| | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ | ᠵᠥᠪᠯᠡᠯ᠂ ᠠᠯᠪᠠᠨ ᠬᠡᠷ᠂ ᠲᠣᠪᠴᠢᠶ᠎ᠠ ᠳᠤ᠄ | ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠬᠢᠩᠭᠠᠨ ᠠᠶᠢᠮᠠᠭ ᠤᠨ ᠬᠦᠨᠳᠦ ᠪᠣᠬᠢᠷᠲᠤᠯ ᠲᠠᠢ | ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ︵2024 ᠣᠨ ᠤ ᠬᠡᠪᠯᠡᠯ︶︾ ᠢ ᠲᠠᠨᠠᠷ ᠲᠤ | ᠳᠠᠷᠤᠮᠠᠯᠯᠠᠨ ᠲᠠᠷᠬᠠᠭᠠᠯ᠎ᠠ ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠲᠤᠭᠠᠶ᠃ | 2024 ᠣᠨ ᠤ 6 ᠰᠠᠷ᠎ᠠ ᠶᠢᠨ | 24 | ︵ᠲᠣᠰ ᠮᠠᠲ᠋ᠧᠷᠢᠶᠠᠯ ᠢ ᠢᠯᠡ | ᠨᠡᠶᠢᠲᠡᠯᠡᠨ᠎ᠡ︶ | ᠬᠢᠩᠭᠠᠨ ᠠᠶᠢᠮᠠᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ︵ | 2024 ᠣᠨ ᠤ ᠬᠡᠪᠯᠡᠯ︶ | 1.ᠶᠡᠷᠦᠩᠬᠡᠶ ᠲᠦᠷᠢᠮ | 1.1 ᠨᠠᠶᠢᠷᠠᠭᠤᠯᠤᠨ ᠵᠣᠬᠢᠶᠠᠬᠤ ᠵᠣᠷᠢᠯᠭ᠎ᠠ | ᠮᠠᠨ ᠤ ᠠᠶᠢᠮᠠᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ | ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠬᠦᠨᠳᠦ ᠪᠣᠬᠢᠷᠲᠤᠯ ᠲᠠᠢ ᠴᠠᠭ ᠠᠭᠤᠷ ᠢ ᠤᠷᠢᠳᠴᠢᠯᠠᠨ ᠰᠡᠷᠭᠡᠶᠢᠯᠡᠬᠦ | ᠂ ᠤᠷᠢᠳᠴᠢᠯᠠᠨ ᠰᠡᠷᠡᠮᠵᠢᠯᠡᠭᠦᠯᠬᠦ᠂ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠨ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠦᠨᠳᠦ | ᠪᠣᠬᠢᠷᠲᠤᠯ ᠲᠠᠢ ᠴᠠᠭ ᠠᠭᠤᠷ ᠠᠴᠠ ᠪᠣᠯᠬᠤ ᠬᠤᠤᠷ ᠬᠥᠨᠥᠭᠡᠯ ᠢ ᠴᠠᠭ ᠲᠤᠬᠠᠶ ᠳᠤᠨᠢ ᠪᠦᠲᠦᠮᠵᠢᠲᠡᠶ ᠬᠢᠵᠠᠭᠠᠷᠯᠠᠨ᠂ | ᠪᠠᠭᠠᠰᠬᠠᠬᠤ ᠪᠤᠶᠤ ᠠᠷᠢᠯᠭᠠᠵᠤ᠂ ᠠᠷᠠᠳ ᠣᠯᠠᠨ ᠤ ᠪᠡᠶ᠎ᠡ ᠶᠢᠨ ᠡᠷᠡᠭᠦᠯ ᠴᠢᠭᠢᠷᠠᠭ ᠢ ᠬᠠᠮᠠᠭᠠᠯᠠᠬᠤ ᠶᠢᠨ ᠲᠤᠰᠠᠳᠠ᠂ | ᠲᠣᠰ ᠪᠡᠯᠡᠳᠬᠡᠯ ᠲᠥᠰᠦᠯ ᠳᠤ ᠵᠠᠰᠠᠪᠤᠷᠢ ᠣᠷᠣᠭᠤᠯᠤᠨ᠎ᠠ᠃ | 1.2ᠨᠠᠶᠢᠷᠠᠭᠤᠯᠤᠨ ᠵᠣᠬᠢᠶᠠᠬᠤ ᠦᠨᠳᠦᠰᠦᠯᠡᠯ | ᠦᠨᠳᠦᠰᠦ ᠪᠠᠷᠢᠮᠲᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ | ᠠᠷᠭᠠᠴᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ | ᠰᠡᠷᠭᠡᠶᠢᠯᠡᠨ ᠵᠠᠰᠠᠬᠤ ᠬᠠᠤᠯᠢ︾ ︽ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠤᠨ | ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ ᠤᠨ | ᠪᠣᠬᠢᠷᠲᠤᠯ ᠢ ᠰᠡᠷᠭᠡᠶᠢᠯᠡᠨ ᠵᠠᠰᠠᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ ︵ᠲᠤᠷᠰᠢᠨ ᠬᠡᠷᠡᠭᠵᠢᠭᠦᠯᠬᠦ︶︾᠂ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠬᠤ ᠲᠥᠰᠦᠯ ︵2022 ᠣᠨ ᠤ ᠬᠡᠪᠯᠡᠯ︶︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠲᠥᠰᠦᠯ ︵2024 ᠣᠨ ᠤ ᠬᠡᠪᠯᠡᠯ︶︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ᠂ | ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ ︽ᠬᠢᠩᠭᠠᠨ ᠠᠶᠢᠮᠠᠭ ᠤᠨ ᠬᠦᠨᠳᠦ ᠪᠣᠬᠢᠷᠲᠤᠯ ᠲᠠᠢ ᠴᠠᠭ | ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ︾ ︵ᠳᠣᠷᠣᠭᠰᠢ ︽ᠪᠠᠴᠢᠮ ᠪᠠᠶᠢᠳᠠᠯ ᠢ ᠠᠷᠭᠠᠴᠠᠬᠤ ᠲᠥᠰᠦᠯ | ︾ ᠭᠡᠵᠦ ᠲᠣᠪᠴᠢᠯᠠᠨ᠎ᠠ︶ ᠳᠤ ᠵᠠᠰᠠᠪᠤᠷᠢ ᠣᠷᠣᠭᠤᠯᠪᠠ᠃ | 1.3 ᠬᠡᠷᠡᠭᠯᠡᠬᠦ ᠬᠡᠪᠴᠢᠶ᠎ᠡ | ᠲᠣᠰ ᠪᠡᠯᠡᠳᠬᠡᠯ ᠲᠥᠰᠦᠯ ᠢ ᠬᠢᠩᠭᠠᠨ ᠠᠶᠢᠮᠠᠭ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠦᠨᠳᠦ | ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠳᠤ ᠬᠡᠷᠡᠭᠯᠡᠨ᠎ᠡ᠃ | 1.4 ᠪᠡᠯᠡᠳᠬᠡᠯ ᠲᠥᠰᠦᠯ ᠤᠨ ᠰᠢᠰᠲ᠋ᠧᠮ | ᠬᠢᠩᠭᠠᠨ ᠠᠶᠢᠮᠠᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠲᠥᠰᠦᠯ ᠤᠨ ᠰᠢᠰᠲ᠋ᠧᠮ ᠪᠣᠯ ᠬᠢᠩᠭᠠᠨ ᠠᠶᠢᠮᠠᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ | ᠲᠥᠰᠦᠯ ᠤᠨ ᠰᠢᠰᠲ᠋ᠧᠮ ᠤᠨ ᠪᠦᠷᠢᠯᠳᠦᠬᠦᠨ ᠬᠡᠰᠡᠭ ᠪᠣᠯᠤᠨ᠎ᠠ᠃ ᠬᠢᠩᠭᠠᠨ ᠠᠶᠢᠮᠠᠭ ᠤᠨ ᠬᠦᠨᠳᠦ ᠪᠣᠬᠢᠷᠲᠤᠯ ᠲᠠᠢ | ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮᠵᠢ ᠳᠤ ᠠᠶᠢᠮᠠᠭ ᠤᠨ ᠱᠠᠲᠤᠨ ᠤ | ᠪᠡᠯᠡᠳᠬᠡᠯ ᠲᠥᠰᠦᠯ᠂ ᠡᠯ᠎ᠡ ᠬᠤᠰᠢᠭᠤ ᠰᠢᠶᠠᠨ ᠬᠤᠲᠠ ᠵᠢᠴᠢ ᠬᠢᠩᠭᠠᠨ ᠠᠶᠢᠮᠠᠭ ᠤᠨ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ︵ᠳᠣᠷᠣᠭᠰᠢ ᠠᠶᠢᠮᠠᠭ ᠤᠨ ᠨᠡᠭᠡᠭᠡᠯᠲᠡ ᠶᠢᠨ ᠲᠣᠭᠤᠷᠢᠭ ᠭᠡᠵᠦ ᠲᠣᠪᠴᠢᠯᠠᠨ᠎ᠠ︶ ᠤᠨ | ᠪᠡᠯᠡᠳᠬᠡᠯ ᠲᠥᠰᠦᠯ ᠪᠠ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠢ ᠶᠢᠨ ᠲᠤᠰᠬᠠᠶ ᠬᠡᠷᠡᠭᠵᠢᠭᠦᠯᠬᠦ | ᠲᠥᠰᠦᠯ ᠪᠠᠭᠲᠠᠨ᠎ᠠ᠃ ᠬᠤᠰᠢᠭᠤ ᠰᠢᠶᠠᠨ ᠬᠤᠳᠠ᠂ ᠠᠶᠢᠮᠠᠭ ᠤᠨ ᠨᠡᠭᠡᠭᠡᠯᠳᠡ ᠶᠢᠨ ᠣᠷᠣᠨ ᠤ ᠬᠦᠨᠳᠦ | ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠢᠰᠲ᠋ᠧᠮᠵᠢ ᠳᠤ | ᠬᠤᠰᠢᠭᠤ ᠰᠢᠶᠠᠨ ᠬᠤᠳᠠ᠂ ᠠᠶᠢᠮᠠᠭ ᠤᠨ ᠨᠡᠭᠡᠭᠡᠯᠳᠡ ᠶᠢᠨ ᠣᠷᠣᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠬᠠᠮᠢᠶ᠎ᠠ ᠪᠥᠬᠦᠢ ᠨᠢᠭᠡᠴᠢ ᠶᠢᠨ ᠬᠡᠷᠡᠭᠵᠢᠭᠦᠯᠬᠦ ᠲᠥᠰᠦᠯ᠂ | ᠠᠵᠤ ᠠᠬᠤᠶᠢᠯᠠᠯ ᠤᠨ ︽ᠨᠢᠭᠡ ᠦᠢᠯᠡᠳᠪᠦᠷᠢ ᠨᠢᠭᠡ ᠪᠤᠳᠤᠯᠭ᠎ᠠ︾ ᠶᠢᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢᠨ ᠬᠡᠷᠡᠭᠵᠢᠭᠦᠯᠬᠦ ᠲᠥᠰᠦᠯ ᠪᠠᠭᠲᠠᠨ᠎ᠠ᠃ | 1.5 ᠠᠵᠢᠯ ᠤᠨ ᠵᠠᠷᠴᠢᠮ | ︵1︶ ᠬᠥᠮᠦᠨ ᠢᠶᠠᠷ ᠦᠨᠳᠦᠰᠦ ᠪᠣᠯᠭᠠᠵᠤ᠂ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ | ᠣᠯᠠᠨ ᠨᠡᠶᠢᠲᠡ ᠶᠢᠨ ᠡᠷᠡᠭᠦᠯ ᠮᠡᠨᠳᠦ ᠶᠢ ᠪᠠᠲᠤᠯᠠᠬᠤ ᠪᠠᠷ ᠭᠤᠤᠯ ᠬᠠᠷᠠᠯᠲᠠ ᠪᠣᠯᠭᠠᠵᠤ᠂ ᠤᠷᠢᠳᠴᠢᠯᠠᠨ | ᠰᠡᠷᠡᠮᠵᠢᠯᠡᠭᠦᠯᠵᠦ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ | ᠰᠢᠯᠢᠳᠡᠭᠵᠢᠭᠦᠯᠦᠨ᠂ ᠬᠦᠨᠳᠦ ᠪᠣᠬᠢᠷᠲᠤᠯ ᠲᠠᠢ ᠴᠠᠭ ᠠᠭᠤᠷ ᠤᠨ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ | ᠪᠠᠭᠤᠷᠠᠭᠤᠯᠤᠨ᠎ᠠ᠃ | ︵2︶ ᠰᠢᠨᠵᠢᠯᠡᠬᠦ ᠤᠬᠠᠭᠠᠨᠴᠢ ᠪᠠᠷ ᠤᠷᠢᠳᠴᠢᠯᠠᠨ ᠰᠡᠷᠡᠮᠵᠢᠯᠡᠭᠦᠯᠵᠦ᠂ ᠴᠠᠭ ᠲᠤᠬᠠᠶ ᠳᠤᠨᠢ ᠳᠠᠭᠠᠬᠤ ᠬᠡᠷᠡᠭᠲᠡᠶ | ᠪᠣᠬᠢᠷᠲᠤᠯ ᠤᠨ ᠶᠠᠪᠤᠴᠠ ᠶᠢ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂ ᠣᠷᠴᠢᠨ ᠲᠣᠭᠤᠷᠢᠨ ᠤ | ᠠᠭᠠᠷ ᠤᠨ ᠶᠠᠰᠤ ᠴᠢᠨᠠᠷ ᠪᠠ ᠴᠠᠭ ᠠᠭᠤᠷ ᠤᠨ ᠨᠥᠬᠦᠴᠡᠯ ᠤᠨ ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ | ᠣᠨᠣᠪᠴᠢᠲᠠᠶ ᠡᠵᠡᠮᠳᠡᠨ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠪᠦᠲᠦᠮᠵᠢᠲᠡᠶ | ᠠᠷᠭ᠎ᠠ ᠬᠡᠮᠵᠢᠶ᠎ᠡ ᠠᠪᠴᠤ ᠪᠠᠶᠢᠭᠠᠳ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ ᠬᠡᠷᠡᠭᠲᠡᠶ᠃ | ︵3︶ ᠱᠠᠳᠤ ᠬᠤᠪᠢᠶᠠᠨ ᠬᠠᠮᠢᠶᠠᠷᠤᠨ ᠡᠵᠡᠮᠳᠡᠵᠦ᠂ ᠨᠠᠷᠢᠯᠢᠭ ᠣᠨᠣᠴᠠᠲᠠᠶ ᠪᠠᠷ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠨ᠎ᠠ | ᠠᠳᠠᠯᠢ ᠪᠤᠰᠤ ᠲᠠᠰ ᠳᠠᠪᠬᠤᠷᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠶᠢ ᠦᠨᠳᠦᠰᠦᠯᠡᠨ᠂ | ᠪᠣᠯᠣᠳ ᠲᠡᠮᠦᠷ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠢᠯ ᠲᠥᠷᠥᠯ ᠤᠨ ᠪᠠᠴᠢᠮ ᠪᠠᠶᠢᠳᠠᠯ ᠢ ᠠᠷᠭᠠᠴᠠᠨ | ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ | ᠵᠥᠷᠢᠶᠡᠲᠦ ᠬᠠᠮᠢᠶᠠᠷᠤᠨ ᠡᠵᠡᠮᠳᠡᠵᠦ᠂ ᠠᠵᠢᠯ ᠲᠥᠷᠥᠯ ᠤᠨ ᠪᠣᠬᠢᠷᠲᠤᠯ ᠢ ᠵᠠᠰᠠᠬᠤ ᠬᠢᠷᠢ ᠬᠡᠮᠵᠢᠶ᠎ᠡ ᠶᠢ ᠪᠦᠬᠦᠯᠢ | ᠴᠣᠭᠴᠠ ᠪᠠᠷ ᠲᠡᠭᠡᠭᠰᠢᠯᠡᠬᠦ ᠶᠢ ᠠᠬᠢᠭᠤᠯᠤᠨ᠎ᠠ᠃ | ︵4︶ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠵᠦ᠂ ᠨᠡᠶᠢᠭᠡᠮ ᠨᠡᠶᠢᠲᠡ ᠪᠠᠷ ᠢᠶᠠᠨ ᠣᠷᠣᠯᠴᠠᠨ᠎ᠠ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠨᠡᠭᠡᠭᠡᠯᠲᠡ ᠶᠢᠨ | ᠲᠣᠭᠤᠷᠢᠭ᠂ ᠡᠯ᠎ᠡ ᠪᠦᠷᠢᠯᠳᠦᠬᠦᠨ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠪᠠᠨ ᠭᠦᠶ᠋ᠴᠡᠳᠬᠡᠨ᠂ | ᠬᠠᠮᠵᠢᠯᠴᠠᠭ᠎ᠠ ᠪᠠᠨ ᠴᠢᠩᠭᠠᠳᠬᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠨ ᠰᠢᠶ᠋ᠳᠪᠦᠷᠢᠯᠡᠬᠦ ᠠᠵᠢᠯ ᠢ | ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠤᠯᠠᠨ ᠨᠡᠶᠢᠲᠡ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠠᠮᠢᠳᠤᠷᠠᠯ ᠢ ᠰᠠᠨᠠᠭᠠᠴᠢᠯᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠥᠷᠭᠡᠨ ᠢᠶᠠᠷ | ᠲᠠᠶᠢᠴᠢᠯᠠᠨ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠳᠤ ᠢᠳᠡᠪᠬᠢᠲᠡᠶ ᠣᠷᠣᠯᠴᠠᠭᠤᠯᠤᠨ᠎ᠠ᠃ | ︵5︶ ᠬᠠᠷᠢᠶ᠎ᠠ ᠣᠷᠣᠨ ᠳᠤᠨᠢ ᠬᠠᠮᠢᠶᠠᠷᠤᠭᠤᠯᠬᠤ᠂ ᠪᠠᠴᠢᠮ ᠪᠠᠶᠢᠳᠠᠯ ᠢ ᠬᠠᠮᠲᠤᠷᠠᠨ ᠰᠡᠷᠭᠡᠶᠢᠯᠡᠬᠦ | ᠬᠦᠨᠳᠦ ᠪᠣᠬᠢᠷᠲᠤᠯ ᠲᠠᠢ ᠴᠠᠭ ᠠᠭᠤᠷ ᠤᠨ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠨᠢᠭᠡᠳᠦᠯᠲᠡᠶ | ᠲᠥᠯᠥᠪᠵᠢᠭᠦᠯᠭᠡ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠪᠠᠶᠢᠭᠤᠯᠤᠨ ᠪᠦᠷᠢᠨᠰᠢᠬᠦᠯᠵᠦ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠨᠡᠶᠢᠯᠡᠮᠡᠯ ᠬᠦᠴᠦᠨ ᠢ | ᠪᠦᠷᠢᠯᠳᠦᠭᠦᠯᠦᠨ᠎ᠡ᠃ | 2. ᠵᠣᠬᠢᠶᠠᠨ ᠪᠠᠶᠢᠭᠤᠯᠵᠤ ᠵᠢᠯᠣᠭᠤᠳᠬᠤ ᠰᠢᠰᠲ᠋ᠧᠮ | 2.1 ᠠᠶᠢᠮᠠᠭ ᠤᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ᠬᠢᠩᠭᠠᠨ ᠠᠶᠢᠮᠠᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ︵ᠳᠣᠷᠣᠭᠰᠢ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠭᠡᠵᠦ | ᠲᠣᠪᠴᠢᠯᠠᠨ᠎ᠠ︶ ᠢ ᠪᠠᠶᠢᠭᠤᠯᠵᠤ᠂ ᠪᠥᠬᠦ ᠠᠶᠢᠮᠠᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ | ᠠᠷᠭᠠᠴᠠᠬᠤ ᠠᠵᠢᠯ ᠢ ᠨᠢᠭᠡᠳᠦᠯᠲᠡᠶ ᠤᠳᠤᠷᠢᠳᠤᠨ ᠵᠢᠯᠣᠭᠤᠳᠤᠨ᠎ᠠ᠃ ᠶᠡᠷᠦᠩᠬᠡᠢ ᠵᠢᠯᠤᠭᠤᠳᠤᠬᠴᠢ ᠶᠢᠨ ᠲᠤᠰᠢᠶᠠᠯ ᠢ | ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ | ᠠᠶᠢᠮᠠᠭ ᠤᠨ ᠳᠠᠷᠤᠭ᠎ᠠ ᠡᠭᠦᠷᠭᠡᠯᠡᠵᠦ᠂ ᠳᠡᠳ᠋ ᠶᠡᠷᠦᠩᠬᠡᠢ ᠵᠢᠯᠤᠭᠤᠳᠤᠬᠴᠢ ᠶᠢᠨ ᠲᠤᠰᠢᠶᠠᠯ ᠢ ᠠᠶᠢᠮᠠᠭ ᠤᠨ | ᠵᠠᠬᠢᠷᠭ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠪᠣᠯᠤᠨ ᠠᠶᠢᠮᠠᠭ ᠤᠨ ᠠᠮᠢ ᠠᠬᠤᠢ ᠣᠷᠴᠢᠨ ᠲᠣᠭᠤᠷᠢᠨ ᠤ | ᠲᠣᠪᠴᠢ᠊ ᠡᠶ᠎ᠡ ᠶᠢᠨ ᠳᠠᠷᠤᠭ᠎ᠠ ᠡᠭᠦᠷᠭᠡᠯᠡᠵᠦ᠂ ᠪᠦᠷᠢᠯᠳᠦᠬᠦᠨ ᠤ ᠲᠤᠰᠢᠶᠠᠯ ᠢ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ | ᠪᠦᠬᠦᠢ ᠵᠥᠪᠯᠡᠯ ᠠᠯᠪᠠᠨ ᠭᠡᠷ ᠲᠣᠪᠴᠢ᠊ ᠡᠶ᠎ᠡ ᠶᠢᠨ ᠭᠤᠣᠯ ᠬᠠᠷᠢᠭᠤᠴᠠᠯᠭᠠᠲᠠᠨ ᠡᠭᠦᠷᠭᠡᠯᠡᠨ᠎ᠡ᠃ ᠠᠶᠢᠮᠠᠭ ᠤᠨ ᠪᠠᠴᠢᠮ | ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠢ ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ ᠳᠤ ᠪᠠᠶᠢᠷᠢᠯᠠᠭᠤᠯᠵᠤ᠂ ᠠᠯᠪᠠᠨ ᠬᠡᠷ ᠤᠨ ᠡᠷᠬᠢᠯᠡᠭᠴᠢ ᠶᠢ ᠠᠶᠢᠮᠠᠭ ᠤᠨ ᠠᠮᠢ ᠠᠬᠤᠶ ᠣᠷᠴᠢᠨ | ᠲᠣᠭᠤᠷᠢᠨ ᠤ ᠲᠣᠪᠴᠢᠶ᠎ᠠ ᠶᠢᠨ ᠳᠠᠷᠤᠭ᠎ᠠ ᠬᠠᠪᠰᠤᠷᠭᠠᠨ ᠬᠠᠷᠢᠭᠤᠴᠠᠵᠤ᠂ ᠠᠯᠪᠠᠨ ᠬᠡᠷ ᠤᠨ ᠳᠡᠳ᠋ ᠡᠷᠬᠢᠯᠡᠭᠴᠢ ᠶᠢ | ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠬᠤᠪᠢᠳᠠᠨ ᠬᠠᠮᠢᠶᠠᠷᠴᠤ ᠪᠥᠬᠦᠶ ᠳᠡᠳ᠋ ᠳᠠᠷᠤᠭ᠎ᠠ | ᠬᠠᠪᠰᠤᠷᠭᠠᠨ ᠬᠠᠷᠢᠭᠤᠴᠠᠨ᠎ᠠ᠃ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ᠂ ᠵᠢᠯᠣᠭᠤᠳᠬᠤ ᠭᠠᠵᠠᠷ ᠤᠨ | ᠪᠦᠷᠢᠯᠳᠦᠬᠦᠨ ᠨᠢᠭᠡᠴᠢ ᠵᠢᠴᠢ ᠡᠭᠦᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠳᠠᠭᠠᠯᠳᠤᠭᠤᠯᠤᠯ 1 ᠪᠣᠯᠤᠨ | ᠳᠠᠭᠠᠯᠳᠤᠭᠤᠯᠤᠯ 2 ᠲᠤ ᠦᠵᠡ᠃ | 2.2 ᠡᠯ᠎ᠡ ᠬᠤᠰᠢᠭᠤ ᠰᠢᠶᠠᠨ ᠬᠤᠲᠠ᠂ ᠠᠶᠢᠮᠠᠭ ᠤᠨ ᠨᠡᠭᠡᠭᠡᠯᠲᠡ ᠶᠢᠨ ᠲᠣᠭᠤᠷᠢᠭ ᠤᠨ ᠵᠣᠬᠢᠶᠠᠨ ᠪᠠᠶᠢᠭᠤᠯᠵᠤ | ᠵᠢᠯᠣᠭᠤᠳᠬᠤ ᠪᠠᠶᠢᠭᠤᠯᠤᠮᠵᠢ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠨᠡᠭᠡᠭᠡᠯᠲᠡ ᠶᠢᠨ | ᠲᠣᠭᠤᠷᠢᠭ ᠨᠢ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠣᠰᠣᠭᠠᠷ᠂ ᠲᠣᠰ ᠵᠠᠰᠠᠭ ᠵᠠᠬᠢᠷᠭᠠᠨ ᠤ ᠣᠷᠣᠨ ᠤ | ᠳᠣᠲᠣᠷᠠᠬᠢ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠢ ᠬᠠᠷᠢᠭᠤᠴᠠᠬᠤ ᠶᠢᠨ ᠬᠠᠮᠲᠤ᠂ | ᠠᠶᠢᠮᠠᠭ ᠤᠨ ᠱᠠᠲᠤᠨ ᠤ ᠵᠣᠬᠢᠶᠠᠨ ᠪᠠᠶᠢᠭᠤᠯᠵᠤ ᠵᠢᠯᠣᠭᠤᠳᠬᠤ ᠰᠢᠰᠲ᠋ᠧᠮᠵᠢ ᠪᠠᠷ ᠯᠠᠪᠯᠠᠯᠲᠠ ᠪᠣᠯᠭᠠᠨ ᠵᠣᠬᠢᠬᠤ | ᠵᠣᠬᠢᠶᠠᠨ ᠪᠠᠶᠢᠭᠤᠯᠵᠤ ᠵᠢᠯᠣᠭᠤᠳᠬᠤ ᠪᠠᠶᠢᠭᠤᠯᠤᠮᠵᠢ ᠪᠠ ᠪᠦᠷᠢᠯᠳᠦᠬᠦᠨ ᠨᠢᠭᠡᠴᠢ ᠶᠢᠨ ᠡᠭᠦᠷᠭᠡ ᠬᠠᠷᠢᠭᠤᠴᠠᠯᠭ᠎ᠠ ᠶᠢ | ᠲᠣᠳᠣᠷᠬᠠᠶᠢᠯᠠᠬᠤ ᠬᠡᠷᠡᠭᠲᠡᠶ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠭᠡᠴᠢ ᠨᠦᠭᠦᠳ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠨᠢᠭᠲᠠ ᠬᠠᠮᠵᠢᠯᠴᠠᠨ᠂ ᠬᠦᠨᠳᠦ ᠪᠣᠬᠢᠷᠲᠤᠯ ᠲᠠᠢ ᠴᠠᠭ | ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃ | 3.ᠤᠷᠢᠳᠴᠢᠯᠠᠨ ᠵᠢᠱᠢᠬᠦ ᠪᠠ ᠤᠷᠢᠳᠴᠢᠯᠠᠨ ᠰᠡᠷᠡᠮᠵᠢᠯᠡᠭᠦᠯᠬᠦ | 3.1 ᠵᠢᠱᠢᠯᠲᠡ | 3.1.1 ᠶᠢᠨ ᠬᠢᠨᠠᠨ ᠬᠡᠮᠵᠢᠯᠲᠡ | ᠠᠶᠢᠮᠠᠭ᠂ ᠬᠤᠰᠢᠭᠤ ᠬᠤᠶᠠᠷ ᠱᠠᠲᠤᠨ ᠤ ᠠᠮᠢ ᠠᠬᠤᠶ ᠶᠢᠨ ᠣᠷᠴᠢᠨ ᠲᠣᠭᠤᠷᠢᠨ᠂ ᠴᠠᠭ ᠠᠭᠤᠷ ᠤᠨ ᠰᠠᠯᠠᠭ᠎ᠠ | ᠮᠥᠴᠢᠷ ᠤᠳ ᠲᠣᠰ ᠵᠠᠰᠠᠭ ᠵᠠᠬᠢᠷᠭᠠᠨ ᠤ ᠣᠷᠣᠨ ᠤ ᠪᠠᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠬᠢᠨᠠᠨ | ᠬᠡᠮᠵᠢᠬᠦ ᠪᠠ ᠴᠠᠭ ᠠᠭᠤᠷ ᠤᠨ ᠬᠦᠴᠦᠨ ᠵᠦᠶ᠋ᠯ ᠢ ᠠᠵᠢᠭᠯᠠᠨ ᠬᠡᠮᠵᠢᠬᠦ ᠶᠢ ᠲᠣᠰ ᠲᠣᠰ ᠬᠠᠷᠢᠭᠤᠴᠠᠵᠤ᠂ ᠲᠤᠭ᠎ᠠ | ᠪᠠᠷᠢᠮᠲᠠ ᠶᠢ ᠴᠤᠭᠯᠠᠭᠤᠯᠤᠨ ᠰᠢᠶ᠋ᠳᠪᠦᠷᠢᠯᠡᠬᠦ᠂ ᠣᠳᠣᠬᠢ ᠪᠠᠶᠢᠳᠠᠯ ᠢ ᠦᠨᠡᠯᠡᠬᠦ᠂ ᠮᠡᠳᠡᠭᠡ ᠵᠠᠩᠭᠢ ᠶᠢ ᠰᠣᠯᠢᠯᠴᠠᠨ | ᠬᠠᠮᠲᠤᠪᠠᠷ ᠡᠳ᠋ᠯᠡᠬᠦ ᠶᠢ ᠰᠠᠶᠢᠲᠤᠷ ᠬᠢᠵᠦ᠂ ᠤᠷᠢᠳᠴᠢᠯᠠᠨ ᠮᠡᠳᠡᠭᠡᠯᠡᠬᠦ᠂ ᠵᠥᠪᠳᠡᠯᠴᠡᠬᠦ᠂ ᠤᠷᠢᠳᠴᠢᠯᠠᠨ | ᠰᠡᠷᠡᠮᠵᠢᠯᠡᠭᠦᠯᠬᠦ ᠳᠤ ᠰᠢᠶ᠋ᠳᠪᠦᠷᠢᠲᠦ ᠪᠣᠳᠣᠯᠭ᠎ᠠ ᠲᠣᠭᠲᠠᠭᠠᠬᠤ ᠦᠨᠳᠦᠰᠦᠯᠡᠯ ᠬᠠᠩᠭᠠᠨ᠎ᠠ᠃ | 3.1.2 ᠵᠥᠪᠳᠡᠯᠴᠡᠬᠦ | ᠠᠶᠢᠮᠠᠭ᠂ ᠬᠤᠰᠢᠭᠤ ᠬᠤᠶᠠᠷ ᠱᠠᠲᠤᠨ ᠤ ᠠᠮᠢ ᠠᠬᠤᠶ ᠶᠢᠨ ᠣᠷᠴᠢᠨ ᠲᠣᠭᠤᠷᠢᠨ᠂ ᠴᠠᠭ ᠠᠭᠤᠷ ᠤᠨ ᠰᠠᠯᠠᠭ᠎ᠠ | ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠨᠡᠶᠢᠲᠡᠯᠡᠭᠰᠡᠨ ᠣᠷᠴᠢᠨ ᠲᠣᠭᠤᠷᠢᠨ ᠤ ᠠᠭᠠᠷ ᠤᠨ ᠴᠢᠨᠠᠷ | ᠴᠢᠨᠰᠠᠭ᠎ᠠ ᠶᠢᠨ ᠤᠷᠢᠳᠴᠢᠯᠠᠭᠰᠠᠨ ᠮᠡᠳᠡᠭᠡ ᠲᠠᠢ ᠤᠶᠠᠯᠳᠤᠭᠤᠯᠤᠨ᠂ ᠢᠷᠡᠭᠡᠳᠦᠶ ᠳᠤ ᠮᠠᠨ ᠤ ᠠᠶᠢᠮᠠᠭ ᠲᠤ ᠭᠠᠷᠴᠤ | ᠮᠡᠳᠡᠬᠦ ᠬᠦᠨᠳᠦ ᠪᠣᠬᠢᠷᠲᠤᠯ ᠲᠠᠢ ᠴᠠᠭ ᠠᠭᠤᠷ ᠢ ᠬᠠᠮᠲᠤᠷᠠᠨ ᠵᠥᠪᠳᠡᠯᠴᠡᠵᠦ ᠰᠤᠳᠤᠯᠤᠨ ᠮᠠᠭᠠᠳᠯᠠᠵᠤ᠂ ᠲᠣᠰ | ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠲᠤ ᠤᠷᠢᠳᠴᠢᠯᠠᠨ | ᠰᠡᠷᠡᠮᠵᠢᠯᠡᠭᠦᠯᠵᠦ ᠨᠡᠶᠢᠲᠡᠯᠡᠬᠦ᠂ ᠲᠣᠬᠢᠷᠠᠭᠤᠯᠤᠯᠲᠠ ᠬᠢᠬᠦ᠂ ᠬᠦᠴᠦᠨ ᠥᠬᠡᠶ ᠪᠣᠯᠭᠠᠬᠤ ᠰᠠᠨᠠᠭᠤᠯᠭ᠎ᠠ ᠶᠢ ᠴᠠᠭ | ᠲᠤᠬᠠᠶ ᠳᠤᠨᠢ ᠳᠤᠷᠠᠳᠬᠤ ᠬᠡᠷᠡᠭᠲᠡᠶ᠃ ᠳᠤᠮᠳᠠ ᠵᠡᠷᠭᠡ ᠠᠴᠠ ᠳᠡᠭᠡᠭᠰᠢ ᠪᠣᠬᠢᠷᠲᠤᠯ ᠲᠠᠢ ᠴᠠᠭ ᠠᠭᠤᠷ ᠭᠠᠷᠴᠤ | ᠮᠡᠳᠡᠬᠦ ᠶᠢ ᠲᠥᠰᠦᠭᠡᠯᠡᠬᠦ ᠦᠶ᠎ᠡ ᠳᠤ᠂ ᠠᠭᠠᠷ ᠤᠨ ᠶᠠᠰᠤ ᠴᠢᠨᠠᠷ ᠢ ᠤᠷᠢᠳᠴᠢᠯᠠᠨ ᠮᠡᠳᠡᠭᠦᠯᠦᠭᠰᠡᠨ ᠦᠷ᠎ᠡ ᠳ᠋ᠦᠩ ᠤᠨ | ᠳᠡᠭᠡᠳᠦ ᠬᠢᠵᠠᠭᠠᠷ ᠢᠶᠠᠷ ᠰᠡᠷᠡᠮᠵᠢᠯᠡᠭᠦᠯᠬᠦ ᠲᠠᠰ ᠤᠨ ᠰᠠᠨᠠᠭᠤᠯᠭ᠎ᠠ ᠳᠤᠷᠠᠳᠬᠤ ᠬᠡᠷᠡᠭᠲᠡᠶ᠃ | 3.2 ᠤᠷᠢᠳᠴᠢᠯᠠᠨ ᠰᠡᠷᠡᠮᠵᠢᠯᠡᠭᠦᠯᠬᠦ | 3.2.1 ᠤᠷᠢᠳᠴᠢᠯᠠᠨ ᠰᠡᠷᠡᠮᠵᠢᠯᠡᠭᠦᠯᠬᠦ ᠳᠡᠰ ᠬᠤᠪᠢᠶᠠᠬᠤ | ᠪᠥᠬᠦ ᠠᠶᠢᠮᠠᠭ ᠤᠨ ᠬᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠰᠡᠷᠡᠮᠵᠢᠯᠡᠭᠦᠯᠦᠯ ᠤᠨ ᠲᠠᠰ ᠢᠯᠭᠠᠯ ᠢ | ᠨᠢᠭᠡᠳᠬᠡᠵᠦ᠂ ᠳᠣᠤᠷᠠᠳᠤ ᠲᠠᠰ ᠠᠴᠠ ᠳᠡᠭᠡᠳᠦ ᠲᠠᠰ ᠬᠦᠷᠲᠡᠯ᠎ᠡ ᠲᠣᠰ ᠲᠣᠰ ᠰᠢᠷ᠎ᠠ ︵Ⅲ ᠲᠠᠰ︶᠂ ᠤᠯᠠᠪᠤᠷ ︵ | Ⅱ ᠲᠠᠰ︶ ᠪᠠ ᠤᠯᠠᠭᠠᠨ ︵I ᠲᠠᠰ︶ ᠢᠶᠠᠷ ᠰᠡᠷᠡᠮᠵᠢᠯᠡᠭᠦᠯᠦᠨ᠎ᠡ᠂ ᠲᠠᠰ ᠬᠤᠪᠢᠶᠠᠬᠤ ᠪᠠᠷᠢᠮᠵᠢᠶ᠎ᠠ ᠨᠢ᠄ | ᠰᠢᠷ᠎ᠠ ᠥᠩᠭᠡ ᠶᠢᠨ ᠰᠡᠷᠡᠮᠵᠢᠯᠡᠭᠦᠯᠦᠯ᠄ ᠤᠷᠢᠳᠴᠢᠯᠠᠨ ᠲᠥᠰᠦᠭᠡᠯᠡᠭᠰᠡᠨ ᠡᠳᠦᠷ AQI>200 ᠪᠤᠶᠤ ᠡᠳᠦᠷ | AQI>150 ᠨᠢ 48 ᠴᠠᠭ ᠠᠴᠠ ᠳᠡᠭᠡᠭᠰᠢ ᠦᠷᠭᠦᠯᠵᠢᠯᠡᠭᠰᠡᠨ ᠪᠥᠭᠡᠳ ᠳᠡᠭᠡᠳᠦ ᠳᠡᠰ ᠤᠨ ᠤᠷᠢᠳᠴᠢᠯᠠᠨ | ᠰᠡᠷᠡᠮᠵᠢᠯᠡᠭᠦᠯᠬᠦ ᠨᠥᠬᠦᠴᠡᠯ ᠳᠤ ᠬᠦᠷᠦᠭᠰᠡᠨ ᠥᠬᠡᠶ᠃ | ᠤᠯᠠᠪᠤᠷ ᠥᠩᠭᠡ ᠶᠢᠨ ᠰᠡᠷᠡᠮᠵᠢᠯᠡᠭᠦᠯᠦᠯ᠄ ᠵᠢᠱᠢᠯᠲᠡ ᠶᠢᠨ ᠡᠳᠦᠷ AQI>200 ᠦᠷᠭᠦᠯᠵᠢᠯᠡᠭᠡᠳ 48 ᠴᠠᠭ | ᠪᠤᠶᠤ ᠡᠳᠦᠷ ᠤᠨ AQI>150 ᠦᠷᠭᠦᠯᠵᠢᠯᠡᠭᠡᠳ 72 ᠴᠠᠭ ᠠᠴᠠ ᠳᠡᠭᠡᠭᠰᠢ ᠪᠣᠯᠤᠭᠰᠠᠨ ᠪᠥᠭᠡᠳ ᠳᠡᠭᠡᠳᠦ | ᠲᠠᠰ ᠤᠨ ᠰᠡᠷᠡᠮᠵᠢᠯᠡᠭᠦᠯᠬᠦ ᠨᠥᠬᠦᠴᠡᠯ ᠳᠤ ᠭᠦᠷᠦᠭᠰᠡᠨ ᠥᠬᠡᠶ᠃ | ᠤᠯᠠᠭᠠᠨ ᠥᠩᠭᠡ ᠶᠢᠨ ᠰᠡᠷᠡᠮᠵᠢᠯᠡᠭᠦᠯᠦᠯ᠄ ᠵᠢᠱᠢᠯᠲᠡ ᠶᠢᠨ ᠡᠳᠦᠷ AQI>200 ᠨᠢ 72 ᠴᠠᠭ ᠦᠷᠭᠦᠯᠵᠢᠯᠡᠬᠦ | ᠪᠥᠭᠡᠳ ᠡᠳᠦᠷ ᠤᠨ AQI>300 ᠨᠢ 24 ᠴᠠᠭ ᠠᠴᠠ ᠳᠡᠭᠡᠭᠰᠢ ᠦᠷᠭᠦᠯᠵᠢᠯᠡᠨ᠎ᠡ᠃ | 3. 2.2 ᠤᠨ ᠰᠡᠷᠡᠮᠵᠢᠯᠡᠭᠦᠯᠦᠯ ᠢ ᠨᠡᠶᠢᠲᠡᠯᠡᠪᠡ | ︵1︶ ᠠᠶᠢᠮᠠᠭ ᠤᠨ ᠱᠠᠲᠤᠨ ᠤ ᠤᠷᠢᠳᠴᠢᠯᠠᠨ ᠰᠡᠷᠡᠮᠵᠢᠯᠡᠭᠦᠯᠬᠦ | ᠢᠷᠡᠭᠡᠳᠦᠶ ᠶᠢᠨ ᠠᠭᠠᠷ ᠤᠨ ᠶᠠᠰᠤ ᠴᠢᠨᠠᠷ ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠬᠦᠷᠴᠦ ᠮᠡᠳᠡᠬᠦ ᠶᠢ | ᠲᠥᠰᠦᠭᠡᠯᠡᠬᠦ ᠦᠶ᠎ᠡ ᠳᠤ᠂ ᠠᠶᠢᠮᠠᠭ ᠤᠨ ᠵᠠᠬᠢᠷᠭ᠎ᠠ ᠠᠴᠠ ᠤᠷᠢᠳᠴᠢᠯᠠᠨ ᠰᠡᠷᠡᠮᠵᠢᠯᠡᠭᠦᠯᠬᠦ ᠲᠠᠰ ᠬᠤᠪᠢᠶᠠᠭᠰᠠᠨ | ᠶᠣᠰᠣᠭᠠᠷ ᠤᠷᠢᠳᠴᠢᠯᠠᠨ 48 ᠴᠠᠭ ᠠᠴᠠ ᠳᠡᠭᠡᠭᠰᠢ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠵᠦ᠂ | ᠲᠣᠭᠲᠠᠭᠰᠠᠨ ᠴᠠᠭ ᠤᠨ ᠶᠣᠰᠣᠭᠠᠷ ᠪᠠᠴᠢᠮ ᠪᠠᠶᠢᠳᠠᠯ ᠢ ᠠᠷᠭᠠᠴᠠᠬᠤ ᠠᠵᠢᠯ ᠢ ᠡᠬᠢᠯᠡᠭᠦᠯᠦᠨ᠎ᠡ᠃ ᠬᠢᠨᠠᠨ ᠬᠡᠮᠵᠢᠬᠦ | ᠡᠳᠦᠷ AQI ᠨᠢᠭᠡᠨᠲᠡ ᠤᠷᠢᠳᠴᠢᠯᠠᠨ ᠰᠡᠷᠡᠮᠵᠢᠯᠡᠭᠦᠯᠬᠦ ᠲᠠᠰ ᠬᠤᠪᠢᠶᠠᠬᠤ ᠪᠠᠷᠢᠮᠵᠢᠶ᠎ᠠ ᠳᠤ ᠬᠦᠷᠦᠭᠰᠡᠨ ᠪᠥᠭᠡᠳ | ᠢᠷᠡᠭᠡᠳᠦᠶ ᠶᠢᠨ 24 ᠴᠠᠭ ᠤᠨ ᠳᠣᠲᠣᠷ᠎ᠠ ᠠᠭᠠᠷ ᠤᠨ ᠴᠢᠨᠠᠷ ᠴᠢᠨᠰᠠᠭ᠎ᠠ ᠢᠯᠡᠳᠲᠡ ᠰᠠᠶᠢᠵᠢᠷᠠᠬᠤ ᠥᠬᠡᠶ ᠭᠡᠵᠦ | ᠵᠢᠱᠢᠬᠦ ᠳᠤ᠂ ᠪᠣᠳᠠᠲᠠᠶ ᠪᠣᠬᠢᠷᠲᠤᠯ ᠤᠨ ᠪᠠᠶᠢᠳᠠᠯ ᠢ ᠦᠨᠳᠦᠰᠦᠯᠡᠨ᠂ ᠵᠣᠬᠢᠴᠠᠩᠭᠤᠶ ᠲᠠᠰ ᠤᠨ ᠤᠷᠢᠳᠴᠢᠯᠠᠨ | ᠰᠡᠷᠡᠮᠵᠢᠯᠡᠭᠦᠯᠬᠦ ᠠᠵᠢᠯ ᠢ ᠳᠠᠷᠤᠶ ᠲᠦᠷᠭᠡᠨ ᠡᠬᠢᠯᠡᠭᠦᠯᠬᠦ ᠬᠡᠷᠡᠭᠲᠡᠶ᠃ | ᠣᠽᠣᠨ ︵O — 3︶ ᠠᠴᠠ ᠡᠭᠦᠰᠦᠭᠰᠡᠨ ᠠᠭᠠᠷ ᠤᠨ ᠬᠦᠨᠳᠦ ᠪᠣᠬᠢᠷᠲᠤᠯ ᠤᠨ ᠶᠠᠪᠤᠴᠠ ᠶᠢ ᠠᠮᠢ | ᠠᠬᠤᠶ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠠᠴᠠ ᠴᠠᠭ ᠲᠤᠬᠠᠶ ᠳᠤᠨᠢ ᠨᠡᠶᠢᠭᠡᠮ ᠳᠤ ᠡᠷᠡᠭᠦᠯ ᠮᠡᠨᠳᠦ ᠶᠢᠨ | ᠬᠠᠮᠠᠭᠠᠯᠠᠯᠲᠠ ᠶᠢᠨ ᠰᠠᠨᠠᠭᠤᠯᠤᠮᠵᠢ ᠶᠢ ᠨᠡᠶᠢᠲᠡᠯᠡᠬᠦ ᠶᠢᠨ ᠬᠠᠮᠲᠤ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ︵ | VOCs︶ ᠪᠣᠯᠤᠨ ᠠᠽᠣᠲ ᠤᠨ ᠢᠰᠦᠮᠡᠭ ︵NOx︶ ᠤᠨ ᠭᠠᠳᠠᠭᠰᠢᠯᠠᠭᠤᠯᠤᠯᠲᠠ ᠶᠢᠨ ᠡᠬᠢ ᠰᠤᠷᠪᠤᠯᠵᠢ ᠶᠢᠨ | ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ᠃ ᠡᠯᠡᠰᠦ ᠲᠣᠭᠤᠰᠣ᠂ ᠬᠡᠰᠡᠭ | ᠭᠠᠵᠠᠷ ᠲᠤ ᠡᠯᠡᠰᠦ ᠰᠢᠷᠣᠶ ᠬᠡᠶᠢᠰᠬᠦ᠂ ᠤᠯᠤᠰ ᠤᠨ ᠬᠢᠯᠢ ᠶᠢᠨ ᠭᠠᠳᠠᠨᠠᠬᠢ ᠪᠣᠬᠢᠷᠲᠤᠯ ᠢ ᠳᠠᠮᠵᠢᠭᠤᠯᠬᠤ ᠵᠡᠷᠭᠡ | ᠡᠵᠡᠮᠳᠡᠰᠢ ᠥᠬᠡᠶ ᠬᠦᠴᠦᠨ ᠵᠦᠶ᠋ᠯ ᠠᠴᠠ ᠪᠣᠯᠤᠭᠰᠠᠨ ᠬᠦᠨᠳᠦ ᠪᠣᠬᠢᠷᠲᠤᠯ ᠲᠠᠢ ᠴᠠᠭ ᠠᠭᠤᠷ ᠢ ᠠᠮᠢ ᠠᠬᠤᠶ ᠶᠢᠨ | ᠣᠷᠴᠢᠨ ᠲᠣᠭᠤᠷᠢᠨ ᠤ ᠰᠠᠯᠠᠭ᠎ᠠ ᠮᠥᠴᠢᠷ ᠠᠴᠠ ᠴᠠᠭ ᠲᠤᠬᠠᠶ ᠳᠤᠨᠢ ᠨᠡᠶᠢᠭᠡᠮ ᠳᠤ ᠡᠷᠡᠭᠦᠯ ᠮᠡᠨᠳᠦ ᠶᠢᠨ | ᠰᠠᠨᠠᠭᠤᠯᠤᠮᠵᠢ ᠨᠡᠶᠢᠲᠡᠯᠡᠵᠦ᠂ ᠣᠯᠠᠨ ᠨᠡᠶᠢᠲᠡ ᠶᠢ ᠬᠥᠲᠥᠯᠦᠨ ᠵᠢᠯᠣᠭᠤᠳᠴᠤ ᠪᠠᠶᠢᠭᠠᠳ ᠡᠷᠡᠭᠦᠯ ᠮᠡᠨᠳᠦ ᠶᠢᠨ | ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠠᠪᠤᠭᠤᠯᠵᠤ᠂ ᠪᠠᠶᠢᠳᠠᠯ ᠢ ᠨᠢ ᠦᠵᠡᠵᠦ ᠪᠠᠶᠢᠭᠠᠳ ᠲᠣᠭᠤᠰᠣ ᠰᠢᠷᠣᠶ ᠶᠢᠨ ᠡᠬᠢ | ᠰᠤᠷᠪᠤᠯᠵᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠠᠪᠬᠤ ᠬᠡᠷᠡᠭᠲᠡᠶ᠃ | ᠠᠮᠢ ᠠᠬᠤᠶ ᠶᠢᠨ ᠣᠷᠴᠢᠨ ᠲᠣᠭᠤᠷᠢᠨ ᠤ ᠶᠠᠮᠤᠨ᠂ ᠳᠤᠮᠳᠠᠳᠤ ᠤᠯᠤᠰ ᠤᠨ ᠣᠷᠴᠢᠨ ᠲᠣᠭᠤᠷᠢᠨ ᠤ ᠬᠢᠨᠠᠨ | ᠬᠡᠮᠵᠢᠯᠲᠡ ᠶᠢᠨ ᠶᠡᠷᠦᠩᠬᠡᠶ ᠥᠷᠲᠡᠭᠡ ᠶᠢᠨ ᠣᠷᠣᠨ ᠪᠦᠰᠡ ᠶᠢᠨ ᠠᠭᠠᠷ ᠤᠨ ᠶᠠᠰᠤ ᠴᠢᠨᠠᠷ ᠢ ᠤᠷᠢᠳᠴᠢᠯᠠᠨ | ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠲᠥᠪ ᠪᠤᠶᠤ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ | ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠤᠨ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠶᠢᠨ | ᠬᠠᠮᠲᠤᠷᠠᠨ ᠬᠥᠳᠡᠯᠦᠯᠴᠡᠭᠰᠡᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠣᠯᠤᠭᠰᠠᠨ ᠦᠶ᠎ᠡ ᠳᠤ᠂ ᠠᠶᠢᠮᠠᠭ | ᠵᠠᠬᠢᠷᠭ᠎ᠠ ᠶᠢᠨ ᠬᠢᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠦᠨᠳᠦᠰᠦᠯᠡᠨ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠴᠠᠭ | ᠲᠤᠬᠠᠶ ᠳᠤᠨᠢ ᠨᠡᠶᠢᠲᠡᠯᠡᠬᠦ ᠬᠡᠷᠡᠭᠲᠡᠶ᠃ ᠰᠡᠷᠡᠮᠵᠢᠯᠡᠭᠦᠯᠬᠦ ᠳᠡᠰ ᠪᠣᠯᠤᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ | ᠴᠠᠭ ᠬᠤᠭᠤᠴᠠᠭ᠎ᠠ ᠶᠢ ᠲᠤᠰ ᠭᠠᠵᠠᠷ ᠤᠨ ᠲᠥᠰᠦᠭᠡᠯᠡᠵᠦ ᠤᠷᠢᠳᠴᠢᠯᠠᠨ ᠮᠡᠳᠡᠭᠡᠯᠡᠭᠰᠡᠨ ᠦᠷ᠎ᠡ ᠳᠦᠢᠩ ᠢ | ᠦᠨᠳᠦᠰᠦᠯᠡᠨ ᠲᠣᠭᠲᠠᠭᠠᠬᠤ ᠥᠭᠡᠢ᠃ | ︵2︶ ᠬᠤᠰᠢᠭᠤ ᠰᠢᠶᠠᠨ ᠤ ᠱᠠᠲᠤᠨ ᠤ ᠤᠷᠢᠳᠴᠢᠯᠠᠨ ᠰᠡᠷᠡᠮᠵᠢᠯᠡᠭᠦᠯᠬᠦ | ᠭᠠᠭᠴᠠ ᠭᠠᠭᠴᠠ ᠬᠤᠰᠢᠭᠤ ᠰᠢᠶᠠᠨ ᠬᠤᠲᠠ᠂ ᠠᠶᠢᠮᠠᠭ ᠤᠨ ᠨᠡᠭᠡᠭᠡᠯᠲᠡ ᠶᠢᠨ ᠲᠣᠭᠤᠷᠢᠭ ᠤᠨ ᠵᠢᠱᠢᠯᠲᠡ ᠶᠢᠨ | ᠡᠳᠦᠷ AQI ᠤᠷᠢᠳᠴᠢᠯᠠᠨ ᠰᠡᠷᠡᠮᠵᠢᠯᠡᠭᠦᠯᠬᠦ ᠶᠢ ᠡᠬᠢᠯᠡᠭᠦᠯᠬᠦ ᠨᠥᠬᠦᠴᠡᠯ ᠳᠤ ᠬᠦᠷᠦᠭᠰᠡᠨ ᠦᠶ᠎ᠡ ᠳᠤ᠂ ᠬᠤᠰᠢᠭᠤ | ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠨᠡᠭᠡᠭᠡᠯᠲᠡ ᠶᠢᠨ ᠲᠣᠭᠤᠷᠢᠭ ᠠᠴᠠ | ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠨᠡᠶᠢᠲᠡᠯᠡᠵᠦ᠂ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠶᠣᠰᠣᠭᠠᠷ | ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠠᠵᠢᠯ ᠢ ᠡᠬᠢᠯᠡᠭᠦᠯᠬᠦ ᠶᠢᠨ ᠬᠠᠮᠲᠤ ᠵᠣᠬᠢᠬᠤ ᠲᠠᠰ ᠤᠨ ᠪᠠᠴᠢᠮ | ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ᠰᠡᠷᠡᠮᠵᠢᠯᠡᠭᠦᠯᠬᠦ ᠮᠡᠳᠡᠭᠡ | ᠵᠠᠩᠭᠢ ᠶᠢ ᠨᠡᠶᠢᠲᠡᠯᠡᠭᠰᠡᠨ ᠤ ᠳᠠᠷᠠᠭ᠎ᠠ ᠴᠠᠭ ᠲᠤᠬᠠᠶ ᠳᠤᠨᠢ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠤᠨ ᠠᠯᠪᠠᠨ ᠭᠡᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | 3.2.3 ᠤᠷᠢᠳᠴᠢᠯᠠᠨ ᠰᠡᠷᠡᠮᠵᠢᠯᠡᠭᠦᠯᠬᠦ ᠳᠡᠰ ᠢ ᠲᠣᠬᠢᠷᠠᠭᠤᠯᠬᠤ ᠪᠠ ᠬᠦᠴᠦᠨ ᠦᠭᠡᠢ ᠪᠣᠯᠭᠠᠬᠤ | ᠠᠭᠠᠷ ᠤᠨ ᠶᠠᠰᠤ ᠴᠢᠨᠠᠷ ᠢ ᠰᠠᠶᠢᠵᠢᠷᠠᠭᠤᠯᠤᠭᠠᠳ ᠵᠣᠬᠢᠬᠤ ᠲᠠᠰ ᠤᠨ ᠰᠡᠷᠡᠮᠵᠢᠯᠡᠭᠦᠯᠦᠯ ᠢ ᠡᠬᠢᠯᠡᠭᠦᠯᠬᠦ | ᠪᠠᠷᠢᠮᠵᠢᠶ᠎ᠠ ᠠᠴᠠ ᠳᠣᠤᠷ᠎ᠠ ᠪᠣᠯᠭᠠᠭᠰᠠᠨ ᠪᠥᠭᠡᠳ ᠵᠢᠱᠢᠯᠲᠡ ᠪᠠᠷ 36 ᠴᠠᠭ ᠠᠴᠠ ᠳᠡᠭᠡᠭᠰᠢ ᠪᠣᠯᠤᠭᠰᠠᠨ ᠦᠶ᠎ᠡ ᠳᠤ᠂ | ᠰᠡᠷᠡᠮᠵᠢᠯᠡᠭᠦᠯᠦᠯ ᠤᠨ ᠲᠠᠰ ᠢ ᠪᠠᠭᠤᠷᠠᠭᠤᠯᠬᠤ ᠪᠤᠶᠤ ᠰᠡᠷᠡᠮᠵᠢᠯᠡᠭᠦᠯᠦᠯ ᠢ ᠬᠦᠴᠦᠨ ᠥᠬᠡᠶ ᠪᠣᠯᠭᠠᠬᠤ ᠶᠢᠨ ᠬᠠᠮᠲᠤ | ᠮᠡᠳᠡᠭᠡ ᠵᠠᠩᠭᠢ ᠶᠢ ᠤᠷᠢᠳᠴᠢᠯᠠᠨ ᠨᠡᠶᠢᠲᠡᠯᠡᠵᠦ ᠪᠣᠯᠤᠨ᠎ᠠ᠃ | ᠡᠮᠦᠨ᠎ᠡ ᠬᠤᠶᠢᠨᠠᠬᠢ 2 ᠤᠳᠠᠭ᠎ᠠ ᠶᠢᠨ ᠬᠦᠨᠳᠦ ᠪᠣᠬᠢᠷᠲᠤᠯ ᠤᠨ ᠶᠠᠪᠤᠴᠠ ᠶᠢ ᠤᠷᠢᠳᠴᠢᠯᠠᠨ ᠲᠥᠰᠦᠭᠡᠯᠡᠭᠰᠡᠨ | ᠪᠥᠭᠡᠳ ᠠᠯᠤᠰᠯᠠᠬᠤ ᠴᠠᠭ ᠨᠢ 36 ᠴᠠᠭ ᠪᠣᠯᠤᠭᠠᠳᠤᠶ ᠦᠶ᠎ᠡ ᠳᠤ᠂ ᠨᠢᠭᠡ ᠤᠳᠠᠭ᠎ᠠ ᠶᠢᠨ ᠬᠦᠨᠳᠦ ᠪᠣᠬᠢᠷᠲᠤᠯ ᠤᠨ | ᠶᠠᠪᠤᠴᠠ ᠪᠠᠷ ᠪᠤᠳᠤᠵᠤ᠂ ᠳᠡᠭᠡᠳᠦ ᠲᠠᠰ ᠠᠴᠠ ᠤᠷᠢᠳᠴᠢᠯᠠᠨ ᠰᠡᠷᠡᠮᠵᠢᠯᠡᠭᠦᠯᠬᠦ ᠶᠢ ᠡᠬᠢᠯᠡᠭᠦᠯᠬᠦ ᠬᠡᠷᠡᠭᠲᠡᠶ᠃ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠳᠠᠷᠠᠭ᠎ᠠ᠂ ᠰᠡᠷᠡᠮᠵᠢᠯᠡᠭᠦᠯᠬᠦ ᠶᠢ ᠡᠬᠢᠯᠡᠭᠦᠯᠬᠦ ᠠᠴᠠ ᠡᠮᠦᠨ᠎ᠡ᠂ | ᠠᠭᠠᠷ ᠤᠨ ᠶᠠᠰᠤ ᠴᠢᠨᠠᠷ ᠢ ᠤᠷᠢᠳᠴᠢᠯᠠᠨ ᠵᠢᠱᠢᠭᠰᠡᠨ ᠦᠷ᠎ᠡ ᠳ᠋ᠦᠩ ᠳᠤ ᠬᠤᠪᠢᠷᠠᠯᠲᠠ ᠭᠠᠷᠴᠤ᠂ ᠰᠡᠷᠡᠮᠵᠢᠯᠡᠭᠦᠯᠬᠦ | ᠮᠡᠳᠡᠭᠡ ᠵᠠᠩᠭᠢ ᠯᠤᠭ᠎ᠠ ᠨᠡᠶᠢᠴᠡᠬᠦ ᠥᠬᠡᠶ ᠪᠠᠶᠢᠪᠠᠯ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠡᠷᠡᠮᠵᠢᠯᠡᠭᠦᠯᠬᠦ | ᠲᠠᠰ ᠲᠤ ᠴᠠᠭ ᠲᠤᠬᠠᠶ ᠳᠤᠨᠢ ᠲᠣᠬᠢᠷᠠᠭᠤᠯᠤᠯᠲᠠ ᠬᠢᠬᠦ ᠪᠤᠶᠤ ᠰᠡᠷᠡᠮᠵᠢᠯᠡᠭᠦᠯᠬᠦ ᠶᠢ ᠬᠦᠴᠦᠨ ᠥᠬᠡᠶ ᠪᠣᠯᠭᠠᠬᠤ | ᠬᠡᠷᠡᠭᠲᠡᠶ᠃ ᠠᠭᠠᠷ ᠤᠨ ᠶᠠᠰᠤ ᠴᠢᠨᠠᠷ ᠢ ᠤᠷᠢᠳᠴᠢᠯᠠᠨ ᠵᠢᠱᠢᠬᠦ ᠪᠤᠶᠤ ᠬᠢᠨᠠᠨ ᠬᠡᠮᠵᠢᠭᠡᠳ ᠨᠠᠩ ᠳᠡᠭᠡᠳᠦ ᠲᠠᠰ ᠤᠨ | ᠤᠷᠢᠳᠴᠢᠯᠠᠨ ᠰᠡᠷᠡᠮᠵᠢᠯᠡᠭᠦᠯᠬᠦ ᠨᠥᠬᠦᠴᠡᠯ ᠳᠤ ᠬᠥᠷᠬᠦ ᠦᠶ᠎ᠡ ᠳᠤ᠂ ᠳᠠᠷᠤᠶ ᠲᠦᠷᠭᠡᠨ ᠲᠠᠰ ᠳᠡᠪᠰᠢᠭᠦᠯᠬᠦ ᠠᠷᠭ᠎ᠠ | ᠬᠡᠮᠵᠢᠶ᠎ᠡ ᠠᠪᠬᠤ ᠬᠡᠷᠡᠭᠲᠡᠶ᠃ | 3.2.4 ᠤᠷᠢᠳᠴᠢᠯᠠᠨ ᠰᠡᠷᠡᠮᠵᠢᠯᠡᠭᠦᠯᠬᠦ ᠬᠢᠨᠠᠨ ᠵᠥᠪᠰᠢᠶᠡᠷᠡᠯ | ︵1︶ ᠠᠶᠢᠮᠠᠭ ᠤᠨ ᠱᠠᠲᠤᠨ ᠤ ᠰᠡᠷᠡᠮᠵᠢᠯᠡᠭᠦᠯᠬᠦ ᠶᠢ ᠬᠢᠨᠠᠨ ᠵᠥᠪᠰᠢᠶᠡᠷᠡᠬᠦ | ᠤᠷᠢᠳᠴᠢᠯᠠᠨ ᠲᠥᠰᠦᠭᠡᠯᠡᠬᠦ ᠪᠤᠶᠤ ᠬᠢᠨᠠᠨ ᠬᠡᠮᠵᠢᠭᠡᠳ ᠠᠭᠠᠷ ᠤᠨ ᠶᠠᠰᠤ ᠴᠢᠨᠠᠷ ᠢ ᠰᠡᠷᠡᠮᠵᠢᠯᠡᠭᠦᠯᠬᠦ ᠶᠢ | ᠡᠬᠢᠯᠡᠭᠦᠯᠬᠦ ᠨᠥᠬᠦᠴᠡᠯ ᠳᠤ ᠬᠦᠷᠦᠭᠦᠯᠦᠭᠰᠡᠨ ᠦᠶ᠎ᠡ ᠳᠤ ᠂ ᠠᠶᠢᠮᠠᠭ ᠤᠨ ᠠᠮᠢ ᠠᠬᠤᠶ ᠶᠢᠨ ᠣᠷᠴᠢᠨ ᠲᠣᠭᠤᠷᠢᠨ | ᠤ ᠲᠣᠪᠴᠢᠶ᠎ᠠ᠂ ᠠᠶᠢᠮᠠᠭ ᠤᠨ ᠴᠠᠭ ᠠᠭᠤᠷ ᠤᠨ ᠲᠣᠪᠴᠢᠶ᠎ᠠ ᠠᠴᠠ ᠳᠠᠷᠦ᠋ᠢᠬᠠᠨ ᠠᠶᠢᠮᠠᠭ ᠤᠨ ᠪᠠᠴᠢᠮ ᠪᠠᠶᠢᠳᠠᠯ | ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠭᠡᠷ ᠲᠤ ᠵᠥᠪᠳᠡᠯᠴᠡᠭᠰᠡᠨ ᠦᠷ᠎ᠡ ᠳ᠋ᠦᠩ ᠪᠣᠯᠤᠨ | ᠰᠡᠷᠡᠮᠵᠢᠯᠡᠭᠦᠯᠬᠦ ᠰᠠᠨᠠᠭᠤᠯᠭ᠎ᠠ ᠪᠠᠨ ᠮᠡᠳᠡᠭᠦᠯᠵᠦ᠂ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ | ᠭᠠᠵᠠᠷ ᠤᠨ ᠠᠯᠪᠠᠨ ᠭᠡᠷ ᠠᠴᠠ ᠳᠡᠰ ᠳᠠᠷᠠᠭᠠᠯᠠᠯ ᠤᠨ ᠶᠣᠰᠣᠭᠠᠷ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠲᠤ ᠰᠡᠷᠡᠮᠵᠢᠯᠡᠭᠦᠯᠬᠦ ᠮᠡᠳᠡᠭᠡ ᠵᠠᠩᠭᠢ ᠪᠠᠨ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ | ᠠᠶᠢᠮᠠᠭ ᠤᠨ ᠲᠠᠰ ᠤᠨ ᠰᠢᠷ᠎ᠠ᠂ ᠤᠯᠠᠪᠤᠷ ᠥᠩᠭᠡ ᠶᠢᠨ ᠰᠡᠷᠡᠮᠵᠢᠯᠡᠭᠦᠯᠦᠯ ᠢ ᠠᠶᠢᠮᠠᠭ ᠤᠨ ᠪᠠᠴᠢᠮ ᠪᠠᠶᠢᠳᠠᠯ ᠢ | ᠠᠷᠭᠠᠴᠠᠬᠤ ᠵᠢᠯᠣᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠤᠭᠴᠢ ᠠᠴᠠ ᠭᠠᠷ ᠤᠨ ᠥᠰᠥᠭ ᠵᠢᠷᠤᠵᠤ ᠬᠢᠨᠠᠨ | ᠵᠥᠪᠰᠢᠶᠡᠷᠡᠨ᠎ᠡ︔ ᠠᠶᠢᠮᠠᠭ ᠤᠨ ᠲᠠᠰ ᠤᠨ ᠤᠯᠠᠭᠠᠨ ᠥᠩᠭᠡ ᠶᠢᠨ ᠰᠡᠷᠡᠮᠵᠢᠯᠡᠭᠦᠯᠦᠯ ᠢ ᠠᠶᠢᠮᠠᠭ ᠤᠨ ᠪᠠᠴᠢᠮ | ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ︵ᠪᠤᠶᠤ ᠡᠷᠬᠡ ᠣᠯᠭᠤᠭᠰᠠᠨ ᠳᠡᠳ᠋ | ᠶᠡᠷᠦᠩᠬᠡᠶ ᠵᠢᠯᠣᠭᠤᠳᠣᠭᠴᠢ︶ ᠠᠴᠠ ᠭᠠᠷ ᠤᠨ ᠥᠰᠥᠭ ᠵᠢᠷᠤᠵᠤ ᠬᠢᠨᠠᠨ ᠵᠥᠪᠰᠢᠶᠡᠷᠡᠨ᠎ᠡ︔ ᠠᠶᠢᠮᠠᠭ ᠤᠨ ᠱᠠᠲᠤᠨ ᠤ | ᠰᠡᠷᠡᠮᠵᠢᠯᠡᠭᠦᠯᠦᠯ ᠢ ᠬᠦᠴᠦᠨ ᠥᠬᠡᠶ ᠪᠣᠯᠭᠠᠭᠰᠠᠨ ᠮᠡᠳᠡᠭᠡ ᠵᠠᠩᠭᠢ ᠶᠢ ᠨᠡᠶᠢᠲᠡᠯᠡᠵᠦ᠂ ᠠᠶᠢᠮᠠᠭ ᠤᠨ ᠪᠠᠴᠢᠮ ᠪᠠᠶᠢᠳᠠᠯ ᠢ | ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠤᠨ ᠡᠷᠬᠢᠯᠡᠭᠴᠢ ︵ᠪᠤᠶᠤ ᠡᠷᠬᠡ ᠣᠯᠭᠤᠭᠰᠠᠨ ᠳᠡᠳ᠋ | ᠡᠷᠬᠢᠯᠡᠭᠴᠢ︶ ᠠᠴᠠ ᠬᠢᠨᠠᠨ ᠵᠥᠪᠰᠢᠶᠡᠷᠡᠨ᠎ᠡ᠃ | ︵2︶ ᠬᠤᠰᠢᠭᠤ ᠰᠢᠶᠠᠨ ᠤ ᠱᠠᠲᠤᠨ ᠤ ᠤᠷᠢᠳᠴᠢᠯᠠᠨ ᠰᠡᠷᠡᠮᠵᠢᠯᠡᠭᠦᠯᠬᠦ ᠬᠢᠨᠠᠨ ᠵᠥᠪᠰᠢᠶᠡᠷᠡᠯ | ᠬᠤᠰᠢᠭᠤ ᠰᠢᠶᠠᠨ ᠤ ᠱᠠᠲᠤᠨ ᠤ ᠰᠡᠷᠡᠮᠵᠢᠯᠡᠭᠦᠯᠬᠦ ᠶᠢ ᠨᠡᠶᠢᠲᠡᠯᠡᠬᠦ᠂ ᠰᠡᠷᠡᠮᠵᠢᠯᠡᠭᠦᠯᠬᠦ ᠶᠢ ᠲᠣᠬᠢᠷᠠᠭᠤᠯᠬᠤ ᠪᠠ | ᠰᠡᠷᠡᠮᠵᠢᠯᠡᠭᠦᠯᠬᠦ ᠶᠢ ᠬᠦᠴᠦᠨ ᠥᠭᠡᠢ ᠪᠣᠯᠭᠠᠬᠤ ᠶᠢ ᠬᠢᠨᠠᠨ ᠵᠥᠪᠰᠢᠶᠡᠷᠡᠬᠦ ᠡᠷᠬᠡ ᠮᠡᠳᠡᠯ ᠪᠣᠯᠤᠨ ᠨᠡᠶᠢᠲᠡᠯᠡᠬᠦ ᠲᠡᠰ | ᠳᠠᠷᠠᠭᠠᠯᠠᠯ ᠢ ᠡᠯ᠎ᠡ ᠬᠤᠰᠢᠭᠤ ᠰᠢᠶᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ | ᠨᠡᠭᠡᠭᠡᠯᠳᠡ ᠶᠢᠨ ᠲᠣᠭᠤᠷᠢᠭ ᠠᠴᠠ ᠲᠣᠭᠲᠠᠭᠠᠨ᠎ᠠ᠃ | 4. ᠪᠠᠴᠢᠮ ᠪᠠᠶᠢᠳᠠᠯ ᠢ ᠠᠷᠭᠠᠴᠠᠬᠤ ᠶᠢ ᠳᠠᠭᠠᠬᠤ | 4.1 ᠪᠠᠴᠢᠮ ᠪᠠᠶᠢᠳᠠᠯ ᠢ ᠠᠷᠭᠠᠴᠠᠬᠤ ᠶᠢᠨ | ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ ᠨᠡᠶᠢᠲᠡᠯᠡᠬᠦ ᠦᠶ᠎ᠡ ᠳᠤ᠂ Ⅲ ᠲᠠᠰ ᠤᠨ ᠪᠠᠴᠢᠮ ᠪᠠᠶᠢᠳᠠᠯ ᠢ | ᠠᠷᠭᠠᠴᠠᠬᠤ ᠲᠥᠰᠦᠯ ᠢ ᠬᠡᠷᠡᠭᠵᠢᠭᠦᠯᠦᠨ᠎ᠡ᠃ | ᠤᠯᠠᠪᠤᠷ ᠥᠩᠭᠡ ᠶᠢᠨ ᠰᠡᠷᠡᠮᠵᠢ ᠶᠢᠨ ᠳᠣᠬᠢᠶ᠎ᠠ ᠶᠢ ᠨᠡᠶᠢᠲᠡᠯᠡᠬᠦ ᠦᠶ᠎ᠡ ᠳᠤ᠂ Ⅱ ᠲᠠᠰ ᠤᠨ ᠪᠠᠴᠢᠮ ᠪᠠᠶᠢᠳᠠᠯ ᠢ | ᠠᠷᠭᠠᠴᠠᠬᠤ ᠬᠠᠷᠢᠭᠤ ᠲᠤᠰᠬᠠᠯ ᠢ ᠡᠬᠢᠯᠡᠭᠦᠯᠦᠨ᠎ᠡ᠃ | ᠤᠯᠠᠭᠠᠨ ᠥᠩᠭᠡ ᠶᠢᠨ ᠰᠡᠷᠡᠮᠵᠢᠯᠡᠭᠦᠯᠦᠯ ᠨᠡᠶᠢᠲᠡᠯᠡᠬᠦ ᠦᠶ᠎ᠡ ᠳᠤ᠂ I ᠲᠠᠰ ᠤᠨ ᠪᠠᠴᠢᠮ ᠪᠠᠶᠢᠳᠠᠯ ᠢ ᠠᠷᠭᠠᠴᠠᠬᠤ | ᠲᠥᠰᠦᠯ ᠢ ᠬᠡᠷᠡᠭᠵᠢᠭᠦᠯᠦᠨ᠎ᠡ᠃ | 4.2 ᠪᠠᠴᠢᠮ ᠪᠠᠶᠢᠳᠠᠯ ᠢ ᠠᠷᠭᠠᠴᠠᠬᠤ ᠠᠵᠢᠯ ᠢ ᠡᠬᠢᠯᠡᠭᠦᠯᠪᠡ | ᠠᠶᠢᠮᠠᠭ ᠤᠨ ᠱᠠᠲᠤᠨ ᠤ ᠰᠡᠷᠡᠮᠵᠢᠯᠡᠭᠦᠯᠦᠯ ᠢ ᠨᠡᠶᠢᠲᠡᠯᠡᠬᠦ ᠦᠶ᠎ᠡ ᠳᠤ᠂ ᠰᠡᠷᠡᠮᠵᠢᠯᠡᠭᠦᠯᠦᠯ ᠢ ᠡᠬᠢᠯᠡᠭᠦᠯᠬᠦ | ᠬᠡᠪᠴᠢᠶᠡᠨ ᠳᠣᠲᠣᠷᠠᠬᠢ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ | ᠨᠡᠭᠡᠭᠡᠯᠲᠡ ᠶᠢᠨ ᠲᠣᠭᠤᠷᠢᠭ ᠨᠢ ᠰᠡᠷᠡᠮᠵᠢᠯᠡᠭᠦᠯᠬᠦ ᠮᠡᠳᠡᠭᠡ ᠵᠠᠩᠭᠢ ᠶᠢᠨ ᠶᠣᠰᠣᠭᠠᠷ ᠵᠣᠬᠢᠬᠤ ᠲᠠᠰ ᠤᠨ ᠪᠠᠴᠢᠮ | ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠡᠬᠢᠯᠡᠭᠦᠯᠬᠦ ᠬᠡᠷᠡᠭᠲᠡᠶ᠃ | 4.3 ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ | 4.3.1 ᠶᠡᠷᠦᠩᠬᠡᠶ ᠱᠠᠭᠠᠷᠳᠠᠯᠭ᠎ᠠ | ︵1︶ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠬᠠᠷᠢᠴᠠᠯ ᠢ ᠨᠢᠭᠡᠳᠦᠯᠲᠡᠶ ᠲᠣᠭᠲᠠᠭᠠᠨ᠎ᠠ | ᠬᠦᠨᠳᠦ ᠪᠣᠬᠢᠷᠲᠤᠯ ᠲᠠᠢ ᠴᠠᠭ ᠠᠭᠤᠷ ᠤᠨ Ⅲ ᠳᠡᠰ᠂ Ⅱ ᠳᠡᠰ᠂ I ᠳᠡᠰ ᠤᠨ ᠪᠠᠴᠢᠮ ᠪᠠᠶᠢᠳᠠᠯ ᠢ | ᠠᠷᠭᠠᠴᠠᠬᠤ ᠶᠢ ᠳᠠᠭᠠᠵᠤ ᠬᠢᠬᠦ ᠬᠤᠭᠤᠴᠠᠭᠠᠨ ᠳᠤ᠂ ᠬᠦᠬᠦᠷ ᠤᠨ ᠳᠠᠪᠬᠤᠷ ᠢᠰᠦᠯ ︵SO — 2︶᠂ | ᠠᠽᠣᠲ ᠤᠨ ᠢᠰᠦᠮᠡᠭ ︵NOx︶᠂ ᠮᠥᠬᠦᠯᠢᠭᠲᠦ ᠪᠣᠳᠠᠰ ︵PM︶ ᠪᠣᠯᠤᠨ ᠳᠡᠭᠳᠡᠮᠡᠬᠡᠶ ᠴᠢᠨᠠᠷᠲᠠᠶ ᠣᠷᠭᠠᠨᠢᠭ | ᠪᠣᠳᠠᠰ ︵VOCs︶ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠯ ᠢ ᠪᠦᠬᠦ | ᠨᠡᠶᠢᠭᠡᠮ ᠤᠨ ᠭᠠᠳᠠᠭᠰᠢᠯᠠᠭᠤᠯᠬᠤ ᠬᠡᠮᠵᠢᠶ᠎ᠡ ᠶᠢᠨ ᠡᠵᠡᠯᠡᠬᠦ ᠬᠠᠷᠢᠴᠠᠯ ᠤᠨ 10%᠂ 20% ᠪᠠ 30% ᠠᠴᠠ | ᠳᠡᠭᠡᠭᠰᠢ ᠳᠤ ᠳᠤᠰ ᠳᠤᠰ ᠬᠦᠷᠭᠡᠬᠦ ᠬᠡᠷᠡᠭᠲᠡᠶ᠃ ᠡᠯ᠎ᠡ ᠬᠤᠰᠢᠭᠤ ᠰᠢᠶᠠᠨ ᠬᠤᠲᠠ᠂ ᠠᠶᠢᠮᠠᠭ ᠤᠨ ᠨᠡᠭᠡᠭᠡᠯᠲᠡ ᠶᠢᠨ | ᠲᠣᠭᠤᠷᠢᠭ ᠨᠢ ᠲᠣᠰ ᠭᠠᠵᠠᠷ ᠣᠷᠣᠨ ᠤ ᠪᠠᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠪᠦᠲᠦᠴᠡ ᠶᠢ | ᠦᠨᠳᠦᠰᠦᠯᠡᠨ SO — 2 ᠪᠣᠯᠤᠨ NOx ᠭᠠᠳᠠᠭᠰᠢᠯᠠᠭᠤᠯᠤᠯᠲᠠ ᠶᠢ ᠪᠠᠭᠠᠰᠬᠠᠬᠤ ᠬᠠᠷᠢᠴᠠᠯ ᠳᠤ | ᠲᠣᠬᠢᠷᠠᠭᠤᠯᠤᠯᠲᠠ ᠬᠢᠵᠦ ᠪᠣᠯᠤᠨ᠎ᠠ᠂ ᠭᠡᠪᠡᠴᠦ ᠡᠨᠡ ᠬᠤᠶᠠᠷ ᠤᠨ ᠬᠠᠷᠢᠴᠠᠯ ᠤᠨ ᠨᠡᠶᠢᠯᠡᠪᠦᠷᠢ ᠶᠢ ᠳᠡᠭᠡᠷ᠎ᠡ | ᠳᠤᠷᠠᠳᠤᠭᠰᠠᠨ ᠶᠡᠷᠦᠩᠬᠡᠶ ᠱᠠᠭᠠᠷᠳᠠᠯᠭ᠎ᠠ ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ | ︵2︶ ᠲᠣᠳᠣᠷᠬᠠᠶ ᠬᠠᠭᠤᠳᠠᠰᠤᠵᠢᠭᠤᠯᠤᠨ ᠲᠦᠷᠦᠯ ᠬᠤᠪᠢᠶᠠᠵᠤ ᠪᠠᠴᠢᠮ ᠪᠠᠶᠢᠳᠠᠯ ᠢ ᠠᠷᠭᠠᠴᠠᠨ ᠬᠠᠮᠢᠶᠠᠷᠤᠨ | ᠡᠵᠡᠮᠳᠡᠬᠦ ᠶᠢ ᠬᠡᠷᠡᠭᠵᠢᠭᠦᠯᠦᠨ᠎ᠡ | ᠡᠯ᠎ᠡ ᠬᠤᠰᠢᠭᠤ ᠰᠢᠶᠠᠨ ᠬᠤᠲᠠ᠂ ᠠᠶᠢᠮᠠᠭ ᠤᠨ ᠨᠡᠭᠡᠭᠡᠯᠲᠡ ᠶᠢᠨ ᠲᠣᠭᠤᠷᠢᠭ ᠤᠨ ᠠᠮᠢ ᠠᠬᠤᠶ ᠶᠢᠨ ᠣᠷᠴᠢᠨ | ᠲᠣᠭᠤᠷᠢᠨ ᠤ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠬᠦᠨᠳᠦ ᠪᠣᠬᠢᠷᠲᠤᠯ ᠲᠠᠢ ᠴᠠᠭ | ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ | ᠬᠠᠭᠤᠳᠠᠰᠤ ᠶᠢ ᠲᠣᠭᠲᠠᠭᠠᠬᠤ ᠶᠢᠨ ᠬᠠᠮᠲᠤ ᠴᠠᠭ ᠲᠤᠬᠠᠶ ᠳᠤᠨᠢ ᠵᠠᠰᠠᠪᠤᠷᠢ ᠣᠷᠣᠭᠤᠯᠵᠤ᠂ ᠰᠢᠲᠠᠮᠠᠬᠠᠶ ᠬᠡᠶ ᠳᠤ | ᠬᠤᠯᠪᠣᠭᠳᠠᠬᠤ ᠪᠣᠬᠢᠷᠲᠤᠯ ᠤᠨ ᠡᠬᠢ ᠶᠢ ᠪᠦᠬᠦᠨ ᠢ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤᠨ ᠳᠤ ᠪᠣᠬᠢᠷᠲᠤᠯ ᠪᠣᠳᠠᠰ ᠢ ᠡᠵᠡᠮᠳᠡᠬᠦ ᠲᠡᠷᠢᠭᠦᠨ ᠴᠢᠬᠤᠯᠠ | ᠱᠠᠭᠠᠷᠳᠠᠯᠭ᠎ᠠ ᠲᠠᠢ ᠤᠶᠠᠯᠳᠤᠭᠤᠯᠤᠨ᠂ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠰᠠᠭᠤᠷᠢ ᠲᠤᠭ᠎ᠠ ᠪᠣᠯᠤᠨ ᠠᠳᠠᠯᠢ ᠪᠤᠰᠤ ᠤᠷᠢᠳᠴᠢᠯᠠᠨ ᠰᠡᠷᠡᠮᠵᠢᠯᠡᠭᠦᠯᠬᠦ ᠲᠠᠰ ᠤᠨ ᠠᠵᠤ | ᠦᠶ᠋ᠯᠡᠳᠪᠦᠷᠢ ᠶᠢᠨ ᠡᠬᠢ ᠰᠤᠷᠪᠤᠯᠵᠢ᠂ ᠲᠣᠭᠤᠰᠣ ᠳᠡᠭᠳᠡᠬᠦ ᠡᠬᠢ ᠰᠤᠷᠪᠤᠯᠵᠢ᠂ ᠰᠢᠯᠵᠢᠮᠡᠯ ᠡᠬᠢ ᠰᠤᠷᠪᠤᠯᠵᠢ ᠪᠣᠯᠤᠨ | ᠪᠤᠰᠤᠳ ᠪᠣᠬᠢᠷᠲᠤᠯ ᠤᠨ ᠨᠠᠷᠢᠨ ᠬᠠᠭᠤᠳᠠᠰᠤ ᠶᠢᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠢᠴᠠᠯ ᠢ ᠨᠠᠷᠢᠨ ᠬᠢᠨᠠᠮᠠᠭᠠᠶ ᠲᠣᠭᠠᠴᠠᠭ᠎ᠠ ᠬᠢᠵᠦ᠂ ᠰᠢᠨᠵᠢᠯᠡᠬᠦ | ᠤᠬᠠᠭᠠᠨᠴᠢ᠂ ᠵᠦᠶ ᠵᠣᠬᠢᠰᠲᠠᠶ᠂ ᠪᠦᠲᠦᠮᠵᠢᠲᠡᠶ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠲᠥᠷᠥᠯ | ᠬᠤᠪᠢᠶᠠᠨ ᠵᠠᠰᠠᠵᠤ᠂ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ ᠡᠵᠡᠮᠳᠡᠬᠦ ᠬᠡᠷᠡᠭᠲᠡᠶ᠃ ᠵᠠᠷᠴᠢᠮ ᠳᠡᠭᠡᠷ᠎ᠡ ᠪᠠᠨ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ | ᠬᠡᠮᠵᠢᠶ᠎ᠡ ᠶᠢ ᠦᠢᠯᠡᠳᠪᠦᠷᠢᠯᠡᠯ ᠤᠨ ᠱᠤᠭᠤᠮ ᠢ ᠵᠣᠭᠰᠣᠭᠠᠬᠤ / ᠬᠢᠵᠠᠭᠠᠷᠯᠠᠬᠤ ᠪᠤᠶᠤ ᠠᠵᠢᠯ ᠤᠨ ᠳᠠᠷᠠᠭᠠᠯᠠᠯ ︵ | ᠲᠥᠬᠦᠭᠡᠷᠦᠮᠵᠢ︶ ᠢᠶᠠᠷ ᠭᠤᠣᠯ ᠪᠣᠯᠭᠠᠵᠤ᠂ ︽ᠬᠡᠷᠡᠭᠵᠢᠭᠦᠯᠵᠦ ᠪᠣᠯᠬᠤ᠂ ᠬᠢᠨᠠᠨ ᠬᠡᠮᠵᠢᠵᠦ ᠪᠣᠯᠬᠤ᠂ ᠬᠢᠨᠠᠨ | ᠪᠠᠶᠢᠴᠠᠭᠠᠵᠤ ᠪᠣᠯᠬᠤ︾ ᠶᠢ ᠪᠡᠶᠡᠯᠡᠭᠦᠯᠬᠦ ᠬᠡᠷᠡᠭᠲᠡᠶ᠃ | ︵3︶ ᠵᠦᠷᠢᠶᠡᠵᠢᠬᠦᠯᠦᠨ ᠲᠠᠰ ᠬᠤᠪᠢᠶᠠᠵᠤ ᠪᠠᠴᠢᠮ ᠪᠠᠶᠢᠳᠠᠯ ᠢ ᠠᠷᠭᠠᠴᠠᠨ ᠬᠠᠮᠢᠶᠠᠷᠤᠨ ᠡᠵᠡᠮᠳᠡᠬᠦ ᠶᠢ | ᠬᠡᠷᠡᠭᠵᠢᠭᠦᠯᠦᠨ᠎ᠡ | ᠠᠷᠠᠳ ᠤᠨ ᠠᠮᠢᠳᠤᠷᠠᠯ ᠤᠨ ᠬᠡᠪ ᠤᠨ ᠬᠡᠷᠡᠭᠴᠡᠭᠡ ᠱᠠᠭᠠᠷᠳᠠᠯᠭ᠎ᠠ ᠪᠠ ᠨᠡᠶᠢᠭᠡᠮ ᠤᠨ ᠠᠵᠢᠯᠯᠠᠭᠠᠨ ᠢ | ᠪᠠᠲᠤᠯᠠᠬᠤ ᠶᠢᠨ ᠲᠥᠯᠥᠭᠡ᠂ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠳᠤ ᠣᠷᠴᠢᠨ ᠠᠬᠤᠶ ᠶᠢᠨ | ᠬᠠᠮᠠᠭᠠᠯᠠᠯᠲᠠ ᠶᠢᠨ ᠠᠵᠢᠯ ᠤᠨ ᠠᠮᠵᠢᠯᠲᠠ ᠪᠦᠲᠦᠮᠵᠢ ᠶᠢ ᠲᠠᠰ ᠬᠤᠪᠢᠶᠠᠬᠤ ᠪᠠ ᠵᠦᠷᠢᠶᠡᠵᠢᠬᠦᠯᠦᠨ ᠬᠠᠮᠢᠶᠠᠷᠤᠨ | ᠡᠵᠡᠮᠳᠡᠬᠦ ᠶᠢ ᠬᠡᠷᠡᠭᠵᠢᠭᠦᠯᠵᠦ᠂ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠬᠤᠯᠪᠣᠭᠳᠠᠭᠰᠠᠨ ᠠᠵᠤ | ᠠᠬᠤᠶᠢᠯᠠᠯ᠂ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ᠂ ᠬᠤᠲᠠ ᠶᠢᠨ ᠠᠵᠢᠯᠯᠠᠭᠠᠨ ᠤ | ᠪᠠᠲᠤᠯᠠᠭ᠎ᠠ ᠶᠢᠨ ᠲᠡᠷᠭᠡ ᠬᠥᠰᠬᠡ ᠶᠢ ᠪᠠᠲᠤᠯᠠᠭ᠎ᠠ ᠶᠢᠨ ᠲᠥᠷᠥᠯ ᠤᠨ ᠨᠠᠷᠢᠨ ᠬᠠᠭᠤᠳᠠᠰᠤᠨ ᠳᠤ ᠣᠷᠣᠭᠤᠯᠤᠨ | ᠪᠠᠲᠤᠯᠠᠵᠤ᠂ ︽ᠨᠢᠭᠡ ᠯᠡ ᠠᠳᠠᠯᠢ ᠪᠠᠷ ᠱᠠᠭᠠᠷᠳᠠᠬᠤ︾ ᠶᠢ ᠰᠡᠷᠭᠡᠶᠢᠯᠡᠨ᠎ᠡ᠃ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯ ᠤᠨ ᠠᠮᠵᠢᠯᠲᠠ ᠪᠦᠲᠦᠮᠵᠢ ᠶᠢᠨ A ᠲᠠᠰ ᠤᠨ ᠪᠠᠷᠢᠮᠵᠢᠶ᠎ᠠ ᠳᠤ ᠬᠦᠷᠦᠭᠰᠡᠨ ᠠᠵᠤ | ᠠᠬᠤᠶᠢᠯᠠᠯ ᠳᠤ ᠵᠠᠷᠴᠢᠮ ᠳᠡᠭᠡᠷ᠎ᠡ ᠪᠠᠨ ᠠᠯᠪᠠᠳᠠᠯᠭ᠎ᠠ ᠪᠠᠷ ᠦᠶ᠋ᠯᠡᠳᠪᠦᠷᠢᠯᠡᠯ ᠢ ᠨᠢ ᠵᠣᠭᠰᠣᠭᠠᠬᠤ ᠪᠤᠶᠤ | ᠦᠶ᠋ᠯᠡᠳᠪᠦᠷᠢᠯᠡᠯ ᠢ ᠨᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠥᠬᠡᠶ︔ ᠣᠷᠴᠢᠨ ᠠᠬᠤᠶ ᠶᠢᠨ ᠬᠠᠮᠠᠭᠠᠯᠠᠯᠲᠠ ᠶᠢᠨ | ᠠᠮᠵᠢᠯᠲᠠ ᠪᠦᠲᠦᠮᠵᠢ ᠶᠢᠨ B ᠲᠠᠰ ᠤᠨ ᠪᠠᠷᠢᠮᠵᠢᠶ᠎ᠠ ᠳᠤ ᠭᠦᠷᠦᠭᠰᠡᠨ ᠠᠵᠤ ᠠᠬᠤᠶᠢᠯᠠᠯ ᠳᠤ ᠦᠶ᠋ᠯᠡᠳᠪᠦᠷᠢᠯᠡᠯ ᠢ ᠨᠢ | ᠵᠣᠭᠰᠣᠭᠠᠬᠤ ᠪᠤᠶᠤ ᠦᠶ᠋ᠯᠡᠳᠪᠦᠷᠢᠯᠡᠯ ᠢ ᠨᠢ ᠬᠢᠵᠠᠭᠠᠷᠯᠠᠬᠤ ᠠᠷᠭ᠎ᠠ ᠬᠡᠮᠵᠢᠶ᠎ᠡ ᠠᠪᠬᠤ ᠶᠢ ᠪᠠᠭᠠᠰᠬᠠᠨ᠎ᠠ︔ ᠪᠣᠬᠢᠷᠲᠤᠯ ᠢ | ᠵᠠᠰᠠᠬᠤ ᠬᠢᠷᠢ ᠬᠡᠮᠵᠢᠶ᠎ᠡ ᠪᠠᠷ ᠳᠣᠣᠷ᠎ᠠ ᠪᠠᠶᠢᠭ᠎ᠠ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ | ᠦᠢᠯᠡᠳᠪᠦᠷᠢᠯᠡᠯ ᠢ ᠨᠢ ᠵᠣᠭᠰᠣᠭᠠᠬᠤ ᠪᠤᠶᠤ ᠦᠢᠯᠡᠳᠪᠦᠷᠢᠯᠡᠯ ᠢ ᠨᠢ ᠬᠢᠵᠠᠭᠠᠷᠯᠠᠬᠤ ᠠᠷᠭ᠎ᠠ ᠬᠡᠮᠵᠢᠶ᠎ᠡ ᠶᠢᠨ ᠡᠷᠴᠢᠮ ᠢ | ᠴᠢᠩᠭᠠᠷᠠᠭᠤᠯᠵᠤ᠂ ᠴᠢᠳᠠᠪᠤᠷᠢ ᠲᠠᠢ ᠠᠵᠤ ᠠᠬᠤᠶᠢᠯᠠᠯ ᠤᠨ ᠬᠦᠨᠳᠦ ᠪᠣᠬᠢᠷᠲᠤᠯ ᠲᠠᠢ ᠴᠠᠭ ᠠᠭᠤᠷ ᠡᠭᠦᠰᠬᠦ ᠦᠶ᠎ᠡ ᠳᠤ | ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ | ᠠᠪᠬᠤ ᠶᠢ ᠵᠣᠷᠢᠭᠵᠢᠭᠤᠯᠤᠨ᠎ᠠ᠃ ᠵᠠᠷᠴᠢᠮ ᠳᠡᠭᠡᠷ᠎ᠡ ᠪᠠᠨ ᠴᠠᠬᠢᠯᠭᠠᠨ ᠤ ᠦᠶ᠋ᠯᠡᠳᠪᠦᠷᠢ᠂ ᠰᠠᠭᠤᠭᠠᠯᠢ ᠠᠷᠠᠳ ᠤᠨ | ᠳᠤᠯᠠᠭᠠᠯᠭ᠎ᠠ ᠶᠢᠨ ᠵᠤᠤᠬ᠎ᠠ ᠶᠢᠨ ᠬᠡᠷ᠂ ᠬᠡᠶ ᠳᠤ ᠬᠤᠯᠪᠣᠭᠳᠠᠬᠤ ᠵᠢᠵᠢᠭ ᠪᠢᠴᠢᠯ ᠠᠵᠤ ᠠᠬᠤᠶᠢᠯᠠᠯ ︵ | ᠰᠢᠲᠠᠭᠠᠯᠭ᠎ᠠ ᠶᠢᠨ ᠪᠤᠰᠤ ᠨᠡᠭᠦᠷᠡᠰᠦ᠂ ᠰᠢᠲᠠᠭᠠᠯᠭ᠎ᠠ ᠶᠢᠨ ᠪᠤᠰᠤ ᠲᠣᠰᠣ᠂ ᠪᠣᠬᠢᠷᠲᠤᠯ ᠪᠣᠳᠠᠰ ᠤᠨ ᠪᠦᠷᠢᠯᠳᠦᠬᠦᠨ | ᠲᠠᠩ ᠴᠤᠯᠭᠤᠶ᠂ ᠭᠠᠳᠠᠭᠰᠢᠯᠠᠭᠤᠯᠤᠭᠰᠠᠨ ᠠᠭᠠᠷ ᠮᠠᠨᠳᠠᠯ ᠤᠨ ᠪᠣᠬᠢᠷᠲᠤᠯ ᠪᠣᠳᠠᠰ ᠤᠨ ᠳᠣᠲᠣᠷᠠᠬᠢ ᠬᠤᠤᠷ | ᠬᠥᠨᠥᠭᠡᠯ ᠲᠠᠢ ᠵᠢᠴᠢ ᠦᠮᠡᠬᠡᠶ ᠬᠡᠶ ᠥᠬᠡᠶ ᠬᠡᠶ ᠪᠡᠶᠡᠲᠦ᠂ ᠪᠣᠬᠢᠷᠲᠤᠯ ᠪᠣᠳᠠᠰ ᠤᠨ ᠵᠢᠯ ᠤᠨ | ᠭᠠᠳᠠᠭᠰᠢᠯᠠᠭᠤᠯᠤᠯᠲᠠ ᠶᠢᠨ ᠶᠡᠷᠦᠩᠬᠡᠶ ᠬᠡᠮᠵᠢᠶ᠎ᠡ ᠨᠢ 100 ᠺᠢᠯᠣᠭ᠍ᠷᠠᠮ ᠠᠴᠠ ᠳᠣᠷᠣᠭᠰᠢᠬᠢ ᠠᠵᠤ ᠠᠬᠤᠶᠢᠯᠠᠯ︶ | ᠵᠡᠷᠭᠡ ᠳᠤ ᠦᠶ᠋ᠯᠡᠳᠪᠦᠷᠢᠯᠡᠬᠦ ᠶᠢ ᠵᠣᠭᠰᠣᠭᠠᠬᠤ ︵ᠬᠢᠵᠠᠭᠠᠷᠯᠠᠬᠤ︶ ᠠᠷᠭ᠎ᠠ ᠬᠡᠮᠵᠢᠶ᠎ᠡ ᠠᠪᠴᠤ ᠪᠣᠯᠬᠤ ᠥᠬᠡᠶ᠃ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠱᠠᠭᠠᠷᠳᠠᠯᠭ᠎ᠠ ᠶᠢ ᠬᠠᠩᠭᠠᠬᠤ ᠳᠤ ᠬᠦᠴᠢᠷᠲᠡᠶ ᠪᠠᠶᠢᠳᠠᠯ | ᠳᠣᠣᠷ᠎ᠠ᠂ ᠬᠡᠷᠡᠭᠴᠡᠭᠡ ᠶᠣᠰᠣᠭᠠᠷ ᠬᠡᠢ ᠳᠤ ᠬᠤᠯᠪᠣᠭᠳᠠᠬᠤ ᠵᠢᠵᠢᠭ ᠪᠢᠴᠢᠯ ᠠᠵᠤ ᠠᠬᠤᠶᠢᠯᠠᠯ ᠳᠤ ᠵᠣᠬᠢᠴᠠᠩᠭᠤᠶ | ᠠᠷᠭ᠎ᠠ ᠬᠡᠮᠵᠢᠶ᠎ᠡ ᠠᠪᠴᠤ᠂ ᠰᠠᠭᠤᠭᠠᠯᠢ ᠠᠷᠠᠳ ᠤᠨ ᠳᠤᠯᠠᠭᠠᠯᠭ᠎ᠠ ᠶᠢᠨ ᠬᠦᠤᠤᠯᠦ ᠪᠣᠯᠤᠨ ᠲᠤᠬᠠᠶ ᠶᠢᠨ ᠭᠠᠵᠠᠷ ᠤᠨ | ᠠᠭᠠᠷ ᠤᠨ ᠶᠠᠰᠤ ᠴᠢᠨᠠᠷ ᠤᠨ ᠨᠥᠯᠥᠭᠡ ᠪᠠᠷ ᠪᠠᠭ᠎ᠠ ᠪᠠᠶᠢᠳᠠᠭ ᠠᠮᠢᠳᠤᠷᠠᠯ ᠤᠨ ᠦᠢᠯᠡᠴᠢᠯᠡᠭᠡᠨ ᠤ ᠦᠢᠯᠡᠰ ᠲᠤ | ᠦᠢᠯᠡᠳᠪᠦᠷᠢᠯᠡᠯ ᠢ ᠨᠢ ᠵᠣᠭᠰᠣᠭᠠᠬᠤ ︵ᠬᠢᠵᠠᠭᠠᠷᠯᠠᠬᠤ︶ ᠠᠷᠭ᠎ᠠ ᠬᠡᠮᠵᠢᠶ᠎ᠡ ᠠᠪᠬᠤ ᠠᠴᠠ ᠵᠠᠶᠢᠯᠠᠰᠬᠢᠵᠦ ᠪᠣᠯᠤᠨ᠎ᠠ᠃ | ︵4︶ ᠠᠵᠤ ᠠᠬᠤᠶᠢᠯᠠᠯ ᠤᠨ ︽ᠨᠢᠭᠡ ᠦᠢᠯᠡᠳᠪᠦᠷᠢ ᠨᠢᠭᠡ ᠠᠷᠭ᠎ᠠ ᠪᠤᠳᠤᠯᠭ᠎ᠠ︾ ᠶᠢᠨ ᠬᠡᠷᠡᠭᠵᠢᠭᠦᠯᠬᠦ | ᠲᠥᠰᠦᠯ ᠢ ᠨᠠᠷᠢᠯᠢᠬᠵᠢᠭᠤᠯᠤᠨ᠎ᠠ | ᠡᠯ᠎ᠡ ᠬᠤᠰᠢᠭᠤ ᠰᠢᠶᠠᠨ ᠬᠤᠲᠠ᠂ ᠠᠶᠢᠮᠠᠭ ᠤᠨ ᠨᠡᠭᠡᠭᠡᠯᠲᠡ ᠶᠢᠨ ᠲᠣᠭᠤᠷᠢᠭ ᠤᠨ ᠠᠮᠢ ᠠᠬᠤᠶ ᠶᠢᠨ ᠣᠷᠴᠢᠨ | ᠲᠣᠭᠤᠷᠢᠨ ᠤ ᠰᠠᠯᠠᠭ᠎ᠠ ᠮᠥᠴᠢᠷ ᠤᠳ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ ᠲᠠᠢ | ᠬᠠᠮᠲᠤᠷᠠᠨ ᠠᠵᠤ ᠠᠬᠤᠶᠢᠯᠠᠯ ᠢ ᠵᠢᠯᠣᠭᠤᠳᠴᠤ ᠪᠠᠶᠢᠭᠠᠳ ︽ᠨᠢᠭᠡ ᠦᠶ᠋ᠯᠡᠳᠪᠦᠷᠢ ᠨᠢᠭᠡ ᠪᠣᠳᠣᠯᠭ᠎ᠠ︾ ᠶᠢᠨ ᠪᠠᠴᠢᠮ | ᠪᠠᠶᠢᠳᠠᠯ ᠢ ᠠᠷᠭᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢᠨ ᠬᠡᠷᠡᠭᠵᠢᠭᠦᠯᠬᠦ | ᠲᠥᠰᠦᠯ ᠢ ᠲᠣᠭᠲᠠᠭᠠᠬᠤ ᠬᠡᠷᠡᠭᠲᠡᠶ᠃ ᠲᠥᠰᠦᠯ ᠳᠤ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ ᠭᠤᠤᠯ ᠪᠣᠯᠬᠤ | ᠦᠶ᠋ᠯᠡᠳᠪᠦᠷᠢᠯᠡᠯ ᠤᠨ ᠤᠷᠠᠯᠠᠯ ᠤᠨ ᠴᠤᠪᠤᠷᠠᠯ᠂ ᠭᠤᠤᠯ ᠪᠣᠯᠬᠤ ᠰᠢᠲᠠᠮᠠᠬᠠᠶ ᠬᠡᠶ ᠳᠤ ᠬᠤᠯᠪᠣᠭᠳᠠᠬᠤ ᠪᠣᠬᠢᠷᠲᠤᠯ | ᠭᠠᠳᠠᠭᠰᠢᠯᠠᠭᠤᠯᠬᠤ ᠭᠤᠭᠴᠤᠭ᠎ᠠ ᠵᠢᠴᠢ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠪᠠᠶᠢᠳᠠᠯ ︵ᠬᠦᠨᠳᠦ | ᠬᠡᠯᠪᠡᠷᠢ ᠶᠢᠨ ᠲᠡᠭᠡᠭᠡᠪᠦᠷᠢ ᠶᠢᠨ ᠲᠡᠷᠭᠡ ᠬᠥᠰᠬᠡ ᠵᠢᠴᠢ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠮᠧᠬᠠᠨᠢᠭ | ᠪᠠᠭᠲᠠᠨ᠎ᠠ︶ ᠢ ᠪᠠᠭᠲᠠᠭᠠᠬᠤ ᠶᠢᠨ ᠬᠠᠮᠲᠤ᠂ ᠠᠳᠠᠯᠢ ᠪᠤᠰᠤ ᠲᠠᠰ ᠤᠨ ᠰᠡᠷᠡᠮᠵᠢᠯᠡᠭᠦᠯᠦᠯ ᠳᠣᠤᠷᠠᠬᠢ ᠪᠠᠴᠢᠮ ᠪᠠᠶᠢᠳᠠᠯ ᠢ | ᠠᠷᠭᠠᠴᠠᠬᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠵᠢᠴᠢ ᠦᠢᠯᠡᠳᠪᠦᠷᠢᠯᠡᠯ ᠢ | ᠵᠣᠭᠰᠣᠭᠠᠬᠤ ︵ᠬᠢᠵᠠᠭᠠᠷᠯᠠᠬᠤ︶ ᠪᠣᠳᠠᠲᠠᠶ ᠦᠢᠯᠡᠳᠪᠦᠷᠢᠯᠡᠯ ᠤᠨ ᠱᠤᠭᠤᠮ᠂ ᠤᠷᠠᠯᠠᠯ ᠤᠨ ᠭᠤᠭᠴᠤᠭ᠎ᠠ ᠪᠣᠯᠤᠨ | ᠡᠯ᠎ᠡ ᠲᠥᠷᠥᠯ ᠤᠨ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢᠨ ᠵᠠᠩᠭᠢᠯᠠᠭ᠎ᠠ ᠶᠢᠨ | ᠴᠢᠨᠠᠷᠲᠠᠶ ᠭᠦᠢᠴᠡᠳᠭᠡᠯ ᠲᠤᠭ᠎ᠠ ᠶᠢ ᠲᠣᠳᠣᠷᠬᠠᠶᠢᠯᠠᠬᠤ ᠬᠡᠷᠡᠭᠲᠡᠶ᠃ ᠣᠨᠴᠠᠭᠠᠶ ᠴᠠᠭ ᠬᠤᠭᠤᠴᠠᠭᠠᠨ ᠳᠤ ᠪᠣᠬᠢᠷᠲᠤᠯ | ᠪᠣᠳᠠᠰ ᠭᠠᠳᠠᠭᠰᠢᠯᠠᠭᠤᠯᠬᠤ ᠶᠢ ᠴᠠᠭᠠᠵᠠᠯᠠᠬᠤ ᠪᠤᠶᠤ ᠬᠢᠵᠠᠭᠠᠷᠯᠠᠬᠤ ᠱᠠᠭᠠᠷᠳᠠᠯᠭ᠎ᠠ ᠶᠢ ᠪᠣᠬᠢᠷᠲᠤᠯ ᠪᠣᠳᠠᠰ | ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠳᠤ ᠬᠠᠤᠯᠢ ᠶᠣᠰᠣᠭᠠᠷ ᠣᠷᠣᠭᠤᠯᠤᠨ᠎ᠠ᠃ | ︵5︶ ᠣᠷᠣᠨ ᠪᠦᠰᠡ ᠶᠢᠨ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠶᠢ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ ᠶᠢ ᠴᠢᠩᠭᠠᠳᠬᠠᠨ᠎ᠠ | ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠰᠠᠭᠤᠷᠢᠨ | ᠳᠡᠭᠡᠷ᠎ᠡ᠂ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢ ᠬᠡᠷᠡᠭᠯᠡᠨ᠂ | ᠮᠡᠳᠡᠭᠡ ᠵᠠᠩᠭᠢ ᠶᠢ ᠬᠠᠮᠲᠤᠪᠠᠷ ᠭᠥᠷᠳᠡᠬᠦ᠂ ᠵᠥᠪᠳᠡᠯᠴᠡᠨ ᠰᠤᠳᠤᠯᠤᠨ ᠮᠠᠭᠠᠳᠯᠠᠬᠤ᠂ ᠬᠠᠤᠯᠢ ᠬᠡᠷᠡᠭᠵᠢᠭᠦᠯᠬᠦ ᠳᠤ | ᠬᠢᠨᠠᠯᠲᠠ ᠲᠠᠯᠪᠢᠬᠤ ᠵᠡᠷᠭᠡ ᠠᠷᠭ᠎ᠠ ᠬᠡᠮᠵᠢᠶ᠎ᠡ ᠶᠢ ᠴᠢᠩᠭᠠᠷᠠᠭᠤᠯᠵᠤ᠂ ᠥᠨᠳᠥᠷ ᠥᠷᠲᠡᠭ ᠢᠶᠠᠷ ᠪᠠᠶᠢᠨ ᠳᠠᠬᠢᠨ ᠭᠠᠷᠴᠤ | ᠪᠠᠶᠢᠭ᠎ᠠ ᠭᠤᠤᠯᠳᠠᠯᠭ᠎ᠠ ᠲᠠᠢ ᠭᠠᠵᠠᠷ ᠣᠷᠣᠨ ᠳᠤ ᠠᠩᠬᠠᠷᠤᠯ ᠢᠶᠠᠨ ᠲᠥᠪᠯᠡᠷᠡᠭᠦᠯᠦᠨ᠂ ᠬᠤᠯᠪᠣᠭᠠᠯᠠᠨ ᠬᠠᠤᠯᠢ | ᠬᠡᠷᠡᠭᠵᠢᠭᠦᠯᠬᠦ᠂ ᠰᠣᠯᠪᠢᠴᠠᠨ ᠬᠠᠤᠯᠢ ᠬᠡᠷᠡᠭᠵᠢᠭᠦᠯᠬᠦ ᠪᠠ ᠦᠶ᠋ᠯᠡᠳᠪᠦᠷᠢ ᠳᠤ ᠰᠠᠭᠤᠵᠤ ᠬᠢᠨᠠᠯᠲᠠ ᠲᠠᠯᠪᠢᠬᠤ ᠶᠢ | ᠥᠷᠨᠢᠭᠦᠯᠵᠦ᠂ ᠣᠷᠣᠨ ᠪᠦᠰᠡ ᠶᠢᠨ ᠪᠣᠬᠢᠷᠲᠤᠯ ᠢ ᠵᠠᠰᠠᠬᠤ ᠶᠢ ᠬᠠᠮᠵᠢᠯᠴᠠᠭᠤᠯᠬᠤ᠂ ᠠᠷᠭᠠᠴᠠᠨ ᠬᠠᠮᠵᠢᠯᠴᠠᠭᠤᠯᠬᠤ᠂ | ᠬᠠᠮᠢᠶᠠᠷᠤᠨ ᠡᠵᠡᠮᠳᠡᠬᠦ ᠶᠢ ᠬᠠᠮᠵᠢᠯᠴᠠᠭᠤᠯᠬᠤ ᠶᠢ ᠦᠨᠡᠨᠬᠦ ᠠᠬᠢᠭᠤᠯᠤᠨ᠎ᠠ᠃ ᠣᠷᠴᠢᠨ ᠲᠣᠭᠤᠷᠢᠨ ᠤ ᠠᠭᠠᠷ ᠤᠨ ᠶᠠᠰᠤ | ᠴᠢᠨᠠᠷ ᠨᠢ ᠠᠶᠢᠮᠠᠭ ᠤᠨ ᠭᠠᠳᠠᠨᠠᠬᠢ ᠪᠣᠬᠢᠷᠲᠤᠯ ᠤᠨ ᠢᠯᠡᠷᠬᠡᠶ ᠨᠥᠯᠥᠭᠡ ᠶᠢ ᠭᠥᠷᠳᠡᠵᠦ ᠮᠡᠳᠡᠬᠦ ᠶᠢ ᠤᠷᠢᠳᠴᠢᠯᠠᠨ | ᠮᠡᠳᠡᠭᠰᠡᠨ ᠦᠶ᠎ᠡ ᠳᠤ᠂ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠠᠴᠠ ᠬᠠᠮᠢᠶ᠎ᠠ ᠪᠥᠬᠦᠶ | ᠠᠶᠢᠮᠠᠭ ᠬᠤᠲᠠ ᠶᠢ ᠵᠣᠬᠢᠴᠠᠭᠤᠯᠤᠨ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ | ᠠᠵᠢᠯ ᠢ ᠥᠷᠨᠢᠭᠦᠯᠦᠨ᠎ᠡ᠃ | 4.3.2Ⅲ ᠳᠡᠰ ᠤᠨ ᠳᠠᠭᠠᠬᠤ ᠠᠷᠭ᠎ᠠ ᠬᠡᠮᠵᠢᠶ᠎ᠡ | ᠰᠡᠷᠡᠮᠵᠢᠯᠡᠭᠦᠯᠬᠦ ᠮᠡᠳᠡᠭᠡ ᠵᠠᠩᠭᠢ ᠶᠢ ᠨᠡᠶᠢᠲᠡᠯᠡᠭᠰᠡᠨ ᠤ ᠲᠠᠷᠠᠭ᠎ᠠ᠂ ᠠᠶᠢᠮᠠᠭ ᠤᠨ ᠵᠠᠬᠢᠷᠭ᠎ᠠ ᠬᠢᠭᠡᠳ ᠡᠯ᠎ᠡ | ᠬᠤᠰᠢᠭᠤ ᠰᠢᠶᠠᠨ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠨᠡᠭᠡᠭᠡᠯᠳᠡ ᠶᠢᠨ | ᠣᠷᠣᠨ ᠨᠤᠭᠤᠳ ᠬᠠᠮᠢᠶ᠎ᠠ ᠪᠥᠬᠦᠢ ᠰᠠᠯᠠᠭ᠎ᠠ ᠮᠥᠴᠢᠷ᠂ ᠠᠵᠤ ᠠᠬᠤᠶᠢᠯᠠᠯ ᠢ ᠳᠠᠷᠦ᠋ᠢᠬᠠᠨ ᠵᠣᠬᠢᠶᠠᠨ ᠪᠠᠶᠢᠭᠤᠯᠤᠨ | ᠵᠣᠬᠢᠴᠠᠩᠭᠤᠶ ᠲᠡᠰ ᠤᠨ ᠴᠤᠤᠷᠢᠶᠠᠲᠤᠨ ᠲᠠᠭᠠᠬᠤ ᠠᠷᠭ᠎ᠠ ᠬᠡᠮᠵᠢᠶ᠎ᠡ ᠶᠢ ᠠᠪᠬᠤ ᠬᠡᠷᠡᠭᠲᠡᠶ᠃ ᠡᠭᠦᠨ ᠳᠤ ᠳᠣᠣᠷᠠᠬᠢ | ᠠᠷᠭ᠎ᠠ ᠬᠡᠮᠵᠢᠶ᠎ᠡ ᠨᠦᠭᠦᠳ ᠲᠤ ᠪᠠᠭᠲᠠᠬᠤ ᠪᠣᠯᠪᠠᠴᠤ ᠬᠢᠵᠠᠭᠠᠷᠯᠠᠭᠳᠠᠬᠤ ᠦᠭᠡᠢ᠄ | ︵1︶ ᠡᠷᠡᠭᠦᠯ ᠮᠡᠡᠳᠦ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ | ᠤᠬᠠᠭᠤᠯᠬᠤ ᠰᠠᠯᠠᠭ᠎ᠠ ᠮᠥᠴᠢᠷ ᠠᠴᠠ ᠰᠣᠨᠢᠨ ᠤ ᠬᠤᠷᠢᠶ᠎ᠠ᠂ ᠷᠠᠳᠢᠣ᠋ ᠲᠧᠯᠸᠢᠰ ᠬᠤᠷᠢᠶ᠎ᠠ᠂ ᠴᠠᠬᠢᠯᠭᠠᠨ | ᠬᠤᠯᠪᠣᠭ᠎ᠠ ᠶᠢᠨ ᠡᠵᠡᠩᠨᠡᠯᠲᠡ ᠶᠢᠨ ᠠᠵᠤ ᠠᠬᠤᠶᠢᠯᠠᠯ ᠵᠡᠷᠭᠡ ᠶᠢ ᠬᠢᠨᠠᠨ ᠵᠢᠯᠣᠭᠤᠳᠬᠤ ᠪᠠ ᠵᠣᠬᠢᠴᠠᠭᠤᠯᠵᠤ᠂ ᠬᠦᠨᠳᠦ | ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠵᠤ ᠬᠢᠬᠦ ᠣᠷᠣᠨ ᠳᠤ ᠡᠷᠡᠭᠦᠯ | ᠮᠡᠨᠳᠦ ᠶᠢᠨ ᠰᠡᠷᠭᠡᠶᠢᠯᠡᠯᠲᠡ ᠶᠢᠨ ᠰᠡᠷᠡᠮᠵᠢᠯᠡᠭᠦᠯᠦᠯ ᠨᠡᠶᠢᠲᠡᠯᠡᠬᠦ ᠶᠢ ᠬᠠᠷᠢᠭᠤᠴᠠᠨ᠎ᠠ᠄ ᠬᠡᠤᠬᠡᠳ᠂ ᠨᠠᠰᠤᠲᠠᠶᠢᠴᠤᠳ ᠪᠠ | ᠵᠢᠷᠦᠬᠡ ᠲᠠᠷᠢᠬᠢᠨ ᠤ ᠴᠢᠰᠤᠨ ᠰᠤᠳᠠᠯ᠂ ᠠᠮᠢᠰᠬᠤᠯ ᠤᠨ ᠰᠢᠰᠲ᠋ᠧᠮ ᠵᠡᠷᠭᠡ ᠡᠪᠡᠳᠴᠢᠨ ᠡᠮᠭᠡᠭ ᠲᠠᠢ ᠠᠮᠠᠷᠬᠠᠨ | ᠬᠠᠯᠳᠠᠪᠤᠷᠢᠯᠠᠭᠳᠠᠬᠤ ᠬᠥᠮᠦᠰ ᠢ ᠴᠢᠳᠠᠬᠤ ᠶᠢᠨ ᠬᠢᠷᠢ ᠪᠠᠷ ᠬᠡᠷ ᠳᠣᠲᠣᠷ᠎ᠠ ᠪᠠᠶᠢᠯᠭᠠᠵᠤ᠂ ᠬᠡᠷ ᠤᠨ ᠭᠠᠳᠠᠨ᠎ᠠ | ᠬᠥᠳᠡᠯᠭᠡᠭᠡᠨ ᠬᠢᠬᠦ ᠠᠴᠠ ᠵᠠᠶᠢᠯᠠᠰᠬᠢᠨ᠎ᠡ︔ ᠡᠩ ᠤᠨ ᠬᠥᠮᠦᠰ ᠭᠡᠷ ᠤᠨ ᠭᠠᠳᠠᠨ᠎ᠠ ᠬᠥᠳᠡᠯᠭᠡᠭᠡᠨ ᠬᠢᠬᠦ ᠪᠠ ᠠᠵᠢᠯᠯᠠᠬᠤ | ᠴᠠᠭ ᠢᠶᠠᠨ ᠪᠠᠭᠠᠰᠬᠠᠬᠤ ᠪᠤᠶᠤ ᠲᠡᠭᠦᠨ ᠠᠴᠠ ᠵᠠᠶᠢᠯᠠᠰᠬᠢᠬᠦ ᠳᠤ ᠵᠠᠪᠠᠯ ᠠᠮᠠᠪᠴᠢ ᠵᠡᠭᠦᠬᠦ᠂ ᠭᠡᠷ ᠤᠨ ᠭᠠᠳᠠᠨ᠎ᠠ | ᠠᠵᠢᠯᠯᠠᠬᠤ ᠴᠠᠭ ᠢ ᠪᠣᠭᠤᠨᠢᠰᠬᠠᠬᠤ ᠵᠡᠷᠭᠡ ᠴᠢᠬᠤᠯᠠ ᠪᠦᠬᠦᠢ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠠᠪᠤᠨ᠎ᠠ᠃ | ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠬᠡᠤᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠂ | ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠡᠷ ᠤᠨ ᠭᠠᠳᠠᠨᠠᠬᠢ ᠬᠢᠴᠢᠶᠡᠯ ᠵᠢᠴᠢ ᠠᠵᠢᠯᠯᠠᠭ᠎ᠠ ᠶᠢ | ᠪᠠᠭᠠᠰᠬᠠᠬᠤ ᠶᠢ ᠬᠢᠨᠠᠨ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠨᠢ ᠡᠮᠴᠢᠯᠡᠭᠡᠨ ᠤ ᠪᠠᠶᠢᠭᠤᠯᠤᠮᠵᠢ ᠶᠢᠨ ᠠᠪᠤᠷᠠᠨ | ᠵᠠᠰᠠᠬᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠡᠮᠴᠢ ᠰᠤᠪᠢᠯᠠᠭᠴᠢ ᠶᠢ ᠪᠠᠴᠢᠮ ᠲᠦᠷᠭᠡᠨ ᠨᠡᠮᠡᠨ ᠲᠣᠮᠢᠯᠠᠵᠤ | ᠬᠠᠮᠢᠶ᠎ᠠ ᠪᠥᠬᠦᠶ ᠡᠪᠡᠳᠴᠢᠨ ᠡᠮᠭᠡᠭ ᠤᠨ ᠡᠭᠦᠳᠡᠨ ᠡᠮᠨᠡᠯᠭᠡ᠂ ᠲᠦᠷᠭᠡᠨ ᠡᠮᠨᠡᠬᠦ ᠬᠦᠴᠦᠨ ᠢ ᠲᠡᠭᠦᠯᠳᠡᠷᠵᠢᠭᠦᠯᠬᠦ ᠶᠢ | ᠰᠢᠮᠳᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃ | ︵2︶ ᠰᠠᠨᠠᠭᠠᠴᠢᠯᠠᠭ᠎ᠠ ᠶᠢᠨ ᠴᠢᠨᠠᠷᠲᠠᠶ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ | ᠬᠡᠮᠵᠢᠶ᠎ᠡ | ᠤᠬᠠᠭᠤᠯᠬᠤ ᠰᠠᠯᠠᠭ᠎ᠠ ᠮᠥᠴᠢᠷ ᠨᠢ ᠰᠣᠨᠢᠨ ᠤ ᠬᠤᠷᠢᠶ᠎ᠠ᠂ ᠷᠠᠳᠢᠣ᠋ ᠲᠧᠯᠸᠢᠰ ᠬᠤᠷᠢᠶ᠎ᠠ᠂ ᠴᠠᠬᠢᠯᠭᠠᠨ | ᠬᠤᠯᠪᠣᠭ᠎ᠠ ᠶᠢᠨ ᠡᠵᠡᠩᠨᠡᠯᠲᠡ ᠶᠢᠨ ᠠᠵᠤ ᠠᠬᠤᠶᠢᠯᠠᠯ ᠵᠡᠷᠭᠡ ᠶᠢ ᠬᠢᠨᠠᠨ ᠵᠢᠯᠣᠭᠤᠳᠬᠤ ᠪᠠ ᠵᠣᠬᠢᠴᠠᠭᠤᠯᠵᠤ ᠪᠠᠶᠢᠭᠠᠳ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠶᠢ ᠳᠠᠭᠠᠵᠤ ᠬᠢᠬᠦ ᠣᠷᠣᠨ ᠪᠦᠰᠡ ᠳᠤ | ᠳᠣᠤᠷᠠᠬᠢ ᠮᠡᠲᠦ ᠰᠠᠨᠠᠭᠠᠴᠢᠯᠠᠭ᠎ᠠ ᠶᠢᠨ ᠮᠡᠳᠡᠭᠡ ᠵᠠᠩᠭᠢ ᠶᠢ ᠨᠡᠶᠢᠲᠡᠯᠡᠬᠦ ᠶᠢ ᠬᠠᠷᠢᠭᠤᠴᠠᠨ᠎ᠠ᠄ ︽ᠣᠯᠠᠨ ᠨᠡᠶᠢᠲᠡ ᠶᠢᠨ | ᠪᠣᠬᠢᠷᠲᠤᠯ ᠥᠬᠡᠶ ᠬᠡᠷᠡᠭᠯᠡᠭᠡ ᠶᠢ ᠰᠠᠨᠠᠭᠠᠴᠢᠯᠠᠵᠤ᠂ ᠨᠢᠭᠡᠴᠢ ᠪᠠ ᠣᠯᠠᠨ ᠨᠡᠶᠢᠲᠡ ᠶᠢᠨ ᠳᠡᠭᠳᠡᠮᠡᠬᠡᠶ ᠴᠢᠨᠠᠷᠲᠠᠶ | ᠣᠷᠭᠠᠨᠢᠭ ᠪᠣᠳᠠᠰ ᠠᠭᠤᠯᠤᠭᠰᠠᠨ ᠰᠢᠷ᠂ ᠰᠢᠷ᠂ ᠠᠭᠤᠰᠬᠠᠭᠴᠢ ᠵᠡᠷᠭᠡ ᠲᠦᠭᠦᠬᠡᠶ ᠮᠠᠲ᠋ᠧᠷᠢᠶᠠᠯ ᠵᠢᠴᠢ | ᠦᠶ᠋ᠯᠡᠳᠬᠦᠨ ᠤ ᠬᠡᠷᠡᠭᠯᠡᠯᠲᠡ ᠶᠢ ᠠᠯᠢ ᠴᠢᠳᠠᠬᠤ ᠪᠠᠷ ᠪᠠᠭᠠᠰᠬᠠᠨ᠎ᠠ︔ ᠣᠯᠠᠨ ᠨᠡᠶᠢᠲᠡ ᠶᠢᠨ ᠪᠣᠬᠢᠷᠲᠤᠯ ᠥᠬᠡᠶ ᠪᠠᠷ | ᠭᠠᠳᠠᠭᠰᠢ ᠭᠠᠷᠬᠤ ᠶᠢ ᠰᠠᠨᠠᠭᠠᠴᠢᠯᠠᠵᠤ᠂ ᠠᠯᠢ ᠴᠢᠳᠠᠬᠤ ᠪᠠᠷ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠠᠭᠠᠵᠢ | ᠪᠤᠶᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠳᠤ ᠰᠠᠭᠤᠵᠤ ᠭᠠᠳᠠᠭᠰᠢ ᠭᠠᠷᠴᠤ᠂ ᠲᠡᠷᠭᠡᠨ ᠳᠤ ᠰᠠᠭᠤᠬᠤ | ᠴᠠᠭ ᠢ ᠴᠠᠭ ᠲᠤᠬᠠᠶ ᠳᠤᠨᠢ ᠤᠨᠲᠠᠷᠠᠭᠠᠵᠤ᠂ ᠲᠡᠷᠭᠡᠨ ᠤ ᠤᠤᠯ ᠤᠨ ᠭᠠᠵᠠᠷ ᠲᠠᠭᠠᠨ ᠬᠤᠶᠢᠷᠭᠤ ᠬᠤᠷᠳᠤᠴᠠ ᠪᠠᠷ | ᠠᠶᠠᠯᠠᠬᠤ ᠴᠠᠭ ᠢ ᠪᠠᠭᠠᠰᠬᠠᠨ᠎ᠠ︔ ᠤᠯᠠᠨ ᠨᠡᠶᠢᠲᠡ ᠶᠢᠨ ᠪᠣᠬᠢᠷᠲᠤᠯ ᠦᠭᠡᠢ ᠠᠮᠢᠳᠤᠷᠠᠯ ᠢ ᠰᠠᠨᠠᠭᠠᠴᠢᠯᠠᠵᠤ᠂ | ᠡᠨᠧᠷᠭᠢ ᠶᠢᠨ ᠰᠤᠷᠪᠤᠯᠵᠢ ᠶᠢᠨ ᠬᠤᠷᠣᠭᠳᠠᠯ ᠢ ᠪᠠᠭᠠᠰᠬᠠᠨ᠎ᠠ︾᠃ | ︵3︶ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠯᠪᠠᠳᠠᠯᠭ᠎ᠠ ᠶᠢᠨ ᠴᠢᠨᠠᠷᠲᠠᠶ ᠠᠷᠭ᠎ᠠ | ᠬᠡᠮᠵᠢᠶ᠎ᠡ | ① ᠠᠵᠤ ᠦᠢᠯᠡᠳᠪᠦᠷᠢ ᠶᠢᠨ ᠢᠷᠡᠯᠲᠡ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠬᠡᠮᠵᠢᠶ᠎ᠡ᠃ ᠡᠯ᠎ᠡ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠨᠡᠭᠡᠭᠡᠯᠲᠡ ᠶᠢᠨ ᠲᠣᠭᠤᠷᠢᠭ ᠨᠢ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠭᠠᠳᠠᠭᠰᠢᠯᠠᠭᠤᠯᠬᠤ ᠶᠢ | ᠪᠠᠭᠠᠰᠬᠠᠬᠤ ᠨᠠᠷᠢᠨ ᠬᠠᠭᠤᠳᠠᠰᠤ ᠶᠢᠨ ᠶᠣᠰᠣᠭᠠᠷ᠂ ᠰᠢᠷ᠎ᠠ ᠥᠩᠭᠡ ᠶᠢᠨ ᠰᠡᠷᠡᠮᠵᠢᠯᠡᠭᠦᠯᠦᠯ ᠤᠨ ᠤᠨᠠᠯᠲᠠ ᠶᠢ | ᠵᠣᠭᠰᠣᠭᠠᠬᠤ ︵ᠬᠢᠵᠠᠭᠠᠷᠯᠠᠬᠤ︶ ᠠᠷᠭ᠎ᠠ ᠬᠡᠮᠵᠢᠶ᠎ᠡ ᠶᠢ ᠴᠢᠩᠭ᠎ᠠ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ | ᠬᠡᠷᠡᠭᠲᠡᠶ᠃ ᠠᠮᠢ ᠠᠬᠤᠶ ᠶᠢᠨ ᠣᠷᠴᠢᠨ ᠲᠣᠭᠤᠷᠢᠨ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ | ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠶᠢᠨ ᠠᠵᠢᠯ ᠤᠨ ᠬᠤᠪᠢᠶᠠᠷᠢᠯᠠᠯ ᠶᠣᠰᠣᠭᠠᠷ ᠠᠵᠤ ᠠᠬᠤᠶᠢᠯᠠᠯ ᠤᠨ ︽ | ᠨᠢᠭᠡ ᠦᠶ᠋ᠯᠡᠳᠪᠦᠷᠢ ᠨᠢᠭᠡ ᠠᠷᠭ᠎ᠠ ᠪᠣᠳᠣᠯᠭ᠎ᠠ︾ ᠶᠢᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢ ᠬᠢᠨᠠᠨ ᠵᠢᠯᠣᠭᠤᠳᠬᠤ ᠶᠢ | ᠬᠠᠷᠢᠭᠤᠴᠠᠵᠤ᠂ ᠦᠶ᠋ᠯᠡᠳᠪᠦᠷᠢᠯᠡᠯ ᠤᠨ ᠳᠠᠭᠠᠭᠠᠴᠠ ᠶᠢ ᠪᠠᠭᠤᠷᠠᠭᠤᠯᠬᠤ᠂ ᠦᠶ᠋ᠯᠡᠳᠪᠦᠷᠢᠯᠡᠯ ᠢ ᠵᠣᠭᠰᠣᠭᠠᠬᠤ᠂ | ᠪᠣᠬᠢᠷᠲᠤᠯ ᠢ ᠵᠠᠰᠠᠬᠤ ᠶᠢ ᠴᠢᠩᠭᠠᠳᠬᠠᠬᠤ᠂ ᠶᠡᠭᠡ ᠬᠡᠮᠵᠢᠶᠡᠨ ᠤ ᠪᠣᠳᠠᠰ ᠤᠨ ᠮᠠᠲ᠋ᠧᠷᠢᠶᠠᠯ ᠢ ᠣᠷᠭᠢᠯ ᠦᠶ᠎ᠡ ᠠᠴᠠ ᠨᠢ | ᠵᠥᠷᠢᠭᠦᠯᠦᠨ ᠲᠡᠭᠡᠭᠡᠪᠦᠷᠢᠯᠡᠬᠦ ᠵᠡᠷᠭᠡ ᠠᠷᠭ᠎ᠠ ᠬᠡᠮᠵᠢᠶ᠎ᠡ ᠠᠪᠴᠤ᠂ ᠠᠭᠠᠷ ᠮᠠᠨᠳᠠᠯ ᠤᠨ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢᠨ ᠬᠠᠮᠲᠤ ᠭᠤᠤᠯᠳᠠᠯᠭ᠎ᠠ ᠲᠠᠢ ᠠᠭᠠᠷ ᠮᠠᠨᠳᠠᠯ ᠤᠨ ᠪᠣᠬᠢᠷᠲᠤᠯ ᠤᠨ | ᠡᠬᠢ ᠰᠤᠷᠪᠤᠯᠵᠢ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠤᠳᠠᠭ᠎ᠠ ᠶᠢ ᠨᠡᠮᠡᠭᠳᠡᠭᠦᠯᠦᠨ᠎ᠡ᠃ | ᠪᠠᠲᠤᠯᠠᠭ᠎ᠠ ᠶᠢᠨ ᠲᠥᠷᠥᠯ ᠤᠨ ᠠᠵᠤ ᠠᠬᠤᠶᠢᠯᠠᠯ ᠤᠨ ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠯᠡᠨ ︽ᠢᠯᠴᠢ ᠪᠠᠷ ᠭᠠᠷᠤᠯᠲᠠ ᠶᠢ ᠲᠣᠭᠲᠠᠭᠠᠬᠤ ︵ᠴᠠᠬᠢᠯᠭᠠᠨ︶︾ ᠪᠤᠶᠤ ︽ᠬᠡᠮᠵᠢᠶ᠎ᠡ ᠪᠠᠷ | ᠭᠠᠷᠤᠯᠲᠠ ᠶᠢ ᠲᠣᠭᠲᠠᠭᠠᠬᠤ︾ ᠶᠢ ᠪᠠᠲᠤᠯᠠᠨ᠎ᠠ᠃ | ② ᠲᠣᠭᠤᠰᠣ ᠰᠢᠷᠣᠶ ᠶᠢᠨ ᠡᠬᠢ ᠰᠤᠷᠪᠤᠯᠵᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠬᠡᠮᠵᠢᠶ᠎ᠡ᠃ | ᠠᠭᠤᠷᠬᠠᠶ᠂ ᠬᠠᠶᠢᠷ ᠴᠢᠯᠠᠭᠤᠨ ᠤ ᠮᠠᠲ᠋ᠧᠷᠢᠶᠠᠯ ᠤᠨ ᠦᠢᠯᠡᠳᠪᠦᠷᠢ᠂ ᠴᠢᠯᠠᠭᠤᠨ ᠮᠠᠲ᠋ᠧᠷᠢᠶᠠᠯ ᠤᠨ ᠦᠢᠯᠡᠳᠪᠦᠷᠢ᠂ | ᠴᠢᠯᠠᠭᠤᠨ ᠬᠠᠪᠲᠠᠰᠤᠨ ᠤ ᠦᠢᠯᠡᠳᠪᠦᠷᠢ ᠵᠡᠷᠭᠡ ᠨᠢ ᠵᠠᠳᠠᠭᠠᠶ ᠠᠵᠢᠯᠯᠠᠬᠤ ᠪᠠᠨ ᠵᠣᠭᠰᠣᠵᠤ᠂ ᠪᠠᠷᠢᠯᠭ᠎ᠠ ᠶᠢᠨ | ᠭᠠᠵᠠᠷ ᠤᠨ ᠰᠢᠷᠣᠶ ᠴᠢᠯᠠᠭᠤᠨ ᠤ ᠠᠵᠢᠯ ᠢ ᠵᠣᠭᠰᠣᠭᠠᠨ᠎ᠠ ︵ᠪᠠᠷᠢᠯᠭ᠎ᠠ ᠶᠢ ᠨᠤᠷᠠᠭᠠᠬᠤ᠂ ᠰᠢᠷᠣᠶ ᠴᠢᠯᠠᠭᠤ ᠶᠢ | ᠮᠠᠯᠲᠠᠬᠤ᠂ ᠡᠭᠡᠭᠦᠯᠦᠨ ᠪᠥᠭᠯᠡᠬᠦ᠂ ᠲᠠᠯᠠᠪᠠᠢ ᠳᠤ ᠪᠤᠴᠠᠭᠠᠨ ᠵᠥᠭᠡᠭᠡᠪᠦᠷᠢᠯᠡᠬᠦ᠂ ᠴᠤᠬᠤᠢ ᠬᠤᠯᠢᠬᠤ᠂ ᠪᠤᠲ᠋ᠤᠨ | ᠴᠤᠭᠤᠯᠬᠤ ᠵᠡᠷᠭᠡ ᠠᠵᠢᠯ ᠢ ᠵᠣᠭᠰᠣᠭᠠᠵᠤ᠂ ᠪᠠᠷᠢᠯᠭ᠎ᠠ ᠶᠢᠨ ᠠᠵᠢᠯ ᠤᠨ ᠢᠵᠢ ᠪᠦᠷᠢᠳᠦᠭᠦᠯᠬᠦ ᠵᠠᠮ ᠪᠠ | ᠬᠤᠭᠤᠯᠠᠶ ᠶᠢᠨ ᠭᠤᠤ ᠶᠢ ᠮᠠᠯᠲᠠᠬᠤ ᠠᠵᠢᠯ ᠢ ᠵᠣᠭᠰᠣᠭᠠᠨ᠎ᠠ︶︔ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠨ | ᠲᠡᠭᠡᠭᠡᠪᠦᠷᠢᠯᠡᠬᠦ ᠲᠡᠷᠭᠡ ᠬᠥᠰᠬᠡ ᠪᠣᠯᠤᠨ ᠬᠠᠶᠢᠷ ᠴᠢᠯᠠᠭᠤ ᠲᠡᠭᠡᠭᠡᠪᠦᠷᠢᠯᠡᠬᠦ ᠲᠡᠷᠭᠡ ᠬᠥᠰᠬᠡ ᠶᠢ ᠵᠠᠮ ᠳᠤ ᠭᠠᠷᠭᠠᠨ | ᠶᠠᠪᠤᠭᠤᠯᠬᠤ ᠶᠢ ᠴᠠᠭᠠᠵᠠᠯᠠᠵᠤ᠂ ᠰᠢᠷᠣᠶ ᠴᠢᠯᠠᠭᠤ ᠮᠠᠯᠲᠠᠬᠤ ᠮᠠᠯᠲᠠᠭᠤᠷ ᠮᠠᠰᠢᠨ ᠵᠡᠷᠭᠡ ᠵᠠᠮ ᠬᠠᠷᠢᠯᠴᠠᠭᠠᠨ ᠤ ᠪᠤᠰᠤ | ᠰᠢᠯᠵᠢᠮᠡᠯ ᠮᠠᠰᠢᠨ ᠮᠧᠬᠠᠨᠢᠭ ᠤᠨ ᠠᠵᠢᠯ ᠢ ᠵᠣᠭᠰᠣᠭᠠᠨ᠎ᠠ᠃ ᠬᠤᠳᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ | ᠤᠳ ᠡᠳᠦᠷ ᠲᠤᠳᠤᠮ ᠤᠨ ᠵᠠᠮ ᠤᠨ ᠠᠷᠢᠭᠤᠨ ᠴᠡᠪᠡᠷ ᠤᠨ ᠤᠳᠠᠭ᠎ᠠ ᠤᠳᠠᠭ᠎ᠠ ᠶᠢᠨ ᠰᠠᠭᠤᠷᠢᠨ ᠳᠡᠭᠡᠷ᠎ᠡ᠂ | ᠴᠡᠪᠡᠷᠯᠡᠬᠦ᠂ ᠤᠰᠤ ᠰᠦᠷᠴᠢᠬᠦ᠂ ᠮᠠᠨᠠᠨ ᠰᠦᠷᠴᠢᠬᠦ ᠵᠡᠷᠭᠡ ᠠᠵᠢᠯ ᠤᠨ ᠤᠳᠠᠭ᠎ᠠ ︵ᠬᠥᠯᠳᠡᠬᠦ ᠬᠤᠭᠤᠴᠠᠭ᠎ᠠ ᠶᠢ | ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠬᠡᠷᠡᠭᠵᠢᠭᠦᠯᠦᠨ᠎ᠡ︶ ᠶᠢ ᠨᠡᠮᠡᠭᠳᠡᠭᠦᠯᠬᠦ ᠬᠡᠷᠡᠭᠲᠡᠶ᠃ | ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠵᠠᠮ ᠬᠠᠷᠢᠯᠴᠠᠭᠠᠨ ᠤ ᠪᠠᠷᠢᠯᠭ᠎ᠠ ᠶᠢᠨ ᠠᠵᠢᠯ ᠬᠢᠬᠦ ᠪᠠ | ᠵᠠᠰᠠᠮᠠᠯ ᠵᠠᠮ ᠤᠨ ᠲᠡᠭᠡᠭᠡᠪᠦᠷᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ ᠬᠠᠷᠢᠭᠤᠴᠠᠵᠤ᠂ ᠪᠦᠲᠦᠮᠵᠢᠲᠡᠶ | ᠠᠷᠭ᠎ᠠ ᠬᠡᠮᠵᠢᠶ᠎ᠡ ᠠᠪᠴᠤ ᠪᠠᠶᠢᠭᠠᠳ ᠵᠠᠰᠠᠮᠠᠯ ᠵᠠᠮ ᠤᠨ ᠲᠣᠭᠤᠰᠣ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ | ᠬᠡᠷᠡᠭᠲᠡᠶ᠃ | ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠭᠤᠣᠯᠳᠠᠯᠭ᠎ᠠ ᠲᠠᠢ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ᠂ ᠠᠷᠠᠳ ᠤᠨ ᠠᠮᠢᠳᠤᠷᠠᠯ ᠤᠨ ᠢᠨᠵᠧᠨᠧᠷᠢᠩ᠂ ᠪᠠᠴᠢᠮ ᠪᠠᠶᠢᠳᠠᠯ ᠢ ᠠᠷᠭᠠᠴᠠᠵᠤ | ᠠᠶᠤᠯ ᠠᠴᠠ ᠠᠪᠤᠷᠠᠬᠤ ᠪᠠᠷᠢᠯᠭ᠎ᠠ ᠶᠢᠨ ᠠᠵᠢᠯ ᠵᠡᠷᠭᠡ ᠳᠤ ᠬᠡᠷᠡᠭᠴᠡᠭᠡ ᠪᠠᠨ ᠦᠨᠳᠦᠰᠦᠯᠡᠨ ᠦᠷᠭᠦᠯᠵᠢᠯᠡᠨ ᠠᠵᠢᠯᠯᠠᠵᠤ | ᠪᠣᠯᠤᠨ᠎ᠠ᠂ ᠭᠡᠬᠦ ᠳᠡᠭᠡᠨ ︽ᠵᠢᠷᠭᠤᠭᠠᠨ ᠵᠠᠭᠤᠨ ᠤ ᠵᠠᠭᠤ︾ ︵ᠪᠠᠷᠢᠯᠭ᠎ᠠ ᠶᠢᠨ ᠭᠠᠵᠠᠷ ᠤᠨ ᠡᠷᠬᠢᠨ ᠲᠣᠭᠤᠷᠢᠨ ᠤ | ᠵᠠᠭᠤᠨ ᠤ ᠵᠠᠭᠤ ᠪᠠᠷ ᠬᠠᠰᠢᠬᠤ᠂ ᠪᠣᠳᠠᠰ ᠣᠪᠣᠭᠠᠯᠠᠵᠤ ᠲᠠᠯᠪᠢᠬᠤ ᠵᠠᠭᠤᠨ ᠤ ᠵᠠᠭᠤ ᠪᠠᠷ ᠪᠦᠷᠬᠦᠭᠦᠯᠬᠦ᠂ ᠣᠷᠣᠵᠤ | ᠭᠠᠷᠬᠤ ᠲᠡᠷᠭᠡ ᠬᠥᠰᠬᠡ ᠶᠢ ᠵᠠᠭᠤᠨ ᠤ ᠵᠠᠭᠤ ᠪᠠᠷ ᠤᠬᠢᠶᠠᠬᠤ᠂ ᠪᠠᠷᠢᠯᠭ᠎ᠠ ᠶᠢᠨ ᠭᠠᠵᠠᠷ ᠤᠨ ᠵᠠᠮ ᠤᠨ | ᠭᠠᠳᠠᠷᠭᠤ ᠶᠢ ᠵᠠᠭᠤᠨ ᠤ ᠵᠠᠭᠤ ᠪᠠᠷ ᠬᠠᠲᠠᠭᠤᠷᠠᠭᠤᠯᠬᠤ᠂ ᠨᠤᠷᠠᠭᠠᠵᠤ ᠨᠡᠭᠦᠯᠭᠡᠬᠦ ᠪᠠᠷᠢᠯᠭ᠎ᠠ ᠶᠢᠨ ᠭᠠᠵᠠᠷ ᠤᠨ ᠵᠠᠭᠤᠨ | ᠤ ᠵᠠᠭᠤ ᠪᠠᠷ ᠨᠦᠢᠲᠠᠨ ᠢᠶᠠᠷ ᠠᠵᠢᠯᠯᠠᠬᠤ᠂ ᠬᠤᠭ ᠲᠣᠭᠤᠰᠣ ᠲᠠᠢ ᠲᠡᠷᠭᠡ ᠬᠥᠰᠬᠡ ᠶᠢ ᠵᠠᠭᠤᠨ ᠤ ᠵᠠᠭᠤ ᠪᠠᠷ | ᠪᠢᠲᠡᠭᠦᠮᠵᠢᠯᠡᠨ ᠲᠡᠭᠡᠭᠡᠪᠦᠷᠢᠯᠡᠬᠦ︶ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠢᠴᠦᠭᠦᠨ ᠲᠠᠯᠠᠪᠤᠷ ᠢ | ᠪᠥᠬᠦᠨ ᠢ ᠪᠦᠲᠡᠭᠡᠵᠦ᠂ ᠤᠰᠤ ᠰᠦᠷᠴᠢᠵᠦ ᠲᠣᠭᠤᠰᠣ ᠳᠠᠷᠤᠬᠤ ᠤᠳᠠᠭ᠎ᠠ ᠶᠢ ᠨᠡᠮᠡᠭᠳᠡᠭᠦᠯᠬᠦ ᠬᠡᠷᠡᠭᠲᠡᠶ᠃ | ③ ᠰᠢᠯᠵᠢᠮᠡᠯ ᠡᠬᠢ ᠰᠤᠷᠪᠤᠯᠵᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠬᠡᠮᠵᠢᠶ᠎ᠡ᠃ | ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ | ᠪᠠᠷᠢᠯᠭ᠎ᠠ ᠶᠢᠨ ᠭᠠᠵᠠᠷ᠂ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠨᠢᠰᠬᠡᠯ ᠤᠨ ᠪᠠᠭᠤᠳᠠᠯ᠂ ᠲᠡᠮᠦᠷ | ᠵᠠᠮ ᠤᠨ ᠪᠠᠷᠠᠭᠠᠨ ᠤ ᠲᠠᠯᠠᠪᠠᠢ ᠳᠤ ᠤᠯᠤᠰ ᠤᠨ II ᠵᠢᠴᠢ ᠲᠡᠭᠦᠨ ᠠᠴᠠ ᠳᠣᠷᠣᠭᠰᠢᠬᠢ ᠭᠠᠳᠠᠭᠰᠢᠯᠠᠭᠤᠯᠬᠤ | ᠪᠠᠷᠢᠮᠵᠢᠶ᠎ᠠ ᠳᠤ ᠦᠯᠦ ᠨᠡᠶᠢᠴᠡᠬᠦ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠬᠡᠷᠡᠭᠯᠡᠬᠦ ᠶᠢ ᠴᠠᠭᠠᠵᠠᠯᠠᠨ᠎ᠠ᠃ | ᠵᠠᠷᠴᠢᠮ ᠳᠡᠭᠡᠷ᠎ᠡ ᠪᠠᠨ᠂ ᠬᠤᠲᠠ ᠶᠢᠨ ᠠᠵᠢᠯᠯᠠᠭᠠᠨ ᠤ ᠪᠠᠲᠤᠯᠠᠭ᠎ᠠ ᠶᠢᠨ ᠲᠡᠷᠭᠡ ᠬᠥᠰᠬᠡ ᠪᠣᠯᠤᠨ ᠡᠭᠦᠷᠭᠡ | ᠭᠦᠶ᠋ᠴᠡᠳᠬᠡᠵᠦ ᠪᠠᠶᠢᠭ᠎ᠠ ᠣᠨᠴᠠ ᠲᠥᠷᠥᠯ ᠤᠨ ᠲᠡᠷᠭᠡ ᠬᠥᠰᠬᠡ ᠠᠴᠠ ᠭᠠᠳᠠᠨ᠎ᠠ᠂ ᠬᠤᠲᠠ ᠶᠢᠨ ᠪᠠᠶᠢᠭᠤᠯᠤᠭᠰᠠᠨ | ᠲᠣᠭᠤᠷᠢᠭ ᠤᠨ ᠳᠣᠲᠣᠷ᠎ᠠ ᠬᠦᠨᠳᠦ ᠬᠡᠯᠪᠡᠷᠢ ᠶᠢᠨ ᠪᠠ ᠳᠤᠮᠳᠠ ᠬᠡᠯᠪᠡᠷᠢ ᠶᠢᠨ ᠴᠠᠶᠢᠶ᠋ᠢᠦ ᠲᠣᠰᠣᠨ ᠤ ᠪᠠᠷᠠᠭᠠᠨ ᠤ | ᠲᠡᠷᠭᠡ ︵ᠰᠢᠲᠠᠮᠠᠬᠠᠶ ᠬᠡᠶ ᠪᠠᠭᠲᠠᠨ᠎ᠠ︶᠂ ᠭᠤᠷᠪᠠᠨ ᠬᠦᠷᠳᠦᠲᠦ ᠮᠠᠰᠢᠨ ᠲᠡᠷᠭᠡ᠂ ᠳᠣᠤᠷ᠎ᠠ ᠬᠤᠷᠳᠤᠴᠠᠲᠤ | ᠠᠴᠢᠶᠠᠨ ᠤ ᠮᠠᠰᠢᠨ ᠲᠡᠷᠭᠡ ᠪᠣᠯᠤᠨ ᠲᠷᠠᠺᠲ᠋ᠣᠷ ᠢ ᠵᠠᠮ ᠳᠤ ᠭᠠᠷᠭᠠᠵᠤ ᠶᠠᠪᠤᠭᠤᠯᠬᠤ ᠶᠢ ᠴᠠᠭᠠᠵᠠᠯᠠᠨ᠎ᠠ᠃ ᠡᠯ᠎ᠡ | ᠭᠠᠵᠠᠷ ᠤᠨ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ | ᠲᠤᠬᠠᠶ ᠶᠢᠨ ᠭᠠᠵᠠᠷ ᠤᠨ ᠠᠷᠠᠳ ᠤᠨ ᠵᠠᠰᠠᠭ ᠤᠨ ᠣᠷᠳᠣᠨ ᠤ ᠨᠡᠶᠢᠲᠡᠯᠡᠭᠰᠡᠨ ᠬᠦᠨᠳᠦ ᠪᠣᠬᠢᠷᠲᠤᠯ ᠲᠠᠢ ᠴᠠᠭ | ᠠᠭᠤᠷ ᠤᠨ ᠠᠶᠠᠯᠠᠬᠤ ᠶᠢ ᠬᠢᠵᠠᠭᠠᠷᠯᠠᠬᠤ ᠵᠠᠷᠯᠠᠯ ᠤᠨ ᠶᠣᠰᠣᠭᠠᠷ᠂ ᠬᠦᠨᠳᠦ ᠬᠡᠯᠪᠡᠷᠢ ᠶᠢᠨ᠂ ᠳᠤᠮᠳᠠ ᠬᠡᠯᠪᠡᠷᠢ ᠶᠢᠨ | ᠪᠠᠷᠠᠭᠠᠨ ᠤ ᠲᠡᠷᠭᠡ ᠵᠢᠴᠢ ᠪᠠᠷᠢᠯᠭ᠎ᠠ ᠶᠢᠨ ᠲᠡᠷᠭᠡ ᠵᠡᠷᠭᠡ ᠵᠠᠮ ᠬᠠᠷᠢᠯᠴᠠᠭᠠᠨ ᠤ ᠬᠤᠷᠢᠭᠠᠲᠠᠶ ᠠᠵᠢᠯᠯᠠᠭ᠎ᠠ ᠶᠢ ᠰᠢᠳᠬᠡᠨ | ᠲᠣᠷᠭᠠᠵᠤ᠂ ᠬᠢᠯᠢ ᠪᠠᠷ ᠥᠩᠭᠡᠷᠡᠬᠦ ᠲᠡᠷᠭᠡ ᠬᠥᠰᠬᠡ ᠶᠢ ᠬᠥᠲᠥᠯᠦᠨ ᠵᠢᠯᠣᠭᠤᠳᠴᠤ ᠪᠠᠶᠢᠭᠠᠳ ᠬᠤᠲᠠ ᠶᠢᠨ | ᠪᠠᠶᠢᠭᠤᠯᠤᠭᠰᠠᠨ ᠲᠣᠭᠤᠷᠢᠭ ᠠᠴᠠ ᠵᠠᠶᠢᠯᠠᠭᠤᠯᠤᠨ ᠶᠠᠪᠤᠭᠤᠯᠬᠤ ᠬᠡᠷᠡᠭᠲᠡᠶ᠃ | ④ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠤᠰᠤᠳ ᠠᠷᠭ᠎ᠠ ᠬᠡᠮᠵᠢᠶ᠎ᠡ᠃ ᠡᠯ᠎ᠡ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠨᠡᠭᠡᠭᠡᠯᠲᠡ ᠶᠢᠨ ᠲᠣᠭᠤᠷᠢᠭ ᠨᠢ | ᠵᠠᠳᠠᠭᠠᠶ ᠰᠢᠲᠠᠭᠠᠬᠤ ᠶᠢ ᠴᠠᠭᠠᠵᠠᠯᠠᠬᠤ᠂ ᠢᠳᠡᠭᠡᠨ ᠤᠮᠳᠠᠭᠠᠨ ᠤ ᠲᠣᠰᠣᠨ ᠣᠲᠤᠭ᠎ᠠ ᠶᠢ ᠬᠠᠮᠢᠶᠠᠷᠤᠨ ᠡᠵᠡᠮᠳᠡᠬᠦ᠂ | ᠬᠤᠸᠠᠷ ᠫᠤᠤᠵᠢᠩ ᠰᠢᠲᠠᠭᠠᠬᠤ ᠶᠢ ᠴᠠᠭᠠᠵᠠᠯᠠᠬᠤ ᠪᠠ ᠲᠠᠯᠪᠢᠬᠤ ᠶᠢ ᠴᠠᠭᠠᠵᠠᠯᠠᠬᠤ ᠵᠡᠷᠭᠡ ᠪᠣᠬᠢᠷᠲᠤᠯ | ᠭᠠᠳᠠᠭᠰᠢᠯᠠᠭᠤᠯᠬᠤ ᠶᠢ ᠪᠠᠭᠠᠰᠬᠠᠬᠤ ᠪᠤᠰᠤᠳ ᠠᠷᠭ᠎ᠠ ᠬᠡᠮᠵᠢᠶ᠎ᠡ ᠶᠢ ᠠᠪᠬᠤ ᠬᠡᠷᠡᠭᠲᠡᠶ᠃ ᠠᠮᠢ ᠠᠬᠤᠶ ᠶᠢᠨ ᠣᠷᠴᠢᠨ | ᠲᠣᠭᠤᠷᠢᠨ ᠤ ᠰᠠᠯᠠᠭ᠎ᠠ ᠮᠥᠴᠢᠷ ᠤᠳ ᠲᠠᠷᠢᠮᠠᠯ ᠤᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠷᠭ᠎ᠠ | ᠬᠡᠮᠵᠢᠶ᠎ᠡ ᠶᠢ ᠬᠤᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠮᠣᠳᠣᠨ ᠨᠠᠪᠴᠢ᠂ ᠬᠤᠭ ᠨᠣᠪᠰᠢ ᠶᠢ ᠵᠠᠳᠠᠭᠠᠶ | ᠰᠢᠲᠠᠭᠠᠬᠤ ᠶᠢ ᠴᠠᠭᠠᠵᠠᠯᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠢᠳᠡᠭᠡᠨ | ᠤᠮᠳᠠᠭᠠᠨ ᠤ ᠲᠣᠰᠣᠨ ᠣᠲᠤᠭ᠎ᠠ ᠰᠢᠶ᠋ᠳᠪᠦᠷᠢᠯᠡᠬᠦ ᠪᠡᠯᠡᠳᠬᠡᠮᠵᠢ ᠶᠢᠨ ᠬᠡᠪ ᠤᠨ ᠠᠵᠢᠯᠯᠠᠭᠠᠨ ᠤ ᠬᠢᠨᠠᠯᠲᠠ | ᠬᠠᠮᠢᠶᠠᠷᠤᠯᠲᠠ ᠶᠢ ᠴᠢᠩᠭᠠᠳᠬᠠᠬᠤ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠬᠤᠸᠠᠷ ᠫᠤᠤᠵᠢᠩ | ᠲᠠᠯᠪᠢᠬᠤ ᠶᠢ ᠴᠠᠭᠠᠵᠠᠯᠠᠬᠤ ᠪᠠ ᠲᠠᠯᠪᠢᠬᠤ ᠶᠢ ᠴᠠᠭᠠᠵᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ | ᠬᠠᠷᠢᠭᠤᠴᠠᠨ᠎ᠠ᠃ | 4.3.3Ⅱ ᠳᠡᠰ ᠤᠨ ᠳᠠᠭᠠᠬᠤ ᠠᠷᠭ᠎ᠠ ᠬᠡᠮᠵᠢᠶ᠎ᠡ | Ⅲ ᠲᠠᠰ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ | ᠰᠠᠭᠤᠷᠢᠨ ᠳᠡᠭᠡᠷ᠎ᠡ᠂ ᠳᠣᠤᠷᠠᠬᠢ ᠮᠡᠲᠦ ᠠᠯᠪᠠᠳᠠᠯᠭ᠎ᠠ ᠶᠢᠨ ᠴᠢᠨᠠᠷᠲᠠᠶ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠠᠷᠭ᠎ᠠ ᠬᠡᠮᠵᠢᠶ᠎ᠡ ᠶᠢ ᠨᠡᠮᠡᠨ᠎ᠡ᠄ | ︵1︶ ᠡᠷᠡᠭᠦᠯ ᠮᠡᠡᠳᠦ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ | ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠬᠡᠤᠬᠡᠳ ᠤᠨ ᠴᠡᠴᠡᠷᠯᠢᠭ᠂ ᠳᠤᠮᠳᠠᠳᠤ | ᠪᠠᠭ᠎ᠠ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠡᠷ ᠤᠨ ᠭᠠᠳᠠᠨᠠᠬᠢ ᠬᠢᠴᠢᠶᠡᠯ | ᠵᠢᠴᠢ ᠠᠵᠢᠯᠯᠠᠭ᠎ᠠ ᠶᠢ ᠵᠣᠭᠰᠣᠭᠠᠬᠤ ᠶᠢ ᠬᠢᠨᠠᠨ ᠵᠢᠯᠣᠭᠤᠳᠬᠤ ᠪᠠ ᠵᠣᠬᠢᠶᠠᠨ | ︵2︶ ᠠᠵᠤ ᠦᠢᠯᠡᠳᠪᠦᠷᠢ ᠶᠢᠨ ᠡᠬᠢ ᠰᠤᠷᠪᠤᠯᠵᠢ ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠠᠷᠭ᠎ᠠ ᠬᠡᠮᠵᠢᠶ᠎ᠡ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠨᠡᠭᠡᠭᠡᠯᠲᠡ ᠶᠢᠨ | ᠲᠣᠭᠤᠷᠢᠭ ᠨᠢ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ | ᠭᠠᠳᠠᠭᠰᠢᠯᠠᠭᠤᠯᠬᠤ ᠶᠢ ᠪᠠᠭᠠᠰᠬᠠᠬᠤ ᠨᠠᠷᠢᠨ ᠬᠠᠭᠤᠳᠠᠰᠤ ᠶᠢᠨ ᠶᠣᠰᠣᠭᠠᠷ᠂ ᠤᠯᠠᠪᠤᠷ ᠥᠩᠭᠡ ᠶᠢᠨ ᠤᠷᠢᠳᠴᠢᠯᠠᠨ | ᠰᠡᠷᠡᠮᠵᠢᠯᠡᠭᠦᠯᠵᠦ ᠦᠶ᠋ᠯᠡᠳᠪᠦᠷᠢᠯᠡᠬᠦ ᠶᠢ ᠵᠣᠭᠰᠣᠭᠠᠬᠤ ︵ᠬᠢᠵᠠᠭᠠᠷᠯᠠᠬᠤ︶ ᠠᠷᠭ᠎ᠠ ᠬᠡᠮᠵᠢᠶ᠎ᠡ ᠶᠢ ᠴᠢᠩᠭ᠎ᠠ ᠵᠣᠬᠢᠶᠠᠨ | ᠪᠠᠶᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠡᠨᠧᠷᠭᠢ ᠶᠢᠨ ᠰᠠᠯᠠᠭ᠎ᠠ ᠮᠥᠴᠢᠷ ᠤᠳ ᠨᠡᠭᠦᠷᠡᠰᠦ ᠲᠦᠯᠡᠵᠦ | ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠴᠢᠨᠠᠷ ᠰᠠᠶᠢᠲᠠᠶ ᠨᠡᠭᠦᠷᠡᠰᠦ ᠬᠡᠷᠡᠭᠯᠡᠬᠦ ᠬᠠᠷᠢᠴᠠᠯ ᠢ ᠨᠡᠮᠡᠭᠳᠡᠭᠦᠯᠬᠦ ᠶᠢ | ᠬᠢᠨᠠᠨ ᠵᠢᠯᠣᠭᠤᠳᠤᠨ᠎ᠠ᠃ | ︵3︶ ᠲᠣᠭᠤᠰᠣ ᠳᠡᠭᠳᠡᠬᠦ ᠡᠬᠢ ᠰᠤᠷᠪᠤᠯᠵᠢ ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠠᠷᠭ᠎ᠠ ᠬᠡᠮᠵᠢᠶ᠎ᠡ | ᠪᠠᠷᠢᠯᠭ᠎ᠠ ᠶᠢᠨ ᠭᠠᠵᠠᠷ ᠤᠨ ᠬᠢᠨ ᠬᠡᠷ ᠤᠨ ᠭᠠᠳᠠᠨ᠎ᠠ ᠰᠦᠷᠴᠢᠨ ᠰᠢᠷᠳᠡᠬᠦ᠂ ᠨᠠᠯᠠᠤ ᠬᠠᠮᠠᠭᠠᠯᠠᠬᠤ ᠡᠭᠡᠳᠡᠩ | ᠰᠦᠷᠴᠢᠬᠦ᠂ ᠬᠡᠷᠴᠢᠬᠦ᠂ ᠵᠠᠮ ᠤᠨ ᠲᠥᠬᠦᠭᠡᠷᠦᠮᠵᠢ ᠶᠢᠨ ᠢᠯᠵᠢᠷᠡᠬᠦ ᠶᠢ ᠰᠡᠷᠭᠡᠶᠢᠯᠡᠬᠦ᠂ ᠵᠠᠮ ᠤᠨ ᠪᠠᠷᠤᠭᠰᠢᠨ ᠳᠡᠪᠢᠰᠬᠦ | ᠵᠡᠷᠭᠡ ᠪᠠᠷᠢᠯᠭ᠎ᠠ ᠶᠢᠨ ᠠᠵᠢᠯ ᠢ ᠵᠣᠭᠰᠣᠭᠠᠨ᠎ᠠ᠃ | ︵4︶ ᠰᠢᠯᠵᠢᠮᠡᠯ ᠡᠬᠢ ᠰᠤᠷᠪᠤᠯᠵᠢ ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠠᠷᠭ᠎ᠠ ᠬᠡᠮᠵᠢᠶ᠎ᠡ | ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠡᠭᠡᠭᠡᠪᠦᠷᠢᠯᠡᠬᠦ ᠬᠦᠴᠦᠨ ᠢ ᠨᠡᠮᠡᠭᠳᠡᠭᠦᠯᠬᠦ ᠶᠢ ᠬᠠᠷᠢᠭᠤᠴᠠᠵᠤ᠂ ᠬᠤᠲᠠ ᠶᠢᠨ ᠠᠷᠠᠳ ᠤᠨ ᠶᠠᠪᠤᠵᠤ | ᠰᠠᠭᠤᠬᠤ ᠶᠢ ᠪᠠᠲᠤᠯᠠᠵᠤ᠂ ᠨᠥᠬᠦᠴᠡᠯ ᠲᠠᠢ ᠭᠠᠵᠠᠷ ᠣᠷᠣᠨ ᠨᠢ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠵᠠᠮ | ᠬᠠᠷᠢᠯᠴᠠᠭ᠎ᠠ ᠶᠢᠨ ᠠᠵᠤ ᠠᠬᠤᠶᠢᠯᠠᠯ ᠤᠨ ᠦᠶ᠋ᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢ ᠠᠰᠢᠭᠯᠠᠨ ᠣᠯᠠᠨ | ᠨᠡᠶᠢᠲᠡ ᠶᠢᠨ ᠵᠠᠮ ᠬᠠᠷᠢᠯᠴᠠᠭ᠎ᠠ ᠶᠢᠨ ᠲᠡᠷᠭᠡᠨ ᠳᠤ ᠰᠠᠭᠤᠬᠤ ᠠᠭᠤᠷᠬᠠᠶ ︵ᠨᠡᠭᠦᠷᠡᠰᠦᠨ ᠠᠭᠤᠷᠬᠠᠶ ᠪᠠᠭᠲᠠᠨ᠎ᠠ︶᠂ | ᠨᠡᠭᠦᠷᠡᠰᠦ ᠤᠬᠢᠶᠠᠬᠤ ᠦᠢᠯᠡᠳᠪᠦᠷᠢ᠂ ᠪᠠᠷᠠᠭ᠎ᠠ ᠶᠢᠨ ᠭᠦᠢᠯᠭᠡᠭᠡᠨ ᠤ ᠠᠵᠤ ᠠᠬᠤᠶᠢᠯᠠᠯ ︵ᠠᠷᠠᠳ ᠤᠨ ᠠᠮᠢᠳᠤᠷᠠᠯ | ᠤᠨ ᠪᠠᠲᠤᠯᠠᠭ᠎ᠠ ᠶᠢᠨ ᠲᠦᠷᠦᠯ ᠢ ᠭᠠᠷᠭᠠᠪᠠᠯ︶ ᠵᠡᠷᠭᠡ ᠶᠡᠭᠡ ᠬᠡᠮᠵᠢᠶᠡᠨ ᠤ ᠲᠦᠭᠦᠬᠡᠶ ᠮᠠᠲ᠋ᠤᠷᠢᠶᠠ ᠪᠣᠯᠤᠨ | ᠦᠢᠯᠡᠳᠬᠦᠨ ᠲᠡᠭᠡᠭᠡᠪᠦᠷᠢᠯᠡᠬᠦ ︵ᠡᠳᠦᠷ ᠲᠤᠳᠤᠮ ᠤᠨ ᠲᠡᠷᠭᠡ ᠬᠥᠰᠬᠡ ᠶᠢᠨ ᠣᠷᠣᠵᠤ ᠭᠠᠷᠬᠤ ᠬᠡᠮᠵᠢᠶ᠎ᠡ ᠨᠢ 10 | ᠲᠡᠷᠭᠡ ᠤᠳᠠᠭ᠎ᠠ ᠠᠴᠠ ᠬᠡᠲᠦᠷᠡᠭᠰᠡᠨ︶ ᠳᠤ ᠬᠤᠯᠪᠣᠭᠳᠠᠬᠤ ᠨᠢᠭᠡᠴᠢ ᠨᠦᠭᠦᠳ ᠤᠯᠤᠰ ᠤᠨ IV ᠵᠢᠴᠢ | ᠲᠡᠭᠦᠨ ᠠᠴᠠ ᠳᠣᠷᠣᠭᠰᠢᠬᠢ ᠬᠦᠨᠳᠦ ᠬᠡᠯᠪᠡᠷᠢ ᠶᠢᠨ ᠪᠠᠷᠠᠭ᠎ᠠ ᠲᠡᠭᠡᠭᠡᠬᠦ ᠮᠠᠰᠢᠨ ᠲᠡᠷᠭᠡ ︵ᠲᠦᠯᠡᠰᠢ ᠨᠢ ᠰᠢᠲᠠᠮᠠᠬᠠᠶ | ᠬᠡᠢ ᠶᠢ ᠪᠠᠭᠲᠠᠭᠠᠭᠰᠠᠨ ᠬᠦᠨᠳᠦ ᠬᠡᠯᠪᠡᠷᠢ ᠶᠢᠨ ᠪᠠᠷᠠᠭ᠎ᠠ ᠲᠡᠭᠡᠭᠡᠬᠦ ᠮᠠᠰᠢᠨ ᠲᠡᠷᠭᠡ︶ ᠶᠢ ᠬᠡᠷᠡᠭᠯᠡᠬᠦ ᠪᠠᠨ ᠵᠣᠭᠰᠣᠵᠤ | ᠲᠡᠭᠡᠭᠡᠪᠦᠷᠢᠯᠡᠬᠦ ᠬᠡᠷᠡᠭᠲᠡᠶ ︵ᠣᠨᠴᠠ ᠲᠦᠷᠦᠯ ᠤᠨ ᠲᠡᠷᠭᠡ ᠬᠥᠰᠬᠡ᠂ ᠠᠶᠤᠯ ᠲᠠᠢ ᠬᠢᠮᠢ ᠶᠢᠨ ᠵᠦᠢᠯ ᠤᠨ ᠲᠡᠷᠭᠡ | ᠬᠥᠰᠬᠡ ᠵᠡᠷᠭᠡ ᠪᠠᠭᠲᠠᠬᠤ ᠦᠭᠡᠢ︶᠃ ᠴᠠᠭ ᠠᠭᠤᠷ ᠤᠨ ᠰᠠᠯᠠᠭ᠎ᠠ ᠮᠥᠴᠢᠷ ᠤᠳ ᠴᠠᠭ ᠠᠭᠤᠷ ᠤᠨ ᠨᠥᠬᠦᠴᠡᠯ ᠢ | ᠦᠨᠳᠦᠰᠦᠯᠡᠨ ᠴᠠᠭ ᠠᠭᠤᠷ ᠢ ᠨᠥᠯᠥᠭᠡᠯᠡᠬᠦ ᠠᠵᠢᠯ ᠢ ᠴᠠᠭ ᠲᠤᠨᠢ ᠲᠣᠬᠢᠷᠠᠭᠤᠯᠤᠨ ᠬᠢᠬᠦ ᠬᠡᠷᠡᠭᠲᠡᠶ᠃ | 4.3. 4I ᠳᠡᠰ ᠤᠨ ᠳᠠᠭᠠᠬᠤ ᠠᠷᠭ᠎ᠠ ᠬᠡᠮᠵᠢᠶ᠎ᠡ | Ⅱ ᠲᠠᠰ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ | ᠰᠠᠭᠤᠷᠢᠨ ᠳᠡᠭᠡᠷ᠎ᠡ᠂ ᠳᠣᠤᠷᠠᠬᠢ ᠠᠷᠭ᠎ᠠ ᠬᠡᠮᠵᠢᠶ᠎ᠡ ᠶᠢ ᠨᠡᠮᠡᠨ᠎ᠡ᠄ | ︵1︶ ᠡᠷᠡᠭᠦᠯ ᠮᠡᠡᠳᠦ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ | ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠨᠥᠬᠦᠴᠡᠯ ᠲᠠᠢ ᠬᠡᠤᠬᠡᠳ ᠤᠨ ᠴᠡᠴᠡᠷᠯᠢᠭ᠂ | ᠳᠤᠮᠳᠠᠳᠤ ᠪᠠᠭ᠎ᠠ ᠰᠤᠷᠭᠠᠭᠤᠯᠢ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠢᠴᠢᠶᠡᠯ ᠢ | ᠵᠣᠭᠰᠣᠭᠠᠬᠤ ᠶᠢ ᠵᠢᠯᠣᠭᠤᠳᠬᠤ ᠶᠢᠨ ᠬᠠᠮᠲᠤ ᠬᠢᠴᠢᠶᠡᠯ ᠵᠣᠭᠰᠣᠭᠰᠠᠨ ᠬᠤᠭᠤᠴᠠᠭᠠᠨ ᠳᠠᠬᠢ ᠰᠤᠷᠤᠭᠴᠢᠳ ᠤᠨ | ᠰᠤᠷᠤᠯᠴᠠᠯᠭ᠎ᠠ ᠶᠢ ᠵᠦᠶ ᠵᠣᠬᠢᠰᠲᠠᠶ ᠳᠣᠭᠢᠷᠠᠭᠤᠯᠵᠤ᠂ ᠴᠢᠳᠠᠬᠤ ᠶᠢᠨ ᠳᠣᠲᠣᠷ᠎ᠠ ᠬᠢᠴᠢᠶᠡᠯ ᠵᠣᠭᠰᠣᠭᠰᠠᠨ ᠤ ᠳᠠᠷᠠᠭ᠎ᠠ | ᠲᠠᠰᠤᠷᠠᠯᠲᠠ ᠥᠬᠡᠶ ᠰᠤᠷᠤᠯᠴᠠᠬᠤ ᠶᠢ ᠪᠡᠶᠡᠯᠡᠭᠦᠯᠬᠦ ᠬᠡᠷᠡᠭᠲᠡᠶ᠃ | ︵2︶ ᠪᠣᠬᠢᠷᠲᠤᠯ ᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠯᠪᠠᠳᠠᠯᠭ᠎ᠠ ᠶᠢᠨ ᠴᠢᠨᠠᠷᠲᠠᠶ ᠠᠷᠭ᠎ᠠ | ᠬᠡᠮᠵᠢᠶ᠎ᠡ | ① ᠠᠵᠤ ᠦᠢᠯᠡᠳᠪᠦᠷᠢ ᠶᠢᠨ ᠢᠷᠡᠯᠲᠡ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠠᠷᠭ᠎ᠠ ᠬᠡᠮᠵᠢᠶ᠎ᠡ᠃ ᠡᠯ᠎ᠡ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠨᠡᠭᠡᠭᠡᠯᠲᠡ ᠶᠢᠨ ᠲᠣᠭᠤᠷᠢᠭ ᠨᠢ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠨᠠᠷᠢᠨ ᠬᠠᠭᠤᠳᠠᠰᠤ ᠶᠢᠨ ᠶᠣᠰᠣᠭᠠᠷ᠂ ᠤᠯᠠᠭᠠᠨ ᠥᠩᠭᠡ ᠶᠢᠨ ᠰᠡᠷᠡᠮᠵᠢᠯᠡᠭᠦᠯᠦᠯ ᠤᠨ | ᠤᠨᠠᠯᠲᠠ ᠶᠢ ᠵᠣᠭᠰᠣᠭᠠᠬᠤ ︵ᠬᠢᠵᠠᠭᠠᠷᠯᠠᠬᠤ︶ ᠠᠷᠭ᠎ᠠ ᠬᠡᠮᠵᠢᠶ᠎ᠡ ᠶᠢ ᠴᠢᠩᠭ᠎ᠠ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠬᠤ ᠬᠡᠷᠡᠭᠲᠡᠶ᠃ | ② ᠰᠢᠯᠵᠢᠮᠡᠯ ᠡᠬᠢ ᠰᠤᠷᠪᠤᠯᠵᠢ ᠶᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ | ᠬᠡᠮᠵᠢᠶ᠎ᠡ᠃ ᠬᠤᠲᠠ ᠶᠢᠨ ᠠᠵᠢᠯᠯᠠᠭᠠᠨ ᠤ ᠪᠠᠲᠤᠯᠠᠭ᠎ᠠ ᠶᠢᠨ ᠲᠡᠷᠭᠡ ᠬᠥᠰᠬᠡ᠂ ᠡᠭᠦᠷᠭᠡ ᠭᠦᠶ᠋ᠴᠡᠳᠬᠡᠬᠦ ᠣᠨᠴᠠ | ᠲᠥᠷᠥᠯ ᠤᠨ ᠲᠡᠷᠭᠡ ᠬᠥᠰᠬᠡ᠂ ᠰᠢᠨ᠎ᠡ ᠡᠨᠧᠷᠭᠢ ᠶᠢᠨ ᠮᠠᠰᠢᠨ ᠲᠡᠷᠭᠡ ᠪᠠ ᠪᠤᠰᠤᠳ ᠣᠨᠴᠠ ᠲᠣᠭᠲᠠᠭᠠᠭᠰᠠᠨ ᠲᠡᠷᠭᠡ | ᠬᠥᠰᠬᠡ ᠠᠴᠠ ᠭᠠᠳᠠᠨ᠎ᠠ᠂ ᠬᠤᠲᠠ ᠶᠢᠨ ᠪᠠᠶᠢᠭᠤᠯᠤᠭᠰᠠᠨ ᠲᠣᠭᠤᠷᠢᠭ᠂ ᠬᠤᠰᠢᠭᠤ ᠰᠢᠶᠠᠨ ᠤ ᠪᠠᠶᠢᠭᠤᠯᠤᠭᠰᠠᠨ | ᠲᠣᠭᠤᠷᠢᠭ ᠤᠨ ᠳᠣᠲᠣᠷ᠎ᠠ ᠬᠦᠨᠳᠦ ᠬᠡᠯᠪᠡᠷᠢ ᠶᠢᠨ᠂ ᠳᠤᠮᠳᠠ ᠬᠡᠯᠪᠡᠷᠢ ᠶᠢᠨ ᠪᠠ ᠬᠥᠩᠭᠡᠨ ᠬᠡᠯᠪᠡᠷᠢ ᠶᠢᠨ ᠴᠠᠶᠢᠶ᠋ᠢᠦ | ᠲᠣᠰᠣᠨ ᠤ ᠪᠠᠷᠠᠭᠠᠨ ᠤ ᠲᠡᠷᠭᠡ᠂ ᠭᠤᠷᠪᠠᠨ ᠬᠦᠷᠳᠦᠲᠦ ᠮᠠᠰᠢᠨ ᠲᠡᠷᠭᠡ᠂ ᠳᠣᠤᠷ᠎ᠠ ᠬᠤᠷᠳᠤᠴᠠᠲᠤ ᠪᠠᠷᠠᠭ᠎ᠠ ᠲᠡᠭᠡᠭᠡᠬᠦ | ᠮᠠᠰᠢᠨ ᠲᠡᠷᠭᠡ ᠨᠡᠪᠲᠡᠷᠡᠬᠦ ᠶᠢ ᠴᠠᠭᠠᠵᠠᠯᠠᠨ᠎ᠠ︔ ᠪᠥᠬᠦ ᠠᠶᠢᠮᠠᠭ ᠤᠨ ᠬᠡᠪᠴᠢᠶᠡᠨ ᠳᠤ ᠠᠴᠢᠶᠠᠯᠠᠬᠤ ᠮᠠᠰᠢᠨ᠂ | ᠮᠠᠯᠲᠠᠭᠤᠷ ᠮᠠᠰᠢᠨ᠂ ᠰᠢᠷᠣᠶ ᠲᠦᠯᠬᠢᠬᠦ ᠮᠠᠰᠢᠨ᠂ ᠤᠳᠬᠤᠭᠤᠷ ᠲᠡᠷᠭᠡ᠂ ᠡᠷᠭᠦᠭᠦᠷ ᠲᠡᠷᠭᠡ ᠵᠡᠷᠭᠡ ᠪᠠᠷᠢᠯᠭ᠎ᠠ ᠶᠢᠨ | ᠮᠠᠰᠢᠨ ᠢᠶᠠᠷ ᠶᠠᠪᠤᠬᠤ ᠶᠢ ᠴᠠᠭᠠᠵᠠᠯᠠᠨ᠎ᠠ᠃ | 4. ᠠᠶᠢᠮᠠᠭ ᠤᠨ ᠱᠠᠲᠤᠨ ᠤ ᠬᠢᠨ ᠳᠠᠭᠠᠪᠠ | 4.4.1 ᠠᠶᠢᠮᠠᠭ ᠤᠨ ᠳᠡᠰ ᠤᠨ ᠤᠷᠢᠳᠴᠢᠯᠠᠨ ᠰᠡᠷᠡᠮᠵᠢᠯᠡᠭᠦᠯᠬᠦ Ⅲ ᠳᠡᠰ ᠤᠨ ᠬᠢᠨ ᠳᠠᠭᠠᠨ᠎ᠠ | ᠠᠶᠢᠮᠠᠭ ᠤᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠰᠤᠷᠭᠠᠨ ᠬᠥᠮᠦᠵᠢᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠭᠤᠯᠤᠯᠲᠠ ᠶᠢᠨ | ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ | ᠰᠠᠭᠤᠴᠠ ᠪᠠ ᠬᠤᠳᠠ ᠬᠥᠳᠡᠭᠡ ᠶᠢᠨ ᠪᠥᠳᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠵᠡᠷᠭᠡ ᠠᠯᠪᠠᠳᠠᠯᠭ᠎ᠠ ᠶᠢᠨ ᠴᠢᠨᠠᠷᠲᠠᠶ | ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠬᠢᠨᠠᠨ ᠬᠠᠮᠢᠶᠠᠷᠬᠤ ᠪᠤᠶᠤ ᠬᠢᠨᠠᠨ ᠵᠢᠯᠣᠭᠤᠳᠬᠤ ᠡᠭᠦᠷᠭᠡ | ᠬᠠᠷᠢᠭᠤᠴᠠᠯᠭ᠎ᠠ ᠲᠠᠢ ᠨᠢᠭᠡᠴᠢ ᠨᠦᠭᠦᠳ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠰᠠᠯᠠᠭ᠎ᠠ ᠮᠥᠴᠢᠷ | ᠤᠨ ᠲᠤᠰᠬᠠᠶ ᠵᠦᠢᠯ ᠤᠨ ᠬᠡᠷᠡᠭᠵᠢᠭᠦᠯᠬᠦ ᠲᠥᠰᠦᠯ ᠢ ᠡᠬᠢᠯᠡᠭᠦᠯᠵᠦ᠂ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠤᠨ᠎ᠠ᠃ | 4.4.2 ᠠᠶᠢᠮᠠᠭ ᠤᠨ ᠳᠡᠰ ᠤᠨ ᠤᠷᠢᠳᠴᠢᠯᠠᠨ ᠰᠡᠷᠡᠮᠵᠢᠯᠡᠭᠦᠯᠬᠦ Ⅱ ᠳᠡᠰ ᠤᠨ ᠬᠢᠨ ᠳᠠᠭᠠᠨ᠎ᠠ | ᠠᠶᠢᠮᠠᠭ ᠤᠨ ᠱᠠᠲᠤᠨ ᠤ Ⅲ ᠱᠠᠲᠤᠨ ᠤ ᠳᠠᠭᠠᠬᠤ ᠰᠠᠭᠤᠷᠢᠨ ᠳᠡᠭᠡᠷ᠎ᠡ᠂ ᠡᠯ᠎ᠡ ᠪᠦᠷᠢᠯᠳᠦᠬᠦᠨ ᠨᠢᠭᠡᠴᠢ ᠨᠢ | ᠲᠤᠰᠬᠠᠶ ᠬᠡᠷᠡᠭᠵᠢᠭᠦᠯᠬᠦ ᠲᠥᠰᠦᠯ ᠤᠨ ᠣᠯᠤᠭᠰᠠᠨ ᠦᠷ᠎ᠡ ᠪᠦᠲᠦᠮᠵᠢ ᠶᠢ ᠦᠨᠡᠯᠡᠨ ᠵᠢᠱᠢᠬᠦ ᠶᠢᠨ ᠬᠠᠮᠲᠤ᠂ ᠬᠠᠮᠢᠶ᠎ᠠ | ᠪᠥᠬᠦᠶ ᠵᠠᠳᠠᠯᠤᠯᠲᠠ᠂ ᠰᠤᠳᠤᠯᠤᠨ ᠮᠠᠭᠠᠳᠯᠠᠯᠲᠠ ᠶᠢ ᠴᠢᠩᠭᠠᠳᠬᠠᠵᠤ᠂ ᠡᠳᠦᠷ ᠪᠦᠷᠢ ᠠᠶᠢᠮᠠᠭ ᠤᠨ ᠪᠠᠴᠢᠮ | ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠲᠤ ᠬᠠᠮᠢᠶ᠎ᠠ ᠪᠥᠬᠦᠶ ᠪᠠᠶᠢᠳᠠᠯ ᠢ ᠮᠡᠳᠡᠭᠦᠯᠬᠦ ᠬᠡᠷᠡᠭᠲᠡᠶ | ᠃ | 4.4.3 ᠠᠶᠢᠮᠠᠭ ᠤᠨ ᠳᠡᠰ ᠤᠨ ᠤᠷᠢᠳᠴᠢᠯᠠᠨ ᠰᠡᠷᠡᠮᠵᠢᠯᠡᠭᠦᠯᠬᠦ I ᠳᠡᠰ ᠤᠨ ᠬᠢᠨ ᠳᠠᠭᠠᠨ᠎ᠠ | ᠠᠶᠢᠮᠠᠭ ᠤᠨ ᠲᠠᠰ ᠤᠨ Ⅱ ᠲᠠᠰ ᠤᠨ ᠳᠠᠭᠠᠵᠤ ᠬᠢᠬᠦ ᠰᠠᠭᠤᠷᠢᠨ ᠳᠡᠭᠡᠷ᠎ᠡ᠂ ᠠᠶᠢᠮᠠᠭ ᠤᠨ ᠪᠠᠴᠢᠮ ᠪᠠᠶᠢᠳᠠᠯ ᠢ | ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠶᠡᠷᠦᠩᠬᠡᠶᠢᠯᠡᠭᠰᠡᠨ ᠰᠢᠮᠳᠠᠭᠤᠯᠤᠨ ᠪᠠᠶᠢᠴᠠᠭᠠᠬᠤ | ᠳᠤᠭᠤᠶᠢᠯᠠᠩ ᠲᠣᠮᠢᠯᠠᠵᠤ᠂ ᠬᠠᠮᠢᠶ᠎ᠠ ᠪᠥᠬᠦᠶ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠠᠶᠢᠮᠠᠭ ᠤᠨ ᠨᠡᠭᠡᠭᠡᠯᠲᠡ ᠶᠢᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ | ᠨᠢᠭᠡᠴᠢ ᠶᠢᠨ ᠠᠵᠢᠯ ᠥᠷᠨᠢᠭᠦᠯᠦᠭᠰᠡᠨ ᠪᠠᠶᠢᠳᠠᠯ ᠳᠤ ᠰᠢᠮᠳᠠᠭᠤᠯᠤᠨ ᠪᠠᠶᠢᠴᠠᠭᠠᠯᠲᠠ ᠬᠢᠨ᠎ᠠ᠃ | 4.5 ᠮᠡᠳᠡᠭᠡ ᠵᠠᠩᠭᠢ ᠶᠢ ᠢᠯᠡ ᠪᠣᠯᠭᠠᠬᠤ | 4.5.1 ᠮᠡᠳᠡᠭᠡ ᠵᠠᠩᠭᠢ ᠶᠢ ᠢᠯᠡ ᠪᠣᠯᠭᠠᠬᠤ ᠠᠭᠤᠯᠭ᠎ᠠ | ᠮᠡᠳᠡᠭᠡ ᠵᠠᠩᠭᠢ ᠶᠢ ᠢᠯᠡ ᠪᠣᠯᠭᠠᠬᠤ ᠠᠭᠤᠯᠭ᠎ᠠ ᠳᠤ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠬᠢᠨᠠᠨ | ᠬᠡᠮᠵᠢᠭᠰᠡᠨ ᠲᠤᠭ᠎ᠠ ᠪᠠᠷᠢᠮᠲᠠ᠂ ᠬᠦᠨᠳᠦ ᠪᠣᠬᠢᠷᠲᠤᠯ ᠲᠠᠢ ᠴᠠᠭ ᠠᠭᠤᠷ ᠤᠨ ᠦᠷᠭᠦᠯᠵᠢᠯᠡᠵᠦ ᠮᠡᠳᠡᠬᠦ ᠴᠠᠭ | ᠬᠤᠭᠤᠴᠠᠭ᠎ᠠ᠂ ᠳᠠᠯᠳᠠ ᠬᠤᠤᠷ ᠬᠥᠨᠥᠭᠡᠯ ᠵᠢᠴᠢ ᠰᠡᠷᠭᠡᠶᠢᠯᠡᠬᠦ ᠰᠠᠨᠠᠭᠤᠯᠭ᠎ᠠ᠂ ᠪᠠᠴᠢᠮ ᠪᠠᠶᠢᠳᠠᠯ ᠢ ᠠᠷᠭᠠᠴᠠᠬᠤ | ᠠᠵᠢᠯ ᠤᠨ ᠠᠬᠢᠴᠠ ᠶᠢᠨ ᠪᠠᠶᠢᠳᠠᠯ ᠵᠡᠷᠭᠡ ᠶᠢ ᠪᠠᠭᠲᠠᠭᠠᠬᠤ ᠬᠡᠷᠡᠭᠲᠡᠶ᠃ | 4.5.2 ᠮᠡᠳᠡᠭᠡ ᠵᠠᠩᠭᠢ ᠶᠢ ᠢᠯᠡ ᠪᠣᠯᠭᠠᠬᠤ ᠬᠡᠯᠪᠡᠷᠢ | ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠦᠯᠵᠢᠶ᠎ᠡ᠂ ᠰᠢᠯᠵᠢᠮᠡᠯ ᠮᠡᠳᠡᠭᠡ ᠬᠤᠯᠪᠣᠭ᠎ᠠ ᠵᠡᠷᠭᠡ | ᠠᠷᠭ᠎ᠠ ᠵᠠᠮ ᠢᠶᠠᠷ ᠳᠠᠮᠵᠢᠭᠤᠯᠤᠨ ᠮᠡᠳᠡᠭᠡ ᠵᠠᠩᠭᠢ ᠨᠡᠶᠢᠲᠡᠯᠡᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠤᠬᠠᠭᠤᠯᠭ᠎ᠠ᠂ ᠪᠠᠶᠢᠳᠠᠯ ᠢ ᠮᠡᠳᠡᠭᠳᠡᠬᠦ᠂ ᠲᠤᠰᠬᠠᠶ ᠮᠡᠷᠭᠡᠵᠢᠯᠲᠡᠨ ᠤ ᠰᠤᠷᠪᠤᠯᠵᠢᠯᠠᠭ᠎ᠠ ᠰᠤᠷᠪᠤᠯᠵᠢᠯᠠᠭ᠎ᠠ ᠵᠡᠷᠭᠡ | ᠬᠡᠯᠪᠡᠷᠢ ᠪᠠᠷ ᠨᠡᠶᠢᠭᠡᠮ ᠳᠤ ᠨᠡᠶᠢᠲᠡᠯᠡᠨ᠎ᠡ᠃ | 4.5.3 ᠮᠡᠳᠡᠭᠡ ᠵᠠᠩᠭᠢ ᠶᠢ ᠢᠯᠡ ᠪᠣᠯᠭᠠᠬᠤ ᠵᠣᠬᠢᠶᠠᠨ ᠪᠠᠶᠢᠭᠤᠯᠤᠯᠲᠠ | ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠨᠢ ᠬᠦᠨᠳᠦ | ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢ ᠶᠢ ᠢᠯᠡ ᠪᠣᠯᠭᠠᠬᠤ ᠶᠢ | ᠵᠢᠯᠣᠭᠤᠳᠤᠨ ᠡᠯ᠎ᠡ ᠱᠠᠲᠤᠨ ᠤ ᠤᠬᠠᠭᠤᠯᠬᠤ ᠰᠠᠯᠠᠭ᠎ᠠ ᠮᠥᠴᠢᠷ ᠤᠳ ᠰᠣᠨᠢᠨ ᠮᠡᠳᠡᠭᠡᠨ ᠤ ᠤᠬᠠᠭᠤᠯᠭ᠎ᠠ ᠪᠣᠯᠤᠨ | ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠥᠲᠥᠯᠥᠨ ᠵᠢᠯᠣᠭᠤᠳᠬᠤ ᠠᠵᠢᠯ ᠢ ᠬᠠᠷᠢᠭᠤᠴᠠᠨ᠎ᠠ᠃ | 4.6 ᠪᠠᠴᠢᠮ ᠪᠠᠶᠢᠳᠠᠯ ᠢ ᠠᠷᠭᠠᠴᠠᠬᠤ ᠶᠢ ᠵᠣᠭᠰᠣᠭᠠᠬᠤ | ᠤᠷᠢᠳᠴᠢᠯᠠᠨ ᠰᠡᠷᠡᠮᠵᠢᠯᠡᠭᠦᠯᠬᠦ ᠶᠢ ᠬᠦᠴᠦᠨ ᠥᠬᠡᠶ ᠪᠣᠯᠭᠠᠭᠰᠠᠨ ᠤ ᠳᠠᠷᠠᠭ᠎ᠠ᠂ ᠪᠠᠴᠢᠮ ᠪᠠᠶᠢᠳᠠᠯ ᠢ | ᠠᠷᠭᠠᠴᠠᠬᠤ ᠶᠢ ᠳᠠᠭᠠᠬᠤ ᠠᠵᠢᠯ ᠠᠶᠠᠨᠳᠠᠭᠠᠨ | 4.7 ᠳ᠋ᠦᠡᠭᠨᠡᠯᠳᠡ ᠪᠠ ᠦᠨᠡᠯᠡᠨ ᠵᠢᠱᠢᠯᠲᠡ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ ᠦᠨᠡᠯᠡᠨ | ᠵᠢᠱᠢᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠶᠢ ᠳᠠᠭᠤᠰᠬᠠᠬᠤ 3 ᠠᠵᠢᠯᠯᠠᠬᠤ | ᠡᠳᠦᠷ ᠤᠨ ᠳᠣᠲᠣᠷ᠎ᠠ᠂ ᠡᠯ᠎ᠡ ᠬᠠᠮᠢᠶ᠎ᠠ ᠪᠥᠬᠦᠶ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠠᠶᠢᠮᠠᠭ ᠤᠨ ᠨᠡᠭᠡᠭᠡᠯᠲᠡ ᠶᠢᠨ ᠲᠣᠭᠤᠷᠢᠭ ᠨᠢ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠵᠤ ᠬᠢᠬᠦ ᠶᠢ ᠦᠨᠡᠯᠡᠨ | ᠵᠢᠱᠢᠭᠰᠡᠨ ᠮᠡᠳᠡᠭᠦᠯᠦᠯᠲᠡ ᠶᠢ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠶᠢᠨ ᠵᠢᠯᠣᠭᠤᠳᠬᠤ ᠭᠠᠵᠠᠷ ᠤᠨ ᠠᠯᠪᠠᠨ | ᠦᠨᠡᠯᠡᠨ ᠵᠢᠱᠢᠭᠰᠡᠨ ᠮᠡᠳᠡᠭᠦᠯᠦᠯᠲᠡ ᠳᠤ ᠪᠠᠴᠢᠮ ᠪᠠᠶᠢᠳᠠᠯ ᠢ ᠠᠷᠭᠠᠴᠠᠬᠤ ᠶᠢᠨ ᠳᠠᠭᠠᠬᠤ ᠲᠠᠰ᠂ ᠪᠣᠬᠢᠷᠲᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ᠂ ᠣᠷᠣᠰᠢᠵᠤ ᠪᠠᠶᠢᠭ᠎ᠠ ᠠᠰᠠᠭᠤᠳᠠᠯ᠂ | ᠬᠡᠷᠡᠭᠵᠢᠭᠦᠯᠦᠭᠰᠡᠨ ᠦᠷ᠎ᠡ ᠪᠦᠲᠦᠮᠵᠢ ᠵᠡᠷᠭᠡ ᠶᠢ ᠪᠠᠭᠲᠠᠭᠠᠬᠤ ᠶᠢᠨ ᠬᠠᠮᠲᠤ ᠦᠨᠡᠯᠡᠨ ᠵᠢᠱᠢᠭᠰᠡᠨ ᠦᠷ᠎ᠡ ᠳ᠋ᠦᠩ ᠢ | ᠦᠨᠳᠦᠰᠦᠯᠡᠨ ᠡᠯ᠎ᠡ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠠᠰᠤᠷᠠᠯᠲᠠ ᠥᠬᠡᠶ | ᠰᠢᠯᠢᠳᠡᠭᠵᠢᠭᠦᠯᠦᠨ ᠲᠡᠭᠦᠯᠳᠡᠷᠵᠢᠭᠦᠯᠬᠦ ᠬᠡᠷᠡᠭᠲᠡᠶ᠃ | 5. ᠪᠠᠲᠤᠯᠠᠭ᠎ᠠ ᠶᠢᠨ ᠠᠷᠭ᠎ᠠ ᠬᠡᠮᠵᠢᠶ᠎ᠡ | 5.1 ᠵᠠᠷᠤᠳᠠᠯ ᠤᠨ ᠪᠠᠲᠤᠯᠠᠭ᠎ᠠ | ᠡᠯ᠎ᠡ ᠱᠠᠲᠤᠨ ᠤ ᠵᠠᠰᠠᠭ ᠤᠨ ᠣᠷᠳᠣᠨ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠪᠡᠯᠡ | ᠮᠥᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠣᠭᠲᠠᠭᠠᠯ ᠶᠣᠰᠣᠭᠠᠷ ᠬᠦᠨᠳᠦ ᠪᠣᠬᠢᠷᠲᠤᠯ ᠲᠠᠢ | ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠳᠤ ᠬᠡᠷᠡᠭᠰᠡᠬᠦ ᠪᠠᠯᠠ ᠮᠥᠩᠭᠦ ᠶᠢ ᠲᠥᠰᠦᠪ ᠲᠤ ᠵᠢᠭᠰᠠᠭᠠᠨ | ᠣᠷᠣᠭᠤᠯᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ | ᠵᠢᠴᠢ ᠪᠠᠴᠢᠮ ᠪᠠᠶᠢᠳᠠᠯ ᠢ ᠠᠷᠭᠠᠴᠠᠬᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠨᠠᠷᠢᠨ | ᠬᠠᠭᠤᠳᠠᠰᠤ ᠶᠢ ᠵᠠᠰᠠᠨ ᠨᠠᠶᠢᠷᠠᠭᠤᠯᠬᠤ᠂ ᠭᠤᠤᠯᠳᠠᠯᠭ᠎ᠠ ᠲᠠᠢ ᠠᠵᠢᠯ ᠲᠥᠷᠥᠯ ᠤᠨ ᠠᠵᠢᠯ ᠤᠨ ᠠᠮᠵᠢᠯᠲᠠ | ᠪᠦᠲᠦᠮᠵᠢ ᠶᠢ ᠲᠠᠰ ᠬᠤᠪᠢᠶᠠᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠨ | ᠰᠢᠶ᠋ᠳᠪᠦᠷᠢᠯᠡᠬᠦ᠂ ᠬᠢᠨᠠᠯᠲᠠ ᠲᠠᠯᠪᠢᠵᠤ ᠪᠠᠶᠢᠴᠠᠭᠠᠬᠤ ᠵᠢᠴᠢ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ | ᠠᠵᠢᠯᠯᠠᠭᠠᠨ ᠪᠠ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠬᠤ ᠮᠡᠷᠭᠡᠵᠢᠯ ᠤᠨ ᠳᠡᠮᠵᠢᠯᠭᠡ ᠪᠠ ᠪᠠᠴᠢᠮ ᠪᠠᠶᠢᠳᠠᠯ ᠢ | ᠠᠷᠭᠠᠴᠠᠬᠤ ᠰᠣᠷᠢᠯᠲᠠ ᠵᠡᠷᠭᠡ ᠡᠯ᠎ᠡ ᠵᠦᠶ᠋ᠯ ᠤᠨ ᠠᠵᠢᠯ ᠳᠤ ᠪᠠᠯᠠ ᠮᠥᠩᠭᠦ ᠶᠢᠨ ᠪᠠᠲᠤᠯᠠᠭ᠎ᠠ ᠬᠠᠩᠭᠠᠬᠤ ᠬᠡᠷᠡᠭᠲᠡᠶ᠃ | 5.2 ᠠᠮᠤᠷ ᠲᠦᠪᠰᠢᠨ ᠤ ᠪᠠᠲᠤᠯᠠᠭ᠎ᠠ | ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠠᠴᠠ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠬᠤ ᠳᠤ ᠦᠢᠯᠡᠳᠪᠦᠷᠢᠯᠡᠯ ᠢ ᠵᠣᠭᠰᠣᠭᠠᠬᠤ ︵ᠬᠢᠵᠠᠭᠠᠷᠯᠠᠬᠤ︶ ᠠᠷᠭ᠎ᠠ ᠬᠡᠮᠵᠢᠶ᠎ᠡ ᠠᠪᠬᠤ ᠠᠴᠠ | ᠡᠮᠦᠨ᠎ᠡ᠂ ᠠᠶᠢᠮᠠᠭ ᠤᠨ ᠳᠡᠰ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠠ ᠠᠮᠢ ᠠᠬᠤᠶ ᠶᠢᠨ ᠣᠷᠴᠢᠨ | ᠲᠣᠭᠤᠷᠢᠨ ᠤ ᠰᠠᠯᠠᠭ᠎ᠠ ᠮᠥᠴᠢᠷ ᠤᠳ ᠨᠡᠪᠲᠡᠷᠡᠯᠴᠡᠨ ᠵᠣᠬᠢᠴᠠᠭᠤᠯᠬᠤ ᠪᠠᠨ ᠴᠢᠩᠭᠠᠳᠬᠠᠵᠤ᠂ ᠦᠢᠯᠡᠳᠪᠦᠷᠢᠯᠡᠯ ᠢ | ᠵᠣᠭᠰᠣᠭᠠᠬᠤ ︵ᠬᠢᠵᠠᠭᠠᠷᠯᠠᠬᠤ︶ ᠠᠵᠤ ᠠᠬᠤᠶᠢᠯᠠᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠡᠰ ᠢ | ᠬᠠᠤᠯᠢ ᠶᠣᠰᠣᠭᠠᠷ ᠲᠣᠭᠲᠠᠭᠠᠵᠤ᠂ ᠠᠶᠤᠯ ᠲᠦᠭᠰᠢᠭᠦᠷᠢ ᠪᠠᠷ ᠨᠡᠯᠢᠶᠡᠳ ᠶᠡᠭᠡ ᠠᠵᠤ ᠠᠬᠤᠶᠢᠯᠠᠯ ᠳᠤ ᠬᠤᠰᠢᠭᠤ | ᠰᠢᠶᠠᠨ ᠤ ᠱᠠᠲᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠮᠢ ᠠᠬᠤᠶ ᠶᠢᠨ ᠣᠷᠴᠢᠨ ᠲᠣᠭᠤᠷᠢᠨ ᠤ | ᠰᠠᠯᠠᠭ᠎ᠠ ᠮᠥᠴᠢᠷ ᠠᠴᠠ ᠲᠤᠰᠬᠠᠶ ᠮᠡᠷᠭᠡᠵᠢᠯᠲᠡᠨ ᠵᠢᠴᠢ ᠬᠢᠨᠠᠨ ᠬᠠᠮᠢᠶᠠᠷᠬᠤ ᠠᠵᠢᠯᠲᠠᠨ ᠢ ᠲᠣᠮᠢᠯᠠᠨ ᠲᠤᠬᠠᠶ ᠶᠢᠨ | ᠲᠠᠯᠠᠪᠠᠶ ᠳᠤ ᠣᠴᠢᠭᠤᠯᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ ᠠᠶᠤᠯ | ᠲᠦᠭᠰᠢᠭᠦᠷᠢ ᠶᠢ ᠢᠯᠭᠠᠨ ᠲᠠᠨᠢᠬᠤ ᠠᠵᠢᠯ ᠢ ᠥᠷᠨᠢᠭᠦᠯᠵᠦ᠂ ᠳᠠᠯᠳᠠ ᠬᠡᠮ ᠢ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠵᠤ᠂ ᠦᠶ᠋ᠯᠡᠳᠪᠦᠷᠢᠯᠡᠯ ᠡᠵᠡᠩᠨᠡᠯᠲᠡ ᠶᠢᠨ ᠨᠢᠭᠡᠴᠢ ᠶᠢᠨ ᠦᠶ᠋ᠯᠡᠳᠪᠦᠷᠢᠯᠡᠯ ᠢᠶᠠᠨ ᠵᠣᠭᠰᠣᠭᠠᠬᠤ ︵ | ᠬᠢᠵᠠᠭᠠᠷᠯᠠᠬᠤ︶ ᠬᠤᠭᠤᠴᠠᠭᠠᠨ ᠳᠠᠬᠢ ᠠᠮᠤᠷ ᠲᠦᠪᠰᠢᠨ᠂ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠵᠤ᠂ | ᠦᠶ᠋ᠯᠡᠳᠪᠦᠷᠢᠯᠡᠯ ᠤᠨ ᠠᠮᠤᠷ ᠲᠦᠪᠰᠢᠨ ᠤ ᠠᠳᠡᠯ ᠪᠠ ᠣᠷᠴᠢᠨ ᠲᠣᠭᠤᠷᠢᠨ ᠤ ᠪᠣᠬᠢᠷᠲᠤᠯ ᠤᠨ ᠬᠡᠷᠡᠭ ᠡᠭᠦᠰᠬᠦ ᠠᠴᠠ | ᠵᠠᠶᠢᠯᠠᠰᠬᠢᠬᠦ ᠬᠡᠷᠡᠭᠲᠡᠶ᠃ | 5.3 ᠴᠢᠳᠠᠪᠤᠷᠢ ᠶᠢᠨ ᠪᠠᠲᠤᠯᠠᠭ᠎ᠠ | ᠡᠯ᠎ᠡ ᠱᠠᠲᠤᠨ ᠤ ᠠᠮᠢ ᠠᠬᠤᠶ ᠶᠢᠨ ᠣᠷᠴᠢᠨ ᠲᠣᠭᠤᠷᠢᠨ ᠵᠢᠴᠢ ᠴᠠᠭ ᠠᠭᠤᠷ ᠤᠨ ᠰᠠᠯᠠᠭ᠎ᠠ ᠮᠥᠴᠢᠷ ᠤᠳ | ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠰᠬᠠᠶ ᠮᠡᠷᠭᠡᠵᠢᠯᠲᠡᠨ ᠤ ᠡᠩᠨᠡᠭᠡ ᠶᠢ ᠪᠠᠶᠢᠭᠤᠯᠤᠨ᠂ ᠣᠷᠴᠢᠨ | ᠲᠣᠭᠤᠷᠢᠨ ᠤ ᠠᠭᠠᠷ ᠤᠨ ᠶᠠᠰᠤ ᠴᠢᠨᠠᠷ ᠢ ᠬᠢᠨᠠᠨ ᠬᠡᠮᠵᠢᠬᠦ ᠬᠡᠮᠵᠢᠭᠦᠷᠯᠢᠭ ᠲᠥᠬᠦᠭᠡᠷᠦᠮᠵᠢ᠂ ᠤᠷᠢᠳᠴᠢᠯᠠᠨ ᠮᠡᠳᠡᠭᠡᠯᠡᠵᠦ | ᠤᠷᠢᠳᠴᠢᠯᠠᠨ ᠰᠡᠷᠡᠮᠵᠢᠯᠡᠭᠦᠯᠬᠦ ᠵᠠᠭᠪᠤᠷ ᠵᠡᠷᠭᠡ ᠵᠥᠭᠡᠯᠡᠨ ᠬᠠᠲᠠᠭᠤ ᠲᠣᠨᠤᠭ ᠤᠨ ᠲᠣᠬᠢᠷᠠᠭᠤᠯᠤᠯᠲᠠ ᠶᠢ | ᠲᠡᠭᠦᠯᠳᠡᠷᠵᠢᠭᠦᠯᠵᠦ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ᠂ ᠴᠠᠭ ᠠᠭᠤᠷ ᠤᠨ ᠨᠥᠬᠦᠴᠡᠯ ᠢ | ᠲᠥᠰᠦᠭᠡᠯᠡᠬᠦ ᠵᠡᠷᠭᠡ ᠬᠠᠮᠢᠶ᠎ᠠ ᠪᠥᠬᠦᠶ ᠬᠦᠷᠢᠶ᠎ᠡ ᠴᠠᠷᠠᠭ᠎ᠠ ᠶᠢᠨ ᠰᠤᠳᠤᠯᠭᠠᠨ ᠢ ᠴᠢᠩᠭᠠᠳᠬᠠᠬᠤ ᠬᠡᠷᠡᠭᠲᠡᠶ᠃ | 5.4 ᠨᠡᠪᠲᠡᠷᠡᠯᠴᠡᠭᠡ ᠶᠢᠨ ᠪᠠᠲᠤᠯᠠᠭ᠎ᠠ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠨᠡᠭᠡᠭᠡᠯᠲᠡ ᠶᠢᠨ | ᠲᠣᠭᠤᠷᠢᠭ ᠨᠢ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ | ᠲᠦᠷᠢᠮ ᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠠᠵᠢᠯᠲᠠᠨ ᠤ ᠴᠢᠮᠡᠭᠡ ᠬᠤᠯᠪᠣᠭᠠᠨ ᠤ ᠮᠡᠳᠡᠭᠡ ᠵᠠᠩᠭᠢ ᠶᠢᠨ | ᠬᠥᠮᠥᠷᠭᠡ ᠶᠢ ᠪᠦᠷᠢᠨᠰᠢᠬᠦᠯᠦᠨ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠬᠠᠷᠢᠭᠤᠴᠠᠯᠭᠠᠲᠠᠨ ᠪᠠ ᠬᠤᠯᠪᠣᠭᠠᠴᠢᠨ ᠢ ᠲᠣᠳᠣᠷᠬᠠᠶᠢᠯᠠᠵᠤ᠂ 24 ᠴᠠᠭ ᠤᠨ ᠴᠢᠮᠡᠭᠡ ᠬᠤᠯᠪᠣᠭ᠎ᠠ ᠶᠢᠨ ᠰᠠᠭᠠᠳ | ᠥᠬᠡᠶ ᠨᠡᠪᠲᠡᠷᠡᠬᠦ ᠶᠢ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢ ᠪᠠ ᠵᠠᠷᠯᠢᠭ ᠢ ᠴᠠᠭ | ᠲᠤᠬᠠᠶ ᠳᠤᠨᠢ ᠪᠦᠲᠦᠮᠵᠢᠲᠡᠶ ᠳᠠᠮᠵᠢᠭᠤᠯᠬᠤ ᠶᠢ ᠪᠠᠲᠤᠯᠠᠬᠤ ᠬᠡᠷᠡᠭᠲᠡᠶ᠃ | 6. ᠪᠡᠯᠡᠳᠬᠡᠯ ᠲᠥᠰᠦᠯ ᠤᠨ ᠬᠠᠮᠢᠶᠠᠷᠤᠯᠲᠠ | 6.1 ᠤᠬᠠᠭᠤᠯᠵᠤ ᠬᠥᠲᠥᠯᠥᠨ ᠵᠢᠯᠣᠭᠤᠳᠬᠤ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠢᠨᠲ᠋ᠤᠷ ᠰᠦᠯᠵᠢᠶ᠎ᠡ᠂ ᠲᠧᠯᠸᠢᠰ᠂ | ᠷᠠᠳᠢᠣ᠋ ᠨᠡᠪᠲᠡᠷᠡᠭᠦᠯᠭᠡ᠂ ᠰᠣᠨᠢᠨ ᠰᠡᠳᠬᠦᠯ ᠵᠡᠷᠭᠡ ᠰᠣᠨᠢᠨ ᠮᠡᠳᠡᠭᠡᠨ ᠤ ᠵᠠᠭᠤᠴᠢᠯᠠᠭᠤᠷ ᠵᠢᠴᠢ ᠮᠡᠳᠡᠭᠡ ᠵᠠᠩᠭᠢ ᠶᠢᠨ | ᠰᠦᠯᠵᠢᠶ᠎ᠡ ᠶᠢ ᠭᠦᠶ᠋ᠴᠡᠳ ᠠᠰᠢᠭᠯᠠᠨ᠂ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠲᠥᠰᠦᠯ᠂ ᠡᠷᠡᠭᠦᠯ ᠮᠡᠨᠳᠦ ᠶᠢᠨ ᠬᠠᠮᠠᠭᠠᠯᠠᠯᠲᠠ ᠶᠢᠨ ᠠᠷᠭ᠎ᠠ ᠬᠡᠮᠵᠢᠶ᠎ᠡ ᠵᠡᠷᠭᠡ ᠶᠢ ᠥᠷᠭᠡᠨ ᠢᠶᠠᠷ ᠤᠬᠠᠭᠤᠯᠵᠤ᠂ | ᠬᠦᠨᠳᠦ ᠪᠣᠬᠢᠷᠲᠤᠯ ᠲᠠᠢ ᠴᠠᠭ ᠠᠭᠤᠷ ᠤᠨ ᠬᠤᠯᠪᠣᠭᠳᠠᠯ ᠪᠥᠬᠦᠶ ᠮᠡᠳᠡᠭᠡ ᠵᠠᠩᠭᠢ ᠶᠢ ᠴᠠᠭ ᠲᠤᠬᠠᠶ ᠳᠤᠨᠢ᠂ | ᠣᠨᠣᠪᠴᠢᠲᠠᠶ ᠨᠡᠶᠢᠲᠡᠯᠡᠵᠦ᠂ ᠶᠠᠷᠢᠶ᠎ᠠ ᠬᠡᠯᠡᠯᠴᠡᠭᠡ ᠶᠢ ᠵᠥᠪ ᠢᠶᠠᠷ ᠬᠥᠲᠥᠯᠦᠨ ᠵᠢᠯᠣᠭᠤᠳᠬᠤ ᠬᠡᠷᠡᠭᠲᠡᠶ᠃ | 6.2 ᠪᠣᠯᠪᠠᠰᠤᠷᠠᠯ ᠰᠣᠷᠢᠯᠲᠠ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠨᠡᠭᠡᠭᠡᠯᠲᠡ ᠶᠢᠨ | ᠲᠣᠭᠤᠷᠢᠭ ᠪᠠ ᠠᠶᠢᠮᠠᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠢ ᠨᠦᠭᠦᠳ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠪᠣᠯᠪᠠᠰᠤᠷᠠᠭᠤᠯᠤᠯ ᠤᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠦᠨᠳᠦᠰᠦᠯᠡᠨ᠂ ᠪᠣᠯᠪᠠᠰᠤᠷᠠᠭᠤᠯᠤᠯ ᠤᠨ ᠲᠥᠯᠥᠪᠯᠡᠭᠡ ᠲᠣᠭᠲᠠᠭᠠᠵᠤ᠂ ᠪᠣᠯᠪᠠᠰᠤᠷᠠᠭᠤᠯᠤᠯ ᠤᠨ ᠠᠭᠤᠯᠭ᠎ᠠ ᠪᠠ ᠴᠠᠭ | ᠬᠤᠭᠤᠴᠠᠭ᠎ᠠ ᠶᠢ ᠲᠣᠳᠣᠷᠬᠠᠶᠢᠯᠠᠨ᠂ ᠪᠣᠯᠪᠠᠰᠤᠷᠠᠭᠤᠯᠤᠯ ᠤᠨ ᠵᠢᠷᠤᠮᠵᠢᠯ ᠲᠠᠢ ᠡᠮᠬᠢ ᠵᠢᠷᠤᠮ ᠲᠠᠢ ᠶᠠᠪᠤᠭᠳᠠᠬᠤ ᠶᠢ | ᠦᠨᠡᠨᠬᠦ ᠪᠠᠲᠤᠯᠠᠬᠤ ᠬᠡᠷᠡᠭᠲᠡᠶ︔ 3 ᠵᠢᠯ ᠪᠦᠷᠢ ᠳᠤ ᠨᠠᠭᠠᠳᠤ ᠵᠠᠬ᠎ᠠ ᠳᠠᠭᠠᠨ ᠨᠢᠭᠡ ᠤᠳᠠᠭ᠎ᠠ ᠪᠠᠴᠢᠮ ᠪᠠᠶᠢᠳᠠᠯ ᠢ | ᠠᠷᠭᠠᠴᠠᠬᠤ ᠰᠣᠷᠢᠯᠲᠠ ᠶᠢ ᠥᠷᠨᠢᠭᠦᠯᠵᠦ᠂ ᠬᠦᠨᠳᠦ ᠪᠣᠬᠢᠷᠲᠤᠯ ᠲᠠᠢ ᠴᠠᠭ ᠠᠭᠤᠷ ᠢ ᠠᠷᠭᠠᠴᠠᠬᠤ ᠠᠵᠢᠯ ᠤᠨ | ᠴᠢᠭᠯᠡᠭᠦᠯᠦᠯᠲᠦ ᠴᠢᠨᠠᠷ ᠪᠠ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠎ᠡ᠃ | 6.3 ᠪᠡᠯᠡᠳᠬᠡᠯ ᠲᠥᠰᠦᠯ ᠢ ᠳᠠᠩᠰᠠᠯᠠᠭᠤᠯᠬᠤ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠨᠡᠭᠡᠭᠡᠯᠲᠡ ᠶᠢᠨ | ᠲᠣᠭᠤᠷᠢᠭ ᠪᠠ ᠠᠶᠢᠮᠠᠭ ᠤᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠭᠠᠵᠠᠷ ᠤᠨ ᠪᠦᠷᠢᠯᠳᠦᠬᠦᠨ ᠨᠢᠭᠡᠴᠢ ᠨᠦᠭᠦᠳ ᠤᠯᠤᠰ ᠤᠨ ᠬᠠᠮᠢᠶ᠎ᠠ ᠪᠦᠬᠦᠢ ᠮᠡᠷᠭᠡᠵᠢᠯ ᠤᠨ ᠵᠢᠷᠤᠮᠵᠢᠯ | ᠪᠠ ᠲᠤᠰ ᠪᠡᠯᠡᠳᠬᠡᠯ ᠲᠥᠰᠦᠯ ᠤᠨ ᠱᠠᠭᠠᠷᠳᠠᠯᠭ᠎ᠠ ᠶᠢ ᠦᠨᠳᠦᠰᠦᠯᠡᠵᠦ᠂ ᠲᠣᠰ ᠭᠠᠵᠠᠷ ᠣᠷᠣᠨ ᠤ ᠬᠦᠨᠳᠦ | ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠠ ᠲᠣᠰ ᠰᠠᠯᠠᠭ᠎ᠠ | ᠮᠥᠴᠢᠷ ᠤᠨ ᠪᠠᠴᠢᠮ ᠪᠠᠶᠢᠳᠠᠯ ᠢ ᠠᠷᠭᠠᠴᠠᠬᠤ ᠳᠤ ᠬᠡᠷᠡᠭᠵᠢᠭᠦᠯᠬᠦ ᠲᠤᠰᠬᠠᠶ ᠲᠥᠰᠦᠯ ᠳᠤ ᠴᠠᠭ ᠲᠤᠬᠠᠶ ᠳᠤᠨᠢ | ᠵᠠᠰᠠᠪᠤᠷᠢ ᠣᠷᠣᠭᠤᠯᠬᠤ ᠶᠢᠨ ᠬᠠᠮᠲᠤ ᠨᠡᠶᠢᠭᠡᠮ ᠳᠤ ᠨᠡᠶᠢᠲᠡᠯᠡᠵᠦ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠪᠠ ᠲᠤᠰᠬᠠᠶ ᠬᠡᠷᠡᠭᠵᠢᠭᠦᠯᠬᠦ ᠲᠥᠰᠦᠯ ᠢ ᠴᠠᠭ ᠲᠤᠬᠠᠶ ᠳᠤᠨᠢ | ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠲᠤ ᠳᠠᠩᠰᠠᠯᠠᠭᠤᠯᠬᠤ ᠬᠡᠷᠡᠭᠲᠡᠶ | ᠃ | 7. ᠬᠠᠷᠢᠭᠤᠴᠠᠯᠭ᠎ᠠ ᠨᠡᠬᠡᠮᠵᠢᠯᠡᠬᠦ | ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠭᠠᠵᠠᠷ ᠤᠨ ᠠᠯᠪᠠᠨ ᠬᠡᠷ ᠠᠴᠠ ᠡᠯ᠎ᠡ ᠬᠤᠰᠢᠭᠤ | ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠨᠡᠭᠡᠭᠡᠯᠲᠡ ᠶᠢᠨ ᠲᠣᠭᠤᠷᠢᠭ ᠢ ᠵᠢᠯᠣᠭᠤᠳᠤᠨ | ᠵᠣᠬᠢᠴᠠᠭᠤᠯᠵᠤ ᠪᠠᠶᠢᠭᠠᠳ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠬᠦ | ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠡᠯᠡᠳᠬᠡᠯ ᠲᠥᠰᠦᠯ ᠢ ᠬᠡᠷᠡᠭᠵᠢᠭᠦᠯᠦᠭᠰᠡᠨ ᠪᠠᠶᠢᠳᠠᠯ ᠢ ᠮᠥᠷᠳᠡᠨ | ᠰᠢᠮᠳᠠᠭᠤᠯᠤᠨ ᠵᠢᠯᠣᠭᠤᠳᠴᠤ᠂ ᠪᠡᠯᠡᠳᠬᠡᠯ ᠲᠥᠰᠦᠯ ᠢ ᠬᠡᠷᠡᠭᠵᠢᠭᠦᠯᠬᠦ ᠶᠠᠪᠤᠴᠠ ᠳᠤ ᠢᠯᠡᠷᠡᠭᠰᠡᠨ ᠠᠰᠠᠭᠤᠳᠠᠯ ᠢ ᠴᠠᠭ | ᠲᠤᠬᠠᠶ ᠳᠤᠨᠢ ᠢᠯᠡᠷᠡᠭᠦᠯᠬᠦ ᠪᠠ ᠰᠢᠶ᠋ᠳᠪᠦᠷᠢᠯᠡᠬᠦ ᠬᠡᠷᠡᠭᠲᠡᠶ᠃ | ᠪᠠᠴᠢᠮ ᠪᠠᠶᠢᠳᠠᠯ ᠢ ᠠᠷᠭᠠᠴᠠᠬᠤ ᠳᠤ ᠳᠠᠭᠠᠵᠤ ᠬᠢᠬᠦ ᠬᠤᠭᠤᠴᠠᠭᠠᠨ ᠳᠤ ᠳᠠᠯᠳᠠᠭᠤᠷ ᠭᠠᠳᠠᠭᠰᠢᠯᠠᠭᠤᠯᠵᠤ | ᠬᠤᠯᠠᠭᠠᠶᠢᠯᠠᠨ ᠲᠠᠯᠪᠢᠭᠰᠠᠨ᠂ ᠣᠯᠠᠨᠲᠠ ᠪᠠᠶᠢᠴᠠᠭᠠᠵᠤ ᠣᠯᠠᠨᠲᠠ ᠵᠥᠷᠢᠴᠡᠭᠰᠡᠨ ᠠᠵᠤ ᠠᠬᠤᠶᠢᠯᠠᠯ ᠢ ᠬᠠᠤᠯᠢ | ᠶᠣᠰᠣᠭᠠᠷ ᠵᠠᠷᠯᠢᠭᠳᠠᠵᠤ ᠪᠠᠶᠢᠭᠠᠳ ᠦᠶ᠋ᠯᠡᠳᠪᠦᠷᠢᠯᠡᠯ ᠢ ᠨᠢ ᠵᠣᠭᠰᠣᠭᠠᠵᠤ᠂ ᠬᠠᠤᠯᠢ ᠶᠣᠰᠣᠭᠠᠷ ᠰᠢᠳᠬᠡᠨ | ᠲᠣᠷᠭᠠᠬᠤ ᠠᠴᠠ ᠭᠠᠳᠠᠨ᠎ᠠ᠂ ᠠᠵᠤ ᠠᠬᠤᠶᠢᠯᠠᠯ ᠤᠨ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠬᠠᠤᠯᠢ ᠶᠢᠨ | ᠬᠠᠷᠢᠭᠤᠴᠠᠯᠭ᠎ᠠ ᠶᠢ ᠨᠡᠬᠡᠮᠵᠢᠯᠡᠨ᠎ᠡ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠲᠠᠢ᠂ ᠪᠠᠴᠢᠮ | ᠪᠠᠶᠢᠳᠠᠯ ᠢ ᠠᠷᠭᠠᠴᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠷᠭ᠎ᠠ ᠬᠡᠮᠵᠢᠶ᠎ᠡ ᠶᠢ | ᠬᠡᠷᠡᠭᠵᠢᠭᠦᠯᠦᠭᠰᠡᠨ ᠢᠶᠠᠷ ᠬᠦᠷᠦᠯᠴᠡᠬᠦ ᠥᠬᠡᠶ ︵ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ᠂ ᠪᠣᠬᠢᠷᠲᠤᠯ ᠪᠣᠳᠠᠰ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠴᠠ ᠵᠠᠶᠢᠯᠠᠬᠤ ᠬᠠᠷᠢᠭᠤᠴᠠᠯᠭ᠎ᠠ ᠶᠢ ᠪᠠᠭᠲᠠᠭᠠᠨ᠎ᠠ︶ ᠪᠤᠶᠤ ᠵᠣᠬᠢᠬᠤ | ᠠᠵᠢᠯ ᠤᠨ ᠠᠮᠵᠢᠯᠲᠠ ᠪᠦᠲᠦᠮᠵᠢ ᠶᠢᠨ ᠲᠠᠰ ᠬᠤᠪᠢᠶᠠᠬᠤ ᠱᠠᠭᠠᠷᠳᠠᠯᠭ᠎ᠠ ᠳᠤ ᠥᠯᠥ ᠬᠦᠷᠦᠭᠰᠡᠨ ᠠᠵᠢᠯ ᠤᠨ | ᠠᠮᠵᠢᠯᠲᠠ ᠪᠦᠲᠦᠮᠵᠢ ᠶᠢᠨ ᠲᠠᠰ ᠬᠤᠪᠢᠶᠠᠬᠤ ᠠᠵᠤ ᠠᠬᠤᠶᠢᠯᠠᠯ ᠢ ᠬᠠᠮᠢᠶ᠎ᠠ ᠪᠥᠬᠦᠶ ᠲᠠᠰ ᠳᠠᠷᠠᠭᠠᠯᠠᠯ ᠢᠶᠠᠷ ᠲᠠᠰ | ᠪᠠᠭᠤᠷᠠᠭᠤᠯᠤᠨ ᠰᠢᠶ᠋ᠳᠪᠦᠷᠢᠯᠡᠨ᠎ᠡ᠃ | 8. ᠳᠠᠭᠠᠯᠳᠤᠭᠤᠯᠤᠭᠰᠠᠨ ᠲᠦᠷᠢᠮ | ᠲᠣᠰ ᠪᠡᠯᠡᠳᠬᠡᠯ ᠲᠥᠰᠦᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ︽ᠬᠢᠩᠭᠠᠨ ᠠᠶᠢᠮᠠᠭ ᠤᠨ | ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ︵2020 ᠣᠨ ᠤ | ᠵᠠᠰᠠᠪᠤᠷᠢ ᠣᠷᠣᠭᠤᠯᠤᠭᠰᠠᠨ ᠬᠡᠪᠯᠡᠯ︶ ᠢ ᠳᠠᠷᠤᠮᠠᠯᠯᠠᠨ ᠶᠠᠪᠤᠭᠤᠯᠬᠤ ᠲᠤᠬᠠᠶ ᠬᠢᠩᠭᠠᠨ ᠠᠶᠢᠮᠠᠭ ᠤᠨ ᠵᠠᠬᠢᠷᠭ᠎ᠠ ᠶᠢᠨ | ᠠᠯᠪᠠᠨ ᠬᠡᠷ ᠤᠨ ᠮᠡᠳᠡᠭᠳᠡᠯ︾ ︵ ᠬᠢᠩᠭᠠᠨ ᠵᠠᠬᠢᠷᠭ᠎ᠠ ᠠᠯᠪᠠᠨ ᠲᠠᠷᠬᠠᠭᠠᠭᠰᠠᠨ ︹ 2020 ︺ 16 ᠳ᠋ᠤᠭᠠᠷ | ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ | | |