ᠰᠦᠬᠡ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠪᠠᠭᠰᠢ ᠨᠠᠷ ᠤᠨ ᠲᠥᠯᠥᠭᠡᠯᠡᠭᠴᠢᠳ ᠢ ᠪᠣᠯᠭᠤᠭᠠᠨ ᠲᠣᠬᠤᠨᠢᠭᠤᠯᠪᠠ
ᠨᠡᠶᠢᠲᠡᠯᠡᠭᠰᠡᠨ ᠴᠠᠭ᠄
2024/9/12
       40  ᠳ᠋ᠦ᠋ᠭᠡᠷ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ 9  ᠳ᠋ᠦ᠋ᠭᠡᠷ‌‍ᠷ ᠰᠠᠷ᠎ᠠ ᠶᠢᠨ 9 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ  ᠰᠦᠬᠡ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠪᠠᠭᠰᠢ ᠨᠠᠷ ᠤᠨ ᠲᠥᠯᠥᠭᠡᠯᠡᠭᠴᠢᠳ ᠢ ᠪᠣᠯᠭᠤᠭᠠᠨ ᠲᠣᠬᠤᠨᠢᠭᠤᠯᠵᠤ᠂ ᠪᠥᠬᠦ ᠠᠶᠢᠮᠠᠭ ᠤᠨ ᠥᠷᠭᠡᠨ ᠣᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃    ᠰᠦᠬᠡ ᠤᠷᠢᠳ ᠬᠤᠵᠢᠳ ᠤᠯᠠᠭᠠᠨᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠠᠵᠢᠯ ᠠᠴᠠ ᠪᠠᠨ ᠠᠮᠠᠷᠠᠭᠰᠠᠨ ᠪᠠᠭᠰᠢ ᠴᠧᠨ  ᠲᠢᠶᠧ ᠵᠦ ᠂ ᠤᠯᠠᠭᠠᠨᠬᠤᠲᠠ ᠶᠢᠨ ᠠᠷᠪᠠᠨ ᠲᠠᠪᠤᠳᠤᠭᠠᠷ ᠳᠤᠮᠳᠠᠳᠤ ᠰᠤᠷᠭᠠᠭᠤᠯᠢ ᠶᠢᠨ ᠠᠵᠢᠯ ᠠᠴᠠ ᠪᠠᠨ ᠠᠮᠠᠷᠠᠭᠰᠠᠨ ᠪᠠᠭᠰᠢ ᠯᠢᠦ ᠴᠢᠦ ᠶᠠᠨ ᠤ ᠭᠡᠷ ᠲᠤ ᠬᠦᠷᠴᠦ᠂ ᠲᠡᠳᠡᠨ ᠤ ᠪᠡᠶ᠎ᠡ ᠶᠢᠨ ᠪᠠᠶᠢᠳᠠᠯ ᠪᠠ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠲᠡᠳᠡᠨ ᠤ ᠰᠤᠷᠭᠠᠨ ᠬᠥᠮᠦᠵᠢᠯ ᠤᠨ  ᠦᠢᠯᠡᠰ ᠲᠤ ᠦᠵᠡᠭᠦᠯᠦᠭᠰᠡᠨ ᠢᠳᠡᠪᠬᠢᠲᠡᠶ ᠬᠤᠪᠢ ᠨᠡᠮᠡᠷᠢ ᠳᠤ ᠲᠠᠯᠠᠷᠬᠠᠨ᠂ ᠲᠡᠳᠡᠨ ᠤ ᠪᠡᠶ᠎ᠡ ᠪᠠᠨ ᠬᠢᠴᠢᠶᠡᠵᠦ᠂ ᠦᠯᠡᠳᠡᠪᠦᠷᠢ ᠢᠯᠴᠢ ᠪᠠᠨ ᠪᠠᠳᠠᠷᠠᠭᠤᠯᠵᠤ᠂ ᠪᠥᠬᠦ ᠠᠶᠢᠮᠠᠭ ᠤᠨ ᠰᠤᠷᠭᠠᠨ ᠬᠥᠮᠦᠵᠢᠯ ᠤᠨ  ᠦᠢᠯᠡᠰ ᠤᠨ ᠬᠥᠭᠵᠢᠯᠲᠡ ᠶᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠳᠡᠮᠵᠢᠬᠦ ᠶᠢ ᠬᠦᠰᠡᠵᠦ ᠪᠠᠶᠢᠨ᠎ᠠ ᠭᠡᠵᠡᠶ᠃ ᠲᠡᠷᠡ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠵᠢᠯ ᠠᠴᠠ ᠪᠠᠨ ᠠᠮᠠᠷᠠᠭᠰᠠᠨ ᠪᠠᠭᠰᠢ ᠨᠠᠷ ᠢ ᠨᠠᠩ ᠢᠯᠡᠭᠦᠤ ᠬᠠᠯᠠᠮᠵᠢᠯᠠᠨ ᠬᠠᠶᠢᠷᠠᠯᠠᠵᠤ᠂ ᠪᠣᠳᠠᠲᠠᠶ ᠬᠦᠴᠢᠷᠳᠡᠯ ᠢ ᠨᠢ ᠢᠳᠡᠪᠬᠢᠲᠡᠶ ᠪᠠᠷ ᠬᠠᠪᠰᠤᠷᠤᠨ  ᠰᠢᠢᠳᠪᠦᠷᠢᠯᠡᠵᠦ ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨᠬᠦ ᠬᠦᠷᠲᠡᠭᠡᠬᠦ ᠬᠡᠷᠡᠭᠲᠡᠶ ᠭᠡᠵᠦ ᠱᠠᠭᠠᠷᠳᠠᠵᠠᠶ᠃    ᠬᠢᠩᠭᠠᠨ ᠠᠶᠢᠮᠠᠭ ᠤᠨ ᠬᠤᠩᠴᠧᠩ ᠪᠠᠭ᠎ᠠ ᠰᠤᠷᠭᠠᠭᠤᠯᠢ ᠳᠤ᠂ ᠰᠦᠬᠡ ᠪᠠᠭᠰᠢ ᠨᠠᠷ ᠤᠨ ᠲᠥᠯᠥᠭᠡᠯᠡᠭᠴᠢᠳ ᠲᠠᠢ ᠶᠠᠷᠢᠯᠴᠠᠨ ᠰᠣᠯᠢᠯᠴᠠᠵᠤ᠂ ᠡᠳᠦᠷ ᠳᠤᠳᠤᠮ ᠤᠨ ᠵᠢᠭᠠᠨ ᠰᠤᠷᠭᠠᠯᠲᠠ ᠶᠢᠨ ᠠᠵᠢᠯ ᠢ ᠨᠠᠷᠢᠨ ᠣᠶᠢᠯᠠᠭᠠᠵᠤ᠂ ᠤᠯᠠᠨ ᠤ ᠠᠵᠢᠯ ᠤᠨ ᠳᠤᠮᠳᠠ ᠶᠠᠮᠠᠷ ᠬᠦᠴᠢᠷᠳᠡᠯ ᠪᠠᠶᠢᠬᠤ ᠶᠢ ᠳᠣᠲᠣᠨᠣ ᠪᠠᠷ ᠠᠰᠠᠭᠤᠪᠠ᠃ ᠲᠡᠷᠡ ᠬᠡᠯᠡᠬᠦ ᠳᠡᠭᠡᠨ᠂ ᠰᠤᠷᠭᠠᠨ ᠬᠥᠮᠦᠵᠢᠯ ᠤᠨ ᠶᠡᠭᠡ ᠪᠣᠳᠣᠯᠭ᠎ᠠ ᠳᠤ ᠪᠠᠭᠰᠢ ᠪᠠᠷ ᠦᠨᠳᠦᠰᠦ ᠪᠣᠯᠭᠠᠨ᠎ᠠ᠃ ᠪᠥᠬᠦ ᠠᠶᠢᠮᠠᠭ ᠤᠨ ᠥᠷᠭᠡᠨ ᠣᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠶᠡᠷᠦᠩᠬᠡᠶ ᠱᠦᠵᠢ ᠰᠢ ᠶᠢᠨ ᠫᠢᠩ  ᠶᠢᠨ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ  ᠲᠤᠭᠤᠰᠢᠯᠠᠭᠤᠯᠵᠦ ᠂ ᠰᠤᠷᠭᠠᠨ ᠬᠥᠮᠦᠵᠢᠭᠦᠯᠦᠭᠴᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠶᠣᠰᠣ ᠮᠣᠷᠠᠯ ᠢᠶᠠᠷ ᠬᠥᠮᠦᠨ ᠢ ᠬᠥᠮᠦᠵᠢᠭᠦᠯᠬᠦ ᠢᠷᠠᠭᠤ ᠠᠯᠳᠠᠷᠲᠤ ᠡᠭᠦᠷᠭᠡ ᠶᠢ ᠡᠭᠦᠷᠭᠡᠯᠡᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠦᠨᠡᠨᠬᠦ ᠰᠠᠶᠢᠲᠤᠷ ᠡᠷᠭᠢᠯᠡᠬᠦ ᠬᠡᠷᠡᠭᠲᠡᠶ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠬᠥᠮᠦᠵᠢᠯ ᠢ ᠪᠠᠲᠤ ᠪᠠᠬᠢ ᠪᠤᠢ ᠪᠣᠯᠭᠠᠬᠤ ᠶᠢ ᠰᠤᠷᠭᠠᠭᠤᠯᠢ ᠡᠷᠬᠢᠯᠡᠵᠦ ᠰᠤᠷᠭᠠᠭᠤᠯᠢ ᠶᠢ ᠵᠠᠰᠠᠬᠤ ᠡᠯ᠎ᠡ ᠬᠦᠷᠢᠶᠡᠨ ᠳᠤ ᠠᠭᠤᠰᠤᠯᠴᠠᠭᠤᠯᠵᠤ᠂ ᠪᠢᠴᠢᠭ ᠵᠢᠭᠠᠵᠤ ᠬᠥᠮᠦᠨ ᠢ ᠬᠥᠮᠦᠵᠢᠭᠦᠯᠬᠦ ᠪᠦᠬᠦ ᠶᠠᠪᠤᠴᠠ ᠳᠤ  ᠲᠤᠭᠤᠰᠢᠯᠠᠭᠤᠯᠵᠦ ᠂ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠭᠰᠡᠨ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠴᠠᠭ ᠦᠶ᠎ᠡ ᠶᠢᠨ ᠰᠢᠨ᠎ᠡ ᠬᠥᠮᠦᠨ ᠢ ᠴᠢᠷᠮᠠᠶᠢᠨ ᠬᠥᠮᠦᠵᠢᠭᠦᠯᠬᠦ ᠬᠡᠷᠡᠭᠲᠡᠢ᠃ ᠤᠯᠤᠰ ᠠᠴᠠ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠡᠷᠡᠰ ᠭᠤᠶᠢᠪᠢᠰᠢ ᠦᠭᠡᠢ ᠬᠡᠷᠡᠭᠵᠢᠭᠦᠯᠵᠦ᠂ ᠪᠠᠭᠰᠢ ᠶᠢᠨ ᠪᠠᠲᠤᠯᠠᠭ᠎ᠠ ᠶᠢ ᠤᠯᠠᠮ ᠨᠢᠭᠡ ᠠᠯᠬᠤᠮ ᠴᠢᠩᠭᠠᠳᠬᠠᠨ᠂ ᠵᠢᠭᠠᠨ ᠰᠤᠷᠭᠠᠯᠲᠠ ᠶᠢᠨ ᠵᠢᠯᠤᠭᠤᠳᠤᠯᠭ᠎ᠠ ᠶᠢ ᠴᠢᠩᠭᠠᠳᠬᠠᠵᠤ᠂ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠪᠠᠶᠠᠯᠢᠭᠵᠢᠭᠤᠯᠤᠨ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠰᠠᠶᠢᠲᠤᠷ ᠡᠵᠡᠮᠰᠢᠨ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠶ  ᠭᠡᠪᠡ᠃    ᠠᠶᠢᠮᠠᠭ ᠤᠨ ᠤᠳᠤᠷᠢᠳᠤᠯᠭ᠎ᠠ ᠯᠢᠶᠠᠩ ᠶᠠᠨ ᠵᠢᠶᠦ᠋ᠨ ᠲᠣᠬᠤᠨᠢᠭᠤᠯᠬᠤ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    
 
ᠢᠷᠡᠯᠲᠡ᠄ ᠬᠢᠩᠭᠠᠨ ᠤ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号