠷᠢᠨ | ᠬᠠᠩᠭᠠᠭᠰᠠᠨ ᠥᠬᠡᠶ᠂ ᠬᠢᠵᠠᠭᠠᠷᠯᠠᠬᠤ ᠴᠢᠨᠠᠷᠲᠠᠶ ᠭᠦᠢᠴᠡᠳᠭᠡᠯ ᠲᠤᠭ᠎ᠠ ᠨᠢ ᠪᠦᠷᠢᠨ ᠬᠤᠪᠢ ᠣᠯᠤᠭᠰᠠᠨ ᠥᠬᠡᠶ | ᠪᠣᠬᠢᠷᠲᠤᠯ ᠥᠬᠡᠶ ᠠᠭᠤᠷᠬᠠᠶ ᠳᠤ᠂ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠪᠠᠭᠤᠯᠭᠠᠵᠤ᠂ ᠬᠤᠭᠤᠴᠠᠭ᠎ᠠ ᠬᠢᠵᠠᠭᠠᠷ | ᠶᠣᠰᠣᠭᠠᠷ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠥᠬᠡᠶ ᠪᠠᠶᠢᠪᠠᠯ᠂ ᠠᠶᠢᠮᠠᠭ ᠤᠨ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠠᠴᠠ ᠳᠠᠬᠢᠨ ᠬᠢᠨᠠᠭᠰᠠᠨ ᠤ ᠳᠠᠷᠠᠭ᠎ᠠ᠂ ᠲᠠᠰ ᠳᠠᠷᠠᠭᠠᠯᠠᠯ ᠶᠣᠰᠣᠭᠠᠷ ᠥᠪᠡᠷᠲᠡᠭᠡᠨ ᠵᠠᠰᠠᠬᠤ | ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠵᠣᠬᠢᠴᠠᠭᠤᠯᠬᠤ ᠲᠣᠭᠲᠠᠴᠠ ᠶᠢᠨ | ᠠᠯᠪᠠᠨ ᠬᠡᠷ ᠠᠴᠠ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠶᠢ ᠰᠢᠯᠵᠢᠭᠦᠯᠦᠨ ᠭᠠᠷᠭᠠᠬᠤ ᠶᠢ | ᠭᠤᠶᠤᠴᠢᠯᠠᠨ᠎ᠠ︔ ᠰᠢᠯᠵᠢᠭᠦᠯᠵᠦ ᠭᠠᠷᠭᠠᠭᠰᠠᠨ ᠪᠣᠬᠢᠷᠲᠤᠯ ᠥᠬᠡᠶ ᠠᠭᠤᠷᠬᠠᠶ ᠳᠤ ᠪᠣᠯ᠂ ᠠᠶᠢᠮᠠᠭ ᠤᠨ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ ᠠᠴᠠ ᠲᠦᠷᠦᠭᠦᠯᠡᠨ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠲᠤᠰᠬᠠᠶ | ᠮᠡᠷᠭᠡᠵᠢᠯᠲᠡᠳ ᠢ ᠵᠣᠬᠢᠶᠠᠨ ᠪᠠᠶᠢᠭᠤᠯᠵᠤ ᠲᠤᠬᠠᠶ ᠶᠢᠨ ᠭᠠᠵᠠᠷ ᠲᠤᠨᠢ ᠳᠠᠬᠢᠨ ᠬᠢᠨᠠᠭᠤᠯᠵᠤ ᠪᠠᠲᠤᠯᠠᠭᠤᠯᠤᠭᠰᠠᠨ ᠤ | ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ | ᠵᠣᠬᠢᠴᠠᠭᠤᠯᠬᠤ ᠲᠣᠭᠲᠠᠴᠠ ᠶᠢᠨ ᠠᠯᠪᠠᠨ ᠬᠡᠷ ᠢ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠳᠤ | ᠣᠷᠣᠭᠤᠯᠬᠤ ᠪᠠᠷ ᠭᠤᠶᠤᠴᠢᠯᠠᠵᠤ᠂ ᠬᠡᠷᠪᠡ 2024 ᠣᠨ ᠤ ᠳᠣᠲᠣᠷ᠎ᠠ ᠳᠠᠬᠢᠨ ᠬᠢᠨᠠᠭᠤᠯᠬᠤ ᠶᠢ ᠥᠩᠭᠡᠷᠡᠭᠡᠭᠰᠡᠨ | ᠥᠬᠡᠶ ᠪᠣᠯ᠂ ︽ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠠᠭᠤᠷᠬᠠᠶ ᠶᠢ ᠮᠡᠳᠡᠭᠦᠯᠵᠦ ᠦᠨᠡᠯᠡᠨ ᠵᠢᠱᠢᠵᠦ | ᠰᠢᠯᠢᠨ ᠰᠣᠩᠭᠤᠬᠤ ᠠᠵᠢᠯ ᠤᠨ ᠴᠤᠪᠤᠷᠠᠯ︾ ᠤᠨ ᠶᠣᠰᠣᠭᠠᠷ ᠳᠠᠬᠢᠨ ᠮᠡᠳᠡᠭᠦᠯᠵᠦ ᠦᠨᠡᠯᠡᠨ ᠵᠢᠱᠢᠵᠦ ᠬᠥᠮᠥᠷᠭᠡ ᠳᠤ | ᠣᠷᠣᠭᠤᠯᠬᠤ ᠬᠡᠷᠡᠭᠲᠡᠶ᠃ ᠪᠣᠬᠢᠷᠲᠤᠯ ᠥᠬᠡᠶ ᠠᠭᠤᠷᠬᠠᠶ ᠶᠢ ᠡᠭᠦᠳᠦᠨ ᠪᠠᠶᠢᠭᠤᠯᠬᠤ ᠠᠵᠢᠯ ᠢ ᠬᠠᠷᠠᠬᠠᠨ | ᠥᠷᠨᠢᠭᠦᠯᠦᠭᠡᠳᠦᠶ ᠲᠣᠮᠣ᠂ ᠳᠤᠮᠳᠠ ᠬᠡᠯᠪᠡᠷᠢ ᠶᠢᠨ ᠦᠢᠯᠡᠳᠪᠦᠷᠢᠯᠡᠯ ᠤᠨ ᠠᠭᠤᠷᠬᠠᠶ ᠳᠤ᠂ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠬᠡᠨ ᠥᠷᠨᠢᠭᠦᠯᠬᠦ ᠶᠢ ᠰᠢᠮᠳᠠᠭᠤᠯᠤᠨ᠎ᠠ︔ ᠵᠢᠵᠢᠭ ᠬᠡᠯᠪᠡᠷᠢ ᠶᠢᠨ | ᠠᠭᠤᠷᠬᠠᠶ ᠶᠢ ᠪᠣᠬᠢᠷᠲᠤᠯ ᠥᠭᠡᠢ ᠠᠭᠤᠷᠬᠠᠶ ᠶᠢᠨ ᠪᠥᠳᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ | ᠵᠢᠷᠤᠮᠵᠢᠭᠤᠯᠤᠨ ᠬᠠᠮᠢᠶᠠᠷᠤᠨ᠎ᠠ᠃ | ︵ᠬᠤᠶᠠᠷ︶ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠣᠨ ᠤ ᠬᠠᠷᠠᠯᠲᠠᠲᠤ | ᠡᠭᠦᠷᠭᠡ ᠶᠢ ᠨᠠᠷᠢᠯᠢᠬᠵᠢᠭᠤᠯᠤᠨ᠎ᠠ᠃ 2023 ᠣᠨ ᠪᠣᠯᠲᠠᠯ᠎ᠠ᠂ ᠮᠠᠨ ᠤ ᠠᠶᠢᠮᠠᠭ ᠲᠤ ᠨᠡᠶᠢᠲᠡ 36 ᠠᠭᠤᠷᠬᠠᠶ | ᠦᠢᠯᠡᠳᠪᠦᠷᠢᠯᠡᠵᠦ᠂ ᠡᠭᠦᠨ ᠳᠤ ᠲᠣᠮᠣ ᠳᠤᠮᠳᠠ ᠬᠡᠯᠪᠡᠷᠢ ᠶᠢᠨ ︵ ᠦᠢᠯᠡᠳᠪᠦᠷᠢᠯᠡᠯ ᠤᠨ ᠬᠡᠪᠴᠢᠶ᠎ᠡ︶ ᠠᠭᠤᠷᠬᠠᠶ | ᠨᠡᠶᠢᠲᠡ 26 ᠪᠠᠶᠢᠵᠤ᠂ ᠨᠢᠭᠡᠨᠲᠡ 4 ᠠᠭᠤᠷᠬᠠᠶ ︵ᠡᠭᠦᠨ ᠳᠤ ᠯᠢᠶᠠᠨ ᠬᠤᠸᠠ ᠱᠠᠨ ᠤ ᠵᠡᠰ ᠤᠨ ᠠᠭᠤᠷᠬᠠᠶ ᠨᠢ | ᠵᠢᠵᠢᠭ ᠬᠡᠯᠪᠡᠷᠢ ᠶᠢᠨ ᠠᠭᠤᠷᠬᠠᠶ ᠳᠤ ᠬᠠᠷᠢᠶᠠᠯᠠᠭᠳᠠᠨ᠎ᠠ︶ ᠶᠢ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ | ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠳᠤ ᠣᠷᠣᠭᠤᠯᠵᠤ᠂ ᠣᠲᠣ 23 ᠪᠣᠬᠢᠷᠲᠤᠯ ᠥᠬᠡᠶ ᠠᠭᠤᠷᠬᠠᠶ ᠶᠢᠨ | ᠪᠥᠲᠥᠭᠡᠨ ᠪᠠᠶᠢᠭᠤᠯᠤᠯᠲᠠ ᠶᠢᠨ ᠡᠭᠦᠷᠭᠡ ᠲᠠᠢ ᠪᠣᠯᠵᠠᠶ᠃ ᠵᠢᠯ ᠪᠦᠷᠢ ᠲᠤᠰ ᠵᠢᠯ ᠤᠨ ᠦᠢᠯᠡᠳᠪᠦᠷᠢᠯᠡᠭᠰᠡᠨ | ᠠᠭᠤᠷᠬᠠᠶ ᠪᠠᠨ ᠪᠦᠷᠢᠳᠬᠡᠵᠦ᠂ ᠪᠣᠳᠠᠲᠠᠶ ᠦᠢᠯᠡᠳᠪᠦᠷᠢᠯᠡᠵᠦ ᠪᠠᠶᠢᠭ᠎ᠠ ᠲᠤᠮᠤ ᠳᠤᠮᠳᠠ ᠬᠡᠯᠪᠡᠷᠢ ᠶᠢᠨ ᠠᠭᠤᠷᠬᠠᠶ ᠶᠢᠨ | ᠲᠤᠭ᠎ᠠ ᠶᠢ ᠦᠨᠳᠦᠰᠦᠯᠡᠨ᠂ ᠲᠠᠷᠠᠭ᠎ᠠ ᠵᠢᠯ ᠤᠨ ᠪᠥᠳᠥᠭᠡᠨ ᠪᠠᠶᠢᠭᠤᠯᠬᠤ ᠡᠭᠦᠷᠭᠡ ᠶᠢᠨ ᠭᠦᠢᠴᠡᠳᠬᠡᠬᠦ ᠲᠤᠭ᠎ᠠ ᠶᠢ | ᠲᠣᠭᠲᠠᠭᠠᠬᠤ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠤᠭᠤᠳ | ᠣᠷᠣᠨ ᠪᠦᠰᠡ ᠶᠢᠨ ᠪᠠᠶᠢᠭᠠᠯᠢ ᠶᠢᠨ ᠭᠠᠵᠠᠷ ᠵᠦᠶ᠂ ᠠᠭᠤᠷᠬᠠᠶ ᠶᠢᠨ ᠲᠥᠷᠥᠯ᠂ ᠨᠡᠭᠡᠭᠡᠨ ᠮᠠᠯᠲᠠᠬᠤ ᠬᠡᠪᠴᠢᠶ᠎ᠡ ᠵᠡᠷᠭᠡ | ᠪᠣᠳᠠᠲᠤ ᠪᠠᠶᠢᠳᠠᠯ ᠢᠶᠠᠨ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠂ ᠬᠢᠩᠭᠠᠨ ᠠᠶᠢᠮᠠᠭ ᠤᠨ ᠪᠥᠲᠥᠭᠡᠨ | ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ ᠳᠡᠶᠢᠯᠬᠦ ᠤᠷᠢᠲᠠᠯ ᠳᠣᠤᠷ᠎ᠠ᠂ ᠲᠣᠰ ᠭᠠᠵᠠᠷ ᠣᠷᠣᠨ ᠤ ᠪᠠᠨ | ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠬᠠᠷᠠᠯᠲᠠᠲᠤ ᠡᠭᠦᠷᠭᠡ ᠶᠢ ᠰᠢᠨᠵᠢᠯᠡᠬᠦ | ᠤᠬᠠᠭᠠᠨᠴᠢ ᠪᠠᠷ ᠵᠦᠶ ᠵᠣᠬᠢᠰᠲᠠᠶ ᠰᠤᠳᠤᠯᠤᠨ ᠲᠣᠭᠲᠠᠭᠠᠵᠤ᠂ ᠲᠣᠮᠣ ᠳᠤᠮᠳᠠ ᠬᠡᠯᠪᠡᠷᠢ ᠶᠢᠨ ᠰᠢᠨ᠎ᠡ ᠪᠠᠷ ᠪᠠᠶᠢᠭᠤᠯᠬᠤ | ᠂ ᠦᠢᠯᠡᠳᠪᠦᠷᠢᠯᠡᠬᠦ ᠠᠭᠤᠷᠬᠠᠶ ︵ᠭᠡᠷᠡᠴᠢ ᠦᠨᠡᠮᠯᠡᠯ ᠨᠢ ᠬᠠᠤᠯᠢ ᠶᠣᠰᠣᠨ ᠤ ᠪᠥᠭᠡᠳ ᠬᠦᠴᠦᠨ ᠲᠠᠢ᠂ ᠦᠨᠡᠯᠡᠨ | ᠵᠢᠱᠢᠬᠦ ᠠᠴᠠ ᠡᠮᠦᠨ᠎ᠡ 1 ᠵᠢᠯ ᠤᠨ ᠳᠣᠲᠣᠷ᠎ᠠ ᠬᠡᠪ ᠤᠨ ᠪᠠᠶᠢᠳᠠᠯ ᠢᠶᠠᠷ ᠦᠢᠯᠡᠳᠪᠦᠷᠢᠯᠡᠨ᠎ᠡ ︶ ᠶᠢᠨ ᠪᠣᠬᠢᠷᠲᠤᠯ ᠥᠬᠡᠶ | ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠥᠷᠨᠢᠭᠦᠯᠬᠦ ᠶᠢ ᠠᠬᠢᠭᠤᠯᠤᠨ᠎ᠠ᠃ ᠲᠤᠮᠤ ᠳᠤᠮᠳᠠ | ᠬᠡᠯᠪᠡᠷᠢ ᠶᠢᠨ ᠬᠠᠶᠢᠷ ᠴᠢᠯᠠᠭᠤᠲᠤ ᠰᠢᠷᠣᠶ ᠶᠢᠨ ᠲᠦᠷᠦᠯ ᠤᠨ ᠠᠭᠤᠷᠬᠠᠶ ᠳᠤ ᠠᠭᠤᠷᠬᠠᠶ ᠶᠢᠨ ᠦᠢᠯᠡᠳᠪᠦᠷᠢᠯᠡᠯ ᠤᠨ | ᠪᠣᠳᠠᠲᠤ ᠪᠠᠶᠢᠳᠠᠯ ᠳᠤ ᠳᠣᠭᠢᠷᠬᠠᠰᠠᠨ ᠪᠣᠬᠢᠷᠲᠤᠯ ᠦᠭᠡᠢ ᠠᠭᠤᠷᠬᠠᠶ ᠶᠢ ᠪᠠᠶᠢᠭᠤᠯᠤᠨ᠎ᠠ︔ ᠵᠢᠵᠢᠭ ᠬᠡᠯᠪᠡᠷᠢ ᠶᠢᠨ | ᠠᠭᠤᠷᠬᠠᠶ ᠳᠤ᠂ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ᠂ ᠠᠵᠢᠯ ᠲᠥᠷᠥᠯ ᠤᠨ ᠪᠠᠷᠢᠮᠵᠢᠶ᠎ᠠ ᠶᠢᠨ ᠲᠠᠯ᠎ᠠ ᠪᠠᠷ ᠴᠤ | ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ᠃ | ︵ᠭᠤᠷᠪᠠ︶ ᠰᠢᠨ᠎ᠡ ᠪᠠᠷ ᠪᠠᠶᠢᠭᠤᠯᠬᠤ ᠠᠭᠤᠷᠬᠠᠶ ᠳᠤ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠴᠢᠩᠳᠠᠯᠠᠨ᠎ᠠ | ᠃ ᠰᠢᠨ᠎ᠡ ᠪᠠᠷ ᠪᠠᠶᠢᠭᠤᠯᠤᠭᠰᠠᠨ ᠠᠭᠤᠷᠬᠠᠶ ᠳᠤ ᠪᠣᠬᠢᠷᠲᠤᠯ ᠥᠬᠡᠶ ᠠᠭᠤᠷᠬᠠᠶ ᠶᠢᠨ ᠪᠠᠷᠢᠮᠵᠢᠶ᠎ᠠ ᠶᠢᠨ ᠪᠥᠲᠥᠭᠡᠨ | ᠪᠠᠶᠢᠭᠤᠯᠤᠯᠲᠠ ᠶᠢ ᠬᠡᠷᠡᠭᠵᠢᠭᠦᠯᠦᠨ᠎ᠡ᠃ ᠣᠷᠴᠢᠨ ᠲᠣᠭᠤᠷᠢᠨ ᠤ ᠡᠪᠳᠡᠭᠳᠡᠯ ᠢᠶᠠᠷ ᠨᠡᠯᠢᠶᠡᠳ ᠪᠠᠭ᠎ᠠ ᠨᠡᠭᠡᠭᠡᠨ ᠮᠠᠯᠲᠠᠬᠤ | ᠠᠷᠭ᠎ᠠ ᠮᠠᠶ᠋ᠢᠭ᠂ ᠠᠭᠤᠷᠬᠠᠶ ᠮᠠᠯᠲᠠᠬᠤ ᠮᠡᠷᠭᠡᠵᠢᠯ ᠪᠣᠯᠤᠨ ᠬᠦᠳᠡᠷ ᠰᠢᠯᠢᠬᠦ ᠠᠷᠭ᠎ᠠ ᠶᠢ ᠰᠣᠩᠭᠤᠵᠤ᠂ ᠠᠭᠤᠷᠬᠠᠶ ᠶᠢᠨ | ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠬᠡᠷᠡᠭᠲᠡᠶ᠃ ᠪᠠᠶᠢᠭᠠᠯᠢ ᠶᠢᠨ ᠡᠬᠢ ᠪᠠᠶᠠᠯᠢᠭ ᠤᠨ | ᠰᠠᠯᠠᠭ᠎ᠠ ᠮᠥᠴᠢᠷ ᠤᠳ ᠰᠢᠨ᠎ᠡ ᠪᠠᠷ ᠪᠠᠶᠢᠭᠤᠯᠤᠭᠰᠠᠨ᠂ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ | ᠠᠭᠤᠷᠬᠠᠶ ᠯᠤᠭ᠎ᠠ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠭᠡᠷ᠎ᠡ ᠲᠣᠭᠲᠠᠬᠤ ᠶᠢᠨ ᠬᠠᠮᠲᠤ | ᠂ ᠭᠡᠷ᠎ᠡ ᠳᠡᠭᠡᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ᠂ ᠠᠬᠢᠴᠠ᠂ ᠴᠠᠭ ᠤᠨ | ᠬᠢᠵᠠᠭᠠᠷ᠂ ᠱᠠᠭᠠᠷᠳᠠᠯᠭ᠎ᠠ ᠵᠢᠴᠢ ᠭᠡᠷ᠎ᠡ ᠠᠴᠠ ᠵᠥᠷᠢᠴᠡᠭᠰᠡᠨ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ︔ ᠠᠮᠢ | ᠠᠬᠤᠶ ᠶᠢᠨ ᠣᠷᠴᠢᠨ ᠨᠥᠬᠦᠴᠡᠯ ᠤᠨ ᠰᠠᠯᠠᠭ᠎ᠠ ᠮᠥᠴᠢᠷ ᠤᠳ ᠣᠷᠴᠢᠨ ᠠᠬᠤᠶ ᠶᠢᠨ ᠨᠥᠯᠥᠭᠡᠯᠡᠯ ᠢ ᠦᠨᠡᠯᠡᠬᠦ ᠪᠢᠴᠢᠭ | ᠮᠠᠲ᠋ᠧᠷᠢᠶᠠᠯ ᠢ ᠬᠠᠤᠯᠢ ᠶᠣᠰᠣᠭᠠᠷ ᠬᠢᠨᠠᠨ ᠵᠥᠪᠰᠢᠶᠡᠷᠡᠵᠦ᠂ ᠠᠵᠤ ᠠᠬᠤᠶᠢᠯᠠᠯ ᠳᠤ ᠬᠢᠨᠠᠯᠲᠠ ᠲᠠᠯᠪᠢᠵᠤ ᠪᠠᠶᠢᠭᠠᠳ | ᠠᠮᠢ ᠠᠬᠤᠶ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠵᠤ᠂ | ᠠᠭᠤᠷᠬᠠᠶ ᠶᠢᠨ ︽ᠭᠤᠷᠪᠠᠨ ᠬᠠᠶᠠᠭᠳᠠᠮᠠᠯ︾ ᠢ ᠪᠦᠲᠦᠮᠵᠢᠲᠡᠶ ᠰᠢᠢᠳᠪᠦᠷᠢᠯᠡᠵᠦ ᠂ ᠪᠣᠬᠢᠷᠲᠤᠯ ᠪᠣᠳᠠᠰ ᠤᠨ | ᠭᠠᠳᠠᠭᠰᠢᠯᠠᠭᠤᠯᠤᠯᠲᠠ ᠶᠢ ᠪᠠᠷᠢᠮᠵᠢᠶ᠎ᠠ ᠳᠤ ᠬᠦᠷᠦᠭᠦᠯᠬᠦ ᠬᠡᠷᠡᠭᠲᠡᠶ︔ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠰᠠᠯᠠᠭ᠎ᠠ ᠮᠥᠴᠢᠷ ᠤᠳ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠢ ᠬᠠᠤᠯᠢ ᠶᠣᠰᠣᠭᠠᠷ ᠬᠢᠨᠠᠨ ᠵᠥᠪᠰᠢᠶᠡᠷᠡᠬᠦ | ᠬᠡᠷᠡᠭᠲᠡᠶ︔ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠳ ᠬᠥᠷᠥᠰᠥ ᠰᠢᠷᠣᠶ ᠶᠢ ᠬᠠᠮᠠᠭᠠᠯᠠᠬᠤ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠣᠶ ᠰᠢᠭᠤᠶ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠳ ᠰᠢᠨ᠎ᠡ ᠪᠠᠷ | ᠪᠠᠶᠢᠭᠤᠯᠤᠭᠰᠠᠨ ᠠᠭᠤᠷᠬᠠᠶ ᠶᠢᠨ ᠨᠤᠲᠤᠭ ᠪᠡᠯᠴᠢᠭᠡᠷ᠂ ᠣᠶᠢᠲᠤ ᠭᠠᠵᠠᠷ ᠢ ᠡᠵᠡᠯᠡᠨ ᠬᠡᠷᠡᠭᠯᠡᠬᠦ ᠡᠰᠡᠬᠦ ᠶᠢ ᠴᠢᠩᠭ᠎ᠠ | ᠬᠢᠵᠠᠭᠠᠷᠯᠠᠵᠤ᠂ ᠡᠵᠡᠯᠡᠨ ᠬᠡᠷᠡᠭᠯᠡᠬᠦ ᠶᠢ ᠬᠢᠨᠠᠨ ᠬᠠᠷᠭᠤᠭᠤᠯᠬᠤ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠶ︔ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠶᠤᠯ ᠥᠭᠡᠢ ᠶᠢᠨ ᠪᠡᠯᠡᠳᠬᠡᠮᠵᠢ ᠶᠢᠨ ᠵᠢᠷᠤᠭ ᠲᠥᠯᠥᠪᠯᠡᠭᠡ ᠶᠢ | ᠴᠢᠩᠭ᠎ᠠ ᠬᠢᠨᠠᠨ ᠪᠠᠶᠢᠴᠠᠭᠠᠵᠤ᠂ ᠠᠵᠤ ᠠᠬᠤᠶᠢᠯᠠᠯ ᠤᠨ ᠠᠶᠤᠯ ᠥᠭᠡᠢ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠳᠤ ᠬᠢᠨᠠᠯᠲᠠ ᠲᠠᠯᠪᠢᠵᠤ᠂ ᠠᠭᠤᠷᠬᠠᠶ ᠶᠢᠨ ᠪᠣᠬᠢᠷᠲᠤᠯ ᠥᠭᠡᠢ ᠠᠶᠤᠯ ᠥᠭᠡᠢ | ᠦᠢᠯᠡᠳᠪᠦᠷᠢᠯᠡᠬᠦ ᠶᠢ ᠪᠠᠳᠤᠯᠠᠨ᠎ᠠ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠠᠶᠢᠮᠠᠭ ᠤᠨ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ ᠪᠣᠬᠢᠷᠲᠤᠯ ᠦᠭᠡᠶ ᠠᠭᠤᠷᠬᠠᠶ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ | ᠲᠦᠷᠦᠭᠦᠯᠡᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ︵ᠡᠨᠧᠷᠭᠢ ᠶᠢᠨ ᠲᠣᠪᠴᠢᠶ᠎ᠠ︶᠂ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠶᠢᠨ | ᠣᠷᠴᠢᠨ ᠲᠣᠭᠤᠷᠢᠨ ᠤ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠶᠢᠮᠠᠭ ᠤᠨ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ | ᠬᠠᠮᠢᠶᠠᠷᠤᠯᠲᠠ ᠶᠢᠨ ᠲᠣᠪᠴᠢᠶ᠎ᠠ᠂ ᠣᠶ ᠰᠢᠭᠤᠶ ᠨᠤᠳᠤᠭ ᠪᠡᠯᠴᠢᠭᠡᠷ ᠤᠨ ᠲᠣᠪᠴᠢᠶ᠎ᠠ᠂ ᠤᠯᠤᠰ ᠤᠨ | ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠢᠩᠭᠠᠨ ᠬᠢᠨᠠᠨ | ᠬᠠᠮᠢᠶᠠᠷᠬᠤ ᠬᠤᠪᠢᠶᠠᠷᠢ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ 11 ᠰᠠᠯᠠᠭ᠎ᠠ ᠮᠥᠴᠢᠷ ᠲᠠᠢ | ᠬᠤᠯᠪᠣᠭᠠᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠢᠯ ᠤᠨ ᠵᠣᠬᠢᠴᠠᠭᠤᠯᠬᠤ ᠬᠤᠷᠠᠯ ᠬᠤᠷᠠᠯᠳᠤᠭᠤᠯᠵᠤ᠂ | ᠪᠣᠬᠢᠷᠲᠤᠯ ᠥᠬᠡᠶ ᠠᠭᠤᠷᠬᠠᠶ ᠶᠢᠨ ᠣᠨ ᠤ ᠠᠵᠢᠯ ᠤᠨ ᠬᠠᠷᠠᠯᠲᠠ᠂ ᠨᠡᠷᠡᠰ ᠤᠨ ᠵᠢᠭᠰᠠᠭᠠᠯᠲᠠ ᠶᠢ ᠰᠢᠯᠵᠢᠭᠦᠯᠦᠨ | ᠣᠷᠣᠭᠤᠯᠬᠤ᠂ ᠰᠢᠯᠵᠢᠭᠦᠯᠦᠨ ᠭᠠᠷᠭᠠᠬᠤ ᠵᠡᠷᠭᠡ ᠴᠢᠬᠤᠯᠠ ᠶᠡᠭᠡ ᠵᠦᠢᠯᠡᠰ ᠪᠠ ᠠᠰᠠᠭᠤᠳᠠᠯ ᠢ | ᠬᠠᠮᠲᠤᠪᠠᠷ ᠬᠢᠨᠠᠨ ᠵᠥᠪᠯᠡᠵᠦ᠂ ᠪᠣᠬᠢᠷᠲᠤᠯ ᠥᠬᠡᠶ ᠠᠭᠤᠷᠬᠠᠶ ᠶᠢᠨ ᠮᠡᠳᠡᠭᠦᠯᠦᠭᠰᠡᠨ ᠮᠠᠲ᠋ᠧᠷᠢᠶᠠᠯ ᠢ ᠬᠠᠷᠭᠤᠭᠤᠯᠤᠨ | ᠪᠠᠶᠢᠴᠠᠭᠠᠬᠤ᠂ ᠲᠤᠬᠠᠶ ᠶᠢᠨ ᠭᠠᠵᠠᠷ ᠲᠤᠨᠢ ᠰᠤᠭᠤᠴᠢᠨ ᠪᠠᠶᠢᠴᠠᠭᠠᠬᠤ᠂ ᠭᠤᠷᠪᠠᠳᠠᠬᠢ ᠡᠲᠡᠭᠡᠳ ᠠᠴᠠ ᠦᠨᠡᠯᠡᠨ | ᠵᠢᠱᠢᠬᠦ᠂ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠶᠢ ᠭᠤᠶᠤᠴᠢᠯᠠᠨ ᠮᠡᠳᠡᠭᠦᠯᠵᠦ ᠬᠠᠮᠢᠶᠠᠷᠬᠤ᠂ | ᠠᠯᠪᠠᠨ ᠵᠠᠷ ᠨᠡᠶᠢᠲᠡᠯᠡᠬᠦ ᠵᠡᠷᠭᠡ ᠡᠳᠦᠷ ᠲᠤᠲᠤᠮ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠬᠤᠶᠠᠷ︶ ᠪᠠᠯᠠ ᠮᠥᠩᠭᠦ ᠶᠢᠨ ᠪᠠᠲᠤᠯᠠᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠱᠠᠲᠤᠨ ᠤ ᠡᠳ᠋ ᠤᠨ | ᠵᠠᠰᠠᠭ ᠨᠢ ᠵᠠᠷᠤᠳᠠᠯ ᠳᠣᠭᠢᠷᠠᠭᠤᠯᠤᠨ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ ᠢ | ᠬᠢᠨᠠᠨ ᠪᠠᠶᠢᠴᠠᠭᠠᠬᠤ᠂ ᠭᠤᠷᠪᠠᠳᠠᠬᠢ ᠡᠲᠡᠭᠡᠳ ᠠᠴᠠ ᠦᠨᠡᠯᠡᠨ ᠵᠢᠱᠢᠬᠦ᠂ ᠵᠢᠯᠣᠭᠤᠳᠤᠨ ᠪᠠᠶᠢᠴᠠᠭᠠᠬᠤ᠂ ᠲᠤᠬᠠᠶ ᠶᠢᠨ | ᠭᠠᠵᠠᠷ ᠲᠤᠨᠢ ᠰᠤᠭᠤᠴᠢᠨ ᠪᠠᠶᠢᠴᠠᠭᠠᠬᠤ ᠵᠡᠷᠭᠡ ᠲᠠᠯ᠎ᠠ ᠶᠢᠨ ᠵᠠᠷᠤᠯᠭ᠎ᠠ ᠶᠢ ᠪᠠᠲᠤᠯᠠᠬᠤ ᠬᠡᠷᠡᠭᠲᠡᠶ᠂ ᠠᠭᠤᠷᠬᠠᠶ ᠶᠢᠨ | ᠠᠵᠤ ᠠᠬᠤᠶᠢᠯᠠᠯ ᠤᠨ ᠳᠠᠷᠤᠭᠠᠰᠤ ᠶᠢ ᠨᠡᠮᠡᠭᠳᠡᠭᠦᠯᠵᠦ ᠪᠣᠯᠬᠤ ᠥᠬᠡᠶ᠃ ᠠᠶᠢᠮᠠᠭ ᠤᠨ ᠱᠠᠲᠤᠨ ᠤ ᠭᠤᠤᠯᠳᠠᠯᠭ᠎ᠠ ᠲᠠᠢ | ᠪᠠᠲᠤᠯᠠᠭ᠎ᠠ ᠶᠢᠨ ᠪᠥᠲᠥᠭᠡᠨ ᠪᠠᠶᠢᠭᠤᠯᠤᠯᠲᠠ ᠶᠢᠨ ᠲᠥᠰᠦᠯ ᠢ ᠬᠢᠨᠠᠨ ᠪᠠᠶᠢᠴᠠᠭᠠᠬᠤ᠂ ᠭᠤᠷᠪᠠᠳᠠᠬᠢ ᠡᠲᠡᠭᠡᠳ ᠤᠨ | ᠦᠨᠡᠯᠡᠨ ᠵᠢᠱᠢᠬᠦ ᠵᠡᠷᠭᠡ ᠵᠠᠷᠤᠳᠠᠯ᠂ ᠰᠢᠶᠠᠨ ᠤ ᠱᠠᠲᠤᠨ ᠤ ᠭᠤᠤᠯᠳᠠᠯᠭ᠎ᠠ ᠲᠠᠢ ᠪᠠᠲᠤᠯᠠᠭ᠎ᠠ ᠶᠢᠨ ᠪᠠᠶᠢᠴᠠᠭᠠᠯᠲᠠ ᠶᠢᠨ | ᠪᠠᠶᠢᠳᠠᠯ ᠢ ᠣᠶᠢᠯᠠᠭᠠᠬᠤ᠂ ᠵᠢᠯᠣᠭᠤᠳᠤᠨ ᠪᠠᠶᠢᠴᠠᠭᠠᠬᠤ᠂ ᠪᠣᠳᠠᠲᠠᠶ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠵᠡᠷᠭᠡ | ᠵᠠᠷᠤᠳᠠᠯ᠃ | ︵ᠭᠤᠷᠪᠠ︶ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ | ᠰᠠᠯᠠᠭ᠎ᠠ ᠮᠥᠴᠢᠷ ᠤᠳ ᠰᠦᠯᠵᠢᠶ᠎ᠡ᠂ ᠲᠧᠯᠸᠢᠰ᠂ ᠰᠣᠨᠢᠨ ᠵᠡᠷᠭᠡ ᠲᠠᠪᠴᠠᠩ ᠢ ᠭᠦᠢᠴᠡᠳ ᠠᠰᠢᠭᠯᠠᠨ᠂ | ᠪᠣᠬᠢᠷᠲᠤᠯ ᠥᠭᠡᠢ ᠠᠭᠤᠷᠬᠠᠶ ᠶᠢᠨ ᠪᠥᠳᠥᠭᠡᠨ ᠪᠠᠶᠢᠭᠤᠯᠤᠯᠲᠠ ᠶᠢᠨ ᠨᠡᠶᠢᠲᠡᠯᠢᠭ ᠲᠤᠷᠰᠢᠯᠭ᠎ᠠ ᠪᠣᠯᠤᠨ ᠠᠬᠢᠴᠠ ᠶᠢᠨ | ᠦᠷ᠎ᠡ ᠪᠦᠲᠦᠮᠵᠢ ᠶᠢ ᠥᠷᠭᠡᠨ ᠢᠶᠠᠷ ᠤᠬᠠᠭᠤᠯᠵᠤ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠪᠠᠷ ᠬᠥᠲᠥᠯᠥᠨ | ᠵᠢᠯᠣᠭᠤᠳᠬᠤ ᠪᠠᠨ ᠴᠢᠩᠭᠠᠳᠬᠠᠨ᠂ ᠪᠣᠬᠢᠷᠲᠤᠯ ᠥᠭᠡᠢ ᠠᠭᠤᠷᠬᠠᠶ ᠶᠢᠨ ᠲᠤᠬᠠᠶ ᠨᠡᠶᠢᠭᠡᠮ ᠤᠨ ᠡᠯ᠎ᠡ ᠡᠲᠡᠭᠡᠳ | ᠤᠨ ᠬᠢᠨ ᠤ ᠲᠠᠨᠢᠯᠲᠠ ᠶᠢ ᠳᠡᠭᠡᠭᠰᠢᠯᠡᠭᠦᠯᠵᠦ᠂ ᠶᠠᠷᠢᠶ᠎ᠠ ᠬᠡᠯᠡᠯᠴᠡᠭᠡᠨ ᠦ ᠰᠠᠶᠢᠨ ᠰᠠᠶᠢᠬᠠᠨ ᠠᠭᠤᠷ | ᠠᠮᠢᠰᠬᠤᠯ ᠢ ᠪᠤᠢ ᠪᠣᠯᠭᠠᠬᠤ ᠬᠡᠷᠡᠭᠲᠡᠶ᠃ ᠡᠭᠦᠨ ᠤ ᠬᠠᠮᠲᠤ᠂ ᠡᠯ᠎ᠡ ᠱᠠᠲᠤᠨ ᠤ ᠪᠠᠶᠢᠭᠠᠯᠢ ᠶᠢᠨ ᠡᠬᠢ | ᠪᠠᠶᠠᠯᠢᠭ ᠤᠨ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠲᠤᠰᠬᠠᠶ ᠮᠡᠷᠭᠡᠵᠢᠯᠲᠡᠨ᠂ | ᠮᠡᠷᠭᠡᠵᠢᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠵᠤ᠂ ᠲᠠᠰ ᠳᠠᠪᠬᠤᠷᠭ᠎ᠠ᠂ ᠠᠵᠢᠯ ᠲᠥᠷᠥᠯ ᠬᠤᠪᠢᠶᠠᠨ | ᠴᠢᠭᠯᠡᠭᠦᠯᠬᠦ ᠴᠢᠨᠠᠷᠲᠠᠶ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠪᠠ ᠮᠡᠷᠭᠡᠵᠢᠯ ᠤᠨ ᠬᠠᠪᠰᠤᠷᠤᠨ | ᠵᠢᠯᠣᠭᠤᠳᠣᠯᠭ᠎ᠠ ᠶᠢ ᠥᠷᠨᠢᠭᠦᠯᠵᠦ᠂ ᠠᠭᠤᠷᠬᠠᠶ ᠶᠢᠨ ᠠᠵᠤ ᠠᠬᠤᠶᠢᠯᠠᠯ ᠢ ᠬᠠᠪᠰᠤᠷᠤᠨ ᠡᠭᠦᠳᠦᠨ ᠪᠠᠶᠢᠭᠤᠯᠬᠤ | ᠠᠵᠢᠯ ᠤᠨ ᠨᠠᠷᠢᠯᠢᠭ ᠣᠨᠣᠪᠴᠢᠲᠤ ᠴᠢᠨᠠᠷ ᠢ ᠳᠡᠭᠡᠭᠰᠢᠯᠡᠭᠦᠯᠵᠦ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ | ᠪᠠᠶᠢᠭᠤᠯᠤᠯᠲᠠ ᠶᠢᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ᠃ | 2024 ᠣᠨ ᠤ 6 ᠰᠠᠷ᠎ᠠ ᠶᠢᠨ | 13 ᠤ ᠡᠳᠦᠷ | ︵ᠲᠣᠰ ᠮᠠᠲ᠋ᠧᠷᠢᠶᠠᠯ ᠢ ᠢᠯᠡ | ᠨᠡᠶᠢᠲᠡᠯᠡᠨ᠎ᠡ︶ | | |