ᠰᠦᠬᠡ ᠷᠠᠰᠢᠶᠠᠨ ᠬᠤᠳᠠ ᠳᠤ ᠬᠦᠷᠴᠦ ︽ᠳᠤᠯᠠᠭᠠᠨ ᠤ ᠢᠨᠵᠧᠨᠧᠷᠢᠩ︾ ᠤᠨ ᠳᠦᠷᠦᠯ ᠵᠦᠢᠯ ᠤᠨ ᠪᠦᠳᠦᠬᠡᠡ ᠪᠠᠶᠢᠭᠤᠯᠤᠯᠲᠠ ᠶᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ
ᠨᠡᠶᠢᠲᠡᠯᠡᠭᠰᠡᠨ ᠴᠠᠭ᠄
2024/9/12
       9 ᠰᠠᠷ᠎ᠠ ᠶᠢᠨ 6 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ ᠤᠷᠢᠳ ᠬᠤᠵᠢᠳ ᠷᠠᠰᠢᠶᠠᠨ ᠬᠤᠲᠠ ᠶᠢᠨ ᠢᠷᠪᠢᠰ ᠵᠡᠭᠡᠯᠢ᠂  ᠸᠧᠨ ᠴᠢᠤᠸᠠᠨ ᠵᠡᠭᠡᠯᠢ ᠳᠤ ᠬᠦᠷᠴᠦ᠂ ᠢᠯᠴᠢ ᠬᠠᠩᠭᠠᠬᠤ ᠬᠤᠭᠤᠯᠠᠶ ᠶᠢᠨ ᠲᠣᠤᠷ ᠢ ᠥᠭᠡᠷᠡᠴᠢᠯᠡᠬᠦ ᠵᠡᠷᠭᠡ ᠲᠥᠷᠥᠯ  ᠵᠦᠢᠯ ᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠴᠤ᠂ ᠲᠤᠬᠠᠶ ᠶᠢᠨ ᠲᠠᠯᠠᠪᠤᠷ ᠲᠤ ᠷᠠᠰᠢᠶᠠᠨ ᠬᠤᠲᠠ ᠶᠢᠨ ︽ᠳᠤᠯᠠᠭᠠᠯᠭ᠎ᠠ ᠶᠢᠨ ᠢᠨᠵᠧᠨᠧᠷᠢᠩ  ︾ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃    ᠰᠦᠬᠡ᠂ ᠳᠤᠯᠠᠭᠠᠯᠭ᠎ᠠ ᠶᠢᠨ ᠢᠨᠵᠧᠨᠧᠷᠢᠩ  ᠢ ᠬᠡᠷᠡᠭᠵᠢᠭᠦᠯᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ᠲᠣᠭᠲᠠᠭᠠᠭᠰᠠᠨ ︽ᠵᠢᠷᠭᠤᠭᠠᠨ ᠢᠨᠵᠧᠨᠧᠷᠢᠩ︾ ᠤᠨ ᠨᠢᠭᠡ ᠪᠣᠯᠤᠨ᠎ᠠ᠂ ᠲᠦᠭ ᠲᠦᠮᠡᠨ ᠠᠶᠢᠯ ᠡᠷᠦᠭᠡ ᠶᠢᠨ ᠬᠠᠯᠠᠭᠤᠨ ᠬᠦᠢᠳᠡᠨ ᠲᠠᠢ ᠬᠤᠯᠪᠣᠭᠳᠠᠨ᠎ᠠ᠂ ᠡᠷᠬᠡᠪᠰᠢ ᠡᠷᠴᠢᠮ ᠢᠶᠠᠨ ᠴᠢᠩᠭᠠᠷᠠᠭᠤᠯᠵᠤ᠂ ᠠᠬᠢᠴᠠ ᠪᠠᠨ ᠲᠦᠷᠭᠡᠳᠬᠡᠵᠦ᠂ ᠦᠨᠡᠨᠬᠦ  ᠬᠠᠩᠭᠠᠯᠭ᠎ᠠ ᠶᠢ ᠰᠠᠶᠢᠲᠤᠷ ᠬᠠᠩᠭᠠᠬᠤ ᠬᠡᠷᠡᠭᠲᠡᠢ ᠭᠡᠵᠦ ᠬᠡᠯᠡᠪᠡ᠃ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠲᠡᠭᠦᠨ ᠢ ︽ᠨᠢᠭᠡᠳᠦᠭᠡᠷ ᠭᠠᠷ︾ ᠤᠨ ᠢᠨᠵᠧᠨᠧᠷᠢᠩ ᠪᠠ ᠲᠡᠷᠢᠭᠦᠨ ᠵᠡᠷᠭᠡ ᠶᠢᠨ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠭᠠᠵᠤ᠂ ᠵᠠᠰᠠᠭ ᠤᠨ ᠣᠷᠳᠣᠨ᠂ ᠠᠵᠤ ᠠᠬᠤᠶᠢᠯᠠᠯ ᠬᠠᠮᠲᠤ ᠪᠠᠷ ᠬᠦᠴᠦᠯᠡᠬᠦ ᠶᠢ ᠪᠠᠷᠢᠮᠲᠠᠯᠠᠨ᠂ ᠪᠠᠯᠠ ᠮᠥᠩᠭᠦ ᠵᠡᠷᠭᠡ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠷᠠᠭᠤᠯᠤᠨ᠂ ᠲᠥᠷᠥᠯ  ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠤᠮᠳᠠᠬᠢ ᠬᠦᠴᠢᠷ ᠲᠦᠪᠡᠭᠲᠡᠶ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ  ᠰᠢᠢᠳᠪᠦᠷᠢᠯᠡᠵᠦ ᠂ ᠲᠥᠷᠥᠯ  ᠵᠦᠢᠯ ᠤᠨ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ ᠪᠠᠷ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠣᠳᠣᠬᠠᠨ ᠤ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠤᠨ ︽ᠰᠢᠵᠢᠷ ᠠᠯᠳᠠᠨ ᠬᠤᠭᠤᠴᠠᠭ᠎ᠠ︾ ᠶᠢ ᠠᠮᠵᠢᠨ ᠠᠳᠬᠤᠵᠤ᠂ ᠪᠠᠷᠢᠯᠭ᠎ᠠ ᠶᠢᠨ ᠠᠮᠤᠷ ᠲᠦᠪᠰᠢᠨ ᠪᠣᠯᠤᠨ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠲᠦᠷᠭᠡᠨ ᠠᠵᠢᠯᠯᠠᠬᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠬᠤ ᠶᠢ ᠴᠢᠩᠭ᠎ᠠ ᠠᠳᠬᠤᠵᠤ᠂ ᠪᠦᠬᠦ ᠬᠦᠴᠦᠨ ᠢᠶᠠᠷ ᠢᠶᠠᠨ ᠴᠠᠭ ᠢ ᠠᠮᠵᠢᠨ ᠤᠷᠤᠭᠰᠢᠯᠠᠵᠤ᠂ ᠠᠬᠢᠴᠠ ᠶᠢ ᠤᠷᠤᠭᠰᠢ ᠠᠬᠢᠭᠤᠯᠵᠤ᠂ ᠳᠤᠯᠠᠭᠠᠯᠠᠭ᠎ᠠ ᠶᠢᠨ ᠬᠤᠭᠤᠴᠠᠭ᠎ᠠ ᠠᠴᠠ ᠡᠮᠦᠨ᠎ᠡ ᠲᠣᠭᠲᠠᠭᠰᠠᠨ ᠬᠤᠭᠤᠴᠠᠭᠠᠨ ᠳᠠᠭᠠᠨ ᠠᠵᠢᠯ ᠢᠶᠠᠨ ᠳᠠᠭᠤᠰᠬᠠᠨ ᠠᠰᠢᠭᠯᠠᠯᠲᠠ ᠳᠤ ᠣᠷᠣᠭᠤᠯᠵᠤ᠂ ᠲᠣᠭᠲᠠᠭᠰᠠᠨ ᠴᠠᠭ ᠲᠠᠭᠠᠨ ᠢᠯᠴᠢ ᠶᠢ ᠬᠠᠩᠭᠠᠬᠤ ᠶᠢ ᠪᠠᠲᠤᠯᠠᠬᠤ ᠬᠡᠷᠡᠭᠲᠡᠢ᠃ ᠢᠯᠴᠢ ᠶᠢᠨ ᠡᠬᠢ ᠰᠤᠷᠪᠤᠯᠵᠢ ᠶᠢ ᠨᠥᠭᠡᠴᠡᠯᠡᠬᠦ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ᠂ ᠬᠤᠭᠤᠯᠠᠶ ᠶᠢᠨ ᠲᠣᠣᠷ ᠢ ᠰᠡᠯᠪᠢᠨ ᠵᠠᠰᠠᠬᠤ᠂ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠵᠡᠷᠭᠡ ᠠᠵᠢᠯ ᠢ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠰᠠᠶᠢᠲᠤᠷ ᠬᠢᠵᠦ᠂ ᠦᠢᠯᠡᠴᠢᠯᠡᠭᠡᠨ ᠤ ᠬᠢᠷᠢ ᠬᠡᠮᠵᠢᠶ᠎ᠡ ᠪᠠ ᠢᠯᠴᠢ ᠬᠠᠩᠭᠠᠬᠤ ᠶᠠᠰᠤ ᠴᠢᠨᠠᠷ ᠢ ᠠᠷᠭ᠎ᠠ ᠪᠦᠬᠦᠨ ᠢ ᠰᠦᠪᠡᠭᠴᠢᠯᠡᠨ ᠳᠡᠭᠡᠭᠰᠢᠯᠡᠭᠦᠯᠵᠦ᠂ ᠤᠯᠠᠨ ᠲᠦᠮᠡᠨ ᠳᠤ ᠰᠢᠨ᠎ᠡ ᠳᠤᠯᠠᠭᠠᠯᠭ᠎ᠠ ᠶᠢᠨ ᠤᠯᠠᠷᠢᠯ ᠳᠤ ︽ᠳᠤᠯᠠᠭᠠᠯᠭ᠎ᠠ ᠶᠢᠨ ᠢᠨᠵᠧᠨᠧᠷᠢᠩ︾ ᠤᠨ ᠦᠨᠡᠨ ᠪᠣᠳᠠᠲᠠᠶ ᠬᠤᠪᠢᠷᠠᠯᠲᠠ ᠶᠢ ᠬᠦᠷᠲᠡᠭᠡᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨ ᠬᠦ ᠨᠡᠮᠡᠭᠳᠡᠭᠦᠯᠬᠦ ᠬᠡᠷᠡᠭᠲᠡᠶ ᠭᠡᠪᠡ ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号