| | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠬᠢᠩᠭᠠᠨ ᠠᠶᠢᠮᠠᠭ ᠤᠨ ︿ᠵᠢᠭᠤᠯᠴᠢᠯᠠᠯ ᠤᠨ | ᠳᠥᠷᠪᠡᠨ ᠭᠠᠵᠠᠷ﹀ ᠢ ᠪᠥᠲᠥᠭᠡᠨ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ ︵2024 — 2025 ᠣᠨ︶︾ | ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠭᠤᠰᠢᠯᠠᠭᠤᠤᠯᠨ | ᠨᠠᠶᠢᠳᠠᠪᠤᠷᠢᠵᠢᠭᠤᠯᠲᠤᠭᠠᠶ᠃ | 2024 ᠣᠨ ᠤ 4 ᠰᠠᠷ᠎ᠠ ᠶᠢᠨ 29 ᠤ | ᠡᠳᠦᠷ | ︵ᠲᠣᠰ ᠮᠠᠲ᠋ᠧᠷᠢᠶᠠᠯ ᠢ ᠢᠯᠡ ᠪᠠᠷ | ᠨᠡᠶᠢᠲᠡᠯᠡᠨ᠎ᠡ︶ | ᠬᠢᠩᠭᠠᠨ ᠠᠶᠢᠮᠠᠭ ᠤᠨ ︽ᠵᠢᠭᠤᠯᠴᠢᠯᠠᠯ ᠤᠨ ᠳᠥᠷᠪᠡᠨ ᠭᠠᠵᠠᠷ︾ ᠢ ᠪᠠᠶᠢᠭᠤᠯᠬᠤ ᠶᠢᠨ ᠬᠡᠷᠡᠭᠵᠢᠭᠦᠯᠬᠦ ᠲᠥᠰᠦᠯ | ︵2024 — 2025 ᠣᠨ︶ | ᠤᠯᠤᠰ ᠤᠨ ᠳᠣᠲᠣᠭᠠᠳᠤ ᠶᠢᠨ ᠥᠪᠡᠷ ᠢᠶᠠᠨ ᠵᠢᠯᠣᠭᠤᠳᠴᠤ ᠵᠢᠭᠤᠯᠴᠢᠯᠠᠬᠤ ᠲᠡᠷᠢᠭᠦᠨ ᠰᠣᠩᠭᠤᠯᠲᠠ ᠶᠢᠨ | ᠭᠠᠵᠠᠷ᠂ ᠬᠡᠭᠡᠷ᠎ᠡ ᠪᠠᠭᠤᠳᠠᠯᠯᠠᠵᠤ ᠵᠢᠭᠤᠯᠴᠢᠯᠠᠬᠤ ᠰᠠᠶᠢᠨ ᠰᠣᠩᠭᠤᠯᠲᠠ ᠶᠢᠨ ᠭᠠᠵᠠᠷ᠂ ᠠᠮᠠᠷᠠᠯᠲᠠ ᠶᠢᠨ | ᠵᠢᠭᠤᠯᠴᠢᠯᠠᠯ ᠤᠨ ᠵᠠᠪᠠᠯ ᠰᠣᠩᠭᠤᠬᠤ ᠭᠠᠵᠠᠷ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠰᠢᠯᠢᠳᠡᠭ | ᠰᠣᠩᠭᠤᠯᠲᠠ ᠶᠢᠨ ᠭᠠᠵᠠᠷ ︵︽ᠵᠢᠭᠤᠯᠴᠢᠯᠠᠯ ᠤᠨ ᠲᠦᠷᠪᠡᠨ ᠭᠠᠵᠠᠷ︾ ᠭᠡᠵᠦ ᠲᠣᠪᠴᠢᠯᠠᠨ᠎ᠠ︶ ᠤᠨ ᠪᠦᠳᠦᠭᠡᠨ | ᠪᠠᠶᠢᠭᠤᠯᠤᠯᠲᠠ ᠶᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠶᠢᠨ ᠲᠥᠯᠥᠭᠡ᠂ | ᠬᠢᠩᠭᠠᠨ ᠠᠶᠢᠮᠠᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠰᠢ ᠶᠢᠨ ᠫᠢᠩ ᠰᠣᠶᠣᠯ ᠤᠨ ᠦᠵᠡᠯ ᠰᠠᠨᠠᠭ᠎ᠠ ᠶᠢ | ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ | ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ | ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠦᠴᠦ ᠪᠠᠨ | ᠲᠥᠪᠯᠡᠷᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ | ᠠᠵᠢᠯ ᠤᠨ ᠭᠤᠣᠯ ᠱᠤᠭᠤᠮ ᠪᠣᠯᠭᠠᠵᠤ᠂ ︽ᠤᠮᠠᠷᠠᠲᠤ ᠶᠢᠨ ᠰᠣᠶᠣᠯ︾ ᠤᠨ ᠨᠠᠷᠠᠲᠤ ᠲᠥᠷᠥᠯ ᠲᠡᠮᠳᠡᠭᠲᠦ ᠪᠠᠷ | ᠭᠠᠷᠳᠠᠴᠠ ᠪᠣᠯᠭᠠᠵᠤ᠂ ︽ᠵᠢᠭᠤᠯᠴᠢᠯᠠᠯ ᠤᠨ ᠳᠥᠷᠪᠡᠨ ᠭᠠᠵᠠᠷ︾ ᠤᠨ ᠪᠥᠲᠥᠭᠡᠨ ᠪᠠᠶᠢᠭᠤᠯᠤᠯᠲᠠ ᠶᠢᠨ | ᠲᠣᠭᠤᠷᠢᠨ ᠳᠤ᠂ ᠰᠣᠶᠣᠯ ᠪᠠ ᠵᠢᠭᠤᠯᠴᠢᠯᠠᠯ ᠤᠨ ᠡᠬᠢ ᠪᠠᠶᠠᠯᠢᠭ ᠢ ᠪᠦᠲᠦᠮᠵᠢᠲᠡᠶ ᠪᠠᠷ ᠡᠮᠬᠢᠯᠡᠨ ᠨᠡᠶᠢᠯᠡᠭᠦᠯᠵᠦ | ᠠᠰᠢᠭᠯᠠᠨ᠂ ᠵᠢᠭᠤᠯᠴᠢᠯᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠵᠢᠭᠤᠯᠴᠢᠯᠠᠯ ᠤᠨ | ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠪᠡᠶᠡᠯᠡᠭᠦᠯᠵᠦ᠂ ᠰᠣᠶᠣᠯ ᠪᠠ ᠵᠢᠭᠤᠯᠴᠢᠯᠠᠯ ᠤᠨ ᠬᠦᠴᠦᠷᠬᠡᠭ | ᠠᠶᠢᠮᠠᠭ ᠢ ᠪᠥᠲᠥᠭᠡᠨ ᠪᠠᠶᠢᠭᠤᠯᠵᠤ᠂ ︽ᠰᠢᠨ᠎ᠡ ᠵᠠᠮ ᠨᠡᠭᠡᠭᠡᠵᠦ᠂ ᠳᠤᠮᠳᠠᠳᠤ ᠤᠯᠤᠰ ᠤᠨ ᠵᠢᠭᠤᠯᠴᠢᠯᠠᠯ ᠳᠤ ᠣᠷᠣᠬᠤ | ︾ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ᠃ | ︵ᠬᠤᠶᠠᠷ︶ ᠦᠨᠳᠦᠰᠦᠨ ᠵᠠᠷᠴᠢᠮ | — ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠴᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠤᠨ᠎ᠠ᠃ | ᠵᠠᠰᠠᠭ ᠤᠨ ᠣᠷᠳᠣᠨ ᠤ ᠬᠥᠲᠥᠯᠦᠨ ᠵᠢᠯᠣᠭᠤᠳᠬᠤ᠂ ᠲᠡᠳᠬᠦᠬᠦ ᠪᠠ ᠦᠢᠯᠡᠴᠢᠯᠡᠬᠦ ᠡᠭᠦᠷᠭᠡ ᠴᠢᠳᠠᠪᠤᠷᠢ ᠶᠢ | ᠴᠢᠩᠭᠠᠷᠠᠭᠤᠯᠤᠨ᠂ ᠪᠦᠲᠦᠮᠵᠢᠲᠡᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ᠂ ᠵᠠᠬ᠎ᠠ | ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ | ᠭᠤᠤᠯ ᠴᠣᠭᠴᠠ ᠶᠢᠨ ᠢᠳᠡᠪᠬᠢᠵᠢᠯ ᠢ ᠳᠠᠶᠢᠴᠢᠯᠠᠵᠤ᠂ ᠭᠤᠤᠯᠳᠠᠯᠭ᠎ᠠ ᠲᠠᠢ ᠠᠵᠤ ᠦᠢᠯᠡᠰ ᠤᠨ ᠲᠥᠷᠥᠯ | ᠵᠦᠢᠯ ᠢᠶᠠᠷ ᠠᠴᠢᠶᠠᠯᠠᠪᠤᠷᠢ ᠪᠣᠯᠭᠠᠨ᠂ ᠡᠬᠢ ᠪᠠᠶᠠᠯᠢᠭ ᠤᠨ ᠬᠦᠴᠦᠨ ᠵᠦᠢᠯ ᠤᠨ ᠥᠪᠡᠷ ᠢᠶᠠᠨ ᠲᠡᠷᠭᠡ ᠵᠢᠯᠣᠭᠤᠳᠬᠤ | ᠂ ᠬᠡᠭᠡᠷ᠎ᠡ ᠪᠠᠭᠤᠳᠠᠯᠯᠠᠬᠤ᠂ ᠠᠮᠠᠷᠠᠯᠲᠠ ᠥᠩᠭᠡᠷᠡᠭᠡᠬᠦ ᠪᠠ ᠡᠷᠡᠭᠦᠯ ᠮᠡᠨᠳᠦ ᠰᠤᠪᠢᠯᠠᠯᠲᠠ ᠵᠡᠷᠭᠡ ᠬᠦᠷᠢᠶ᠎ᠡ ᠴᠠᠷᠠᠭ᠎ᠠ ᠳᠤ | ᠡᠮᠬᠢ ᠵᠢᠷᠤᠮ ᠲᠠᠢ ᠪᠠᠷ ᠰᠢᠯᠵᠢᠬᠦ ᠶᠢ ᠠᠬᠢᠭᠤᠯᠵᠤ᠂ ᠪᠥᠬᠦ ᠠᠶᠢᠮᠠᠭ ᠤᠨ ᠵᠢᠭᠤᠯᠴᠢᠯᠠᠯ ᠤᠨ ᠦᠢᠯᠡᠰ ᠤᠨ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ | — ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠣᠨᠴᠠᠯᠢᠭ ᠲᠠᠢ ᠪᠠᠷ ᠬᠥᠭᠵᠢᠭᠦᠯᠦᠨ᠎ᠡ᠃ ᠡᠯ᠎ᠡ ᠭᠠᠵᠠᠷ | ᠣᠷᠣᠨ ᠤ ᠡᠬᠢ ᠪᠠᠶᠠᠯᠢᠭ ᠤᠨ ᠲᠥᠷᠥᠯᠬᠢ ᠠᠪᠢᠶᠠᠰ ᠪᠠ ᠣᠷᠣᠨ ᠪᠦᠰᠡ ᠶᠢᠨ ᠴᠢᠳᠠᠮᠵᠢ ᠶᠢᠨ ᠪᠠᠶᠢᠷᠢ | ᠲᠣᠭᠲᠠᠭᠠᠯᠲᠠ ᠳᠤ ᠰᠠᠭᠤᠷᠢᠯᠠᠨ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠡᠮᠬᠢ | ᠵᠢᠷᠤᠮ ᠲᠠᠢ ᠪᠠᠷ ᠠᠬᠢᠭᠤᠯᠵᠤ᠂ ᠲᠥᠯᠥᠪᠵᠢᠭᠦᠯᠭᠡ ᠶᠢᠨ ᠬᠢᠷᠢ ᠲᠦᠪᠰᠢᠨ᠂ ᠵᠢᠷᠤᠭ ᠲᠥᠯᠥᠪᠯᠡᠭᠡ ᠶᠢᠨ ᠶᠠᠰᠤ ᠴᠢᠨᠠᠷ᠂ | ᠪᠥᠲᠥᠭᠡᠨ ᠪᠠᠶᠢᠭᠤᠯᠬᠤ ᠪᠠᠷᠢᠮᠵᠢᠶ᠎ᠠ ᠶᠢ ᠳᠡᠭᠡᠭᠰᠢᠯᠡᠭᠦᠯᠦᠨ᠂ ᠰᠣᠬᠤᠷ ᠪᠠᠯᠠᠶ ᠪᠠᠷ ᠪᠠᠯᠠ ᠣᠷᠣᠭᠤᠯᠬᠤ ᠪᠠ ᠳᠣᠤᠷ᠎ᠠ | ᠬᠢᠷᠢ ᠲᠦᠪᠰᠢᠨ᠂ ᠢᠵᠢᠯᠰᠢᠭᠦᠯᠦᠨ ᠪᠥᠲᠥᠭᠡᠨ ᠪᠠᠶᠢᠭᠤᠯᠬᠤ ᠶᠢ ᠰᠡᠷᠭᠡᠶᠢᠯᠡᠵᠦ᠂ ᠶᠡᠭᠡ ᠪᠠᠷ ᠨᠤᠷᠠᠭᠠᠵᠤ ᠶᠡᠭᠡ ᠪᠠᠷ | ᠪᠥᠲᠥᠭᠡᠨ ᠪᠠᠶᠢᠭᠤᠯᠬᠤ ᠠᠴᠠ ᠵᠠᠶᠢᠯᠠᠰᠬᠢᠵᠦ᠂ ᠪᠠᠶᠢᠭᠠᠯᠢ ᠶᠢᠨ ᠳᠦᠷᠰᠦ ᠪᠠᠶᠢᠳᠠᠯ ᠪᠠ ᠰᠣᠶᠣᠯ ᠤᠨ ᠣᠨᠴᠠᠯᠢᠭ ᠢ | ᠦᠨᠡᠨᠬᠦ ᠰᠠᠶᠢᠲᠤᠷ ᠬᠠᠮᠠᠭᠠᠯᠠᠵᠤ᠂ ᠪᠥᠬᠦ ᠠᠶᠢᠮᠠᠭ ᠤᠨ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ | ᠪᠠ ᠦᠷᠭᠦᠯᠵᠢᠯᠡᠨ ᠳᠡᠭᠡᠭᠰᠢᠯᠡᠬᠦ ᠶᠢ ᠠᠬᠢᠭᠤᠯᠤᠨ᠎ᠠ᠃ | — ᠨᠠᠷᠠᠲᠤ ᠲᠡᠮᠳᠡᠭᠲᠦ ᠪᠠᠷ ᠬᠥᠲᠥᠯᠦᠨ ᠳᠠᠭᠠᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ᠤᠮᠠᠷᠠᠲᠤ | ᠬᠢᠯᠢ ᠶᠢᠨ ᠰᠣᠶᠣᠯ︾ ᠤᠨ ᠨᠠᠷᠠᠲᠤ ᠲᠥᠷᠥᠯ ᠲᠡᠮᠳᠡᠭᠲᠦ ᠪᠠᠷ ᠵᠢᠯᠣᠭᠤᠳᠣᠯᠭ᠎ᠠ ᠪᠣᠯᠭᠠᠵᠤ᠂ ︽ᠠᠭᠤᠯᠠᠨ ᠠᠶᠢᠮᠠᠭ | ᠬᠢᠭᠡᠳ ᠤᠰᠤᠨ ᠠᠶᠢᠮᠠᠭ ᠬᠢᠭᠡᠳ ᠬᠢᠩᠭᠠᠨ ᠠᠶᠢᠮᠠᠭ︾᠂ ︽ᠨᠤᠲᠤᠭ ᠤᠨ ᠬᠢᠩᠭᠠᠨ ᠠᠨ ᠲᠠᠢ ᠠᠭᠤᠯᠵᠠᠬᠤ︾᠂ ︽ | ᠬᠢᠩᠭᠠᠨ ᠠᠨ ᠢᠶᠠᠷ ᠵᠣᠷᠴᠢᠬᠤ︾᠂ ︽ᠬᠢᠯᠢ ᠶᠢᠨ ᠣᠷᠣᠨ ᠢ ᠮᠠᠨᠳᠤᠭᠤᠯᠬᠤ ᠵᠢᠭᠤᠯᠴᠢᠯᠠᠯ︾᠂ ᠬᠥᠳᠡᠭᠡ | ᠲᠣᠰᠬᠤᠨ ᠤ ᠠᠷᠠᠳ ᠤᠨ ᠣᠷᠣᠨ ᠰᠠᠭᠤᠴᠠ ᠶᠢᠨ ︽ᠰᠢᠩ ᠰᠦ︾ ᠨᠠᠷᠠᠲᠤ ᠲᠥᠷᠥᠯ ᠲᠡᠮᠳᠡᠭᠲᠦ᠂ ᠬᠡᠭᠡᠷ᠎ᠡ | ᠪᠠᠭᠤᠳᠠᠯᠯᠠᠬᠤ ᠵᠢᠭᠤᠯᠴᠢᠯᠠᠯ ᠤᠨ ︽ᠪᠠᠭᠤᠳᠠᠯᠯᠠᠬᠤ︾ ᠨᠠᠷᠠᠲᠤ ᠲᠥᠷᠥᠯ ᠲᠡᠮᠳᠡᠭᠲᠦ ᠵᠡᠷᠭᠡ ᠰᠣᠶᠣᠯ ᠵᠢᠭᠤᠯᠴᠢᠯᠠᠯ ᠤᠨ | ᠨᠠᠷᠠᠲᠤ ᠲᠥᠷᠥᠯ ᠲᠡᠮᠳᠡᠭᠲᠦ ᠶᠢᠨ ᠦᠨ᠎ᠡ ᠥᠷᠲᠡᠭ ᠪᠠ ᠨᠥᠯᠥᠭᠡᠯᠡᠬᠦ ᠬᠦᠴᠦᠨ ᠢ ᠦᠨᠡᠨᠬᠦ ᠳᠡᠭᠡᠭᠰᠢᠯᠡᠭᠦᠯᠵᠦ᠂ ᠡᠯ᠎ᠡ | ᠲᠥᠷᠥᠯ ᠤᠨ ᠵᠢᠭᠤᠯᠴᠢᠯᠠᠯ ᠤᠨ ᠲᠥᠷᠥᠯ ᠵᠦᠶ᠋ᠯ ᠪᠠ ᠠᠵᠢᠯᠯᠠᠭᠠᠨ ᠤ ᠰᠣᠶᠣᠯ ᠤᠨ ᠬᠥᠭ ᠠᠶᠠᠰ ᠢ ᠳᠡᠭᠡᠭᠰᠢᠯᠡᠭᠦᠯᠦᠨ᠂ | ᠪᠥᠬᠦ ᠠᠶᠢᠮᠠᠭ ᠤᠨ ᠵᠢᠭᠤᠯᠴᠢᠯᠠᠯ ᠤᠨ ᠴᠢᠨᠠᠷ ᠴᠢᠨᠰᠠᠭ᠎ᠠ ᠶᠢᠨ ᠳᠡᠭᠡᠭᠰᠢᠯᠡᠯᠲᠡ ᠶᠢ ᠠᠬᠢᠭᠤᠯᠤᠨ᠎ᠠ᠃ | — ᠰᠣᠶᠣᠯ ᠵᠤᠭᠠᠴᠠᠯ ᠢ ᠠᠭᠤᠰᠤᠯᠴᠠᠭᠤᠯᠵᠤ᠂ ᠠᠵᠤ ᠦᠢᠯᠡᠰ ᠢᠶᠠᠷ ᠳᠠᠶᠢᠴᠢᠯᠠᠨ᠎ᠠ᠃ ᠰᠣᠶᠣᠯ ᠢᠶᠠᠷ | ᠵᠤᠭᠠᠴᠠᠯ ᠢ ᠱᠤᠭᠤᠬᠤ᠂ ᠵᠤᠭᠠᠴᠠᠯ ᠢᠶᠠᠷ ᠰᠣᠶᠣᠯ ᠢ ᠲᠤᠪᠤᠶᠢᠯᠭᠠᠬᠤ ᠶᠢ ᠪᠠᠷᠢᠮᠲᠠᠯᠠᠵᠤ᠂ ᠰᠣᠶᠣᠯ ᠪᠠ ᠵᠤᠭᠠᠴᠠᠯ ᠤᠨ | ᠭᠦᠨᠵᠡᠭᠡᠢ ᠠᠭᠤᠰᠤᠯᠴᠠᠯ ᠢ ᠠᠬᠢᠭᠤᠯᠵᠤ᠂ ︽ᠤᠮᠠᠷᠠᠲᠤ ᠶᠢᠨ ᠰᠣᠶᠣᠯ︾ ᠤᠨ ᠠᠭᠤᠯᠤᠭᠳᠠᠬᠤᠨ ᠣᠨᠴᠠ ᠴᠢᠨᠠᠷ ᠢ | ᠭᠦᠢᠴᠡᠳ ᠠᠭᠤᠳᠠᠯᠵᠤ᠂ ᠡᠯ᠎ᠡ ᠲᠦᠷᠦᠯ ᠤᠨ ᠵᠤᠭᠠᠴᠠᠯ ᠤᠨ ᠲᠦᠷᠦᠯ ᠵᠦᠢᠯ ᠳᠤ ᠪᠦᠲᠦᠮᠵᠢᠲᠡᠢ ᠠᠭᠤᠰᠤᠯᠴᠠᠵᠤ᠂ | ᠵᠤᠭᠠᠴᠠᠯ ᠤᠨ ᠦᠢᠯᠡᠰ ᠤᠨ ᠬᠡᠯᠪᠡᠷᠢ ᠪᠠᠶᠢᠳᠠᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠵᠤᠭᠠᠴᠠᠯ ᠤᠨ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠵᠤᠭᠠᠴᠠᠯ ᠤᠨ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠵᠤᠭᠠᠴᠠᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠬᠥᠳᠡᠯᠭᠡᠬᠦ | ᠬᠦᠴᠦᠨ ᠢ ᠪᠤᠶᠢᠵᠢᠭᠤᠯᠤᠨ᠎ᠠ᠃ | — ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠣᠯᠠᠨ ᠲᠠᠯ᠎ᠠ ᠶᠢᠨ ᠬᠢᠨ ᠣᠷᠣᠯᠴᠠᠨ᠎ᠠ᠃ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠯᠠᠨ ᠤ | ᠵᠤᠭᠠᠴᠠᠯ ᠤᠨ ᠬᠥᠭᠵᠢᠯᠲᠡ ᠶᠢᠨ ᠬᠠᠨᠳᠤᠰᠢ ᠶᠢ ᠭᠦᠢᠴᠡᠳ ᠡᠵᠡᠮᠳᠡᠵᠦ᠂ ᠵᠤᠭᠠᠴᠠᠯ ᠤᠨ ᠰᠢᠨ᠎ᠡ ᠡᠵᠡᠩᠨᠡᠯᠲᠡ ᠶᠢᠨ | ᠬᠡᠯᠪᠡᠷᠢ ᠶᠢ ᠶᠡᠬᠡᠪᠡᠷ ᠪᠤᠶᠢᠵᠢᠭᠤᠯᠵᠤ᠂ ᠠᠷᠠᠳ ᠤᠯᠠᠨ ᠤ ᠴᠢᠨᠠᠷ ᠰᠠᠶᠢᠲᠠᠢ ᠰᠣᠶᠣᠯ ᠪᠣᠯᠤᠨ ᠵᠤᠭᠠᠴᠠᠯ ᠤᠨ | ᠬᠡᠷᠡᠭᠴᠡᠭᠡ ᠶᠢ ᠲᠠᠰᠤᠷᠠᠯᠳᠡ ᠦᠭᠡᠢ ᠬᠠᠩᠭᠠᠬᠤ ᠬᠡᠷᠡᠭᠲᠡᠢ︔ ᠪᠥᠬᠦ ᠨᠡᠶᠢᠭᠡᠮ ᠢᠶᠠᠷ ᠢᠶᠠᠨ ᠵᠢᠭᠤᠯᠴᠢᠯᠠᠯ ᠤᠨ ᠨᠡᠭᠡᠭᠡᠨ | ᠬᠥᠭᠵᠢᠭᠦᠯᠦᠯᠲᠡ ᠳᠤ ᠣᠷᠣᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠳᠠᠶᠢᠴᠢᠯᠠᠵᠤ᠂ | ᠡᠯ᠎ᠡ ᠲᠥᠷᠥᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠶᠠᠰᠤ ᠴᠢᠨᠠᠷ ᠢᠶᠠᠨ | ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠶᠡᠬᠡᠪᠡᠷ ᠲᠡᠳᠬᠦᠨ᠎ᠡ᠃ | ︵ᠭᠤᠷᠪᠠ︶ ᠠᠵᠢᠯ ᠤᠨ ᠬᠠᠷᠠᠯᠲᠠ | 2024 ᠣᠨ ᠤ ᠵᠢᠯ ᠤᠨ ᠡᠴᠦᠰ ᠪᠣᠯᠬᠤ ᠳᠤ᠂ ᠪᠥᠬᠦ ᠠᠶᠢᠮᠠᠭ ᠤᠨ ︽ᠵᠢᠭᠤᠯᠴᠢᠯᠠᠯ ᠤᠨ ᠳᠥᠷᠪᠡᠨ ᠭᠠᠵᠠᠷ︾ | ᠤᠨ ᠪᠥᠲᠥᠭᠡᠨ ᠪᠠᠶᠢᠭᠤᠯᠤᠯᠲᠠ ᠳᠤ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠤ᠂ ᠴᠢᠨᠠᠷ ᠰᠠᠶᠢᠲᠠᠶ | ᠵᠢᠭᠤᠯᠴᠢᠯᠠᠯ ᠤᠨ ᠦᠢᠯᠡᠳᠭᠦᠨ ᠤ ᠬᠠᠩᠭᠠᠯᠭ᠎ᠠ ᠶᠢ ᠦᠨᠳᠦᠰᠦᠨ ᠳᠡᠭᠡᠨ ᠪᠦᠷᠢᠳᠦᠭᠦᠯᠵᠦ᠂ ︽ᠵᠢᠭᠤᠯᠴᠢᠯᠠᠯ ᠤᠨ | ᠳᠥᠷᠪᠡᠨ ᠭᠠᠵᠠᠷ︾ ᠤᠨ ᠠᠭᠤᠰᠤᠯᠴᠠᠨ ᠬᠥᠭᠵᠢᠬᠦ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠦᠨ᠎ᠡ᠃ ︽ | ᠵᠢᠭᠤᠯᠴᠢᠯᠠᠯ ᠤᠨ ᠳᠥᠷᠪᠡᠨ ᠭᠠᠵᠠᠷ︾ ᠤᠨ ᠨᠠᠷᠠᠲᠤ ᠲᠡᠮᠳᠡᠭ ᠵᠠᠬ᠎ᠠ ᠳᠡᠯᠭᠡᠭᠦᠷ ᠲᠤ ᠮᠡᠳᠡᠷᠡᠭᠳᠡᠵᠦ᠂ ︽ | ᠵᠢᠭᠤᠯᠴᠢᠯᠠᠯ ᠤᠨ ᠳᠥᠷᠪᠡᠨ ᠭᠠᠵᠠᠷ︾ ᠢᠶᠠᠷ ᠭᠤᠤᠯᠯᠠᠭᠤᠯᠤᠭᠰᠠᠨ ᠵᠢᠭᠤᠯᠴᠢᠯᠠᠯ ᠤᠨ ᠰᠢᠨ᠎ᠡ ᠦᠢᠯᠡᠳᠭᠦᠨ ᠂ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠲᠠᠰᠤᠷᠠᠯᠲᠠ ᠥᠬᠡᠶ ᠪᠠᠶᠠᠯᠢᠭᠵᠢᠵᠤ᠂ ︽ᠵᠢᠭᠤᠯᠴᠢᠯᠠᠯ ᠤᠨ ᠳᠥᠷᠪᠡᠨ ᠭᠠᠵᠠᠷ︾ | ᠤᠨ ᠪᠥᠲᠥᠭᠡᠨ ᠪᠠᠶᠢᠭᠤᠯᠤᠯᠲᠠ ᠲᠦᠷᠭᠡᠨ ᠢᠶᠠᠷ ᠨᠡᠮᠡᠭᠳᠡᠨ᠂ ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ | ᠣᠷᠣᠨ ᠰᠢᠨ᠎ᠡ ᠠᠬᠢᠴᠠ ᠲᠠᠢ ᠪᠣᠯᠵᠣ᠂ ᠵᠢᠭᠤᠯᠴᠢᠯᠠᠯ ᠤᠨ ᠳᠥᠷᠪᠡᠨ ᠭᠠᠵᠠᠷ ᠤᠨ ᠦᠢᠯᠡᠳᠭᠦᠨ ᠶᠠᠰᠤ ᠴᠢᠨᠠᠷ ᠢᠶᠠᠨ | ᠳᠡᠭᠡᠭᠰᠢᠯᠡᠭᠦᠯᠵᠦ ᠨᠡᠮᠡᠭᠳᠡᠯ ᠢᠶᠠᠨ ᠨᠡᠮᠡᠭᠳᠡᠭᠦᠯᠬᠦ ᠶᠢ ᠪᠡᠶᠡᠯᠡᠭᠦᠯᠪᠡ᠃ ᠬᠤᠪᠢ ᠪᠠᠷ ᠢᠶᠠᠨ ᠲᠡᠷᠭᠡ ᠵᠢᠯᠣᠭᠤᠳᠴᠤ | ᠵᠢᠭᠤᠯᠴᠢᠯᠠᠨ ᠰᠠᠭᠤᠬᠤ ᠲᠡᠷᠭᠡᠨ ᠤ ᠪᠠᠭᠤᠳᠠᠯ ᠤᠨ ᠭᠠᠵᠠᠷ 3᠂ ᠬᠡᠭᠡᠷ᠎ᠡ ᠪᠠᠭᠤᠳᠠᠯᠯᠠᠬᠤ ᠲᠠᠰ ᠤᠨ ᠭᠠᠵᠠᠷ 1᠂ | ᠤᠯᠤᠰ ᠤᠨ ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ 1᠂ ᠥᠪᠡᠷᠲᠡᠭᠡᠨ ᠵᠠᠰᠠᠬᠤ ᠣᠷᠣᠨ ᠤ ᠲᠠᠰ ᠤᠨ | ᠵᠢᠭᠤᠯᠴᠢᠯᠠᠯ ᠰᠡᠯᠡᠭᠦᠴᠡᠯ ᠤᠨ ᠵᠡᠭᠡᠯᠢ ᠶᠢᠨ ᠲᠣᠭᠤᠷᠢᠭ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠡᠭᠦᠯᠵᠢᠯ | ᠰᠤᠪᠢᠯᠠᠯᠲᠠ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ 1 ᠶᠢ ᠪᠤᠶᠢᠵᠢᠭᠤᠯᠤᠨ᠎ᠠ᠃ | 2025 ᠣᠨ ᠤ ᠡᠴᠦᠰ ᠪᠣᠯᠬᠤ ᠳᠤ᠂ ᠪᠥᠬᠦ ᠠᠶᠢᠮᠠᠭ ᠤᠨ ︽ᠵᠢᠭᠤᠯᠴᠢᠯᠠᠯ ᠤᠨ ᠳᠥᠷᠪᠡᠨ ᠭᠠᠵᠠᠷ︾ ᠤᠨ | ᠦᠢᠯᠡᠴᠢᠯᠡᠭᠡᠨ ᠤ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ᠂ ᠬᠢᠩᠭᠠᠨ ᠠᠶᠢᠮᠠᠭ ᠤᠨ ᠬᠢᠨ ᠤᠯᠤᠰ ᠤᠨ | ᠳᠣᠲᠣᠭᠠᠳᠤ ᠶᠢᠨ ᠥᠪᠡᠰᠦᠪᠡᠨ ᠵᠢᠯᠣᠭᠤᠴᠢ ᠪᠠᠷ ᠵᠢᠭᠤᠯᠴᠢᠯᠠᠬᠤ ᠲᠡᠷᠢᠭᠦᠨ ᠰᠣᠩᠭᠤᠯᠲᠠ ᠶᠢᠨ ᠭᠠᠵᠠᠷ᠂ ᠬᠡᠭᠡᠷ᠎ᠡ | ᠪᠠᠭᠤᠳᠠᠯᠯᠠᠬᠤ ᠰᠠᠶᠢᠨ ᠰᠣᠩᠭᠤᠯᠲᠠ ᠶᠢᠨ ᠭᠠᠵᠠᠷ᠂ ᠠᠮᠠᠷᠠᠯᠲᠠ ᠶᠢᠨ ᠵᠢᠭᠤᠯᠴᠢᠯᠠᠯ ᠤᠨ ᠵᠠᠪᠠᠯ ᠰᠣᠩᠭᠤᠬᠤ ᠭᠠᠵᠠᠷ᠂ | ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠰᠢᠯᠢᠳᠡᠭ ᠰᠣᠩᠭᠤᠯᠲᠠ ᠶᠢᠨ ᠭᠠᠵᠠᠷ ᠵᠦᠭ ᠦᠷᠭᠦᠯᠵᠢᠯᠡᠨ | ᠤᠷᠤᠭᠰᠢᠯᠠᠨ᠎ᠠ᠃ ︽ᠵᠢᠭᠤᠯᠴᠢᠯᠠᠯ ᠤᠨ ᠳᠥᠷᠪᠡᠨ ᠭᠠᠵᠠᠷ︾ ᠤᠨ ᠨᠠᠷᠠᠲᠤ ᠲᠡᠮᠳᠡᠭ ᠵᠣᠬᠢᠬᠤ ᠨᠥᠯᠥᠭᠡᠯᠡᠬᠦ | ᠬᠦᠴᠦᠨ ᠢ ᠪᠣᠶ ᠪᠣᠯᠭᠠᠵᠤ᠂ ᠪᠥᠬᠦ ᠠᠶᠢᠮᠠᠭ ᠤᠨ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ | ᠪᠥᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠥᠪᠡᠷᠲᠡᠭᠡᠨ ᠵᠠᠰᠠᠬᠤ ᠣᠷᠣᠨ ᠤ ᠲᠠᠰ ᠵᠢᠴᠢ ᠲᠡᠭᠦᠨ ᠠᠴᠠ | ᠳᠡᠭᠡᠭᠰᠢᠬᠢ ᠵᠢᠭᠤᠯᠴᠢᠯᠠᠯ ᠠᠮᠠᠷᠠᠯᠲᠠ ᠶᠢᠨ ᠣᠷᠣᠨ ᠢ 3 ᠳᠤ ᠬᠦᠷᠦᠭᠦᠯᠵᠦ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢ 2 ᠳᠤ ᠬᠦᠷᠦᠭᠦᠯᠵᠦ᠂ ᠬᠤᠪᠢ ᠶᠢᠨ ᠮᠠᠰᠢᠨ | ᠲᠡᠷᠭᠡ ᠪᠠᠷ ᠵᠢᠭᠤᠯᠴᠢᠯᠠᠬᠤ ᠪᠠ ᠲᠡᠷᠭᠡ ᠪᠠᠷ ᠪᠠᠭᠤᠳᠠᠯᠯᠠᠬᠤ ᠭᠠᠵᠠᠷ ᠢ 4 ᠳᠤ ᠬᠦᠷᠦᠭᠦᠯᠵᠦ᠂ ᠲᠠᠰ ᠤᠨ ᠬᠡᠭᠡᠷ᠎ᠡ | ᠪᠠᠭᠤᠳᠠᠯᠯᠠᠬᠤ ᠭᠠᠵᠠᠷ ᠢ 2 ᠳᠤ ᠬᠦᠷᠦᠭᠦᠯᠵᠦ᠂ ᠰᠣᠳᠣᠨ ᠠᠷᠠᠳ ᠤᠨ ᠣᠷᠣᠨ ᠰᠠᠭᠤᠴᠠ ᠶᠢᠨ ᠰᠦᠷᠦᠭᠵᠢᠯ ᠢ | ᠠᠩᠬ᠎ᠠ ᠠᠯᠬᠤᠮ ᠬᠡᠪᠴᠢᠶᠡᠵᠢᠭᠦᠯᠵᠦ᠂ ᠲᠠᠰ ᠤᠨ ᠠᠷᠠᠳ ᠤᠨ ᠣᠷᠣᠨ ᠰᠠᠭᠤᠴᠠ ᠶᠢ 10 ᠳᠤ ᠬᠦᠷᠦᠭᠦᠯᠵᠦ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠴᠠᠰᠤᠨ ᠳᠤ ᠭᠤᠯᠭᠤᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠢ | 1 ᠳᠤ ᠬᠦᠷᠦᠭᠦᠯᠵᠦ᠂ ᠥᠪᠡᠷᠲᠡᠭᠡᠨ ᠵᠠᠰᠠᠬᠤ ᠣᠷᠣᠨ ᠤ ᠲᠠᠰ ᠤᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ 2 ᠳᠤ ᠬᠦᠷᠦᠭᠦᠯᠬᠦ ᠬᠡᠷᠡᠭᠲᠡᠶ᠃ | ᠬᠤᠶᠠᠷ᠂ ᠭᠤᠣᠯᠳᠠᠯᠭ᠎ᠠ ᠲᠠᠢ ᠡᠭᠦᠷᠭᠡ | ︵ᠨᠢᠭᠡ︶ ᠤᠯᠤᠰ ᠤᠨ ᠳᠣᠲᠣᠭᠠᠳᠤ ᠶᠢᠨ ᠥᠪᠡᠷ ᠢᠶᠠᠨ ᠲᠡᠷᠭᠡ ᠵᠢᠯᠣᠭᠤᠳᠴᠤ ᠵᠢᠭᠤᠯᠴᠢᠯᠠᠬᠤ ᠲᠡᠷᠢᠭᠦᠨ | ᠰᠣᠩᠭᠤᠯᠲᠠ ᠶᠢᠨ ᠭᠠᠵᠠᠷ ᠢ ᠪᠣᠶ ᠪᠣᠯᠭᠠᠨ᠎ᠠ | 1. ᠥᠪᠡᠷ ᠢᠶᠠᠨ ᠲᠡᠷᠭᠡ ᠵᠢᠯᠣᠭᠤᠳᠬᠤ ᠵᠢᠭᠤᠯᠴᠢᠯᠠᠯ ᠤᠨ ᠰᠣᠳᠣᠨ ᠵᠠᠮ ᠱᠤᠭᠤᠮ ᠢ ᠪᠣᠶ ᠪᠣᠯᠭᠠᠨ᠎ᠠ᠃ | ᠬᠢᠩᠭᠠᠨ ᠠᠶᠢᠮᠠᠭ ᠤᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠵᠢᠴᠢ ᠤᠮᠠᠷᠠᠰᠢ ᠨᠡᠭᠡᠭᠡᠯᠲᠡ ᠬᠢᠬᠦ | ᠣᠷᠣᠨ ᠪᠠᠶᠢᠷᠢ ᠪᠣᠯᠤᠨ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠢ ᠪᠠᠳᠠᠷᠠᠭᠤᠯᠵᠤ᠂ ᠬᠢᠩᠭᠠᠨ ᠠᠶᠢᠮᠠᠭ ᠤᠨ | ᠥᠪᠡᠷ ᠤᠨ ᠵᠢᠯᠣᠭᠤᠴᠢ ᠶᠢᠨ ᠵᠢᠭᠤᠯᠴᠢᠯᠠᠯ ᠤᠨ ᠦᠢᠯᠡᠴᠢᠯᠡᠭᠡᠨ ᠤ ᠰᠢᠰᠲ᠋ᠧᠮ ᠢ ᠪᠦᠬᠦ ᠬᠦᠴᠦᠨ ᠢᠶᠠᠷ ᠪᠠᠶᠢᠭᠤᠯᠵᠤ ︽ | ᠳᠤᠮᠳᠠᠳᠤ ᠤᠯᠤᠰ ᠤᠨ ᠵᠠᠮ︾᠂ ︽ᠤᠮᠠᠷᠠᠲᠤ ᠬᠢᠯᠢ ᠶᠢᠨ ᠲᠩᠷᠢ ᠶᠢᠨ ᠵᠠᠮ︾ ᠢᠶᠠᠷ ᠨᠡᠷᠡᠲᠦ ᠲᠡᠮᠳᠡᠭ ᠤᠨ | ᠵᠢᠯᠣᠭᠤᠳᠤᠮᠵᠢ ᠪᠣᠯᠭᠠᠵᠤ᠂ ︽ᠭᠤᠷᠪᠠᠨ ᠬᠥᠨᠳᠡᠯᠡᠨ ᠨᠢᠭᠡ ᠭᠤᠯᠳᠤ︾ ᠶᠢᠨ ᠥᠪᠡᠷ ᠢᠶᠠᠨ ᠲᠡᠷᠭᠡ ᠵᠢᠯᠣᠭᠤᠳᠬᠤ | ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠵᠤ᠂ ᠣᠶ ᠰᠢᠭᠤᠶ ᠶᠢᠨ ᠨᠢᠭᠤᠴᠠ ᠬᠢᠯᠢ · ᠶᠡᠭᠡ ᠬᠢᠩᠭᠠᠨ | ᠳᠠᠪᠠᠭ᠎ᠠ ᠶᠢᠨ ᠣᠶ ᠰᠢᠭᠤᠶ ᠶᠢᠨ ᠥᠩᠭᠡᠷᠡᠬᠦ ᠵᠠᠮ᠂ ᠰᠣᠭᠲᠣᠭᠤ ᠰᠠᠶᠢᠬᠠᠨ 331 · ᠳᠤᠮᠳᠠᠳᠤ ᠤᠯᠤᠰ ᠤᠨ ᠬᠢᠯᠢ | ᠬᠢᠵᠠᠭᠠᠷ ᠤᠨ ᠥᠪᠡᠷ ᠢᠶᠠᠨ ᠲᠡᠷᠭᠡ ᠵᠢᠯᠣᠭᠤᠳᠬᠤ ᠠᠶᠠᠯᠠᠯ ᠤᠨ ᠭᠤᠤᠯ ᠰᠡᠳᠦᠪᠲᠦ ᠵᠠᠮ ᠱᠤᠭᠤᠮ᠂ ᠤᠯᠠᠭᠠᠨ | ᠬᠢᠩᠭᠠᠨ ᠠᠶᠢᠮᠠᠭ · ᠱᠦᠶ ᠶᠦᠨ ᠷᠠᠰᠢᠶᠠᠨ ᠤ ᠣᠶ ᠰᠢᠭᠤᠶ ᠶᠢᠨ ᠠᠶᠠᠯᠠᠯ᠂ ᠦᠵᠡᠰᠬᠦᠯᠡᠩᠲᠦ ᠰᠠᠶᠢᠬᠠᠨ ᠤᠮᠠᠷᠠᠲᠤ | ᠬᠢᠯᠢ · ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠬᠤᠪᠢᠰᠬᠠᠯ ᠤᠨ ᠰᠤᠳᠤᠯᠭᠠᠨ ᠤ | ᠵᠢᠭᠤᠯᠴᠢᠯᠠᠯ ᠤᠨ ᠵᠠᠮ ᠱᠤᠭᠤᠮ᠂ ᠬᠢᠩᠭᠠᠨ ᠤ ᠵᠠᠩ ᠦᠢᠯᠡ ᠶᠢᠨ ᠵᠢᠭᠤᠯᠴᠢᠯᠠᠯ ᠤᠨ ᠵᠠᠮ ᠱᠤᠭᠤᠮ ᠢ | ᠪᠤᠶᠢᠵᠢᠭᠤᠯᠬᠤ ᠶᠢ ᠠᠬᠢᠭᠤᠯᠤᠨ᠎ᠠ᠃ ︵ᠲᠦᠷᠦᠭᠦᠯᠡᠬᠦ ᠨᠢᠭᠡᠴᠢ ᠄ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ | ᠲᠠᠮᠢᠷ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ᠂ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠠᠶᠢᠮᠠᠭ ᠤᠨ ᠰᠣᠶᠣᠯ | ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ︶ | 2. ᠨᠠᠷᠠᠲᠤ ᠲᠥᠷᠥᠯ ᠲᠡᠮᠳᠡᠭᠲᠦ ᠶᠢᠨ ᠬᠤᠸᠠᠷᠠᠨ ᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠢᠩᠭᠠᠨ | ᠠᠶᠢᠮᠠᠭ ᠤᠨ ᠬᠤᠪᠢ ᠪᠠᠷ ᠢᠶᠠᠨ ᠲᠡᠷᠭᠡ ᠵᠢᠯᠣᠭᠤᠳᠴᠤ ᠵᠢᠭᠤᠯᠴᠢᠯᠠᠨ ᠰᠠᠭᠤᠬᠤ ᠲᠡᠷᠭᠡᠨ ᠤ ᠵᠣᠭᠰᠣᠭᠠᠯ ᠵᠡᠷᠭᠡ | ᠬᠤᠪᠢ ᠪᠠᠷ ᠢᠶᠠᠨ ᠲᠡᠷᠭᠡ ᠵᠢᠯᠣᠭᠤᠳᠬᠤ ᠵᠢᠭᠤᠯᠴᠢᠯᠠᠯ ᠤᠨ ᠦᠢᠯᠡᠴᠢᠯᠡᠭᠡᠨ ᠤ ᠪᠡᠯᠡᠳᠬᠡᠮᠵᠢ ᠶᠢ ᠵᠦᠶ ᠵᠣᠬᠢᠰᠲᠠᠶ | ᠪᠠᠶᠢᠷᠢᠰᠢᠭᠤᠯᠵᠤ᠂ ᠴᠢᠳᠠᠮᠵᠢ ᠨᠢ ᠪᠦᠷᠢᠨ ᠲᠡᠭᠦᠯᠳᠡᠷ᠂ ᠦᠢᠯᠡᠴᠢᠯᠡᠭᠡ ᠨᠢ ᠳᠥᠭᠦᠮ ᠳᠥᠲᠡ ᠬᠤᠪᠢ ᠪᠠᠷ ᠢᠶᠠᠨ | ᠲᠡᠷᠭᠡ ᠵᠢᠯᠣᠭᠤᠳᠬᠤ ᠬᠤᠸᠠᠷᠠᠨ ᠤ ᠰᠢᠰᠲ᠋ᠧᠮᠵᠢ ᠶᠢ ᠪᠠᠶᠢᠭᠤᠯᠤᠨ᠎ᠠ᠃ ︽ᠬᠢᠩᠭᠠᠨ︾ ᠬᠢᠩᠭᠠᠨ ᠠᠶᠢᠮᠠᠭ ᠤᠨ | ᠥᠪᠡᠷ ᠤᠨ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢ ᠠᠬᠢᠭᠤᠯᠵᠤ᠂ | ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠤᠨ ᠠᠮᠠᠷᠠᠯᠲᠠ ᠶᠢᠨ ᠣᠷᠣᠨ᠂ ᠬᠥᠳᠡᠭᠡ ᠲᠣᠰᠬᠤᠨ ᠤ | ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ᠢᠶᠠᠷ ᠭᠤᠤᠯ ᠪᠣᠯᠭᠠᠨ᠂ ᠣᠶ ᠰᠢᠭᠤᠶ᠂ ᠨᠤᠲᠤᠭ ᠪᠡᠯᠴᠢᠭᠡᠷ ᠢᠶᠠᠷ | ᠭᠤᠤᠯᠳᠠᠯᠭ᠎ᠠ ᠲᠠᠢ ᠣᠷᠣᠨ ᠪᠦᠰᠡ ᠪᠣᠯᠭᠠᠵᠤ᠂ 1 — 2 ᠥᠪᠡᠷ ᠤᠨ ᠵᠢᠯᠣᠭᠤᠴᠢ ᠶᠢᠨ ᠵᠢᠭᠤᠯᠴᠢᠯᠠᠯ ᠤᠨ | ᠴᠤᠭᠯᠠᠷᠠᠯ ᠤᠨ ᠣᠷᠣᠨ ︵ᠪᠦᠰᠡ︶ ᠢ ᠲᠥᠪᠯᠡᠷᠡᠭᠦᠯᠦᠨ ᠪᠠᠶᠢᠭᠤᠯᠤᠨ᠎ᠠ᠃ 2024 ᠣᠨ ᠤ ᠵᠢᠯ ᠤᠨ ᠡᠴᠦᠰ | ᠪᠣᠯᠬᠤ ᠳᠤ᠂ 3C ᠲᠠᠰ ᠠᠴᠠ ᠳᠡᠭᠡᠭᠰᠢᠬᠢ ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠨ ᠰᠠᠭᠤᠬᠤ ᠲᠡᠷᠭᠡᠨ ᠤ | ᠪᠠᠭᠤᠴᠠ ᠶᠢ 3 ᠠᠴᠠ ᠳᠡᠭᠡᠭᠰᠢ ᠳᠤ ᠬᠦᠷᠦᠭᠦᠯᠦᠨ᠎ᠡ︔ 2025 ᠣᠨ ᠤ ᠵᠢᠯ ᠤᠨ ᠡᠴᠦᠰ ᠪᠣᠯᠬᠤ ᠳᠤ᠂ 3C | ᠲᠠᠰ ᠠᠴᠠ ᠳᠡᠭᠡᠭᠰᠢᠬᠢ ᠬᠤᠪᠢ ᠶᠢᠨ ᠮᠠᠰᠢᠨ ᠲᠡᠷᠭᠡ ᠪᠠᠷ ᠵᠢᠭᠤᠯᠴᠢᠯᠠᠨ ᠰᠠᠭᠤᠬᠤ ᠲᠡᠷᠭᠡᠨ ᠤ ᠪᠠᠭᠤᠴᠠ ᠶᠢ 4 ᠠᠴᠠ | ᠳᠡᠭᠡᠭᠰᠢ ᠳᠤ ᠬᠦᠷᠦᠭᠦᠯᠦᠨ᠎ᠡ᠂ ᠡᠭᠦᠨ ᠳᠤ 5C ᠲᠠᠰ᠂ 4C ᠲᠠᠰ ᠤᠨ ᠶᠡᠷᠦᠩᠬᠡᠶ ᠬᠡᠮᠵᠢᠶ᠎ᠡ ᠶᠢ 2 ᠳᠤ | ᠬᠦᠷᠦᠭᠦᠯᠦᠨ᠎ᠡ᠃ ︵ᠲᠦᠷᠦᠭᠦᠯᠡᠬᠦ ᠨᠢᠭᠡᠴᠢ ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ︔ ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠠᠶᠢᠮᠠᠭ ᠤᠨ ᠰᠣᠶᠣᠯ ᠵᠢᠭᠤᠯᠴᠢᠯᠠᠯ ᠤᠨ ᠪᠠᠯᠠ | ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ︶ | 3. ᠲᠡᠷᠭᠡ ᠲᠦᠷᠢᠶᠡᠰᠦᠯᠡᠬᠦ ᠦᠢᠯᠡᠴᠢᠯᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠡᠯ᠎ᠡ ᠭᠠᠵᠠᠷ | ᠣᠷᠣᠨ ᠤ ᠭᠠᠵᠠᠷ ᠪᠠᠭᠤᠵᠤ ᠲᠡᠷᠭᠡ ᠲᠦᠷᠢᠶᠡᠰᠦᠯᠡᠬᠦ᠂ ᠣᠨᠳᠣᠤ ᠭᠠᠵᠠᠷ ᠲᠤ ᠲᠡᠷᠭᠡ ᠪᠤᠴᠠᠭᠠᠬᠤ ᠵᠡᠷᠭᠡ | ᠵᠢᠭᠤᠯᠴᠢᠯᠠᠯ ᠤᠨ ᠲᠡᠷᠭᠡ ᠲᠦᠷᠢᠶᠡᠰᠦᠯᠡᠬᠦ ᠦᠶ᠋ᠯᠡᠴᠢᠯᠡᠭᠡ ᠶᠢ ᠳᠥᠯᠭᠢᠨ ᠠᠬᠢᠭᠤᠯᠬᠤ ᠶᠢ ᠵᠣᠷᠢᠭᠵᠢᠭᠤᠯᠵᠤ᠂ ᠵᠠᠮ | — ᠦᠵᠡᠮᠵᠢ ᠶᠢᠨ ᠣᠷᠣᠨ — ᠪᠠᠭᠤᠴᠠ ᠶᠢᠨ ᠭᠠᠵᠠᠷ ᠢ ᠣᠷᠭᠠᠨᠢᠭ ᠢᠶᠠᠷ ᠬᠤᠯᠪᠣᠭᠰᠠᠨ᠂ ᠪᠥᠬᠦ ᠲᠠᠯ᠎ᠠ ᠪᠠᠷ | ᠦᠢᠯᠡᠴᠢᠯᠡᠭᠰᠡᠨ ᠥᠪᠡᠷ ᠢᠶᠠᠨ ᠲᠡᠷᠭᠡ ᠵᠢᠯᠣᠭᠤᠳᠬᠤ ᠵᠢᠭᠤᠯᠴᠢᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢ ᠠᠯᠬᠤᠮ | ᠠᠯᠬᠤᠮ ᠢᠶᠠᠷ ᠪᠠᠶᠢᠭᠤᠯᠤᠨ᠎ᠠ᠃ ᠬᠥᠯᠥᠨ ᠪᠤᠶᠢᠷ — ᠬᠢᠩᠭᠠᠨ ᠵᠢᠭᠤᠯᠴᠢᠯᠠᠯ ᠤᠨ ᠪᠦᠰᠡ ᠶᠢᠨ ᠭᠠᠵᠠᠷ ᠪᠠᠭᠤᠵᠤ | ᠲᠡᠷᠭᠡ ᠲᠦᠷᠢᠶᠡᠰᠦᠯᠡᠬᠦ᠂ ᠣᠨᠳᠣᠤ ᠭᠠᠵᠠᠷ ᠲᠤ ᠲᠡᠷᠭᠡ ᠪᠤᠴᠠᠭᠠᠬᠤ ᠵᠢᠭᠤᠯᠴᠢᠯᠠᠯ ᠤᠨ ᠲᠡᠷᠭᠡ ᠲᠦᠷᠢᠶᠡᠰᠦᠯᠡᠬᠦ | ᠦᠢᠯᠡᠴᠢᠯᠡᠭᠡ ᠶᠢ ᠠᠬᠢᠭᠤᠯᠤᠨ᠎ᠠ᠃ ︵ᠲᠦᠷᠦᠭᠦᠯᠡᠬᠦ ᠨᠢᠭᠡᠴᠢ ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ︔ ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ | ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠶᠢᠮᠠᠭ ᠤᠨ ᠰᠣᠶᠣᠯ ᠵᠢᠭᠤᠯᠴᠢᠯᠠᠯ ᠤᠨ ᠪᠠᠯᠠ | ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ︶ | ︵ᠬᠤᠶᠠᠷ︶ ᠤᠯᠤᠰ ᠤᠨ ᠳᠣᠲᠣᠭᠠᠳᠤ ᠶᠢᠨ ᠬᠡᠭᠡᠷ᠎ᠡ ᠪᠠᠭᠤᠳᠠᠯᠯᠠᠵᠤ ᠵᠤᠭᠠᠴᠠᠨ ᠵᠤᠭᠠᠴᠠᠬᠤ ᠭᠠᠵᠠᠷ ᠢ | ᠪᠥᠳᠥᠭᠡᠨ ᠪᠠᠶᠢᠭᠤᠯᠤᠨ᠎ᠠ | 4. ᠬᠡᠭᠡᠷ᠎ᠡ ᠪᠠᠭᠤᠳᠠᠯᠯᠠᠬᠤ ᠵᠢᠭᠤᠯᠴᠢᠯᠠᠯ ᠢ ᠡᠮᠬᠢ ᠵᠢᠷᠤᠮ ᠲᠠᠢ ᠬᠥᠭᠵᠢᠭᠦᠯᠦᠨ᠎ᠡ᠃ ᠡᠯ᠎ᠡ ᠬᠤᠰᠢᠭᠤ ᠰᠢᠶᠠᠨ | ᠬᠤᠲᠠ ᠶᠢᠨ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠢ | ᠬᠥᠭᠵᠢᠭᠦᠯᠬᠦ ᠶᠢ ᠳᠡᠮᠵᠢᠵᠦ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠭᠰᠠᠨ ᠤᠷᠢᠲᠠᠯ ᠳᠣᠤᠷ᠎ᠠ᠂ | ᠨᠤᠲᠤᠭ ᠪᠡᠯᠴᠢᠭᠡᠷ ᠤᠨ ᠮᠠᠯᠵᠢᠯ ᠤᠨ ᠲᠠᠯᠠᠪᠠᠶ᠂ ᠠᠭᠤᠯᠠᠷᠬᠠᠭ ᠭᠠᠵᠠᠷ ᠤᠨ ᠣᠶ ᠰᠢᠭᠤᠶ᠂ ᠨᠠᠭᠤᠷ ᠲᠣᠭᠤᠷᠢᠮ ᠤᠨ | ᠤᠰᠤᠨ ᠣᠷᠣᠨ᠂ ᠲᠠᠷᠢᠶᠠᠯᠠᠬᠤ ᠲᠠᠷᠢᠶᠠᠨ ᠭᠠᠵᠠᠷ᠂ ᠭᠤᠤᠯ ᠮᠥᠷᠡᠨ ᠤ ᠬᠠᠪᠴᠢᠯ᠂ ᠬᠤᠲᠠ ᠶᠢᠨ ᠴᠡᠴᠡᠷᠯᠢᠭ ᠵᠡᠷᠭᠡ | ᠦᠵᠡᠮᠵᠢ ᠶᠢᠨ ᠣᠷᠣᠨ ᠵᠠᠶ ᠶᠢ ᠠᠰᠢᠭᠯᠠᠨ᠂ ᠤᠨᠴᠠᠯᠢᠬᠳᠤ ᠬᠡᠭᠡᠷ᠎ᠡ ᠪᠠᠭᠤᠳᠠᠯᠯᠠᠬᠤ ᠭᠠᠵᠠᠷ ᠢ ᠡᠮᠬᠢ ᠵᠢᠷᠤᠮ ᠲᠠᠢ | ᠪᠠᠶᠢᠷᠢᠰᠢᠭᠤᠯᠤᠨ ᠪᠥᠲᠥᠭᠡᠨ ᠪᠠᠶᠢᠭᠤᠯᠤᠨ᠎ᠠ᠃ ᠡᠬᠢ ᠪᠠᠶᠠᠯᠢᠭ ᠤᠨ ᠳᠠᠪᠠᠭᠤᠯᠢᠭ ᠢ ᠨᠡᠭᠡᠭᠡᠨ ᠬᠥᠭᠵᠢᠭᠦᠯᠬᠦ | ᠲᠥᠯᠥᠪᠵᠢᠭᠦᠯᠭᠡ ᠪᠠ ᠬᠡᠭᠡᠷ᠎ᠡ ᠪᠠᠭᠤᠳᠠᠯᠯᠠᠵᠤ ᠰᠡᠯᠡᠭᠦᠴᠡᠬᠦ ᠴᠢᠳᠠᠮᠵᠢᠳᠣ ᠣᠷᠣᠨ ᠢ ᠵᠢᠷᠤᠭᠯᠠᠨ ᠲᠥᠯᠥᠪᠯᠡᠬᠦ ᠳᠤ | ᠲᠦᠰᠢᠭᠯᠡᠨ᠂ ᠷᠠᠰᠢᠶᠠᠨ ᠬᠤᠲᠠ ᠶᠢᠨ ᠪᠣᠭᠤᠮᠲᠠ ᠶᠢᠨ ᠦᠵᠡᠮᠵᠢ ᠶᠢᠨ ᠣᠷᠣᠨ ᠳᠤ ᠬᠡᠭᠡᠷ᠎ᠡ ᠪᠠᠭᠤᠳᠠᠯᠯᠠᠬᠤ ᠠᠭᠤᠳᠠᠮ | ᠲᠠᠯᠠᠪᠠᠶ ᠶᠢ ᠰᠢᠨ᠎ᠡ ᠪᠠᠷ ᠪᠠᠶᠢᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠪᠤᠯᠵᠢᠨ | ᠪᠠᠲᠤᠴᠠᠭᠠᠨ ᠤ ᠠᠮᠢ ᠠᠬᠤᠶ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ A ᠲᠠᠰ ᠤᠨ ᠵᠢᠭᠤᠯᠴᠢᠯᠠᠯ ᠤᠨ | ᠦᠵᠡᠮᠵᠢ ᠶᠢᠨ ᠣᠷᠣᠨ ᠳᠤ ᠬᠡᠭᠡᠷ᠎ᠡ ᠪᠠᠭᠤᠳᠠᠯᠯᠠᠵᠤ ᠰᠡᠯᠡᠭᠦᠴᠡᠬᠦ ᠴᠢᠳᠠᠮᠵᠢᠳᠣ ᠣᠷᠣᠨ ᠢ ᠪᠥᠲᠥᠭᠡᠨ ᠪᠠᠶᠢᠭᠤᠯᠤᠨ᠎ᠠ᠃ | 2025 ᠣᠨ ᠤ ᠵᠢᠯ ᠤᠨ ᠡᠴᠦᠰ ᠪᠣᠯᠬᠤ ᠳᠤ᠂ ᠪᠥᠬᠦ ᠠᠶᠢᠮᠠᠭ ᠤᠨ ᠬᠢᠨ 2 ᠲᠠᠰ ᠤᠨ ᠬᠡᠭᠡᠷ᠎ᠡ ᠪᠠᠭᠤᠳᠠᠯᠯᠠᠬᠤ | ᠭᠠᠵᠠᠷ ᠢ ᠡᠭᠦᠳᠦᠨ ᠪᠠᠶᠢᠭᠤᠯᠪᠠ᠃ ︵ᠲᠦᠷᠦᠭᠦᠯᠡᠬᠦ ᠨᠢᠭᠡᠴᠢ ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ᠂ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ︔ ᠬᠠᠷᠢᠭᠤᠴᠠᠯᠭᠠᠲᠤ | ᠨᠢᠭᠡᠴᠢ ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ | ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠠᠶᠢᠮᠠᠭ ᠤᠨ ᠰᠣᠶᠣᠯ ᠵᠢᠭᠤᠯᠴᠢᠯᠠᠯ ᠤᠨ ᠪᠠᠯᠠ | ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ︶ | 5. ᠬᠡᠭᠡᠷ᠎ᠡ ᠪᠠᠭᠤᠳᠠᠯᠯᠠᠬᠤ ᠵᠢᠭᠤᠯᠴᠢᠯᠠᠯ ᠤᠨ ᠴᠤᠭᠯᠠᠷᠠᠯ ᠤᠨ ᠣᠷᠣᠨ ᠢ ᠪᠥᠲᠥᠭᠡᠨ ᠪᠠᠶᠢᠭᠤᠯᠤᠨ᠎ᠠ᠃ ᠡᠯ᠎ᠡ | ᠬᠤᠰᠢᠭᠤ ᠰᠢᠶᠠᠨ ᠬᠤᠲᠠ ᠶᠢᠨ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ | ᠂ ᠰᠢᠨ᠎ᠡ ᠵᠠᠭᠪᠤᠷ ᠪᠠ ᠰᠢᠨ᠎ᠡ ᠦᠢᠯᠡᠳᠭᠦᠨ ᠢ ᠣᠷᠣᠭᠤᠯᠤᠨ ᠠᠪᠴᠢᠷᠠᠬᠤ ᠶᠢ ᠳᠡᠮᠵᠢᠵᠦ᠂ ᠦᠵᠡᠮᠵᠢ ᠶᠢᠨ ᠶᠠᠰᠤ | ᠴᠢᠨᠠᠷ ᠪᠠ ᠰᠡᠯᠡᠭᠦᠴᠡᠯ ᠤᠨ ᠥᠩᠭᠡᠷᠡᠭᠡᠯᠲᠡ ᠶᠢ ᠳᠡᠭᠡᠭᠰᠢᠯᠡᠭᠦᠯᠦᠨ᠂ ᠥᠪᠥᠷ ᠮᠣᠩᠭᠤᠯ ᠤᠨ ᠥᠪᠡᠷᠲᠡᠭᠡᠨ ᠲᠡᠷᠭᠡ | ᠵᠢᠯᠣᠭᠤᠳᠴᠤ ᠬᠡᠭᠡᠷ᠎ᠡ ᠪᠠᠭᠤᠳᠠᠯᠯᠠᠬᠤ ᠠᠷᠪᠠᠨ ᠰᠢᠯᠢᠳᠡᠭ ᠭᠠᠵᠠᠷ ᠢ ᠢᠳᠡᠪᠬᠢᠲᠡᠶ ᠪᠠᠷ ᠡᠭᠦᠳᠦᠨ ᠪᠠᠶᠢᠭᠤᠯᠵᠤ᠂ | ᠬᠢᠩᠭᠠᠨ ᠠᠶᠢᠮᠠᠭ ᠤᠨ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠤᠨ ︽ᠪᠠᠭᠤᠳᠠᠯᠯᠠᠬᠤ︾ ᠨᠠᠷᠠᠲᠤ ᠲᠡᠮᠳᠡᠭᠲᠦ ᠶᠢ | ᠪᠤᠶᠢᠵᠢᠭᠤᠯᠤᠨ᠎ᠠ︔ ᠨᠥᠬᠦᠴᠡᠯ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ᠂ ᠵᠢᠭᠤᠯᠴᠢᠯᠠᠯ ᠤᠨ ᠠᠮᠠᠷᠠᠯᠲᠠ ᠶᠢᠨ | ᠣᠷᠣᠨ᠂ ᠬᠥᠳᠡᠭᠡ ᠲᠣᠰᠬᠤᠨ ᠤ ᠵᠢᠭᠤᠯᠴᠢᠯᠠᠯ ᠤᠨ ᠲᠣᠰᠬᠤᠨ᠂ ᠬᠤᠲᠠ ᠶᠢᠨ ᠴᠡᠴᠡᠷᠯᠢᠭ ᠵᠡᠷᠭᠡ ᠶᠢ | ᠵᠣᠷᠢᠭᠵᠢᠭᠤᠯᠵᠤ ᠪᠠᠶᠢᠭᠠᠳ ᠬᠡᠭᠡᠷ᠎ᠡ ᠪᠠᠭᠤᠳᠠᠯᠯᠠᠵᠤ ᠰᠡᠯᠡᠭᠦᠴᠡᠬᠦ ᠴᠢᠳᠠᠮᠵᠢᠳᠣ ᠣᠷᠣᠨ ᠪᠠᠶᠢᠭᠤᠯᠵᠤ᠂ ᠭᠤᠤᠯ | ᠵᠣᠴᠢᠳ ᠢ ᠬᠠᠮᠲᠤᠪᠠᠷ ᠡᠳ᠋ᠯᠡᠭᠦᠯᠬᠦ ᠬᠡᠭᠡᠷ᠎ᠡ ᠪᠠᠭᠤᠳᠠᠯᠯᠠᠵᠤ ᠵᠤᠭᠠᠴᠠᠨ ᠰᠡᠯᠡᠭᠦᠴᠡᠬᠦ ᠪᠦᠰᠡ ᠶᠢ ᠪᠠᠶᠢᠭᠤᠯᠤᠨ᠎ᠠ᠃ ︵ | ᠲᠦᠷᠦᠭᠦᠯᠡᠬᠦ ᠨᠢᠭᠡᠴᠢ ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︔ | ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠶᠢᠮᠠᠭ ᠤᠨ | ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ︶ | 6. ᠬᠡᠭᠡᠷ᠎ᠡ ᠪᠠᠭᠤᠳᠠᠯᠯᠠᠬᠤ ᠭᠠᠵᠠᠷ ᠤᠨ ᠪᠥᠬᠦ ᠲᠠᠯ᠎ᠠ ᠪᠠᠷ ᠬᠡᠯᠪᠡᠷᠢ ᠪᠠᠨ ᠬᠤᠪᠢᠷᠠᠭᠤᠯᠤᠨ ᠶᠠᠰᠤ ᠴᠢᠨᠠᠷ ᠢᠶᠠᠨ | ᠳᠡᠭᠡᠭᠰᠢᠯᠡᠭᠦᠯᠬᠦ ᠶᠢ ᠠᠬᠢᠭᠤᠯᠤᠨ᠎ᠠ᠃ ︽ᠤᠮᠠᠷᠠᠲᠤ ᠬᠢᠯᠢ ᠶᠢᠨ ᠰᠣᠶᠣᠯ︾ ᠤᠨ ᠬᠡᠯᠪᠡᠷᠢ ᠪᠠᠶᠢᠳᠠᠯ ᠢ ᠢᠳᠡᠪᠬᠢᠲᠡᠶ ᠪᠠᠷ | ᠬᠡᠭᠡᠷ᠎ᠡ ᠬᠤᠨᠣᠭᠯᠠᠬᠤ ᠵᠢᠭᠤᠯᠴᠢᠯᠠᠯ ᠳᠤ ᠣᠷᠭᠠᠨᠢᠭ ᠢᠶᠠᠷ ᠠᠭᠤᠰᠬᠠᠨ ᠣᠷᠣᠭᠤᠯᠵᠤ᠂ ᠬᠢᠩᠭᠠᠨ ᠠᠶᠢᠮᠠᠭ ᠤᠨ ᠤᠯᠠᠭᠠᠨ | ᠂ ᠲᠠᠯ᠎ᠠ ᠨᠤᠲᠤᠭ᠂ ᠲᠠᠷᠢᠶᠠᠯᠠᠬᠤ᠂ ᠠᠷᠠᠳ ᠤᠨ ᠵᠠᠩ ᠦᠶ᠋ᠯᠡ ᠵᠡᠷᠭᠡ ᠰᠣᠶᠣᠯ ᠤᠨ ᠡᠯᠧᠮᠧᠨ᠋ᠲ ᠢ ᠪᠦᠲᠦᠮᠵᠢᠲᠡᠶ | ᠡᠮᠬᠢᠯᠡᠨ ᠨᠡᠶᠢᠯᠡᠭᠦᠯᠵᠦ᠂ ᠬᠡᠷ ᠤᠨ ᠭᠠᠳᠠᠨᠠᠬᠢ ᠬᠥᠳᠡᠯᠭᠡᠭᠡᠨ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠲᠠᠯ᠎ᠠ | ᠨᠤᠲᠤᠭ ᠤᠨ ᠳᠠᠭᠤᠤ ᠬᠥᠭᠵᠢᠮ ᠤᠨ ᠨᠠᠶᠢᠷ ᠵᠡᠷᠭᠡ ᠭᠤᠤᠯ ᠰᠡᠳᠦᠪᠲᠦ ᠦᠶ᠋ᠯᠡᠳᠬᠦᠨ ᠢ ᠢᠳᠡᠪᠬᠢᠲᠡᠶ ᠪᠠᠷ ᠥᠷᠭᠡᠳᠬᠡᠨ | ᠂ ᠣᠯᠠᠨ ᠶᠠᠩᠵᠤ ᠶᠢᠨ ᠭᠤᠤᠯ ᠰᠡᠳᠦᠪᠲᠦ ᠬᠡᠭᠡᠷ᠎ᠡ ᠪᠠᠭᠤᠳᠠᠯᠯᠠᠬᠤ ᠭᠠᠵᠠᠷ ᠢ ᠬᠥᠭᠵᠢᠭᠦᠯᠵᠦ᠂ ᠴᠢᠨᠠᠷ ᠰᠠᠶᠢᠲᠠᠶ | ᠬᠡᠭᠡᠷ᠎ᠡ ᠪᠠᠭᠤᠳᠠᠯᠯᠠᠬᠤ ᠭᠠᠵᠠᠷ ᠤᠨ ᠨᠠᠷᠠᠲᠤ ᠲᠥᠷᠥᠯ ᠲᠡᠮᠳᠡᠭᠲᠦ ᠶᠢ ᠨᠡᠪᠴᠢᠭᠦᠯᠦᠨ᠂ ᠬᠡᠭᠡᠷ᠎ᠡ ᠪᠠᠭᠤᠳᠠᠯᠯᠠᠬᠤ ᠲᠣᠨᠤᠭ | ᠲᠥᠬᠦᠭᠡᠷᠦᠮᠵᠢ ᠦᠶ᠋ᠯᠡᠳᠬᠦ ᠶᠢ ᠵᠣᠷᠢᠭᠵᠢᠭᠤᠯᠤᠨ ᠬᠥᠭᠵᠢᠭᠦᠯᠵᠦ᠂ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠳᠤ | ᠦᠶ᠋ᠯᠡᠴᠢᠯᠡᠬᠦ ᠪᠥᠬᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠬᠤ ᠶᠢ ᠠᠬᠢᠭᠤᠯᠤᠨ᠎ᠠ᠃ ᠤᠷᠠᠨ ᠵᠢᠷᠤᠭ ᠤᠨ | ᠵᠣᠬᠢᠶᠠᠨ ᠪᠦᠲᠦᠭᠡᠯᠭᠡ ᠪᠠᠷ ᠭᠤᠤᠯ ᠣᠨᠴᠠᠯᠢᠭ ᠪᠣᠯᠭᠠᠭᠰᠠᠨ᠂ ᠪᠡᠶ᠎ᠡ ᠶᠢᠨ ᠲᠠᠮᠢᠷ ᠪᠠ ᠤᠷᠠᠯᠢᠭ ᠤᠨ ᠠᠵᠢᠯᠯᠠᠭ᠎ᠠ ᠲᠠᠢ | ᠤᠶᠠᠯᠳᠤᠭᠤᠯᠤᠭᠰᠠᠨ ᠰᠢ ᠺᠸᠦ ᠲᠣᠰᠬᠤᠨ ᠤ ᠤᠷᠠᠨ ᠵᠢᠷᠤᠭ ᠤᠨ ᠤᠨᠴᠠᠯᠢᠭᠳᠤ ᠬᠤᠸᠠᠷᠠᠨ ᠢ ᠪᠠᠶᠢᠭᠤᠯᠤᠨ᠎ᠠ᠃ ︵ | ᠲᠦᠷᠦᠭᠦᠯᠡᠬᠦ ᠨᠢᠭᠡᠴᠢ ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︔ | ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠤᠷᠭᠠᠨ | ᠬᠥᠮᠦᠵᠢᠯ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠶᠢᠮᠠᠭ ᠤᠨ ᠰᠣᠶᠣᠯ | ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ︶ | ︵ᠭᠤᠷᠪᠠ︶ ᠤᠯᠤᠰ ᠤᠨ ᠳᠣᠲᠣᠭᠠᠳᠤ ᠶᠢᠨ ᠠᠮᠠᠷᠠᠯᠲᠠ ᠶᠢᠨ ᠵᠢᠭᠤᠯᠴᠢᠯᠠᠯ ᠤᠨ ᠵᠠᠪᠠᠯ ᠰᠣᠩᠭᠤᠬᠤ ᠭᠠᠵᠠᠷ ᠢ | ᠪᠥᠲᠥᠭᠡᠨ ᠪᠠᠶᠢᠭᠤᠯᠤᠨ᠎ᠠ | 7. ᠠᠮᠠᠷᠠᠯᠲᠠ ᠶᠢᠨ ᠵᠢᠭᠤᠯᠴᠢᠯᠠᠯ ᠤᠨ ᠵᠠᠪᠠᠯ ᠰᠣᠩᠭᠤᠬᠤ ᠭᠠᠵᠠᠷ ᠢ ᠪᠣᠶ ᠪᠣᠯᠭᠠᠨ᠎ᠠ᠃ ᠷᠠᠰᠢᠶᠠᠨ ᠤ ᠤᠯᠤᠰ ᠤᠨ | ᠲᠠᠰ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠶᠢ ᠡᠩ ᠲᠡᠷᠢᠭᠦᠨ ᠳᠤ ᠳᠥᠯᠭᠢᠨ | ᠠᠬᠢᠭᠤᠯᠵᠤ᠂ ᠣᠶ ᠰᠢᠭᠤᠶ ᠶᠢᠨ ᠠᠮᠠᠷᠠᠯᠲᠠ ᠵᠢᠭᠤᠯᠴᠢᠯᠠᠯ ᠤᠨ ᠰᠢᠨ᠎ᠡ ᠬᠡᠪ ᠵᠠᠭᠪᠤᠷ ᠢ ᠪᠣᠶ ᠪᠣᠯᠭᠠᠨ᠎ᠠ︔ ᠲᠠᠯ᠎ᠠ | ᠨᠤᠲᠤᠭ᠂ ᠤᠢ ᠰᠢᠭᠤᠶ᠂ ᠬᠠᠯᠠᠭᠤᠨ ᠷᠠᠰᠢᠶᠠᠨ ᠪᠠ ᠮᠥᠰᠥ ᠴᠠᠰᠤ ᠪᠠᠷ ᠲᠦᠰᠢᠭ ᠪᠣᠯᠭᠠᠨ᠂ ᠰᠣᠶᠣᠯ ᠤᠨ | ᠣᠨᠴᠠᠯᠢᠭ ᠢᠶᠠᠷ ᠢᠯᠡ ᠲᠣᠳᠣ ᠵᠢᠭᠤᠯᠴᠢᠯᠠᠯ ᠰᠡᠯᠡᠭᠦᠴᠡᠯ ᠤᠨ ᠵᠡᠭᠡᠯᠢ ᠲᠣᠭᠤᠷᠢᠭ ᠢ ᠴᠢᠷᠮᠠᠶᠢᠨ ᠪᠤᠶᠢᠵᠢᠭᠤᠯᠵᠤ᠂ | ᠵᠢᠭᠤᠯᠴᠢᠯᠠᠯ ᠰᠡᠯᠡᠭᠦᠴᠡᠯ ᠤᠨ ᠬᠤᠳᠠ ᠲᠡᠰᠢ ᠢᠳᠡᠪᠬᠢᠲᠡᠶ ᠪᠠᠷ ᠤᠷᠤᠭᠰᠢᠯᠠᠵᠤ᠂ ᠵᠢᠭᠤᠯᠴᠢᠯᠠᠯ ᠠᠮᠠᠷᠠᠯᠲᠠ ᠶᠢᠨ | ᠬᠠᠩᠭᠠᠯᠭ᠎ᠠ ᠶᠢᠨ ᠰᠢᠰᠲ᠋ᠧᠮ ᠢ ᠬᠦᠴᠦᠯᠡᠨ ᠪᠠᠶᠢᠭᠤᠯᠤᠨ᠎ᠠ᠃ ᠤᠯᠠᠭᠠᠨᠬᠤᠲᠠ ᠶᠢᠨ ᠰᠠᠨ ᠾᠧ ᠲᠣᠰᠬᠤᠨ ᠤ | ᠠᠷᠠᠳ ᠤᠨ ᠵᠠᠩ ᠦᠢᠯᠡ ᠶᠢᠨ ᠶᠠᠪᠠᠭᠠᠨ ᠵᠡᠭᠡᠯᠢ᠂ ᠵᠠᠯᠠᠶᠢᠳ ᠬᠤᠰᠢᠭᠤᠨ ᠤ ᠸᠠᠨ ᠲᠠᠢ ᠶᠦᠨ ᠵᠡᠭᠡᠯᠢ ᠶᠢᠨ ᠰᠣᠶᠣᠯ | ᠪᠠ ᠵᠤᠭᠠᠴᠠᠯ ᠤᠨ ᠵᠡᠭᠡᠯᠢ ᠶᠢᠨ ᠲᠣᠭᠤᠷᠢᠭ ᠢ ᠢᠳᠡᠪᠬᠢᠲᠡᠢ ᠪᠤᠶᠢᠵᠢᠭᠤᠯᠵᠤ᠂ ᠷᠠᠰᠢᠶᠠᠨ ᠬᠤᠲᠠ ᠶᠢᠨ ᠬᠠᠯᠠᠭᠤᠨ | ᠷᠠᠰᠢᠶᠠᠨ ᠵᠡᠭᠡᠯᠢ ᠳᠤ ᠥᠪᠡᠷᠲᠡᠭᠡᠨ ᠵᠠᠰᠠᠬᠤ ᠣᠷᠣᠨ ᠤ ᠳᠡᠰ ᠤᠨ ᠵᠤᠭᠠᠴᠠᠯ ᠰᠡᠯᠡᠭᠦᠴᠡᠯ ᠤᠨ ᠵᠡᠭᠡᠯᠢ ᠶᠢᠨ | ᠲᠣᠭᠤᠷᠢᠭ ᠢ ᠪᠠᠶᠢᠭᠤᠯᠤᠨ᠎ᠠ᠃ ᠤᠯᠠᠭᠠᠨᠮᠤᠲᠤ ᠶᠢᠨ ᠲᠠᠯ᠎ᠠ ᠨᠤᠲᠤᠭ ᠤᠨ ᠵᠢᠭᠤᠯᠴᠢᠯᠠᠯ ᠠᠮᠠᠷᠠᠯᠲᠠ ᠶᠢᠨ ᠣᠷᠣᠨ ᠢ | ᠢᠳᠡᠵᠦ ᠤᠤᠭᠤᠬᠤ ᠬᠤᠨᠣᠵᠤ ᠬᠡᠪᠲᠡᠬᠦ᠂ ᠠᠮᠢ ᠠᠬᠤᠶ ᠶᠢᠨ ᠰᠡᠯᠡᠭᠦᠴᠡᠯ᠂ ᠰᠣᠶᠣᠯ ᠤᠨ ᠣᠶᠢᠯᠠᠭᠠᠯᠲᠠ᠂ ᠰᠣᠳᠣᠨ | ᠪᠦᠲᠦᠭᠡᠯ ᠢ ᠤᠯᠠᠷᠢᠭᠤᠯᠤᠨ ᠳᠡᠯᠭᠡᠷᠡᠭᠦᠯᠬᠦ ᠶᠢ ᠨᠢᠭᠡ ᠴᠤᠭᠴᠠᠵᠢᠭᠤᠯᠤᠭᠰᠠᠨ ᠠᠮᠠᠷᠠᠯᠲᠠ ᠶᠢᠨ ᠦᠶ᠋ᠯᠡᠳᠬᠦᠨ ᠪᠣᠯᠭᠠᠨ | ᠴᠢᠷᠮᠠᠶᠢᠨ ᠪᠠᠶᠢᠭᠤᠯᠵᠤ᠂ ᠤᠯᠠᠭᠠᠨᠮᠤᠲᠤ ᠶᠢᠨ ᠬᠠᠩᠭᠠᠶ ᠲᠠᠯ᠎ᠠ ᠨᠤᠲᠤᠭ ᠤᠨ ᠵᠢᠭᠤᠯᠴᠢᠯᠠᠯ ᠤᠨ ᠠᠯᠳᠠᠷᠰᠢᠯ ᠢ | ᠳᠡᠭᠡᠭᠰᠢᠯᠡᠭᠦᠯᠦᠨ᠎ᠡ᠃ 2025 ᠣᠨ ᠤ ᠵᠢᠯ ᠤᠨ ᠡᠴᠦᠰ ᠪᠣᠯᠬᠤ ᠳᠤ᠂ ᠪᠥᠬᠦ ᠠᠶᠢᠮᠠᠭ ᠲᠤ ᠥᠪᠡᠷᠲᠡᠭᠡᠨ ᠵᠠᠰᠠᠬᠤ | ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠵᠢᠭᠤᠯᠴᠢᠯᠠᠯ ᠠᠮᠠᠷᠠᠯᠲᠠ ᠶᠢᠨ ᠣᠷᠣᠨ 3᠂ ᠥᠪᠡᠷᠲᠡᠭᠡᠨ ᠵᠠᠰᠠᠬᠤ | ᠣᠷᠣᠨ ᠤ ᠲᠠᠰ ᠤᠨ ᠵᠢᠭᠤᠯᠴᠢᠯᠠᠯ ᠰᠡᠯᠡᠭᠦᠴᠡᠯ ᠤᠨ ᠵᠡᠭᠡᠯᠢ 2 ᠶᠢ ᠪᠤᠶᠢᠵᠢᠭᠤᠯᠤᠨ᠎ᠠ᠃ ︵ᠲᠦᠷᠦᠭᠦᠯᠡᠬᠦ ᠨᠢᠭᠡᠴᠢ ᠄ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︔ ᠬᠠᠷᠢᠭᠤᠴᠠᠯᠭᠠᠲᠤ ᠨᠢᠭᠡᠴᠢ ᠄ | ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠶᠢᠮᠠᠭ ᠤᠨ ᠰᠣᠶᠣᠯ ᠵᠢᠭᠤᠯᠴᠢᠯᠠᠯ ᠤᠨ | ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ︶ | 8. ᠠᠮᠠᠷᠠᠯᠲᠠ ᠥᠩᠭᠡᠷᠡᠭᠡᠬᠦ ᠵᠢᠭᠤᠯᠴᠢᠯᠠᠯ ᠤᠨ ᠦᠢᠯᠡᠰ ᠤᠨ ᠪᠠᠶᠢᠳᠠᠯ ᠢ ᠪᠠᠶᠠᠯᠢᠭᠵᠢᠭᠤᠯᠤᠨ᠎ᠠ᠃ ᠲᠤᠬᠠᠶ ᠶᠢᠨ | ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠲᠠᠯ᠎ᠠ ᠨᠤᠲᠤᠭ ᠤᠨ ᠪᠠᠭᠤᠳᠠᠯ᠂ ᠮᠠᠶᠢᠬᠠᠨ ᠪᠠᠭᠤᠳᠠᠯ᠂ ᠬᠡᠷ | ᠲᠡᠷᠭᠡᠨ ᠤ ᠪᠠᠭᠤᠴᠠ᠂ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠵᠡᠷᠭᠡ ᠤᠨᠴᠠᠯᠢᠬᠳᠤ ᠬᠤᠨᠤᠭ ᠤᠨ | ᠬᠥᠭᠵᠢᠯᠲᠡ ᠶᠢ ᠠᠬᠢᠭᠤᠯᠵᠤ᠂ ᠢᠳᠡᠭᠡᠨ ᠤᠮᠳᠠᠭᠠᠨ ᠠᠮᠲᠠᠲᠤ ᠢᠳᠡᠭᠡᠨ᠂ ᠪᠣᠳᠠᠰ ᠤᠨ ᠪᠤᠰᠤ ᠰᠣᠶᠣᠯ ᠤᠨ ᠥᠪ ᠤᠨ | ᠥᠩᠭᠡᠷᠡᠯᠲᠡ᠂ ᠰᠣᠳᠣᠨ ᠲᠣᠭᠯᠠᠯᠲᠠ ᠶᠢᠨ ᠤᠷᠠᠯᠢᠭ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠬᠤ᠂ ᠠᠮᠢ | ᠠᠬᠤᠶ ᠶᠢᠨ ᠰᠡᠯᠡᠭᠦᠴᠡᠯ ᠵᠡᠷᠭᠡ ᠲᠠᠯ᠎ᠠ ᠶᠢᠨ ᠲᠣᠭᠤᠷᠢᠨ ᠳᠤ᠂ ᠠᠮᠠᠷᠠᠯᠲᠠ ᠵᠢᠭᠤᠯᠴᠢᠯᠠᠯ ᠤᠨ ᠦᠢᠯᠡᠰ ᠤᠨ ᠪᠠᠶᠢᠳᠠᠯ ᠢ | ᠲᠠᠰᠤᠷᠠᠯᠲᠠ ᠥᠬᠡᠶ ᠪᠠᠶᠠᠯᠢᠭᠵᠢᠭᠤᠯᠵᠤ᠂ ︽ᠬᠢᠩᠭᠠᠨ ᠨᠤᠲᠤᠭ ᠲᠠᠢ ᠨᠤᠲᠤᠭᠯᠠᠬᠤ︾᠂ ᠬᠥᠳᠡᠭᠡ ᠲᠣᠰᠬᠤᠨ ᠤ | ᠠᠷᠠᠳ ᠤᠨ ᠣᠷᠣᠨ ᠰᠠᠭᠤᠴᠠ ᠵᠡᠷᠭᠡ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠤᠨ᠎ᠠ︔ | ᠲᠣᠭᠠᠴᠢᠯᠠᠭᠰᠠᠨ ᠮᠡᠷᠭᠡᠵᠢᠯ ᠢ ᠬᠥᠭᠵᠢᠭᠦᠯᠬᠦ ᠶᠢ ᠵᠣᠷᠢᠭᠵᠢᠭᠤᠯᠵᠤ᠂ ᠵᠢᠱᠢᠮᠡᠭ ᠠᠬᠤᠶ᠂ ᠶᠤᠸᠠᠨ ᠤ ᠣᠷᠴᠢᠯᠠᠩ | ᠵᠡᠷᠭᠡ ᠶᠢ ᠠᠰᠢᠭᠯᠠᠨ ᠠᠮᠠᠷᠠᠯᠲᠠ ᠶᠢᠨ ᠵᠢᠭᠤᠯᠴᠢᠯᠠᠯ ᠤᠨ ᠲᠣᠭᠠᠴᠢᠯᠠᠭᠰᠠᠨ ᠰᠢᠨ᠎ᠡ ᠦᠵᠡᠭᠳᠡᠯ᠂ ᠰᠢᠨ᠎ᠡ | ᠥᠩᠭᠡᠷᠡᠭᠡᠯᠲᠡ ᠶᠢ ᠨᠡᠭᠡᠭᠡᠨ ᠬᠥᠭᠵᠢᠭᠦᠯᠵᠦ᠂ ᠠᠮᠠᠷᠠᠯᠲᠠ ᠶᠢᠨ ᠵᠢᠭᠤᠯᠴᠢᠯᠠᠯ ᠤᠨ ᠰᠢᠨ᠎ᠡ ᠬᠠᠩᠭᠠᠯᠭ᠎ᠠ ᠶᠢ ᠪᠣᠶ | ᠪᠣᠯᠭᠠᠨ᠎ᠠ᠃ ︵ᠲᠦᠷᠦᠭᠦᠯᠡᠬᠦ ᠨᠢᠭᠡᠴᠢ ᠄ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ︔ | ᠬᠠᠷᠢᠭᠤᠴᠠᠯᠭᠠᠲᠤ ᠨᠢᠭᠡᠴᠢ ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | 9. ᠤᠨᠴᠠᠯᠢᠬᠳᠤ ᠠᠮᠠᠷᠠᠯᠲᠠ ᠶᠢᠨ ᠵᠢᠭᠤᠯᠴᠢᠯᠠᠯ ᠢ ᠪᠣᠶ ᠪᠣᠯᠭᠠᠨ᠎ᠠ᠃ ᠠᠳᠤᠭᠤᠨ ᠤ ᠰᠣᠶᠣᠯ ᠤᠨ ᠣᠨᠴᠠᠯᠢᠭ ᠢ | ᠳᠣᠪᠤᠶᠢᠯᠭᠠᠨ᠂ ᠠᠳᠤᠭᠤᠨ ᠤ ᠰᠣᠶᠣᠯ ᠤᠨ ᠭᠤᠤᠯ ᠰᠡᠳᠦᠪᠲᠦ ᠠᠮᠠᠷᠠᠯᠲᠠ ᠵᠢᠭᠤᠯᠴᠢᠯᠠᠯ ᠤᠨ ᠭᠠᠵᠠᠷ ᠢ ᠢᠳᠡᠪᠬᠢᠲᠡᠶ | ᠪᠤᠶᠢᠵᠢᠭᠤᠯᠵᠤ᠂ ᠠᠳᠤᠭᠤᠨ ᠤ ᠲᠣᠭᠯᠠᠯᠲᠠ᠂ ᠠᠳᠤᠭᠤᠨ ᠤ ᠤᠷᠤᠯᠳᠤᠭᠠᠨ᠂ ᠠᠳᠤᠭᠤᠨ ᠤ ᠰᠣᠶᠣᠯ ᠤᠨ ᠰᠢᠨ᠎ᠡ ᠶᠢ | ᠡᠭᠦᠳᠬᠦ ᠶᠢ ᠵᠣᠷᠢᠭᠵᠢᠭᠤᠯᠤᠨ ᠬᠥᠭᠵᠢᠭᠦᠯᠵᠦ᠂ ᠠᠳᠤᠭᠤᠨ ᠤ ᠮᠡᠷᠭᠡᠵᠢᠯ ᠤᠨ ᠺᠯᠦ᠋ᠪ᠂ ᠠᠳᠤᠭᠤᠨ ᠤ ᠮᠡᠷᠭᠡᠵᠢᠯ ᠤᠨ | ᠰᠤᠷᠭᠠᠭᠤᠯᠢ᠂ ᠠᠳᠤᠭᠤᠨ ᠤ ᠰᠣᠶᠣᠯ ᠤᠨ ᠮᠦᠽᠧᠶ ᠵᠡᠷᠭᠡ ᠶᠢ ᠪᠤᠶᠢᠵᠢᠭᠤᠯᠤᠨ᠎ᠠ᠃ ᠠᠳᠤᠭᠤᠨ ᠤ ᠰᠣᠶᠣᠯ ᠤᠨ | ᠭᠤᠣᠯ ᠰᠡᠳᠦᠪ ᠲᠤ ᠲᠦᠰᠢᠭᠯᠡᠨ᠂ ᠭᠡᠭᠡᠨ ᠰᠦᠮ᠎ᠡ ᠪᠠᠯᠭᠠᠰᠤᠨ ᠤ ᠤᠨᠴᠠᠯᠢᠬᠳᠤ ᠠᠳᠤᠭᠤᠨ ᠤ ᠰᠣᠶᠣᠯ ᠤᠨ ᠠᠵᠤ | ᠦᠢᠯᠡᠰ ᠢ ᠪᠠᠶᠢᠭᠤᠯᠤᠨ᠎ᠠ᠃ ︵ᠲᠦᠷᠦᠭᠦᠯᠡᠬᠦ ᠨᠢᠭᠡᠴᠢ ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ︔ ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠲᠣᠪᠴᠢᠶ᠎ᠠ᠂ ᠠᠶᠢᠮᠠᠭ ᠤᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ︶ | 10. ᠮᠥᠰᠥ ᠴᠠᠰᠤᠨ ᠤ ᠠᠮᠠᠷᠠᠯᠲᠠ ᠥᠩᠭᠡᠷᠡᠭᠡᠬᠦ ᠠᠵᠢᠯ ᠢ ᠪᠥᠬᠦ ᠬᠦᠴᠦᠨ ᠢᠶᠠᠷ ᠢᠶᠠᠨ ᠬᠥᠭᠵᠢᠭᠦᠯᠦᠨ᠎ᠡ᠃ | ᠮᠥᠰᠥ ᠴᠠᠰᠤᠨ ᠤ ᠠᠵᠤ ᠠᠬᠤᠶ ᠶᠢ ᠬᠥᠭᠵᠢᠭᠦᠯᠬᠦ ᠶᠢ ᠰᠢᠨ᠎ᠡ ᠨᠡᠮᠡᠭᠳᠡᠯ ᠤᠨ ᠴᠡᠭ ᠪᠣᠯᠭᠠᠵᠤ᠂ ᠮᠥᠰᠥ ᠴᠠᠰᠤᠨ ᠤ | ᠪᠡᠶ᠎ᠡ ᠶᠢᠨ ᠲᠠᠮᠢᠷ ᠤᠨ ᠬᠥᠳᠡᠯᠭᠡᠭᠡᠨ᠂ ᠮᠥᠰᠥ ᠴᠠᠰᠤᠨ ᠤ ᠰᠣᠶᠣᠯ ᠤᠨ ᠬᠥᠭᠵᠢᠯᠲᠡ ᠶᠢ ᠠᠬᠢᠭᠤᠯᠤᠨ᠎ᠠ᠃ | ᠷᠠᠰᠢᠶᠠᠨ ᠤ ᠲᠠᠢ ᠸᠧᠶ ᠶᠢᠨ ᠴᠠᠰᠤᠨ ᠳᠤ ᠭᠤᠯᠭᠤᠬᠤ ᠲᠠᠯᠠᠪᠠᠶ ᠶᠢᠨ ᠤᠯᠤᠰ ᠤᠨ ᠲᠠᠰ ᠤᠨ ᠴᠠᠰᠤᠨ ᠳᠤ ᠭᠤᠯᠭᠤᠬᠤ | ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠢ ᠡᠭᠦᠳᠦᠨ ᠪᠠᠶᠢᠭᠤᠯᠬᠤ ᠶᠢ ᠢᠳᠡᠪᠬᠢᠲᠡᠶ ᠠᠬᠢᠭᠤᠯᠵᠤ᠂ ᠮᠥᠰᠥ | ᠴᠠᠰᠤᠨ ᠤ ᠵᠢᠭᠤᠯᠴᠢᠯᠠᠯ ᠤᠨ ᠤᠷᠤᠯᠳᠤᠭᠠᠨ ᠤ ᠠᠵᠢᠯᠯᠠᠭ᠎ᠠ ᠶᠢ ᠪᠠᠶᠠᠯᠢᠭᠵᠢᠭᠤᠯᠤᠨ᠂ ᠷᠠᠰᠢᠶᠠᠨ ᠤ ᠮᠥᠰᠥ ᠴᠠᠰᠤᠨ ᠤ | ᠪᠠᠶᠠᠷ᠂ ᠴᠠᠰᠤᠨ ᠤ ᠬᠥᠯ ᠪᠥᠮᠪᠦᠭᠡ ᠵᠡᠷᠭᠡ ᠤᠷᠤᠯᠳᠤᠭᠠᠨ ᠵᠢᠴᠢ ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠬᠢᠨ᠎ᠠ᠃ | 2025 ᠣᠨ ᠤ ᠵᠢᠯ ᠤᠨ ᠡᠴᠦᠰ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠲᠠᠰ ᠵᠢᠴᠢ ᠲᠡᠭᠦᠨ ᠠᠴᠠ | ᠳᠡᠭᠡᠭᠰᠢᠬᠢ ᠴᠠᠰᠤᠨ ᠳᠤ ᠭᠤᠯᠭᠤᠬᠤ ᠵᠢᠭᠤᠯᠴᠢᠯᠠᠯ ᠤᠨ ᠠᠮᠠᠷᠠᠯᠲᠠ ᠶᠢᠨ ᠭᠠᠵᠠᠷ ᠢ 1 ᠡᠭᠦᠳᠬᠦ ᠪᠠᠷ ᠴᠢᠷᠮᠠᠶᠢᠨ᠎ᠠ᠃ ︵ | ᠲᠦᠷᠦᠭᠦᠯᠡᠬᠦ ᠨᠢᠭᠡᠴᠢ ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︔ | ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠶᠢᠮᠠᠭ ᠤᠨ | ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ︶ | ︵ᠳᠥᠷᠪᠡ︶ ᠤᠯᠤᠰ ᠤᠨ ᠳᠣᠲᠣᠭᠠᠳᠤ ᠶᠢᠨ ᠡᠷᠡᠭᠦᠯᠵᠢᠯ ᠰᠤᠪᠢᠯᠠᠯᠲᠠ ᠵᠤᠭᠠᠴᠠᠯ ᠤᠨ ᠰᠢᠯᠢᠳᠡᠭ ᠭᠠᠵᠠᠷ | ᠣᠷᠣᠨ ᠢ ᠪᠥᠲᠥᠭᠡᠨ ᠪᠠᠶᠢᠭᠤᠯᠤᠨ᠎ᠠ | 11. ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠤᠨ᠎ᠠ᠃ | ᠵᠢᠭᠤᠯᠴᠢᠯᠠᠯ ᠬᠢᠭᠡᠳ ᠡᠷᠡᠭᠦᠯᠵᠢᠯ ᠰᠤᠪᠢᠯᠠᠯᠲᠠ ᠶᠢᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ | ᠵᠤᠰᠠᠯᠠᠩ ᠤᠨ ᠰᠤᠪᠢᠯᠠᠯᠲᠠ᠂ ᠡᠮᠴᠢᠯᠡᠭᠡ ᠨᠠᠰᠤᠵᠢᠯ ᠤᠨ ᠠᠰᠠᠷᠠᠮᠵᠢ ᠪᠠ ᠬᠢᠲᠠᠳ ᠮᠣᠩᠭᠤᠯ ᠡᠮ ᠡᠮᠨᠡᠯᠭᠡ ᠶᠢᠨ | ᠡᠷᠡᠭᠦᠯᠵᠢᠯ ᠢᠶᠠᠷ ᠣᠨᠴᠠᠯᠢᠭ ᠪᠣᠯᠭᠠᠭᠰᠠᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠠᠵᠤ ᠦᠢᠯᠡᠰ ᠢ | ᠪᠥᠲᠥᠭᠡᠨ ᠪᠠᠶᠢᠭᠤᠯᠵᠤ᠂ ᠤᠨᠴᠠᠯᠢᠬᠳᠤ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ | ᠬᠥᠭᠵᠢᠭᠦᠯᠵᠦ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠴᠢᠨᠠᠷᠲᠠᠶ ᠲᠥᠷᠥᠯ ᠵᠦᠶ᠋ᠯ ᠢ | ᠪᠤᠶᠢᠵᠢᠭᠤᠯᠤᠨ᠂ ᠤᠨᠴᠠᠯᠢᠬᠳᠤ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠠᠵᠤ ᠦᠢᠯᠡᠰ ᠤᠨ | ᠰᠢᠰᠲ᠋ᠧᠮᠵᠢ ᠶᠢ ᠪᠠᠶᠢᠭᠤᠯᠤᠨ᠎ᠠ᠃ 2025 ᠣᠨ ᠤ ᠵᠢᠯ ᠤᠨ ᠡᠴᠦᠰ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ | ᠲᠠᠰ ᠠᠴᠠ ᠳᠡᠭᠡᠭᠰᠢᠬᠢ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | 2 ᠰᠢᠨ᠎ᠡ ᠪᠠᠷ ᠨᠡᠮᠡᠭᠳᠡᠭᠦᠯᠦᠨ᠎ᠡ᠃ ︵ᠲᠦᠷᠦᠭᠦᠯᠡᠬᠦ ᠨᠢᠭᠡᠴᠢ ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ︔ ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︶ | 12. ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠵᠠᠭᠪᠤᠷ ᠢ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠨ᠎ᠡ | ᠃ ᠬᠢᠩᠭᠠᠨ ᠠᠶᠢᠮᠠᠭ ᠤᠨ ᠵᠤᠰᠠᠯᠠᠩ ᠤᠨ ᠵᠢᠭᠤᠯᠴᠢᠯᠠᠯ ᠤᠨ ᠵᠣᠷᠢᠭᠰᠠᠨ ᠭᠠᠵᠠᠷ ᠤᠨ ᠳᠠᠪᠠᠭᠤᠯᠢᠭ ᠢ ᠪᠠᠳᠠᠷᠠᠭᠤᠯᠵᠤ᠂ | ᠨᠡᠭᠦᠳᠡᠯ ᠤᠨ ᠰᠢᠪᠠᠭᠤ ᠮᠠᠶ᠋ᠢᠭ ᠤᠨ ᠡᠷᠡᠭᠦᠯᠵᠢᠯ ᠰᠤᠪᠢᠯᠠᠯᠲᠠ ᠶᠢᠨ ᠰᠢᠨ᠎ᠡ ᠵᠠᠭᠪᠤᠷ ᠢ ᠪᠤᠶᠢᠵᠢᠭᠤᠯᠤᠨ᠎ᠠ᠃ | ᠵᠢᠭᠤᠯᠴᠢᠯᠠᠯ ᠤᠨ ᠦᠵᠡᠮᠵᠢ ᠶᠢᠨ ᠣᠷᠣᠨ᠂ ᠣᠶ ᠰᠢᠭᠤᠶ ᠶᠢᠨ ᠴᠡᠴᠡᠷᠯᠢᠭ᠂ ᠲᠠᠯ᠎ᠠ ᠨᠤᠲᠤᠭ ᠤᠨ ᠮᠠᠯᠵᠢᠯ ᠤᠨ | ᠲᠠᠯᠠᠪᠠᠶ᠂ ᠬᠥᠳᠡᠭᠡ ᠲᠣᠰᠬᠤᠨ ᠤ ᠬᠥᠳᠡᠭᠡ ᠲᠣᠰᠬᠤᠨ ᠤ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ | ᠦᠢᠯᠡᠰ ᠤᠨ ᠪᠠᠶᠢᠳᠠᠯ ᠢ ᠥᠷᠭᠡᠳᠬᠡᠬᠦ ᠶᠢ ᠠᠬᠢᠭᠤᠯᠵᠤ᠂ ᠣᠶ ᠰᠢᠭᠤᠶ ᠶᠢᠨ ︽ᠬᠦᠴᠢᠯᠲᠥ᠋ᠷᠥᠭᠴᠢ ᠶᠢᠨ ᠲᠥᠪ︾᠂ | ᠲᠠᠯ᠎ᠠ ᠨᠤᠲᠤᠭ ᠤᠨ ᠰᠤᠪᠢᠯᠠᠯᠲᠠ ᠵᠡᠷᠭᠡ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ | ᠬᠥᠭᠵᠢᠭᠦᠯᠦᠨ᠎ᠡ᠃ ᠷᠠᠰᠢᠶᠠᠨ ᠤ ᠶᠢᠨ ᠵᠢᠶᠠᠩ ᠭᠸᠤ ᠶᠢᠨ ᠬᠠᠯᠠᠭᠤᠨ ᠷᠠᠰᠢᠶᠠᠨ ᠤ ᠠᠮᠠᠷᠠᠯᠲᠠ ᠶᠢᠨ ᠣᠷᠣᠨ᠂ | ᠲᠡᠯᠡᠶ ᠶᠢᠨ ᠰᠠᠬᠢᠭᠤᠯᠰᠤᠨ ᠤ ᠬᠠᠯᠠᠭᠤᠨ ᠷᠠᠰᠢᠶᠠᠨ ᠤ ᠮᠦᠽᠧᠶ ᠵᠡᠷᠭᠡ ᠲᠥᠷᠥᠯ ᠵᠦᠶ᠋ᠯ ᠢ ᠢᠳᠡᠪᠬᠢᠲᠡᠶ ᠠᠬᠢᠭᠤᠯᠵᠤ᠂ | ᠬᠦᠴᠢᠯᠲᠥ᠋ᠷᠥᠭᠴᠢ ᠶᠢᠨ ᠲᠥᠪ ᠤᠨ ᠣᠶ ᠰᠢᠭᠤᠶ ᠶᠢᠨ ᠤᠬᠢᠶᠠᠯ ᠤᠨ ᠵᠠᠮ ᠢ ᠪᠥᠲᠥᠭᠡᠨ ᠪᠠᠶᠢᠭᠤᠯᠵᠤ᠂ ᠪᠦᠷᠢᠨ | ᠲᠡᠭᠦᠯᠳᠡᠷ ᠴᠢᠳᠠᠮᠵᠢ ᠲᠠᠢ ᠣᠶ ᠰᠢᠭᠤᠶ ᠶᠢᠨ ᠡᠷᠡᠭᠦᠯ ᠬᠠᠮᠠᠭᠠᠯᠠᠯ ᠤᠨ ᠰᠢᠰᠲ᠋ᠧᠮᠵᠢ ᠶᠢ ᠪᠣᠶ ᠪᠣᠯᠭᠠᠨ᠎ᠠ︔ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠣᠩᠭᠤᠯ ᠡᠮᠨᠡᠯᠭᠡ ᠶᠢᠨ ᠡᠮᠲᠦ ᠤᠬᠢᠶᠠᠯᠭ᠎ᠠ ᠶᠢᠨ ᠡᠷᠡᠭᠦᠯᠵᠢᠯ ᠤᠨ | ᠵᠢᠵᠢᠭ ᠪᠠᠯᠭᠠᠰᠤ ᠪᠠᠶᠢᠭᠤᠯᠬᠤ ᠶᠢ ᠠᠬᠢᠭᠤᠯᠤᠨ᠎ᠠ︔ ᠵᠠᠯᠠᠶᠢᠳ ᠬᠤᠰᠢᠭᠤᠨ ᠳᠤ ᠵᠢᠦ ᠾᠧ ᠡᠮ ᠤᠨ ᠮᠠᠲ᠋ᠧᠷᠢᠶᠠᠯ ᠤᠨ | ᠰᠠᠭᠤᠷᠢᠨ ᠭᠠᠵᠠᠷ ᠢ ᠪᠤᠶᠢᠵᠢᠭᠤᠯᠵᠤ᠂ ᠰᠢᠨ ᠯᠢᠨ ᠬᠢᠲᠠᠳ ᠡᠮᠨᠡᠯᠭᠡ ᠶᠢᠨ ᠣᠷᠳᠣᠨ ᠢ ᠲᠡᠭᠦᠯᠳᠡᠷᠵᠢᠭᠦᠯᠦᠨ᠂ ᠡᠷᠡᠭᠦᠯ | ᠮᠡᠨᠳᠦ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ︽ᠤᠮᠠᠷᠠᠲᠤ ᠶᠢᠨ ᠡᠮ ᠤᠨ ᠬᠥᠨᠳᠡᠶ︾ ᠶᠢ ᠪᠣᠶ ᠪᠣᠯᠭᠠᠨ᠎ᠠ︔ | ᠲᠦᠴᠢᠦᠸᠠᠨ ᠰᠢᠶᠠᠨ ᠤ ᠡᠪᠦᠭᠡᠨ ᠤ ᠠᠭᠤᠯᠠ ᠶᠢᠨ ᠤᠢ ᠮᠣᠳᠣᠨ ᠤ ᠠᠷᠠᠴᠢᠯᠠᠯᠲᠠ ᠶᠢᠨ ᠲᠠᠷᠢᠶᠠᠨ ᠭᠠᠵᠠᠷ ᠤᠨ | ᠶᠡᠷᠦᠩᠬᠡᠶᠢᠯᠡᠭᠰᠡᠨ ᠴᠣᠭᠴᠠ ᠶᠢ ᠪᠠᠶᠢᠭᠤᠯᠬᠤ ᠶᠢ ᠵᠣᠷᠢᠭᠵᠢᠭᠤᠯᠤᠨ᠎ᠠ︔ ᠬᠤᠷᠴᠢᠨ ᠪᠠᠷᠠᠭᠤᠨ ᠭᠠᠷᠤᠨ ᠡᠮᠦᠨᠡᠲᠦ | ᠬᠤᠰᠢᠭᠤᠨ ᠤ ᠬᠥᠬᠡ ᠲᠣᠯᠪᠣᠲᠤ ᠬᠥᠮᠦᠨ ᠤ ᠬᠡᠷ ᠪᠦᠯᠢ ᠶᠢᠨ ᠮᠠᠯᠵᠢᠯ ᠤᠨ ᠲᠠᠯᠠᠪᠠᠶ᠂ ᠰᠣᠯᠣᠨ ᠡᠮ ᠤᠨ ᠸᠠᠩ ᠬᠥ᠋ | ᠬᠢᠲᠠᠳ ᠡᠮ ᠡᠮᠨᠡᠯᠭᠡ ᠶᠢᠨ ᠰᠠᠭᠤᠷᠢᠨ ᠭᠠᠵᠠᠷ ᠤᠨ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠶᠠᠰᠤ ᠴᠢᠨᠠᠷ ᠢ | ᠳᠡᠭᠡᠭᠰᠢᠯᠡᠭᠦᠯᠦᠨ᠎ᠡ᠃ ︽ᠤᠮᠠᠷᠠᠲᠤ ᠬᠢᠯᠢ ᠶᠢᠨ ᠰᠣᠶᠣᠯ︾ ᠤᠨ ᠣᠨᠴᠠᠯᠢᠭ ᠢ ᠢᠯᠡᠷᠡᠭᠦᠯᠦᠭᠰᠡᠨ ᠡᠷᠡᠭᠦᠯᠵᠢᠯ | ᠰᠤᠪᠢᠯᠠᠯᠲᠠ ᠶᠢᠨ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠪᠠᠶᠢᠭᠤᠯᠤᠨ᠎ᠠ᠃ ︵ᠲᠦᠷᠦᠭᠦᠯᠡᠬᠦ ᠨᠢᠭᠡᠴᠢ ᠄ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︔ ᠬᠠᠷᠢᠭᠤᠴᠠᠯᠭᠠᠲᠤ ᠨᠢᠭᠡᠴᠢ ᠄ | ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠶᠢᠮᠠᠭ ᠤᠨ ᠰᠣᠶᠣᠯ ᠵᠢᠭᠤᠯᠴᠢᠯᠠᠯ ᠤᠨ ᠪᠠᠯᠠ | ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ︶ | 13. ᠳᠠᠪᠠᠭᠤᠯᠢᠭ ᠨᠠᠷᠠᠲᠤ ᠲᠥᠷᠥᠯ ᠲᠡᠮᠳᠡᠭᠲᠦ ᠶᠢᠨ ᠬᠦᠴᠦᠨ ᠢ ᠭᠦᠢᠴᠡᠳ ᠪᠠᠳᠠᠷᠠᠭᠤᠯᠤᠨ᠎ᠠ᠃ ᠬᠢᠩᠭᠠᠨ | ᠠᠶᠢᠮᠠᠭ ᠤᠨ ᠳᠤᠮᠳᠠᠳᠤ ᠤᠯᠤᠰ ᠤᠨ ᠵᠤᠰᠠᠯᠠᠩ ᠤᠨ ᠵᠢᠭᠤᠯᠴᠢᠯᠠᠯ ᠤᠨ ᠵᠣᠷᠢᠭᠰᠠᠨ ᠭᠠᠵᠠᠷ ᠤᠨ ᠨᠠᠷᠠᠲᠤ ᠲᠥᠷᠥᠯ | ᠲᠡᠮᠳᠡᠭᠲᠦ ᠶᠢᠨ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ᠷᠠᠰᠢᠶᠠᠨ ᠤ ᠬᠠᠯᠠᠭᠤᠨ ᠷᠠᠰᠢᠶᠠᠨ ᠤ | ᠡᠷᠡᠭᠦᠯᠵᠢᠯ ᠤᠨ ᠦᠵᠡᠮᠵᠢ ᠶᠢᠨ ᠣᠷᠣᠨ ︵ᠠᠮᠠᠷᠠᠯᠲᠠ ᠶᠢᠨ ᠣᠷᠣᠨ︶ ᠪᠠᠶᠢᠭᠤᠯᠬᠤ ᠶᠢ ᠵᠣᠷᠢᠭᠵᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠨᠡᠶᠢᠲᠡ ᠶᠢᠨ | ᠪᠠᠶᠢᠷᠢ ᠶᠢᠨ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠶᠢ ᠠᠬᠢᠭᠤᠯᠵᠤ᠂ ᠳᠡᠭᠡᠳᠦ ᠲᠠᠰ ᠤᠨ ᠡᠷᠡᠭᠦᠯᠵᠢᠯ ᠰᠤᠪᠢᠯᠠᠯᠲᠠ ᠶᠢᠨ | ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ᠂ ᠨᠠᠰᠤᠵᠢᠯ ᠤᠨ ︵ᠲᠦᠷᠦᠭᠦᠯᠡᠬᠦ ᠨᠢᠭᠡᠴᠢ ᠄ ᠠᠶᠢᠮᠠᠭ ᠤᠨ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ ᠄ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ | ᠠᠶᠢᠮᠠᠭ ᠤᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ︶ | ︵ᠲᠠᠪᠤ︶ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ ᠤᠨ ᠶᠠᠰᠤ ᠴᠢᠨᠠᠷ ᠢ ᠳᠡᠭᠡᠭᠰᠢᠯᠡᠭᠦᠯᠦᠨ ᠲᠠᠰ | ᠳᠡᠪᠰᠢᠭᠦᠯᠬᠦ ᠶᠢ | 14. ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ ᠳᠤ ᠰᠢᠨ᠎ᠡ ᠶᠢ ᠡᠭᠦᠳᠦᠨ ᠬᠤᠪᠢ ᠪᠠᠷ ᠢᠶᠠᠨ | ᠵᠢᠯᠣᠭᠤᠴᠢ ᠪᠠᠷ ᠵᠢᠭᠤᠯᠴᠢᠯᠠᠬᠤ᠂ ᠬᠡᠭᠡᠷ᠎ᠡ ᠪᠠᠭᠤᠳᠠᠯᠯᠠᠬᠤ ᠵᠢᠭᠤᠯᠴᠢᠯᠠᠯ᠂ ᠠᠮᠠᠷᠠᠯᠲᠠ ᠶᠢᠨ ᠵᠢᠭᠤᠯᠴᠢᠯᠠᠯ ᠪᠠ | ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ ᠦᠶ᠋ᠯᠡᠳᠬᠦᠨ ᠤ ᠰᠢᠰᠲ᠋ᠧᠮᠵᠢ ᠶᠢᠨ ᠪᠥᠲᠥᠭᠡᠨ ᠪᠠᠶᠢᠭᠤᠯᠤᠯᠲᠠ ᠪᠠᠷ | ᠭᠤᠤᠯ ᠪᠣᠯᠭᠠᠵᠤ᠂ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠲᠠᠰᠤᠷᠠᠯᠲᠠ ᠥᠬᠡᠶ | ᠥᠷᠭᠡᠳᠬᠡᠨ᠂ ᠵᠢᠭᠤᠯᠴᠢᠯᠠᠯ ᠤᠨ ᠤᠷᠠᠨ ᠲᠣᠭᠯᠠᠯᠲᠠ᠂ ᠪᠣᠳᠠᠰ ᠤᠨ ᠪᠤᠰᠤ ᠰᠣᠶᠣᠯ ᠤᠨ ᠥᠪ ᠤᠨ ᠵᠢᠭᠤᠯᠴᠢᠯᠠᠯ᠂ | ᠪᠡᠶ᠎ᠡ ᠶᠢᠨ ᠲᠠᠮᠢᠷ ᠤᠨ ᠵᠢᠭᠤᠯᠴᠢᠯᠠᠯ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠪᠠᠶᠠᠷ ᠳᠤᠷᠠᠰᠬᠠᠯ ᠤᠨ ᠵᠢᠭᠤᠯᠴᠢᠯᠠᠯ | ᠵᠡᠷᠭᠡ ᠲᠠᠯ᠎ᠠ ᠪᠠᠷ ᠭᠤᠤᠯᠳᠠᠯᠭ᠎ᠠ ᠲᠠᠢ ᠰᠢᠨ᠎ᠡ ᠶᠢ ᠡᠭᠦᠳᠦᠨ ᠬᠥᠭᠵᠢᠭᠦᠯᠵᠦ᠂ ᠬᠢᠩᠭᠠᠨ ᠠᠶᠢᠮᠠᠭ ᠤᠨ ᠵᠢᠭᠤᠯᠴᠢᠯᠠᠯ ᠤᠨ | ᠦᠶ᠋ᠯᠡᠳᠬᠦᠨ ᠤ ᠰᠢᠰᠲ᠋ᠧᠮᠵᠢ ᠶᠢ ᠲᠠᠰᠤᠷᠠᠯᠲᠠ ᠥᠬᠡᠶ ᠪᠠᠶᠠᠯᠢᠭᠵᠢᠭᠤᠯᠤᠨ᠂ ︽ᠤᠮᠠᠷᠠᠲᠤ ᠬᠢᠯᠢ ᠶᠢᠨ ᠰᠣᠶᠣᠯ︾ ᠤᠨ | ᠨᠠᠷᠠᠲᠤ ᠲᠥᠷᠥᠯ ᠲᠡᠮᠳᠡᠭᠲᠦ ᠶᠢ ᠡᠭᠦᠳᠬᠦ ᠳᠤ ᠬᠦᠴᠦᠨ ᠨᠡᠮᠡᠷᠢᠯᠡᠨ᠎ᠡ᠃ ︵ᠲᠦᠷᠦᠭᠦᠯᠡᠬᠦ ᠨᠢᠭᠡᠴᠢ ᠄ ᠡᠯ᠎ᠡ ᠬᠤᠰᠢᠭᠤ | ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︔ ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠠᠶᠢᠮᠠᠭ ᠤᠨ ᠰᠣᠶᠣᠯ | ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ︶ | 15. ᠰᠣᠶᠣᠯ ᠤᠨ ᠵᠢᠭᠤᠯᠴᠢᠯᠠᠯ ᠤᠨ ᠲᠥᠷᠥᠯ ᠵᠦᠶ᠋ᠯ ᠢ ᠥᠨᠳᠥᠷ ᠬᠢᠷᠢ ᠲᠦᠪᠰᠢᠨ ᠢᠶᠠᠷ ᠲᠥᠯᠥᠪᠯᠡᠨ᠎ᠡ᠃ | ᠰᠣᠶᠣᠯ ᠤᠨ ᠵᠢᠭᠤᠯᠴᠢᠯᠠᠯ ᠤᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠬᠤ ᠶᠢᠨ ᠲᠣᠭᠤᠷᠢᠨ ᠳᠤ᠂ | 15 ᠠᠴᠠ ᠳᠡᠭᠡᠭᠰᠢᠬᠢ ᠭᠤᠤᠯᠳᠠᠯᠭ᠎ᠠ ᠲᠠᠢ ᠰᠣᠶᠣᠯ ᠤᠨ ᠵᠢᠭᠤᠯᠴᠢᠯᠠᠯ ᠤᠨ ᠲᠥᠷᠥᠯ ᠵᠦᠢᠯ ᠢ ᠤᠬᠠᠭᠠᠯᠠᠨ | ᠪᠣᠭᠤᠳᠠᠯᠯᠠᠵᠤ᠂ ᠬᠤᠰᠢᠭᠤ ᠰᠢᠶᠠᠨ ᠬᠤᠲᠠ ᠨᠢᠭᠡᠪᠦᠷᠢ ᠪᠢᠴᠢᠭ ᠤᠨ ᠵᠢᠭᠤᠯᠴᠢᠯᠠᠯ ᠤᠨ 2 ᠰᠢᠨ᠎ᠡ ᠲᠥᠷᠥᠯ ᠵᠦᠢᠯ ᠢ | ᠤᠬᠠᠭᠠᠯᠠᠨ ᠪᠣᠭᠤᠳᠠᠯᠯᠠᠵᠤ᠂ ᠰᠢᠨᠵᠢᠯᠡᠬᠦ ᠤᠬᠠᠭᠠᠨᠴᠢ ᠪᠠᠷ ᠰᠦᠪᠡᠭᠴᠢᠯᠡᠬᠦ᠂ ᠥᠨᠳᠥᠷ ᠬᠢᠷᠢ ᠲᠦᠪᠰᠢᠨ ᠢᠶᠠᠷ | ᠠᠬᠢᠭᠤᠯᠬᠤ ᠶᠢ ᠪᠡᠶᠡᠯᠡᠭᠦᠯᠦᠨ᠎ᠡ᠃ ︵ᠲᠦᠷᠦᠭᠦᠯᠡᠬᠦ ᠨᠢᠭᠡᠴᠢ ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ | ᠵᠠᠰᠠᠭ ᠤᠨ ᠣᠷᠳᠣᠨ︔ ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠲᠣᠪᠴᠢᠶ᠎ᠠ᠂ ᠠᠶᠢᠮᠠᠭ ᠤᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ | ᠬᠠᠷᠢᠭᠤᠴᠠᠯᠭᠠᠲᠤ ᠺᠣᠮᠫᠠᠨᠢ︶ | ︵ᠵᠢᠷᠭᠤᠭ᠎ᠠ︶ ᠵᠢᠭᠤᠯᠴᠢᠯᠠᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ | 16. ᠪᠠᠷᠢᠮᠵᠢᠶ᠎ᠠ ᠶᠢ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠷᠠᠭᠤᠯᠤᠨ᠎ᠠ᠃ ᠪᠠᠷᠢᠮᠵᠢᠶ᠎ᠠ ᠪᠠᠷ ᠬᠥᠲᠥᠯᠦᠨ | ᠳᠠᠭᠠᠭᠤᠯᠬᠤ ᠶᠢ ᠪᠠᠷᠢᠮᠲᠠᠯᠠᠵᠤ᠂ ᠡᠯ᠎ᠡ ᠭᠠᠵᠠᠷ ᠣᠷᠣᠨ ᠨᠤᠭᠤᠳ ᠤᠯᠤᠰ ᠪᠠ ᠥᠪᠡᠷᠲᠡᠭᠡᠨ ᠵᠠᠰᠠᠬᠤ ᠣᠷᠣᠨ ᠤ | ᠵᠢᠭᠤᠯᠴᠢᠯᠠᠯ ᠠᠮᠠᠷᠠᠯᠲᠠ ᠶᠢᠨ ᠣᠷᠣᠨ᠂ ᠬᠤᠪᠢ ᠪᠠᠷ ᠢᠶᠠᠨ ᠲᠡᠷᠭᠡ ᠵᠢᠯᠣᠭᠤᠳᠴᠤ ᠵᠢᠭᠤᠯᠴᠢᠯᠠᠨ ᠰᠠᠭᠤᠬᠤ ᠪᠠ | ᠲᠡᠷᠭᠡᠨ ᠤ ᠪᠠᠭᠤᠴᠠ᠂ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠤᠨ ᠭᠠᠵᠠᠷ ᠪᠠ ᠡᠷᠡᠭᠦᠯᠵᠢᠯ ᠰᠤᠪᠢᠯᠠᠯᠲᠠ ᠶᠢᠨ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠ | ᠵᠢᠷᠤᠮᠵᠢᠯ ᠶᠣᠰᠣᠭᠠᠷ᠂ ᠨᠢᠭᠡ ᠪᠦᠯᠦᠭ ᠴᠢᠨᠠᠷ ᠰᠠᠶᠢᠲᠠᠶ ᠠᠮᠠᠷᠠᠯᠲᠠ ᠶᠢᠨ ᠵᠢᠭᠤᠯᠴᠢᠯᠠᠯ᠂ ᠬᠤᠪᠢ ᠪᠠᠷ ᠢᠶᠠᠨ | ᠵᠢᠯᠣᠭᠤᠳᠬᠤ ᠶᠢᠨ ᠵᠢᠭᠤᠯᠴᠢᠯᠠᠯ᠂ ᠬᠡᠭᠡᠷ᠎ᠡ ᠪᠠᠭᠤᠳᠠᠯᠯᠠᠬᠤ ᠵᠢᠭᠤᠯᠴᠢᠯᠠᠯ ᠪᠠ ᠡᠷᠡᠭᠦᠯᠵᠢᠯ ᠰᠤᠪᠢᠯᠠᠯᠲᠠ ᠶᠢᠨ | ᠵᠢᠭᠤᠯᠴᠢᠯᠠᠯ ᠤᠨ ᠵᠣᠷᠢᠭᠰᠠᠨ ᠭᠠᠵᠠᠷ ᠢ ᠪᠥᠲᠥᠭᠡᠨ ᠪᠠᠶᠢᠭᠤᠯᠬᠤ ᠶᠢ ᠠᠬᠢᠭᠤᠯᠤᠨ᠎ᠠ᠃ ︵ᠲᠦᠷᠦᠭᠦᠯᠡᠬᠦ ᠨᠢᠭᠡᠴᠢ ᠄ | ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ ᠄ ᠡᠯ᠎ᠡ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︶ | 17. ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢ ᠲᠡᠭᠦᠯᠳᠡᠷᠵᠢᠭᠦᠯᠦᠨ᠎ᠡ᠃ ᠵᠢᠭᠤᠯᠴᠢᠯᠠᠯ ᠤᠨ | ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠵᠠᠮ ᠬᠠᠷᠢᠯᠴᠠᠭᠠᠨ ᠤ | ᠭᠤᠤᠯ ᠱᠤᠭᠤᠮ ᠬᠢᠭᠡᠳ ᠭᠤᠤᠯᠳᠠᠯᠭ᠎ᠠ ᠲᠠᠢ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠤᠯᠪᠣᠬᠤ ᠱᠤᠭᠤᠮ ᠢ | ᠭᠤᠤᠯᠳᠠᠯᠭ᠎ᠠ ᠲᠠᠢ ᠪᠥᠲᠥᠭᠡᠨ ᠪᠠᠶᠢᠭᠤᠯᠵᠤ᠂ ᠨᠢᠰᠬᠡᠯ ᠤᠨ ᠪᠠᠭᠤᠳᠠᠯ᠂ ᠳᠡᠭᠡᠳᠦ ᠬᠤᠷᠳᠤᠴᠠᠲᠤ ᠲᠡᠮᠦᠷ ᠵᠠᠮ ᠤᠨ | ᠥᠷᠲᠡᠭᠡ᠂ ᠮᠠᠰᠢᠨ ᠲᠡᠷᠭᠡᠨ ᠤ ᠥᠷᠲᠡᠭᠡ ᠵᠡᠷᠭᠡ ᠠᠶᠠᠨᠴᠢᠳ ᠤᠨ ᠲᠡᠭᠡᠭᠡᠪᠦᠷᠢ ᠶᠢᠨ ᠵᠠᠩᠭᠢᠯᠠᠭ᠎ᠠ ᠶᠢᠨ | ᠵᠢᠭᠤᠯᠴᠢᠯᠠᠯ ᠤᠨ ᠦᠢᠯᠡᠴᠢᠯᠡᠭᠡᠨ ᠤ ᠬᠤᠲᠠ ᠶᠢᠨ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ᠂ | ᠵᠢᠭᠤᠯᠴᠢᠯᠠᠯ ᠤᠨ ᠤᠯᠠᠭ᠎ᠠ ᠥᠷᠲᠡᠭᠡ᠂ ᠲᠡᠷᠭᠡᠨ ᠵᠣᠭᠰᠣᠭᠠᠯ᠂ ᠴᠠᠬᠢᠯᠭᠠᠨ ᠴᠡᠨᠡᠭᠯᠡᠬᠦ ᠱᠣᠩ᠂ ᠵᠢᠭᠤᠯᠴᠢᠯᠠᠯ ᠤᠨ | ᠵᠣᠷᠯᠣᠩ ᠵᠡᠷᠭᠡ ᠰᠠᠭᠤᠷᠢ ᠪᠡᠯᠡᠳᠬᠡᠮᠵᠢ ᠶᠢ ᠪᠥᠲᠥᠭᠡᠨ ᠪᠠᠶᠢᠭᠤᠯᠬᠤ ᠶᠢ ᠵᠣᠷᠢᠭᠵᠢᠭᠤᠯᠵᠤ᠂ ᠬᠤᠲᠠ ᠶᠢᠨ ᠨᠣᠭᠤᠭᠠᠨ | ᠵᠠᠮ᠂ ᠳᠤᠭᠤᠶ ᠤᠨᠤᠬᠤ ᠲᠤᠰᠬᠠᠶ ᠱᠤᠭᠤᠮ ᠵᠡᠷᠭᠡ ᠠᠯᠭᠤᠷ ᠵᠣᠷᠴᠢᠬᠤ ᠵᠢᠭᠤᠯᠴᠢᠯᠠᠯ ᠤᠨ ᠨᠡᠪᠲᠡᠷᠡᠬᠦ ᠵᠠᠮ ᠢ ᠪᠣᠶ | ᠪᠣᠯᠭᠠᠵᠤ᠂ ᠵᠢᠭᠤᠯᠴᠢᠯᠠᠯ ᠤᠨ ᠠᠮᠠᠷᠠᠯᠲᠠ ᠶᠢᠨ ᠣᠷᠣᠨ᠂ ᠥᠪᠡᠷ ᠢᠶᠠᠨ ᠵᠢᠯᠣᠭᠤᠴᠢ ᠶᠢᠨ ᠪᠠᠭᠤᠴᠠ᠂ ᠬᠡᠭᠡᠷ᠎ᠡ | ᠪᠠᠭᠤᠳᠠᠯᠯᠠᠬᠤ ᠭᠠᠵᠠᠷ ᠪᠠ ᠡᠷᠡᠭᠦᠯ ᠮᠡᠨᠳᠦ ᠶᠢᠨ ᠰᠤᠪᠢᠯᠠᠯᠲᠠ ᠶᠢᠨ ᠰᠠᠭᠤᠷᠢᠨ ᠭᠠᠵᠠᠷ ᠤᠨ ᠣᠶᠤᠨᠴᠢ | ᠵᠢᠭᠤᠯᠴᠢᠯᠠᠯ ᠤᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠢ ᠄ ᠡᠯ᠎ᠡ | ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︔ ᠬᠠᠷᠢᠭᠤᠴᠠᠯᠭᠠᠲᠤ ᠨᠢᠭᠡᠴᠢ ᠄ ᠠᠶᠢᠮᠠᠭ ᠤᠨ | ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ︶ | ︵ᠳᠣᠯᠤᠭ᠎ᠠ︶ ᠵᠢᠭᠤᠯᠴᠢᠯᠠᠯ ᠤᠨ ᠠᠵᠤ ᠦᠢᠯᠡᠰ ᠤᠨ ᠴᠢᠳᠠᠮᠵᠢ ᠶᠢᠨ ᠲᠠᠰ ᠢ ᠬᠦᠴᠦᠯᠡᠨ | ᠳᠡᠭᠡᠭᠰᠢᠯᠡᠭᠦᠯᠦᠨ᠎ᠡ | 18. ᠫᠧᠶ ᠶᠢᠦ ᠸᠧᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ᠃ ᠰᠣᠶᠣᠯ ᠤᠨ | ᠵᠢᠭᠤᠯᠴᠢᠯᠠᠯ ᠤᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠵᠢᠯᠣᠭᠤᠳᠴᠤ᠂ ᠳᠤᠮᠳᠠ | ᠵᠢᠵᠢᠭ ᠪᠢᠴᠢᠯ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ︽ᠲᠤᠰᠬᠠᠶ ᠨᠠᠷᠢᠯᠢᠭ ᠣᠨᠴᠠ ᠰᠢᠨ᠎ᠡ︾ | ᠠᠵᠤ ᠠᠬᠤᠶᠢᠯᠠᠯ ᠳᠠᠰᠢ ᠳᠠᠪᠰᠢᠭᠤᠯᠵᠤ᠂ ᠰᠣᠶᠣᠯ ᠤᠨ ᠵᠢᠭᠤᠯᠴᠢᠯᠠᠯ ᠤᠨ ᠠᠵᠤ ᠠᠬᠤᠶᠢᠯᠠᠯ ᠤᠨ ᠪᠤᠵᠠᠭᠠᠶᠢᠷᠠᠨ | ᠬᠦᠴᠦᠷᠬᠡᠭᠵᠢᠬᠦ ᠶᠢ ᠳᠡᠮᠵᠢᠨ᠎ᠡ᠃ ᠵᠠᠬ᠎ᠠ ᠳᠡᠯᠭᠡᠭᠦᠷ ᠤᠨ ᠡᠮᠬᠢ ᠳᠢᠭᠯᠢᠮ᠂ ᠶᠠᠰᠤ ᠴᠢᠨᠠᠷ ᠤᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠠ᠃ ︵ᠲᠦᠷᠦᠭᠦᠯᠡᠬᠦ ᠨᠢᠭᠡᠴᠢ ᠄ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ︔ ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 19. ᠰᠣᠶᠣᠯ ᠤᠨ ᠵᠢᠭᠤᠯᠴᠢᠯᠠᠯ ᠤᠨ ᠬᠡᠷᠡᠭᠯᠡᠭᠡᠨ ᠤ ᠢᠲᠡᠭᠡᠯ ᠢ ᠳᠡᠭᠡᠭᠰᠢᠯᠡᠭᠦᠯᠦᠨ᠎ᠡ᠃ ᠰᠣᠶᠣᠯ ᠤᠨ ᠪᠠ | ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠠᠮᠠᠷᠠᠯᠲᠠ ᠶᠢᠨ ᠵᠢᠭᠤᠯᠴᠢᠯᠠᠯ᠂ | ᠬᠤᠪᠢ ᠪᠠᠷ ᠢᠶᠠᠨ ᠵᠢᠯᠣᠭᠤᠴᠢ ᠪᠠᠷ ᠵᠢᠭᠤᠯᠴᠢᠯᠠᠬᠤ᠂ ᠬᠡᠭᠡᠷ᠎ᠡ ᠪᠠᠭᠤᠳᠠᠯᠯᠠᠬᠤ ᠵᠢᠭᠤᠯᠴᠢᠯᠠᠯ᠂ ᠡᠷᠡᠭᠦᠯᠵᠢᠯ | ᠰᠤᠪᠢᠯᠠᠯᠲᠠ ᠶᠢᠨ ᠵᠢᠭᠤᠯᠴᠢᠯᠠᠯ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠣᠭᠤᠷᠢᠨ ᠳᠤ ᠰᠣᠶᠣᠯ ᠤᠨ ᠪᠠ | ᠵᠢᠭᠤᠯᠴᠢᠯᠠᠯ ᠤᠨ ᠬᠡᠷᠡᠭᠯᠡᠭᠡᠨ ᠤ ᠠᠵᠢᠯᠯᠠᠭ᠎ᠠ ᠶᠢ ᠰᠢᠨ᠎ᠡ ᠶᠢ ᠡᠭᠦᠳᠦᠨ ᠥᠷᠨᠢᠭᠦᠯᠵᠦ᠂ ᠡᠯ᠎ᠡ ᠭᠠᠵᠠᠷ ᠤᠨ ᠬᠢᠨ ᠤ | ᠴᠤᠭᠯᠠᠭ᠎ᠠ ᠮᠠᠶᠢᠮᠠᠶ᠂ ᠠᠮᠲᠠᠲᠤ ᠢᠳᠡᠭᠡᠨ ᠤ ᠨᠠᠶᠢᠷ᠂ ᠪᠡᠶ᠎ᠡ ᠶᠢᠨ ᠲᠠᠮᠢᠷ ᠤᠨ ᠤᠷᠤᠯᠳᠤᠭᠠᠨ ᠵᠡᠷᠭᠡ ᠠᠵᠢᠯᠯᠠᠭ᠎ᠠ | ᠡᠷᠬᠢᠯᠡᠬᠦ ᠶᠢ ᠵᠣᠷᠢᠭᠵᠢᠭᠤᠯᠵᠤ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠠᠪᠴᠤ ᠶᠠᠪᠤᠬᠤ᠂ ᠠᠬᠤᠶ ᠲᠠᠯᠠᠪᠠᠢ ᠶᠢᠨ | ᠥᠩᠭᠡᠷᠡᠭᠡᠯᠲᠡ ᠶᠢ ᠬᠥᠭᠵᠢᠭᠦᠯᠵᠦ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠬᠠᠯᠠᠭᠤᠨ ᠴᠡᠭ ᠢ | ᠪᠤᠶᠢᠵᠢᠭᠤᠯᠤᠨ᠎ᠠ᠃ ︽ᠤᠮᠠᠷᠠᠲᠤ ᠬᠢᠯᠢ ᠶᠢᠨ ᠰᠣᠶᠣᠯ︾ ᠢᠶᠠᠷ ᠭᠤᠤᠯ ᠰᠡᠳᠦᠪ ᠪᠣᠯᠭᠠᠨ ᠰᠣᠶᠣᠯ ᠤᠨ ᠡᠭᠦᠳᠦᠨ | ᠪᠦᠲᠦᠭᠡᠯᠲᠡ ᠪᠠ ᠵᠢᠭᠤᠯᠴᠢᠯᠠᠯ ᠤᠨ ᠰᠢᠷᠢᠰ ᠲᠠᠸᠠᠷ ᠢ ᠨᠡᠭᠡᠭᠡᠨ ᠬᠥᠭᠵᠢᠭᠦᠯᠵᠦ᠂ ᠠᠵᠤ ᠠᠬᠤᠶᠢᠯᠠᠯ ᠤᠨ ᠮᠠᠨ ᠤ | ᠤᠯᠤᠰ ᠪᠣᠯᠤᠨ ᠲᠠᠯ᠎ᠠ ᠨᠤᠲᠤᠭ ᠲᠤ ᠪᠣᠯᠵᠣᠨ ᠲᠣᠭᠲᠠᠭᠰᠠᠨ ᠪᠣᠳᠠᠲᠤ ᠳᠡᠯᠭᠡᠭᠦᠷ ᠲᠠᠢ ᠪᠠᠶᠢᠬᠤ ᠪᠠᠷ ᠮᠡᠳᠡᠭᠦᠯᠬᠦ ᠶᠢ | ᠳᠡᠮᠵᠢᠨ᠎ᠡ᠃ ︵ᠲᠦᠷᠦᠭᠦᠯᠡᠬᠦ ᠨᠢᠭᠡᠴᠢ ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︔ | ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠪᠣᠭᠤᠮᠲᠠ ᠶᠢᠨ ᠲᠣᠪᠴᠢᠶ᠎ᠠ︶ | ︵ᠨᠠᠶ᠋ᠮᠠ︶ ︽ᠵᠢᠭᠤᠯᠴᠢᠯᠠᠯ ᠤᠨ ᠳᠥᠷᠪᠡᠨ ᠭᠠᠵᠠᠷ︾ ᠤᠨ ᠨᠡᠷ᠎ᠡ ᠶᠢᠨ ᠬᠠᠭᠤᠳᠠᠰᠤ ᠶᠢ ᠦᠷᠭᠦᠯᠵᠢᠯᠡᠨ | ᠭᠢᠯᠠᠶᠢᠲᠠᠯ᠎ᠠ ᠠᠷᠴᠢᠪᠠ | 20. ᠵᠢᠭᠤᠯᠴᠢᠯᠠᠯ ᠤᠨ ᠤᠬᠠᠭᠤᠯᠭ᠎ᠠ ᠳᠡᠯᠭᠡᠷᠡᠭᠦᠯᠦᠯᠲᠡ ᠶᠢ ᠴᠢᠩᠭᠠᠳᠬᠠᠨ᠎ᠠ᠃ ︽ᠵᠢᠭᠤᠯᠴᠢᠯᠠᠯ ᠤᠨ ᠳᠥᠷᠪᠡᠨ | ᠭᠠᠵᠠᠷ︾ ᠤᠨ ᠤᠯᠠᠮᠵᠢᠯᠠᠯᠲᠤ ᠵᠠᠭᠤᠴᠢᠯᠠᠭᠤᠷ᠂ ᠰᠢᠨ᠎ᠡ ᠵᠠᠭᠤᠴᠢᠯᠠᠭᠤᠷ᠂ ᠬᠤᠪᠢ ᠶᠢᠨ ᠵᠠᠭᠤᠴᠢᠯᠠᠭᠤᠷ ᠤᠨ | ᠤᠯᠠᠮᠵᠢᠯᠠᠬᠤ ᠠᠷᠭ᠎ᠠ ᠵᠠᠮ ᠢ ᠡᠮᠬᠢᠯᠡᠨ ᠨᠡᠶᠢᠯᠡᠭᠦᠯᠬᠦ ᠶᠢᠨ ᠲᠣᠭᠤᠷᠢᠨ ᠳᠤ᠂ ︽ᠮᠢᠩᠭᠠᠨ ᠨᠣᠮᠧᠷ ᠢᠶᠠᠷ ᠬᠤᠯᠪᠣᠭᠠᠯᠠᠨ | ᠬᠥᠳᠡᠯᠦᠯᠴᠡᠬᠦ᠂ ᠲᠦᠮᠡᠨ ᠬᠥᠮᠦᠨ ᠢᠶᠠᠷ ᠰᠢᠭᠤᠳ ᠨᠡᠪᠲᠡᠷᠡᠭᠦᠯᠬᠦ᠂ ᠵᠠᠭᠤᠨ ᠲᠦᠮᠡᠨ ᠬᠥᠮᠦᠨ ᠢᠶᠠᠷ ᠬᠦᠷᠦᠯᠴᠡᠭᠦᠯᠬᠦ᠂ | ᠵᠢᠭᠰᠠᠭᠠᠯ ᠢᠶᠠᠷ ᠳᠡᠯᠭᠡᠷᠡᠭᠦᠯᠬᠦ︾ ᠤᠬᠠᠭᠤᠯᠤᠨ ᠳᠡᠯᠭᠡᠷᠡᠭᠦᠯᠬᠦ ᠵᠠᠭᠪᠤᠷ ᠢ ᠬᠠᠮᠵᠢᠯᠴᠠᠨ ᠥᠷᠨᠢᠭᠦᠯᠵᠦ᠂ ︽ | ᠦᠵᠡᠰᠬᠦᠯᠡᠩᠲᠦ ᠰᠠᠶᠢᠬᠠᠨ ᠥᠪᠥᠷ ᠮᠣᠩᠭᠤᠯ︾ ᠤᠨ ᠨᠠᠷᠠᠲᠤ ᠲᠥᠷᠥᠯ ᠲᠡᠮᠳᠡᠭᠲᠦ ᠶᠢ ᠳᠠᠶᠢᠴᠢᠯᠠᠬᠤ ᠶᠢᠨ ᠬᠠᠮᠲᠤ᠂ | ︽ᠬᠢᠩᠭᠠᠨ ᠳᠠᠪᠠᠭᠠᠨ ᠳᠠᠬᠢ ᠬᠢᠩᠭᠠᠨ ᠠᠶᠢᠮᠠᠭ︾᠂ ︽ᠠᠭᠤᠯᠠᠨ ᠠᠶᠢᠮᠠᠭ ᠬᠢᠭᠡᠳ ᠤᠰᠤᠨ ᠠᠶᠢᠮᠠᠭ ᠬᠢᠭᠡᠳ | ᠬᠢᠩᠭᠠᠨ ᠠᠶᠢᠮᠠᠭ︾ ᠤᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠳᠡᠭᠡᠭᠰᠢᠯᠡᠭᠦᠯᠦᠨ᠎ᠡ᠃ ᠭᠠᠳᠠᠭᠠᠳᠤ | ᠨᠡᠭᠡᠭᠡᠯᠲᠡ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠯᠢ ᠠᠯᠤᠰᠯᠠᠭᠰᠠᠨ | ᠵᠢᠭᠤᠯᠴᠢᠯᠠᠯ ᠤᠨ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠂ ︽ᠬᠢᠯᠢ ᠬᠢᠵᠠᠭᠠᠷ ᠣᠷᠣᠨ ᠢ ᠬᠥᠭᠵᠢᠭᠦᠯᠬᠦ | ᠵᠢᠭᠤᠯᠴᠢᠯᠠᠯ︾ ᠵᠡᠷᠭᠡ ᠬᠢᠯᠢ ᠶᠢᠨ ᠵᠢᠭᠤᠯᠴᠢᠯᠠᠯ᠂ ᠬᠢᠯᠢ ᠠᠯᠤᠰᠯᠠᠭᠰᠠᠨ ᠵᠢᠭᠤᠯᠴᠢᠯᠠᠯ ᠤᠨ ᠥᠪᠡᠷ ᠤᠨ | ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠵᠤ᠂ ᠥᠪᠥᠷ ᠮᠣᠩᠭᠤᠯ ᠤᠨ ᠵᠢᠭᠤᠯᠴᠢᠯᠠᠯ ᠤᠨ ᠰᠢᠨ᠎ᠡ | ᠳᠦᠷᠢ ᠲᠥᠷᠬᠦ ᠶᠢ ᠪᠥᠬᠦ ᠲᠠᠯ᠎ᠠ ᠪᠠᠷ᠂ ᠣᠯᠠᠨ ᠠᠷᠭ᠎ᠠ ᠵᠠᠮ ᠢᠶᠠᠷ ᠳᠡᠯᠭᠡᠨ ᠦᠵᠡᠭᠦᠯᠦᠨ᠎ᠡ᠃ ︵ᠲᠦᠷᠦᠭᠦᠯᠡᠬᠦ | ᠨᠢᠭᠡᠴᠢ ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︔ ᠬᠠᠷᠢᠭᠤᠴᠠᠯᠭᠠᠲᠤ ᠨᠢᠭᠡᠴᠢ ᠄ | ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ︶ | 21. ᠪᠠᠶᠠᠷ ᠳᠤᠷᠠᠰᠬᠠᠯ ᠤᠨ ᠳᠠᠶᠢᠴᠢᠯᠠᠬᠤ ᠦᠢᠯᠡᠳᠦᠯ ᠢ ᠴᠢᠩᠭᠠᠷᠠᠭᠤᠯᠤᠨ᠎ᠠ᠃ ︽ᠲᠠᠯ᠎ᠠ ᠨᠤᠲᠤᠭ ᠲᠤ | ᠪᠣᠯᠵᠣᠬᠤ︾ ᠪᠠᠷ ᠭᠤᠣᠯ ᠰᠡᠳᠦᠪ ᠪᠣᠯᠭᠠᠵᠤ᠂ ᠳᠦᠷᠪᠡᠨ ᠤᠯᠠᠷᠢᠯ ᠤᠨ ᠰᠣᠶᠣᠯ ᠵᠤᠭᠠᠴᠠᠯ ᠤᠨ ᠪᠠᠶᠠᠷ | ᠳᠤᠷᠠᠰᠬᠠᠯ ᠤᠨ ᠠᠵᠢᠯᠯᠠᠭ᠎ᠠ ᠶᠢ ᠤᠬᠠᠭᠠᠯᠠᠨ ᠡᠷᠬᠢᠯᠡᠵᠦ᠂ ︽ᠨᠠᠭᠠᠳᠤᠮ ᠠᠭᠤᠯᠵᠠᠬᠤ︾ ᠪᠠᠷ ᠭᠤᠣᠯ ᠰᠡᠳᠦᠪ | ᠪᠣᠯᠭᠠᠵᠤ᠂ ᠬᠢᠩᠭᠠᠨ ᠠᠶᠢᠮᠠᠭ ᠤᠨ ᠨᠠᠭᠠᠳᠤᠮ ᠤᠨ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠡᠨ᠎ᠡ᠃ ᠤᠶᠤᠲᠠᠳ ᠤᠨ | ᠲᠠᠯ᠎ᠠ ᠨᠤᠲᠤᠭ ᠤᠨ ᠵᠢᠭᠤᠯᠴᠢᠯᠠᠯ ᠤᠨ ᠪᠠᠶᠠᠷ᠂ ᠷᠠᠰᠢᠶᠠᠨ ᠤ ᠮᠥᠰᠥ ᠴᠠᠰᠤᠨ ᠤ ᠪᠠᠶᠠᠷ᠂ ᠰᠤᠷᠭᠠᠭᠤᠯᠢ ᠶᠢᠨ ᠨᠠᠶᠢᠵᠠ | ᠨᠠᠷ ᠤᠨ ᠠᠵᠤ ᠠᠬᠤᠶ ᠶᠢᠨ ᠶᠠᠷᠢᠶᠠᠨ ᠤ ᠲᠠᠪᠴᠠᠩ ᠵᠡᠷᠭᠡ ᠠᠵᠢᠯᠯᠠᠭ᠎ᠠ ᠶᠢ ᠡᠷᠭᠢᠯᠡᠨ᠎ᠡ᠃ ︵ᠲᠦᠷᠦᠭᠦᠯᠡᠬᠦ ᠨᠢᠭᠡᠴᠢ ᠄ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︔ ᠬᠠᠷᠢᠭᠤᠴᠠᠯᠭᠠᠲᠤ ᠨᠢᠭᠡᠴᠢ ᠄ | ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠣᠷᠣᠨ ᠪᠦᠰᠡ ᠶᠢᠨ ᠠᠵᠤ ᠠᠬᠤᠶ ᠶᠢᠨ | ᠬᠠᠮᠲᠤᠷᠠᠯᠴᠠᠭᠠᠨ ᠤ ᠲᠣᠪᠴᠢᠶ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠳᠡᠭᠡᠳᠦ ᠪᠠᠶᠢᠷᠢᠨ ᠳᠤ | ᠨᠢᠭᠡᠳᠦᠯᠲᠡᠶ ᠲᠥᠯᠥᠪᠯᠡᠬᠦ᠂ ᠰᠠᠯᠠᠭ᠎ᠠ ᠮᠥᠴᠢᠷ ᠤᠳ ᠬᠠᠮᠲᠤᠷᠠᠨ ᠬᠥᠳᠡᠯᠦᠯᠴᠡᠬᠦ᠂ ᠳᠡᠭᠡᠳᠦ ᠳᠣᠤᠷᠠᠳᠤ | ᠱᠠᠲᠤᠨ ᠤ ᠬᠢᠨ ᠬᠠᠮᠵᠢᠯᠴᠠᠬᠤ᠂ ᠬᠦᠴᠦᠲᠡᠶ ᠬᠡᠷᠡᠭᠵᠢᠭᠦᠯᠬᠦ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ | ᠲᠣᠭᠲᠠᠴᠠ ᠶᠢ ᠪᠠᠶᠢᠭᠤᠯᠵᠤ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠰᠣᠶᠣᠯ ᠪᠠ | ᠵᠢᠭᠤᠯᠴᠢᠯᠠᠯ ᠤᠨ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠶ᠎ᠠ | ᠭᠠᠵᠠᠷ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠡᠳᠦᠷ ᠲᠤᠲᠤᠮ ᠤᠨ ᠴᠢᠬᠤᠯᠠ ᠵᠥᠪᠯᠡᠬᠦ ᠵᠦᠶ᠋ᠯ ᠳᠡᠭᠡᠨ | ᠣᠷᠣᠭᠤᠯᠤᠨ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠭᠤᠤᠯᠳᠠᠯᠭ᠎ᠠ ᠲᠠᠢ ᠠᠰᠠᠭᠤᠳᠠᠯ ᠢ ᠴᠠᠭ | ᠲᠤᠬᠠᠶ ᠳᠤᠨᠢ ᠰᠤᠳᠤᠯᠤᠨ ᠰᠢᠶ᠋ᠳᠪᠦᠷᠢᠯᠡᠬᠦ ᠬᠡᠷᠡᠭᠲᠡᠶ᠃ ︵ᠲᠦᠷᠦᠭᠦᠯᠡᠬᠦ ᠨᠢᠭᠡᠴᠢ ᠄ ᠡᠯ᠎ᠡ ᠬᠤᠰᠢᠭᠤ ᠰᠢᠶᠠᠨ | ᠬᠤᠲᠠ ᠶᠢᠨ ᠠᠷᠠᠳ ᠤᠨ ᠵᠠᠰᠠᠭ ᠤᠨ ᠣᠷᠳᠣᠨ︔ ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠰᠣᠶᠣᠯ | ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ︶ | ︵ᠬᠤᠶᠠᠷ︶ ᠴᠢᠳᠠᠪᠤᠷᠢᠲᠠᠨ ᠢ ᠬᠥᠮᠦᠵᠢᠭᠦᠯᠵᠦ ᠣᠷᠣᠭᠤᠯᠤᠨ ᠠᠪᠴᠢᠷᠠᠬᠤ ᠶᠢᠨ ᠠᠯᠲᠠᠨ ᠮᠧᠲᠯ ᠤᠨ | ᠴᠢᠳᠠᠪᠤᠷᠢᠲᠠᠨ ᠢ ᠨᠠᠶᠢᠳᠠᠪᠤᠷᠢᠵᠢᠭᠤᠯᠬᠤ ᠢᠨᠵᠧᠨᠧᠷᠢᠩ ᠢ ᠴᠢᠩᠭᠠᠳᠬᠠᠵᠤ᠂ ᠠᠯᠲᠠᠨ ᠮᠧᠲᠯ ᠤᠨ ᠵᠢᠭᠤᠯᠴᠢᠯᠠᠯ ᠤᠨ | ᠬᠥᠲᠥᠴᠢ ︵ᠲᠠᠶᠢᠯᠪᠤᠷᠢᠯᠠᠭᠴᠢ︶᠂ ᠠᠯᠲᠠᠨ ᠮᠧᠲᠯ ᠤᠨ ᠵᠢᠭᠤᠯᠴᠢᠯᠠᠯ ᠤᠨ ᠬᠠᠮᠢᠶᠠᠷᠤᠭᠴᠢ᠂ ᠠᠯᠲᠠᠨ ᠮᠧᠲᠯ ᠤᠨ | ᠭᠤᠤᠯ ᠨᠡᠪᠲᠡᠷᠡᠭᠦᠯᠦᠭᠴᠢ ᠪᠠ ᠠᠯᠲᠠᠨ ᠮᠧᠳᠠᠯ ᠤᠨ ᠠᠵᠢᠯ ᠮᠡᠷᠭᠡᠵᠢᠯ ᠤᠨ ᠡᠵᠡᠩᠨᠡᠨ ᠬᠠᠮᠢᠶᠠᠷᠤᠭᠴᠢ ᠶᠢ | ᠬᠥᠮᠦᠵᠢᠭᠦᠯᠦᠨ᠎ᠡ᠃ ᠣᠷᠣᠨ ᠤ ᠳᠣᠲᠣᠷᠠᠬᠢ ᠳᠡᠭᠡᠳᠦ ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠣᠶᠣᠯ ᠪᠠ ᠵᠢᠭᠤᠯᠴᠢᠯᠠᠯ ᠤᠨ ᠭᠤᠤᠯᠳᠠᠯᠭ᠎ᠠ ᠲᠠᠢ | ᠰᠡᠳᠦᠪ ᠤᠨ ᠰᠤᠳᠤᠯᠭᠠᠨ ᠢ ᠠᠬᠢᠭᠤᠯᠤᠨ᠎ᠠ᠃ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠵᠠᠬᠢᠶᠠᠯᠠᠭ᠎ᠠ ᠶᠢᠨ ᠬᠡᠯᠪᠡᠷᠢ ᠶᠢᠨ ᠰᠣᠶᠣᠯ ᠵᠢᠭᠤᠯᠴᠢᠯᠠᠯ ᠤᠨ ᠴᠢᠳᠠᠪᠤᠷᠢᠲᠠᠨ ᠢ ᠬᠥᠮᠦᠵᠢᠭᠦᠯᠬᠦ | ᠠᠵᠢᠯ ᠢ ᠥᠷᠨᠢᠭᠦᠯᠦᠨ᠎ᠡ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠪᠠ ᠴᠢᠳᠠᠪᠤᠷᠢᠲᠠᠨ ᠡᠯᠰᠡᠵᠦ ᠣᠶᠤᠨ | ᠤᠬᠠᠭᠠᠨ ᠣᠷᠣᠭᠤᠯᠬᠤ ︽ᠬᠤᠶᠠᠷ ᠢ ᠡᠯᠰᠡᠵᠦ ᠬᠤᠶᠠᠷ ᠢ ᠲᠠᠲᠠᠬᠤ︾ ᠠᠵᠢᠯ ᠢ ᠥᠷᠨᠢᠭᠦᠯᠵᠦ᠂ ᠲᠥᠷᠥ ᠶᠢᠨ | ᠪᠣᠳᠣᠯᠭ᠎ᠠ ᠪᠠᠷ ᠴᠢᠳᠠᠪᠤᠷᠢᠲᠠᠨ ᠢ ᠲᠠᠲᠠᠬᠤ᠂ ᠲᠥᠷᠥᠯ ᠵᠦᠶ᠋ᠯ ᠢᠶᠠᠷ ᠴᠢᠳᠠᠪᠤᠷᠢᠲᠠᠨ ᠢ ᠲᠠᠲᠠᠬᠤ᠂ ᠴᠢᠳᠠᠪᠤᠷᠢᠲᠠᠨ ᠢᠶᠠᠷ | ᠴᠢᠳᠠᠪᠤᠷᠢᠲᠠᠨ ᠢ ᠲᠠᠲᠠᠬᠤ ᠶᠢ ᠠᠬᠢᠭᠤᠯᠤᠨ᠎ᠠ᠃ ︵ᠲᠦᠷᠦᠭᠦᠯᠡᠬᠦ ᠨᠢᠭᠡᠴᠢ ᠄ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ︔ ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ | ᠲᠠᠮᠢᠷ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠬᠢᠩᠭᠠᠨ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ︶ | ︵ᠭᠤᠷᠪᠠ︶ ᠪᠠᠯᠠ ᠮᠥᠩᠭᠦ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ ᠲᠥᠷᠥᠯ | ᠵᠦᠢᠯ ᠢ ᠲᠥᠯᠥᠪᠵᠢᠭᠦᠯᠬᠦ᠂ ᠨᠥᠭᠡᠴᠡᠯᠡᠬᠦ ᠪᠠ ᠬᠠᠮᠢᠶᠠᠷᠬᠤ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ | ᠵᠢᠴᠢ ᠲᠡᠭᠦᠨ ᠠᠴᠠ ᠳᠡᠭᠡᠭᠰᠢᠬᠢ ᠲᠤᠰᠬᠠᠶ ᠵᠦᠢᠯ ᠤᠨ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠯᠡᠨ ᠣᠯᠵᠤ᠂ | ᠵᠠᠰᠠᠭ ᠤᠨ ᠣᠷᠳᠣᠨ ᠤ ᠴᠢᠨᠠᠷᠲᠠᠶ ᠪᠠᠯᠠ ᠮᠥᠩᠭᠦ ᠶᠢᠨ ᠬᠥᠲᠥᠯᠦᠨ ᠵᠢᠯᠣᠭᠤᠳᠬᠤ ᠦᠶ᠋ᠯᠡᠳᠦᠯ ᠢ ᠭᠦᠢᠴᠡᠳ | ᠪᠠᠳᠠᠷᠠᠭᠤᠯᠤᠨ᠂ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠶᠢ ᠲᠡᠳᠡᠨ ᠠᠪᠴᠢᠷᠠᠵᠤ᠂ ︽ᠵᠢᠭᠤᠯᠴᠢᠯᠠᠯ ᠤᠨ | ᠳᠥᠷᠪᠡᠨ ᠭᠠᠵᠠᠷ︾ ᠤᠨ ᠪᠥᠲᠥᠭᠡᠨ ᠪᠠᠶᠢᠭᠤᠯᠤᠯᠲᠠ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ | ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠥᠯᠥᠪᠵᠢᠭᠦᠯᠭᠡ ᠳᠤ ᠣᠷᠣᠭᠤᠯᠤᠭᠰᠠᠨ ᠪᠥᠲᠥᠭᠡᠨ | ᠪᠠᠶᠢᠭᠤᠯᠤᠯᠲᠠ ᠶᠢᠨ ᠲᠥᠷᠥᠯ ᠵᠦᠢᠯ ᠳᠤ᠂ ᠲᠥᠷᠥᠯ ᠵᠦᠢᠯ ᠲᠣᠭᠲᠠᠭᠠᠬᠤ᠂ ᠬᠢᠨᠠᠨ ᠵᠥᠪᠰᠢᠶᠡᠷᠡᠬᠦ᠂ ᠭᠠᠵᠠᠷ | ᠰᠢᠷᠣᠶ ᠲᠠᠲᠠᠪᠤᠷᠢᠯᠠᠬᠤ᠂ ᠪᠥᠲᠥᠭᠡᠨ ᠪᠠᠶᠢᠭᠤᠯᠬᠤ᠂ ᠪᠠᠯᠠ ᠳᠣᠭᠢᠷᠠᠭᠤᠯᠬᠤ ᠵᠡᠷᠭᠡ ᠭᠤᠭᠴᠤᠭ᠎ᠠ ᠳᠤ ᠬᠠᠤᠯᠢ | ᠲᠣᠭᠲᠠᠭᠠᠯ ᠶᠣᠰᠣᠭᠠᠷ ᠳᠡᠮᠵᠢᠯᠭᠡ ᠦᠵᠡᠭᠦᠯᠦᠨ᠎ᠡ᠃ ︵ᠲᠦᠷᠦᠭᠦᠯᠡᠬᠦ ᠨᠢᠭᠡᠴᠢ ᠄ ᠠᠶᠢᠮᠠᠭ ᠤᠨ ᠡᠳ᠋ ᠤᠨ ᠵᠠᠰᠠᠭ ᠤᠨ | ᠲᠣᠪᠴᠢᠶ᠎ᠠ︔ ᠬᠠᠷᠢᠭᠤᠴᠠᠯᠭᠠᠲᠤ ᠨᠢᠭᠡᠴᠢ ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠰᠣᠶᠣᠯ ᠵᠢᠭᠤᠯᠴᠢᠯᠠᠯ ᠪᠡᠶ᠎ᠡ ᠶᠢᠨ | ᠲᠠᠮᠢᠷ ᠤᠨ ᠲᠣᠪᠴᠢᠶ᠎ᠠ᠂ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ︶ | ︵ᠳᠥᠷᠪᠡ︶ ᠭᠠᠵᠠᠷ ᠬᠡᠷᠡᠭᠯᠡᠬᠦ ᠪᠠᠲᠤᠯᠠᠭ᠎ᠠ ᠶᠢ ᠴᠢᠩᠭᠠᠷᠠᠭᠤᠯᠤᠨ ︽ᠵᠢᠭᠤᠯᠴᠢᠯᠠᠯ ᠤᠨ ᠳᠥᠷᠪᠡᠨ ᠭᠠᠵᠠᠷ︾ | ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠰᠣᠶᠣᠯ ᠤᠨ ᠵᠢᠭᠤᠯᠴᠢᠯᠠᠯ ᠤᠨ ᠭᠠᠵᠠᠷ ᠬᠡᠷᠡᠭᠯᠡᠬᠦ ᠭᠠᠷᠳᠠᠮ ᠢ | ᠭᠦᠢᠴᠡᠳᠭᠡᠬᠦ ᠳᠤ ᠬᠦᠴᠢᠷᠲᠡᠶ᠂ ᠭᠠᠵᠠᠷ ᠬᠡᠷᠡᠭᠯᠡᠬᠦ ᠥᠪᠡᠷ ᠤᠨ ᠥᠷᠲᠡᠭ ᠥᠨᠳᠥᠷ ᠵᠡᠷᠭᠡ ᠬᠦᠴᠢᠷᠳᠡᠯ ᠢ ᠬᠦᠴᠦᠯᠡᠨ | ᠰᠢᠢᠳᠪᠦᠷᠢᠯᠡᠵᠦ ᠂ ᠠᠵᠤ ᠠᠬᠤᠶᠢᠯᠠᠯ ᠤᠨ ᠬᠥᠭᠵᠢᠯᠲᠡ ᠶᠢᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ | ᠴᠢᠩᠭᠠᠷᠠᠭᠤᠯᠤᠨ᠂ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠯᠦᠭᠡ ᠰᠣᠶᠣᠯ ᠤᠨ ᠵᠢᠭᠤᠯᠴᠢᠯᠠᠯ ᠤᠨ | ᠲᠥᠷᠥᠯ ᠵᠦᠢᠯ ᠤᠨ ︽ᠴᠡᠭ ᠬᠡᠯᠪᠡᠷᠢ ᠪᠠᠷ ᠭᠠᠵᠠᠷ ᠬᠠᠩᠭᠠᠬᠤ︾ ᠵᠠᠭᠪᠤᠷ ᠢ ᠰᠦᠪᠡᠭᠴᠢᠯᠡᠨ ᠲᠤᠷᠰᠢᠨ | ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ ᠨᠤᠭᠤᠳ ᠵᠢᠭᠤᠯᠴᠢᠯᠠᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ | ᠵᠦᠶ᠋ᠯ ᠤᠨ ᠭᠠᠵᠠᠷ ᠰᠣᠩᠭᠤᠬᠤ ᠳᠠᠭᠠᠨ᠂ ᠬᠤᠰᠢᠭᠤ ᠰᠢᠶᠠᠨ ᠬᠤᠲᠠ ᠶᠢᠨ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠶᠡᠷᠦᠩᠬᠡᠶ ᠲᠥᠯᠥᠪᠵᠢᠭᠦᠯᠭᠡ ᠳᠤ ᠨᠡᠶᠢᠴᠡᠭᠦᠯᠵᠦ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠶᠡᠷᠦᠩᠬᠡᠶ ᠲᠥᠯᠥᠪᠵᠢᠭᠦᠯᠭᠡ ᠯᠦᠭᠡ ᠵᠣᠯᠭᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠶ᠃ ︵ᠲᠦᠷᠦᠭᠦᠯᠡᠬᠦ ᠨᠢᠭᠡᠴᠢ ᠄ | ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ︔ ᠬᠠᠷᠢᠭᠤᠴᠠᠯᠭᠠᠲᠤ ᠨᠢᠭᠡᠴᠢ ᠄ | ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ | ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠠᠶᠢᠮᠠᠭ ᠤᠨ ᠰᠣᠶᠣᠯ ᠵᠢᠭᠤᠯᠴᠢᠯᠠᠯ ᠤᠨ ᠪᠠᠯᠠ | ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ︶ | ︵ᠲᠠᠪᠤ︶ ︽ᠣᠷᠣᠨ ᠤ ᠭᠠᠳᠠᠨᠠᠬᠢ ᠵᠤᠭᠠᠴᠠᠭᠰᠠᠳ ᠢ ᠥᠪᠥᠷ ᠮᠣᠩᠭᠤᠯ ᠳᠤ ᠲᠠᠲᠠᠵᠤ ᠣᠷᠣᠭᠤᠯᠬᠤ ᠲᠤᠰᠬᠠᠶ | ᠵᠦᠢᠯ ᠤᠨ ᠱᠠᠩᠨᠠᠯ ᠤᠨ ᠲᠥᠷᠥ ᠶᠢᠨ ᠪᠣᠳᠣᠯᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠵᠢᠭᠤᠯᠴᠢᠯᠠᠯ ᠤᠨ ᠲᠤᠰᠬᠠᠶ ᠭᠠᠯᠲᠤ ᠲᠡᠷᠭᠡ᠂ ᠨᠢᠰᠬᠡᠯ ᠳᠠᠭᠠᠭᠠᠴᠢᠯᠠᠨ ᠵᠠᠬᠢᠶᠠᠯᠠᠨ ᠦᠢᠯᠡᠳᠬᠦ ᠦᠢᠯᠡᠴᠢᠯᠡᠭᠡᠨ ᠤ | ᠲᠤᠰᠬᠠᠶ ᠵᠦᠢᠯ ᠤᠨ ᠱᠠᠩᠨᠠᠯ ᠤᠨ ᠲᠥᠷᠥ ᠶᠢᠨ ᠪᠣᠳᠣᠯᠭ᠎ᠠ︾ ᠶᠢ ᠰᠠᠶᠢᠲᠤᠷ ᠨᠠᠶᠢᠳᠠᠪᠤᠷᠢᠵᠢᠭᠤᠯᠬᠤ ᠶᠢ | ᠰᠢᠯᠢᠳᠡᠭᠵᠢᠭᠦᠯᠦᠨ᠎ᠡ᠃ ᠡᠯ᠎ᠡ ᠭᠠᠵᠠᠷ ᠣᠷᠣᠨ ᠤ ︽ᠠᠶᠠᠨᠴᠢᠳ ᠢ ᠥᠪᠥᠷ ᠮᠣᠩᠭᠤᠯ ᠳᠤ ᠲᠡᠳᠡᠨ ᠣᠷᠣᠭᠤᠯᠬᠤ︾ | ᠵᠢᠭᠤᠯᠴᠢᠯᠠᠯ ᠤᠨ ᠱᠠᠩᠨᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠶᠢ ᠵᠣᠷᠢᠭᠵᠢᠭᠤᠯᠵᠤ᠂ ︽ᠵᠠᠭᠤᠨ ᠲᠦᠮᠡᠨ | ᠬᠠᠷᠢᠯᠴᠠᠨ ᠵᠢᠭᠤᠯᠴᠢᠯᠠᠬᠤ ᠠᠵᠢᠯᠯᠠᠭ᠎ᠠ︾ ᠶᠢ ᠭᠦᠨᠵᠡᠭᠡᠶᠢᠷᠡᠭᠦᠯᠦᠨ᠎ᠡ︔ ᠸᠢᠰᠠ ᠠᠴᠠ ᠭᠡᠯᠳᠦᠷᠢᠭᠦᠯᠬᠦ ᠪᠦᠯᠬᠦᠮ | ᠨᠡᠶᠢᠲᠡ ᠶᠢᠨ ᠵᠢᠭᠤᠯᠴᠢᠯᠠᠯ ᠤᠨ ᠲᠥᠷᠥ ᠶᠢᠨ ᠪᠣᠳᠣᠯᠭ᠎ᠠ ᠪᠠ ᠲᠤᠬᠠᠶᠢᠯᠠᠭᠰᠠᠨ ᠠᠵᠢᠯ ᠢ ᠭᠦᠢᠴᠡᠳ ᠬᠡᠷᠡᠭᠯᠡᠨ᠂ | ᠣᠯᠠᠨ ᠤᠯᠤᠰ ᠤᠨ ᠨᠥᠬᠦᠷᠰᠡᠭ ᠬᠤᠲᠠ᠂ ᠭᠠᠳᠠᠭᠠᠳᠤ ᠳᠤ ᠬᠤᠯᠪᠣᠭᠳᠠᠬᠤ ᠰᠣᠶᠣᠯ ᠤᠨ ᠵᠢᠭᠤᠯᠴᠢᠯᠠᠯ ᠤᠨ ᠠᠵᠤ | ᠠᠬᠤᠶᠢᠯᠠᠯ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠢᠯᠢ ᠶᠢᠨ ᠭᠠᠳᠠᠨᠠᠬᠢ ᠠᠶᠠᠨᠴᠢᠳ ᠤᠨ | ᠢᠷᠡᠯᠲᠡ ᠶᠢᠨ ᠵᠠᠬ᠎ᠠ ᠳᠡᠯᠭᠡᠭᠦᠷ ᠢ ᠨᠡᠭᠡᠭᠡᠨ ᠬᠥᠭᠵᠢᠭᠦᠯᠵᠦ᠂ ᠬᠢᠯᠢ ᠠᠯᠤᠰᠯᠠᠭᠰᠠᠨ ᠵᠢᠭᠤᠯᠴᠢᠯᠠᠯ ᠢ ᠶᠡᠬᠡᠪᠡᠷ | ᠬᠥᠭᠵᠢᠭᠦᠯᠦᠨ᠎ᠡ᠃ ︵ᠲᠦᠷᠦᠭᠦᠯᠡᠬᠦ ᠨᠢᠭᠡᠴᠢ ᠄ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ | ᠲᠣᠪᠴᠢᠶ᠎ᠠ︔ ᠬᠠᠷᠢᠭᠤᠴᠠᠯᠭᠠᠲᠤ ᠨᠢᠭᠡᠴᠢ ᠄ ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ | ᠣᠷᠳᠣᠨ︶ | ︵ᠵᠢᠷᠭᠤᠭ᠎ᠠ︶ ᠰᠣᠶᠣᠯ ᠤᠨ ᠪᠠ ᠵᠢᠭᠤᠯᠴᠢᠯᠠᠯ ᠤᠨ ᠠᠵᠤ ᠠᠬᠤᠶᠢᠯᠠᠯ᠂ ᠵᠢᠭᠤᠯᠴᠢᠯᠠᠯ ᠤᠨ ᠦᠢᠯᠡᠰ ᠤᠨ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠰᠣᠶᠣᠯ ᠵᠢᠭᠤᠯᠴᠢᠯᠠᠯ ᠤᠨ ᠠᠵᠤ ᠠᠬᠤᠶ ᠶᠢᠨ ᠬᠥᠭᠵᠢᠯᠲᠡ | ᠵᠡᠷᠭᠡ ᠲᠤᠭ᠎ᠠ ᠪᠦᠷᠢᠳᠬᠡᠯ ᠤᠨ ᠭᠦᠶ᠋ᠴᠡᠳᠬᠡᠯ ᠲᠤᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ ᠨᠠᠶᠢᠳᠠᠪᠤᠷᠢᠵᠢᠭᠤᠯᠵᠤ᠂ | ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠲᠦᠷᠢᠮ ᠢ ᠪᠦᠷᠢᠨᠰᠢᠭᠦᠯᠦᠨ᠎ᠡ᠃ ᠪᠥᠬᠦ ᠠᠶᠢᠮᠠᠭ ᠤᠨ ᠵᠢᠭᠤᠯᠴᠢᠯᠠᠯ ᠤᠨ | ᠬᠥᠭᠵᠢᠯᠲᠡ ᠶᠢᠨ ᠶᠡᠷᠦᠩᠬᠡᠶᠢᠯᠡᠭᠰᠡᠨ ᠴᠢᠨᠠᠷ ᠦᠷ᠎ᠡ ᠪᠦᠲᠦᠮᠵᠢ ᠶᠢ ᠦᠨᠡᠯᠡᠬᠦ ᠭᠦᠢᠴᠡᠳᠭᠡᠯ ᠲᠤᠭ᠎ᠠ ᠶᠢ ᠪᠠᠶᠢᠭᠤᠯᠵᠤ᠂ | ᠪᠦᠲᠦᠮᠵᠢᠲᠡᠶ ᠤᠷᠮᠠᠰᠢᠭᠤᠯᠬᠤ ᠲᠣᠭᠲᠠᠴᠠ ᠶᠢ ᠪᠣᠶ ᠪᠣᠯᠭᠠᠨ᠂ ᠪᠥᠬᠦ ᠣᠷᠣᠨ ᠤ ᠵᠢᠭᠤᠯᠴᠢᠯᠠᠯ ᠤᠨ ᠬᠥᠭᠵᠢᠯᠲᠡ ᠶᠢᠨ | ᠶᠡᠭᠡ ᠬᠤᠷᠠᠯ ᠢ ᠢᠳᠡᠪᠬᠢᠲᠡᠶ ᠪᠠᠷ ᠭᠤᠶᠤᠴᠢᠯᠠᠨ ᠡᠷᠭᠢᠯᠡᠵᠦ᠂ ᠬᠢᠩᠭᠠᠨ ᠠᠶᠢᠮᠠᠭ ᠤᠨ ᠵᠢᠭᠤᠯᠴᠢᠯᠠᠯ ᠤᠨ ᠨᠥᠯᠥᠭᠡᠯᠡᠬᠦ | ᠬᠦᠴᠦᠨ ᠪᠠ ᠠᠯᠳᠠᠷᠰᠢᠯ ᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠨᠢᠭᠡᠴᠢ ᠄ ᠡᠯ᠎ᠡ ᠬᠤᠰᠢᠭᠤ ᠰᠢᠶᠠᠨ ᠬᠤᠲᠠ ᠶᠢᠨ | ᠠᠷᠠᠳ ᠤᠨ ᠵᠠᠰᠠᠭ ᠤᠨ ᠣᠷᠳᠣᠨ︔ ᠬᠠᠷᠢᠭᠤᠴᠠᠯᠭᠠᠲᠤ ᠨᠢᠭᠡᠴᠢ ᠄ ᠠᠶᠢᠮᠠᠭ ᠤᠨ ᠰᠣᠶᠣᠯ ᠵᠢᠭᠤᠯᠴᠢᠯᠠᠯ ᠪᠡᠶ᠎ᠡ ᠶᠢᠨ | ᠲᠠᠮᠢᠷ ᠤᠨ ᠲᠣᠪᠴᠢᠶ᠎ᠠ︶ | | |