ᠢᠦᠢ ᠵᠢᠢ ᠱᠦᠨ ᠪᠣᠯᠤᠨ ᠱᠧᠨᠵᠧᠨ ᠤ ᠠᠵᠤ ᠠᠬᠤᠶᠢᠯᠠᠯ ᠬᠠᠮᠲᠤᠷᠠᠭᠰᠠᠨ ᠪᠡᠯᠡ ᠣᠷᠣᠭᠤᠯᠤᠯᠲᠠ ᠶᠢᠨ ᠰᠢᠨᠵᠢᠯᠡᠨ ᠪᠠᠶᠢᠴᠠᠭᠠᠬᠤ ᠪᠦᠯᠬᠦᠮ ᠶᠠᠷᠢᠯᠴᠠᠬᠤ ᠬᠤᠷᠠᠯ  ᠬᠤᠷᠠᠯᠳᠤᠪᠠ
ᠨᠡᠶᠢᠲᠡᠯᠡᠭᠰᠡᠨ ᠴᠠᠭ᠄
2024/9/14
       9 ᠰᠠᠷ᠎ᠠ ᠶᠢᠨ 9 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠪᠣᠯᠤᠨ ᠱᠧᠨᠵᠧᠨ ᠤ ᠠᠵᠤ ᠠᠬᠤᠶᠢᠯᠠᠯ  ᠬᠠᠮᠲᠤᠷᠠᠭᠰᠠᠨ ᠪᠠᠯᠠ ᠣᠷᠣᠭᠤᠯᠤᠯᠲᠠ ᠶᠢᠨ ᠰᠢᠨᠵᠢᠯᠡᠨ ᠪᠠᠶᠢᠴᠠᠭᠠᠬᠤ ᠪᠦᠯᠬᠦᠮ ᠶᠠᠷᠢᠯᠴᠠᠬᠤ ᠬᠤᠷᠠᠯ ᠬᠢᠪᠠ᠃ ᠬᠤᠷᠠᠯ ᠳᠡᠭᠡᠷ᠎ᠡ᠂ ᠬᠤᠶᠠᠷ ᠲᠠᠯ᠎ᠠ ᠪᠠᠷ ᠢᠶᠠᠨ ᠤᠶᠤᠨᠲᠤ ᠬᠥᠳᠡᠭᠡ ᠠᠵᠤ ᠠᠬᠤᠢ᠂ ᠪᠤᠳᠤᠯᠭ᠎ᠠ ᠶᠢᠨ ᠴᠢᠳᠠᠪᠤᠷᠢ ᠶᠢᠨ ᠣᠯᠭᠤᠯᠲᠠ᠂ ᠳᠣᠣᠷ᠎ᠠ ᠣᠭᠲᠠᠷᠭᠤᠢ ᠶᠢᠨ ᠠᠵᠤ ᠠᠬᠤᠢ᠂ ᠰᠢᠨ᠎ᠡ ᠡᠨᠧᠷᠭᠢ ᠶᠢᠨ ᠡᠬᠢ ᠪᠠᠶᠠᠯᠢᠭ ᠤᠨ ᠠᠰᠢᠭᠯᠠᠯᠲᠠ᠂ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠶᠢᠨ ᠲᠣᠭᠤᠷᠢᠨ ᠳᠤ ᠵᠥᠪᠳᠡᠯᠴᠡᠵᠦ᠂ ᠠᠵᠤ ᠠᠬᠤᠶᠢᠯᠠᠯ ᠤᠨ ᠬᠥᠭᠵᠢᠯᠲᠡ᠂ ᠲᠦᠷᠦ ᠶᠢᠨ ᠪᠤᠳᠤᠯᠭ᠎ᠠ ᠶᠢᠨ ᠣᠷᠴᠢᠨ ᠲᠣᠭᠤᠷᠢᠨ᠂ ᠬᠠᠮᠲᠤᠷᠠᠯᠴᠠᠭᠠᠨ ᠤ ᠠᠵᠠ ᠲᠣᠬᠢᠶᠠᠯ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠤ᠂ ᠬᠤᠶᠠᠷ ᠲᠠᠯ᠎ᠠ ᠪᠠᠷ ᠢᠶᠠᠨ ᠣᠷᠣᠨ ᠨᠤᠲᠤᠭ ᠤᠨ ᠠᠵᠤ ᠠᠬᠤᠶᠢᠯᠠᠯ ᠤᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠠᠬᠢᠭᠤᠯᠤᠨ᠎ᠠ ᠭᠡᠵᠦ ᠢᠯᠡᠳᠬᠡᠪᠡ᠃     
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号