ᠬᠢᠩᠭᠠᠨ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ︽︿ᠬᠡᠷᠪᠡ ᠪᠢ ᠡᠪᠡᠳᠴᠢᠲᠡᠨ ᠪᠣᠯ ︿ᠪᠡᠶᠡᠴᠢᠯᠡᠨ ᠣᠶᠢᠯᠠᠭᠠᠬᠤ ᠭᠤᠤᠯ ᠰᠡᠳᠦᠪᠲᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2024/9/24
   ᠡᠯ᠎ᠡ ᠬᠤᠰᠢᠭᠤ ᠰᠢᠶᠠᠨ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠥᠪᠯᠡᠯ ᠤᠨ ᠰᠢᠭᠤᠳ ᠬᠠᠷᠢᠶ᠎ᠠ ᠡᠮᠴᠢᠯᠡᠭᠡᠨ ᠤ ᠪᠠᠶᠢᠭᠤᠯᠤᠮᠵᠢ ᠳᠤ᠄    ᠡᠪᠡᠳᠴᠢᠲᠡᠨ ᠤ ᠡᠪᠡᠳᠴᠢᠨ ᠦᠵᠡᠭᠦᠯᠬᠦ ᠲᠥᠷᠥᠭᠳᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠡᠪᠡᠳᠴᠢᠲᠡᠨ ᠤ ᠡᠪᠡᠳᠴᠢᠨ ᠦᠵᠡᠭᠦᠯᠬᠦ ᠥᠩᠭᠡᠷᠡᠯᠲᠡ ᠶᠢ ᠳᠡᠭᠡᠭᠰᠢᠯᠡᠭᠦᠯᠦᠨ᠂ ᠠᠷᠠᠳ ᠣᠯᠠᠨ ᠤ ᠡᠪᠡᠳᠴᠢᠨ ᠦᠵᠡᠭᠦᠯᠬᠦ ᠳᠤ ᠬᠦᠴᠢᠷ ᠲᠦᠪᠡᠭᠲᠡᠶ ᠠᠰᠠᠭᠤᠳᠠᠯ ᠢ ᠰᠢᠶ᠋ᠳᠪᠦᠷᠢᠯᠡᠬᠦ ᠶᠢᠨ ᠲᠥᠯᠥᠭᠡ᠂ ᠮᠠᠨ ᠤ ᠬᠤᠷᠢᠶ᠎ᠠ ᠠᠴᠠ ︽︿ᠬᠡᠷᠪᠡ ᠪᠢ ᠡᠪᠡᠳᠴᠢᠲᠡᠨ ᠪᠠᠶᠢᠭᠰᠠᠨ ᠪᠣᠯ﹀ ᠥᠩᠭᠡᠷᠡᠯᠲᠡ ᠶᠢᠨ ᠭᠤᠤᠯ ᠰᠡᠳᠦᠪᠲᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠪᠠ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠵᠦᠶ᠋ᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠶᠢ ᠬᠦᠰᠡᠵᠦ ᠪᠠᠶᠢᠨ᠎ᠠ᠃                                     ᠬᠢᠩᠭᠠᠨ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ                                                        2024 ᠣᠨ ᠤ 5 ᠰᠠᠷ᠎ᠠ ᠶᠢᠨ 16 ᠦ ᠡᠳᠦᠷ    ︽ᠬᠡᠷᠪᠡ ᠪᠢ ᠡᠪᠡᠳᠴᠢᠲᠡᠨ ᠪᠠᠶᠢᠭᠰᠠᠨ ᠪᠣᠯ︾ ᠭᠡᠬᠦ ᠲᠤᠷᠰᠢᠯᠲᠠ ᠶᠢᠨ ᠭᠤᠤᠯ ᠰᠡᠳᠦᠪᠲᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ    ᠡᠪᠡᠳᠴᠢᠨ ᠦᠵᠡᠭᠦᠯᠬᠦ ᠲᠥᠷᠥᠭᠳᠡᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠡᠪᠡᠳᠴᠢᠲᠡᠨ ᠤ ᠡᠪᠡᠳᠴᠢᠨ ᠦᠵᠡᠭᠦᠯᠬᠦ ᠥᠩᠭᠡᠷᠡᠯᠲᠡ ᠶᠢ ᠳᠡᠭᠡᠭᠰᠢᠯᠡᠭᠦᠯᠦᠨ᠂ ᠡᠮᠴᠢᠯᠡᠭᠡᠨ ᠤ  ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠬᠢᠩᠭᠠᠨ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠪᠥᠬᠦ ᠠᠶᠢᠮᠠᠭ ᠤᠨ ᠬᠡᠪᠴᠢᠶᠡᠨ ᠳᠤ ︽ᠬᠡᠷᠪᠡ ᠪᠢ ᠨᠢᠭᠡ ᠡᠪᠡᠳᠴᠢᠲᠡᠨ ᠪᠠᠶᠢᠭᠰᠠᠨ ᠪᠣᠯ︾ ᠥᠩᠭᠡᠷᠡᠯᠲᠡ ᠶᠢᠨ ᠭᠤᠤᠯ ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠷᠠᠳ ᠣᠯᠠᠨ ᠤ ᠣᠯᠠᠨ ᠡᠰᠢᠵᠢᠭᠰᠡᠨ᠂ ᠣᠯᠠᠨ ᠲᠠᠰ ᠳᠠᠪᠬᠤᠷᠭ᠎ᠠ ᠶᠢᠨ ᠡᠮᠴᠢᠯᠡᠭᠡᠨ ᠤ  ᠦᠢᠯᠡᠴᠢᠯᠡᠭᠡᠨ ᠤ ᠬᠡᠷᠡᠭᠴᠡᠭᠡ ᠶᠢ ᠬᠠᠩᠭᠠᠬᠤ ᠪᠠᠷ ᠪᠣᠶ᠃    ᠨᠢᠭᠡ᠂ ᠠᠵᠢᠯᠯᠠᠭᠠᠨ ᠤ ᠬᠠᠷᠠᠯᠲᠠ    ᠠᠷᠠᠳ ᠤᠯᠠᠨ ᠤ ᠡᠪᠡᠳᠴᠢᠨ ᠦᠵᠡᠭᠦᠯᠵᠦ ᠡᠮᠨᠡᠭᠦᠯᠦᠭᠰᠡᠨ ᠲᠦᠷᠦᠭᠳᠡᠯ ᠢ ᠦᠨᠡᠨᠬᠦ ᠰᠠᠶᠢᠵᠢᠷᠠᠭᠤᠯᠬᠤ ᠶᠢᠨ ᠲᠥᠯᠥᠭᠡ᠂ ᠲᠥᠪ ᠶᠣᠰᠣ ᠶᠢ ᠰᠠᠬᠢᠵᠤ ᠰᠢᠨ᠎ᠡ ᠶᠢ ᠡᠭᠦᠳᠬᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠰᠢᠰᠲᠧᠮᠲᠦ ᠰᠡᠳᠬᠢᠬᠦᠢ ᠶᠢ ᠪᠠᠷᠢᠮᠲᠠᠯᠠᠵᠤ᠂ ᠡᠮᠴᠢᠯᠡᠭᠡᠨ ᠤ ᠦᠢᠯᠡᠴᠢᠯᠡᠭᠡᠨ ᠤ ᠶᠠᠪᠤᠴᠠ ᠶᠢ ᠪᠦᠬᠦ ᠲᠠᠯ᠎ᠠ ᠪᠠᠷ ᠡᠮᠬᠢᠯᠡᠵᠦ᠂ ᠠᠷᠠᠳ ᠤᠯᠠᠨ ᠤ ᠡᠪᠡᠳᠴᠢᠨ ᠦᠵᠡᠭᠦᠯᠵᠦ ᠡᠮᠨᠡᠭᠦᠯᠬᠦ ᠶᠢᠨ ᠲᠦᠭᠵᠢᠷᠡᠯ ᠤᠨ ᠴᠡᠭ ᠤᠨ ᠬᠦᠴᠢᠷ ᠲᠦᠪᠡᠭ ᠢ ᠨᠡᠪᠲᠡᠷᠡᠭᠦᠯᠵᠦ᠂ ᠶᠠᠪᠤᠴᠠ ᠶᠢ ᠨᠡᠩ ᠰᠢᠨᠵᠢᠯᠡᠬᠦ ᠤᠬᠠᠭᠠᠨᠴᠢ᠂ ᠵᠠᠭᠪᠤᠷ ᠢ ᠨᠡᠩ ᠦᠷᠭᠦᠯᠵᠢᠯᠡᠭᠦᠯᠦᠭᠰᠡᠨ᠂ ᠦᠢᠯᠡᠴᠢᠯᠡᠭᠡ ᠶᠢ ᠨᠡᠩ ᠥᠨᠳᠥᠷ ᠦᠷ᠎ᠡ ᠠᠰᠢᠭ ᠲᠠᠢ᠂ ᠣᠷᠴᠢᠨ ᠲᠣᠭᠤᠷᠢᠨ ᠢ ᠨᠡᠩ ᠲᠠᠭᠠᠯᠠᠮᠵᠢᠲᠠᠢ᠂ ᠣᠪᠣᠷ ᠢ ᠨᠡᠩ ᠬᠠᠯᠠᠮᠵᠢᠯᠠᠭᠰᠠᠨ ᠣᠳᠣᠬᠢᠴᠢᠯᠠᠭᠰᠠᠨ ᠡᠮᠴᠢᠯᠡᠭᠡᠨ ᠤ ᠦᠢᠯᠡᠴᠢᠯᠡᠭᠡᠨ ᠤ ᠵᠠᠭᠪᠤᠷ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃    ᠬᠤᠶᠠᠷ᠂ ᠠᠵᠢᠯᠯᠠᠭ᠎ᠠ  ᠶᠢᠨ ᠬᠡᠪᠴᠢᠶ᠎ᠡ    ᠪᠥᠬᠦ ᠠᠶᠢᠮᠠᠭ  ᠤᠨ ᠡᠯ᠎ᠡ ᠱᠠᠲᠤᠨ ᠤ ᠡᠯ᠎ᠡ ᠲᠥᠷᠥᠯ  ᠤᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ  ᠤ ᠪᠠᠶᠢᠭᠤᠯᠤᠮᠵᠢ᠃    ᠭᠤᠷᠪᠠ᠂ ᠣᠷᠣᠯᠴᠠᠭᠰᠠᠳ    ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯᠳᠠᠨ᠂ ᠡᠮᠴᠢ ᠰᠤᠪᠢᠯᠠᠭᠴᠢ᠂ ᠰᠠᠶᠢᠨ  ᠲᠤᠷᠠᠴᠣᠳ    ᠳᠥᠷᠪᠡ᠂ ᠠᠵᠢᠯᠯᠠᠭ᠎ᠠ ᠶᠢᠨ ᠠᠭᠤᠯᠭ᠎ᠠ    ︵ᠨᠢᠭᠡ︶ ᠦᠨᠡᠨ ᠪᠣᠳᠠᠲᠠᠶ ᠥᠩᠭᠡᠷᠡᠯᠲᠡ    1. ᠦᠨᠡᠨ ᠪᠣᠳᠠᠲᠠᠶ ᠣᠶᠢᠯᠠᠭᠠᠬᠤ ᠬᠡᠯᠪᠡᠷᠢ᠄ ᠨᠢᠭᠡ ᠳᠤ᠂ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠡᠮᠨᠡᠯᠭᠡ ᠶᠢᠨ ᠬᠤᠷᠢᠶ᠎ᠠ ᠬᠢᠭᠡᠳ ᠡᠮᠨᠡᠯᠭᠡ ᠶᠢᠨ ᠬᠤᠷᠢᠶ᠎ᠠ ᠶᠢᠨ ᠬᠤᠭᠤᠷᠣᠨᠳᠣᠬᠢ ᠣᠶᠢᠯᠠᠭᠠᠯᠴᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠬᠤᠶᠠᠷ ᠲᠤ᠂ ᠨᠡᠶᠢᠭᠡᠮ ᠠᠴᠠ ᠡᠯᠰᠡᠭᠰᠡᠨ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠡᠮᠨᠡᠯᠭᠡ ᠳᠤ ᠣᠷᠣᠭᠤᠯᠤᠨ ᠪᠡᠶᠡᠴᠢᠯᠡᠨ ᠣᠶᠢᠯᠠᠭᠠᠬᠤ ᠬᠡᠷᠡᠭᠲᠡᠶ᠃ ᠭᠤᠷᠪᠠ ᠳᠤ ᠡᠮᠨᠡᠯᠭᠡ ᠶᠢᠨ ᠬᠤᠷᠢᠶᠠᠨ ᠤ ᠳᠣᠲᠣᠭᠠᠳᠤ ᠳᠤ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ    2. ᠦᠨᠡᠨ ᠪᠣᠳᠠᠲᠠᠶ ᠪᠡᠶᠡᠴᠢᠯᠡᠨ ᠣᠶᠢᠯᠠᠭᠠᠬᠤ ᠠᠭᠤᠯᠭ᠎ᠠ᠄ ᠨᠠᠭᠠᠳᠤ ᠵᠠᠬ᠎ᠠ ᠳᠠᠭᠠᠨ ᠲᠡᠷᠭᠡ ᠵᠣᠭᠰᠣᠭᠠᠬᠤ᠂ ᠳ᠋ᠤᠭᠠᠷᠯᠠᠬᠤ᠂ ᠡᠮᠨᠡᠭᠦᠯᠬᠦ᠂ ᠪᠠᠶᠢᠴᠠᠭᠠᠬᠤ᠂ ᠡᠮ ᠠᠪᠬᠤ᠂ ᠡᠮᠨᠡᠯᠭᠡ ᠳᠤ ᠰᠠᠭᠤᠬᠤ ᠵᠡᠷᠭᠡ ᠭᠤᠭᠴᠤᠭ᠎ᠠ ᠶᠢᠨ ᠪᠡᠶᠡᠴᠢᠯᠡᠨ ᠣᠶᠢᠯᠠᠭᠠᠬᠤ ᠶᠠᠪᠤᠴᠠ ᠶᠢ ᠬᠠᠮᠤᠷᠴᠤ᠂ ᠪᠡᠶᠡᠴᠢᠯᠡᠨ ᠣᠶᠢᠯᠠᠭᠠᠬᠤ ᠬᠥᠮᠦᠰ ᠤᠨ ᠡᠮᠴᠢᠯᠡᠭᠡᠨ ᠤ ᠦᠶ᠋ᠯᠡᠴᠢᠯᠡᠭᠡ ᠶᠢᠨ ᠡᠯ᠎ᠡ ᠭᠤᠭᠴᠤᠭ᠎ᠠ ᠶᠢ ᠪᠥᠬᠦ ᠲᠠᠯ᠎ᠠ ᠪᠠᠷ ᠣᠶᠢᠯᠠᠭᠠᠬᠤ ᠶᠢ ᠦᠨᠡᠨ ᠬᠦ ᠪᠠᠲᠤᠯᠠᠬᠤ ᠬᠡᠷᠡᠭᠲᠡᠶ᠃    ᠪᠤᠢ ᠪᠥᠬᠦᠢ ᠶᠠᠪᠤᠴᠠ ᠶᠢᠨ ᠬᠡᠷᠡᠭᠰᠡᠬᠦ ᠵᠠᠷᠤᠳᠠᠯ ᠢ ᠴᠥᠮ ᠡᠮᠴᠢᠯᠡᠭᠡᠨ ᠤ ᠪᠠᠶᠢᠭᠤᠯᠤᠮᠵᠢ ᠠᠴᠠ ᠡᠭᠦᠷᠭᠡᠯᠡᠨ᠎ᠡ᠃    ︵ᠬᠤᠶᠠᠷ︶ ᠰᠣᠯᠢᠯᠴᠠᠵᠤ ᠬᠤᠪᠢᠶᠠᠨ ᠡᠳ᠋ᠯᠡᠬᠦ    ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠵᠤ ᠰᠣᠯᠢᠯᠴᠠᠭᠤᠯᠤᠨ ᠬᠤᠪᠢᠶᠠᠯᠴᠠᠭᠤᠯᠵᠤ᠂ ᠪᠡᠶᠡᠴᠢᠯᠡᠨ ᠣᠶᠢᠯᠠᠭᠠᠬᠤ ᠲᠦᠷᠦᠭᠳᠡᠯ ᠪᠠ ᠢᠯᠡᠷᠡᠭᠦᠯᠦᠭᠰᠡᠨ ᠠᠰᠠᠭᠤᠳᠠᠯ ᠢ ᠬᠤᠪᠢᠶᠠᠯᠴᠠᠨ᠎ᠠ᠃ ᠡᠮᠨᠡᠯᠭᠡ ᠶᠢᠨ ᠬᠤᠷᠢᠶᠠᠨ ᠤ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠠᠵᠢᠯᠲᠠᠨ ᠵᠢᠴᠢ ᠡᠮᠴᠢ ᠰᠤᠪᠢᠯᠠᠭᠴᠢᠳ ᠠᠰᠠᠭᠤᠳᠠᠯ ᠳᠤ ᠴᠢᠭᠯᠡᠭᠦᠯᠦᠨ ᠬᠠᠷᠢᠭᠤ ᠥᠭᠬᠦ ᠪᠠ ᠲᠠᠶᠢᠯᠪᠤᠷᠢᠯᠠᠯᠲᠠ ᠬᠢᠵᠦ᠂ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠠᠮᠲᠤᠪᠠᠷ ᠰᠤᠳᠤᠯᠤᠨ ᠶᠠᠷᠢᠯᠴᠠᠪᠠ᠃    ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ    1 ᠲᠠᠶᠢᠴᠢᠯᠠᠯᠳᠡ ᠶᠢᠨ ᠪᠠᠶᠢᠷᠢᠯᠠᠭᠤᠯᠤᠯᠲᠠ ︵2024 ᠣᠨ ᠤ 5 ᠰᠠᠷ᠎ᠠ︶᠃ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠠᠶᠢᠮᠠᠭ ᠤᠨ ᠱᠠᠲᠤᠨ ᠤ ︽ᠬᠡᠷᠪᠡ ᠪᠢ ᠡᠪᠡᠳᠴᠢᠲᠡᠨ ᠪᠠᠶᠢᠭᠰᠠᠨ ᠪᠣᠯ︾ ᠪᠡᠶᠡᠴᠢᠯᠡᠨ ᠣᠶᠢᠯᠠᠭᠠᠬᠤ ᠭᠤᠤᠯ ᠰᠡᠳᠦᠪᠲᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠢ ᠬᠠᠷᠢᠭᠤᠴᠠᠨ ᠲᠣᠭᠲᠠᠭᠠᠵᠤ᠂ ᠡᠯ᠎ᠡ ᠬᠤᠰᠢᠭᠤ ᠰᠢᠶᠠᠨ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠲᠣᠰ ᠬᠠᠷᠢᠶ᠎ᠠ ᠣᠷᠣᠨ ᠤ ᠪᠠᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ ᠢ ᠲᠣᠭᠲᠠᠭᠠᠨ᠎ᠠ᠃ ᠡᠭᠦᠨ ᠤ ᠬᠠᠮᠲᠤ᠂ ᠣᠯᠠᠨ ᠵᠦᠶ᠋ᠯ ᠤᠨ ᠠᠷᠭ᠎ᠠ ᠵᠠᠮ ᠢᠶᠠᠷ ᠳᠠᠮᠵᠢᠭᠤᠯᠤᠨ ᠤᠬᠠᠭᠤᠯᠵᠤ ᠣᠶᠢᠯᠠᠭᠠᠬᠤ ᠠᠵᠢᠯᠯᠠᠭ᠎ᠠ ᠪᠠᠷ ᠳᠠᠮᠵᠢᠭᠤᠯᠤᠨ᠂ ᠨᠡᠶᠢᠭᠡᠮ ᠤᠨ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ ᠪᠣᠯᠤᠨ᠎ᠠ᠃    2. ᠪᠡᠶ᠎ᠡ ᠪᠠᠷ ᠢᠶᠠᠨ ᠣᠶᠢᠯᠠᠭᠠᠬᠤ ᠠᠵᠢᠯᠯᠠᠭ᠎ᠠ ᠶᠢ ᠥᠷᠨᠢᠭᠦᠯᠦᠨ᠎ᠡ ︵2024 ᠣᠨ ᠤ 6 ᠳ᠋ᠤᠭᠠᠷ ᠰᠠᠷ᠎ᠠ ᠠᠴᠠ 8 ᠳ᠋ᠤᠭᠠᠷ ᠰᠠᠷ᠎ᠠ ᠪᠣᠯᠲᠠᠯ᠎ᠠ︶᠃ ᠡᠯ᠎ᠡ ᠱᠠᠲᠤᠨ  ᠤ ᠡᠷᠡᠭᠦᠯ ᠬᠠᠮᠠᠭᠠᠯᠠᠯ  ᠤᠨ ᠵᠠᠰᠠᠭ ᠵᠠᠬᠢᠷᠭᠠᠨ  ᠤ ᠰᠠᠯᠠᠭ᠎ᠠ ᠮᠥᠴᠢᠷ ᠬᠢᠭᠡᠳ ᠡᠮᠴᠢᠯᠡᠭᠡᠨ  ᠤ ᠪᠠᠶᠢᠭᠤᠯᠤᠮᠵᠢ ᠨᠤᠭᠤᠳ ᠡᠯ᠎ᠡ ᠵᠦᠢᠯ  ᠤᠨ ᠪᠡᠶᠡᠴᠢᠯᠡᠨ ᠣᠶᠢᠯᠠᠭᠠᠬᠤ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠵᠤ᠂ ᠨᠠᠷᠢᠨ ᠨᠢᠮᠪᠠᠶ ᠲᠣᠬᠢᠷᠠᠭᠤᠯᠵᠤ᠂ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃    3. ᠮᠥᠷᠳᠡᠨ ᠰᠢᠮᠳᠠᠭᠤᠯᠤᠨ ᠪᠠᠶᠢᠴᠠᠭᠠᠬᠤ ︵2024 ᠣᠨ ᠤ 9  ᠳ᠋ᠦ᠋ᠭᠡᠷ ᠰᠠᠷ᠎ᠠ ᠠᠴᠠ 11 ᠳ᠋ᠦ᠋ᠭᠡᠷ ᠰᠠᠷ᠎ᠠ ᠪᠣᠯᠲᠠᠯ᠎ᠠ︶᠃ ᠡᠯ᠎ᠡ ᠱᠠᠲᠤᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠣᠰ ᠬᠠᠷᠢᠶ᠎ᠠ ᠣᠷᠣᠨ ᠤ ᠪᠠᠨ ᠪᠡᠶ᠎ᠡ ᠪᠠᠷ ᠢᠶᠠᠨ ᠣᠶᠢᠯᠠᠭᠠᠬᠤ ᠠᠵᠢᠯᠯᠠᠭ᠎ᠠ ᠥᠷᠨᠢᠭᠦᠯᠬᠦ ᠶᠢ ᠬᠢᠨᠠᠨ ᠵᠢᠯᠣᠭᠤᠳᠴᠤ ᠪᠠᠶᠢᠴᠠᠭᠠᠵᠤ᠂ ᠣᠯᠵᠤ ᠮᠡᠳᠡᠭᠰᠡᠨ ᠠᠰᠠᠭᠤᠳᠠᠯ ᠢ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠪᠠᠷ ᠳᠤᠷᠠᠳᠬᠤ ᠬᠡᠷᠡᠭᠲᠡᠶ᠃ ᠡᠮᠴᠢᠯᠡᠭᠡᠨ ᠤ ᠪᠠᠶᠢᠭᠤᠯᠤᠮᠵᠢ ᠨᠢ ᠪᠡᠶ᠎ᠡ ᠪᠠᠷ ᠢᠶᠠᠨ ᠣᠶᠢᠯᠠᠭᠠᠭᠴᠢ ᠶᠢᠨ ᠰᠠᠨᠠᠯ ᠪᠠ ᠰᠠᠨᠠᠭᠤᠯᠭ᠎ᠠ ᠶᠢ ᠴᠤᠭᠯᠠᠭᠤᠯᠤᠨ ᠠᠰᠠᠭᠤᠳᠠᠯ ᠤᠨ ᠲᠣᠳᠣᠷᠬᠠᠶ ᠬᠠᠭᠤᠳᠠᠰᠤ ᠪᠣᠯᠭᠠᠵᠤ᠂ ᠲᠣᠰ ᠨᠢᠭᠡᠴᠡ ᠳᠤ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠶᠠᠷᠢᠯᠴᠠᠵᠤ᠂ ᠥᠭᠡᠷᠡᠴᠢᠯᠡᠨ ᠰᠠᠶᠢᠵᠢᠷᠠᠭᠤᠯᠬᠤ ᠲᠥᠰᠦᠯ ᠲᠣᠭᠲᠠᠭᠠᠨ᠂ ᠡᠪᠡᠳᠴᠢᠨ ᠦᠵᠡᠭᠦᠯᠬᠦ ᠶᠠᠪᠤᠴᠠ ᠶᠢ ᠰᠢᠯᠢᠳᠡᠭᠵᠢᠭᠦᠯᠦᠨ᠎ᠡ᠃    4. ᠳ᠋ᠦᠩᠨᠡᠨ ᠰᠣᠯᠢᠯᠴᠠᠬᠤ᠃ ︵2024 ᠣᠨ ᠤ 12 ᠰᠠᠷ᠎ᠠ︶᠃ ᠡᠯ᠎ᠡ ᠱᠠᠲᠤᠨ ᠤ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠵᠢᠴᠢ ᠡᠮᠴᠢᠯᠡᠭᠡᠨ ᠤ ᠪᠠᠶᠢᠭᠤᠯᠤᠮᠵᠢ ᠨᠤᠭᠤᠳ ᠠᠵᠢᠯᠯᠠᠭ᠎ᠠ ᠶᠢᠨ ᠳᠤᠮᠳᠠ ᠣᠯᠵᠤ ᠮᠡᠳᠡᠭᠰᠡᠨ ᠠᠰᠠᠭᠤᠳᠠᠯ ᠪᠣᠯᠤᠨ ᠠᠵᠢᠯ ᠤᠨ ᠲᠤᠷᠰᠢᠯᠭ᠎ᠠ ᠪᠠᠨ ᠴᠠᠭ ᠲᠤᠬᠠᠶ ᠳᠤᠨᠢ ᠳ᠋ᠦᠩᠨᠡᠵᠦ᠂ ᠠᠵᠢᠯ ᠤᠨ ᠮᠡᠳᠡᠭᠦᠯᠦᠯᠲᠡ ᠬᠢᠵᠦ᠂ ᠠᠰᠠᠭᠤᠳᠠᠯ ᠢ ᠵᠠᠳᠠᠯᠤᠨ᠂ ᠲᠠᠰᠤᠷᠠᠯᠲᠠ ᠥᠬᠡᠶ ᠴᠡᠭᠴᠡᠯᠡᠨ ᠰᠠᠶᠢᠵᠢᠷᠠᠭᠤᠯᠵᠤ ᠲᠡᠭᠦᠯᠳᠡᠷᠵᠢᠭᠦᠯᠦᠨ᠂ ᠡᠪᠡᠳᠴᠢᠨ ᠦᠵᠡᠭᠦᠯᠦᠭᠰᠡᠨ ᠲᠥᠷᠥᠭᠳᠡᠯ ᠢᠶᠠᠨ ᠪᠦᠷᠢᠨᠰᠢᠬᠦᠯᠦᠨ ᠰᠠᠶᠢᠵᠢᠷᠠᠭᠤᠯᠵᠤ᠂ ᠡᠪᠡᠳᠴᠢᠲᠡᠨ ᠤ ᠡᠪᠡᠳᠴᠢᠨ ᠦᠵᠡᠭᠦᠯᠦᠭᠰᠡᠨ ᠥᠩᠭᠡᠷᠡᠯᠲᠡ ᠶᠢ ᠳᠡᠭᠡᠭᠰᠢᠯᠡᠭᠦᠯᠬᠦ ᠬᠠᠮᠢᠶ᠎ᠠ ᠪᠥᠬᠦᠶ ᠠᠷᠭ᠎ᠠ ᠬᠡᠮᠵᠢᠶ᠎ᠡ ᠶᠢ ᠪᠦᠷᠢᠨᠰᠢᠬᠦᠯᠦᠨ᠂ ᠡᠮᠴᠢᠯᠡᠭᠡᠨ ᠤ ᠦᠶ᠋ᠯᠡᠴᠢᠯᠡᠭᠡᠨ ᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠠᠵᠢᠯᠯᠠᠭ᠎ᠠ ᠳᠠᠭᠤᠰᠤᠭᠰᠠᠨ ᠤ ᠳᠠᠷᠠᠭ᠎ᠠ ᠠᠵᠢᠯᠯᠠᠭ᠎ᠠ ᠶᠢᠨ ᠳ᠋ᠦᠩᠨᠡᠯᠲᠡ ᠪᠠᠨ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠮᠡᠳᠡᠭᠦᠯᠦᠨ᠎ᠡ᠃    ᠵᠢᠷᠭᠤᠭ᠎ᠠ᠂ ᠠᠵᠢᠯ ᠤᠨ ᠱᠠᠭᠠᠷᠳᠠᠯᠭ᠎ᠠ    ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠡᠮᠴᠢᠯᠡᠭᠦᠯᠦᠭᠰᠡᠨ ᠲᠥᠷᠥᠭᠳᠡᠯ ᠢᠶᠠᠨ ᠰᠠᠶᠢᠵᠢᠷᠠᠭᠤᠯᠬᠤ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ ᠪᠠᠨ ᠴᠢᠩᠭᠠᠳᠬᠠᠨ᠂ ᠡᠮᠴᠢᠯᠡᠭᠡᠨ ᠤ ᠪᠠᠶᠢᠭᠤᠯᠤᠮᠵᠢ ᠶᠢ ᠵᠢᠯᠣᠭᠤᠳᠤᠨ ᠲᠣᠰ ᠤᠳᠠᠭᠠᠨ ᠤ ᠠᠵᠢᠯᠯᠠᠭ᠎ᠠ ᠳᠤ ᠢᠳᠡᠪᠬᠢᠲᠡᠶ ᠡᠯ᠎ᠡ ᠡᠮᠴᠢᠯᠡᠭᠡᠨ ᠤ ᠪᠠᠶᠢᠭᠤᠯᠤᠮᠵᠢ ᠨᠤᠭᠤᠳ ᠲᠤᠰᠬᠠᠶ ᠬᠥᠮᠦᠨ ᠲᠣᠮᠢᠯᠠᠨ ᠲᠣᠰ ᠤᠳᠠᠭᠠᠨ ᠤ ᠪᠡᠶ᠎ᠡ ᠪᠠᠷ ᠢᠶᠠᠨ ᠣᠶᠢᠯᠠᠭᠠᠬᠤ ᠠᠵᠢᠯᠯᠠᠭ᠎ᠠ ᠶᠢ ᠬᠠᠷᠢᠭᠤᠴᠠᠭᠤᠯᠵᠤ᠂ ︽ᠠᠯᠢᠪᠠ ᠪᠦᠬᠦᠨ ᠳᠤ ᠡᠪᠡᠳᠴᠢᠲᠡᠨ ᠠᠴᠠ ᠡᠭᠦᠰᠬᠦ︾ ᠶᠢ ᠪᠠᠷᠢᠮᠲᠠᠯᠠᠨ᠂ ᠡᠪᠡᠳᠴᠢᠲᠡᠨ ᠤ ᠡᠪᠡᠳᠴᠢᠨ ᠦᠵᠡᠭᠦᠯᠦᠭᠰᠡᠨ ᠲᠥᠷᠥᠭᠳᠡᠯ ᠤᠨ ᠡᠮᠨᠡᠯᠭᠡ ᠶᠢᠨ ᠬᠤᠷᠢᠶ᠎ᠠ ᠶᠢᠨ ᠪᠥᠲᠥᠭᠡᠨ ᠪᠠᠶᠢᠭᠤᠯᠤᠯᠲᠠ ᠬᠥᠭᠵᠢᠯᠲᠡ ᠶᠢᠨ ᠳᠤᠮᠳᠠᠬᠢ ᠦᠶ᠋ᠯᠡᠳᠦᠯ ᠢ ᠪᠠᠲᠤ ᠡᠵᠡᠮᠳᠡᠬᠦ ᠬᠡᠷᠡᠭᠲᠡᠶ᠃    ︵ᠬᠤᠶᠠᠷ︶ ᠵᠢᠯᠣᠭᠤᠳᠤᠨ ᠤᠬᠠᠭᠤᠯᠬᠤ ᠶᠢ ᠴᠢᠩᠭᠠᠳᠬᠠᠬᠤ ᠬᠡᠷᠡᠭᠲᠡᠶ᠃ ᠡᠯ᠎ᠡ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠡᠮᠴᠢᠯᠡᠭᠡᠨ ᠤ ᠪᠠᠶᠢᠭᠤᠯᠤᠮᠵᠢ ᠶᠢᠨ ᠭᠤᠤᠯ ᠰᠡᠳᠦᠪᠲᠦ ᠠᠵᠢᠯᠯᠠᠭ᠎ᠠ ᠥᠷᠨᠢᠭᠦᠯᠬᠦ ᠳᠤ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠴᠠᠭ ᠲᠤᠬᠠᠶ ᠳᠤᠨᠢ ᠠᠭᠤᠳᠠᠯᠤᠨ ᠤᠬᠠᠭᠤᠯᠵᠤ᠂ ᠠᠵᠢᠯ ᠲᠥᠷᠥᠯ ᠤᠨ ᠳᠣᠲᠣᠨ᠎ᠠ ᠭᠠᠳᠠᠨ᠎ᠠ ᠭᠤᠤᠯ ᠰᠡᠳᠦᠪᠲᠦ ᠠᠵᠢᠯᠯᠠᠭ᠎ᠠ ᠥᠷᠨᠢᠭᠦᠯᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃     
 
ᠢᠷᠡᠯᠲᠡ᠄ ᠬᠢᠩᠭᠠᠨ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号