| | ᠨᠢᠭᠡ᠂ ᠲᠣᠭᠲᠠᠭᠠᠭᠰᠠᠨ ᠠᠬᠤᠶ ᠪᠠᠶᠢᠳᠠᠯ | ᠬᠥᠳᠡᠭᠡ ᠲᠣᠰᠬᠤᠨ ᠤ ᠠᠶᠠᠨᠴᠢᠨ ᠪᠠ ᠪᠠᠷᠠᠭ᠎ᠠ ᠰᠢᠦᠳᠠᠨ ᠪᠣᠯ ᠬᠥᠳᠡᠭᠡ ᠲᠣᠰᠬᠤᠨ ᠤ ᠤᠯᠠᠨ ᠲᠦᠮᠡᠨ ᠤ | ᠶᠠᠪᠤᠵᠤ ᠰᠠᠭᠤᠬᠤ᠂ ᠪᠠᠷᠠᠭᠠᠨ ᠤ ᠲᠡᠭᠡᠭᠡᠪᠦᠷᠢ ᠪᠠᠷᠠᠭᠠᠨ ᠤ ᠭᠦᠢᠯᠭᠡᠭᠡ᠂ ᠢᠯᠡᠭᠡᠯᠲᠡ ᠶᠢᠨ ᠦᠢᠯᠡᠴᠢᠯᠡᠭᠡᠨ ᠤ | ᠬᠡᠷᠡᠭᠴᠡᠭᠡ ᠶᠢ ᠨᠡᠩ ᠰᠠᠶᠢᠨ ᠬᠠᠩᠭᠠᠬᠤ ᠠᠷᠠᠳ ᠤᠨ ᠠᠮᠢᠳᠤᠷᠠᠯ ᠤᠨ ᠦᠢᠯᠡᠴᠢᠯᠡᠭᠡ ᠪᠣᠯᠤᠨ᠎ᠠ᠂ ᠬᠤᠳᠠ | ᠬᠥᠳᠡᠭᠡ ᠶᠢᠨ ᠵᠠᠮ ᠲᠡᠭᠡᠭᠡᠪᠦᠷᠢ ᠶᠢᠨ ᠤᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤᠮᠳᠠ ᠴᠢᠬᠤᠯᠠ ᠦᠢᠯᠡᠳᠦᠯ | ᠦᠵᠡᠭᠦᠯᠵᠦ ᠪᠠᠶᠢᠨ᠎ᠠ᠃ 2023 ᠣᠨ ᠤ 12 ᠰᠠᠷ᠎ᠠ ᠳᠤ᠂ ᠮᠠᠨ ᠤ ᠶᠠᠮᠤᠨ 8 ᠰᠠᠯᠠᠭ᠎ᠠ ᠮᠥᠴᠢᠷ ᠲᠠᠢ ᠬᠠᠮᠲᠤᠷᠠᠨ | ︽ᠬᠥᠳᠡᠭᠡ ᠲᠣᠰᠬᠤᠨ ᠤ ᠠᠶᠠᠨᠴᠢᠨ ᠪᠠ ᠪᠠᠷᠠᠭ᠎ᠠ ᠰᠢᠤᠳᠠᠨ ᠤ ᠠᠭᠤᠰᠤᠯᠳᠤᠨ ᠬᠥᠭᠵᠢᠬᠦ ᠶᠢ ᠲᠦᠷᠭᠡᠳᠬᠡᠨ | ᠠᠬᠢᠭᠤᠯᠬᠤ ᠲᠤᠬᠠᠶ ᠵᠢᠯᠣᠭᠤᠳᠬᠤ ᠰᠠᠨᠠᠯ︾ ᠢ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠢᠨ ᠤ ᠭᠠᠵᠠᠷ | ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠬᠥᠳᠡᠭᠡ ᠲᠣᠰᠬᠤᠨ ᠤ ᠠᠶᠠᠨᠴᠢᠨ ᠪᠠ ᠪᠠᠷᠠᠭ᠎ᠠ ᠰᠢᠤᠳᠠᠨ ᠤ | ᠠᠭᠤᠰᠤᠯᠳᠤᠨ ᠬᠥᠭᠵᠢᠬᠦ ᠶᠢ ᠠᠬᠢᠭᠤᠯᠬᠤ ᠶᠢ ᠵᠢᠯᠣᠭᠤᠳᠪᠠ᠃ ᠡᠯ᠎ᠡ ᠭᠠᠵᠠᠷ ᠤᠨ ᠬᠢᠨ ᠪᠠᠶᠢᠷᠢᠯᠠᠭᠤᠯᠤᠯᠲᠠ ᠶᠢᠨ | ᠱᠠᠭᠠᠷᠳᠠᠯᠭ᠎ᠠ ᠶᠣᠰᠣᠭᠠᠷ᠂ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠬᠥᠳᠡᠭᠡ ᠲᠣᠰᠬᠤᠨ ᠤ ᠠᠶᠠᠨᠴᠢᠳ ᠤᠨ | ᠲᠡᠭᠡᠭᠡᠪᠦᠷᠢ ᠶᠢᠨ ᠲᠡᠷᠭᠡ ᠬᠥᠰᠬᠡ ᠶᠢᠨ ᠰᠢᠤᠳᠠᠨ ᠤ ᠵᠦᠢᠯ ᠤᠨ ᠲᠦᠷᠭᠡᠨ ᠬᠦᠷᠭᠡᠬᠦ ᠵᠦᠢᠯ ᠢ ᠣᠷᠣᠯᠠᠨ | ᠲᠡᠭᠡᠭᠡᠪᠦᠷᠢᠯᠡᠬᠦ᠂ ᠪᠠᠷᠠᠭᠠᠨ ᠤ ᠲᠡᠭᠡᠭᠡᠪᠦᠷᠢ ᠶᠢᠨ ᠡᠭᠡᠯᠵᠢ ᠶᠢᠨ ᠲᠡᠷᠭᠡ ᠶᠢ ᠬᠥᠭᠵᠢᠭᠦᠯᠬᠦ ᠵᠡᠷᠭᠡ ᠵᠠᠭᠪᠤᠷ ᠢ ᠠᠩᠬ᠎ᠠ | ᠠᠯᠬᠤᠮ ᠪᠣᠶ ᠪᠣᠯᠭᠠᠵᠤ᠂ ᠨᠥᠬᠦᠴᠡᠯ ᠪᠥᠷᠢᠳᠦᠭᠰᠡᠨ ᠰᠢᠶᠠᠩ ᠪᠠᠯᠭᠠᠰᠤ ᠪᠠ ᠪᠠᠶᠢᠭᠤᠯᠤᠯᠳᠤ ᠲᠣᠰᠬᠤᠨ ᠳᠤ | ᠠᠶᠠᠨᠴᠢᠳ ᠤᠨ ᠲᠡᠷᠭᠡ ᠨᠡᠪᠲᠡᠷᠡᠭᠰᠡᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠰᠢᠤᠳᠠᠨ ᠤ | ᠶᠠᠪᠤᠳᠠᠯ ᠤᠨ ᠲᠦᠷᠭᠡᠨ ᠬᠦᠷᠭᠡᠯᠲᠡ ᠶᠢᠨ ᠳᠣᠭᠢᠷᠠᠭᠤᠯᠤᠨ ᠬᠦᠷᠭᠡᠬᠦ ᠥᠪᠡᠷ ᠤᠨ ᠥᠷᠲᠡᠭ ᠢ ᠢᠯᠡᠳᠲᠡ | ᠪᠠᠭᠤᠷᠠᠭᠤᠯᠪᠠ᠃ 2024 ᠣᠨ ᠤ 5 ᠰᠠᠷ᠎ᠠ ᠳᠤ᠂ ᠶᠡᠷᠦᠩᠬᠡᠶ ᠱᠦᠵᠢ ᠰᠢ ᠶᠢᠨ ᠫᠢᠩ ︽ᠬᠥᠳᠡᠭᠡ ᠲᠣᠰᠬᠤᠨ ᠤ | ᠳᠥᠷᠪᠡᠨ ᠰᠠᠶᠢᠨᠲᠠᠶ ᠵᠠᠮ︾ ᠤᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠶ | ᠴᠢᠬᠤᠯᠠ ᠵᠢᠭᠠᠪᠤᠷᠢ ᠭᠠᠷᠭᠠᠪᠠ᠃ ᠳᠡᠳ᠋ ᠶᠡᠷᠦᠩᠬᠡᠶ ᠰᠠᠶᠢᠳ ᠾᠧ ᠯᠢ ᠹᠧᠩ 2024 ᠣᠨ ᠤ ︽ᠳᠥᠷᠪᠡᠨ | ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠲᠤᠬᠠᠶ ᠶᠢᠨ | ᠲᠠᠯᠠᠪᠤᠷ ᠤᠨ ᠬᠤᠷᠠᠯ ᠳᠡᠭᠡᠷ᠎ᠡ᠂ ᠬᠥᠳᠡᠭᠡ ᠲᠣᠰᠬᠤᠨ ᠤ ᠠᠶᠠᠨᠴᠢᠨ ᠪᠠ ᠪᠠᠷᠠᠭ᠎ᠠ ᠰᠢᠤᠳᠠᠨ ᠤ ᠠᠭᠤᠰᠤᠯᠳᠤᠨ | ᠬᠥᠭᠵᠢᠬᠦ ᠶᠢ ᠳᠥᠯᠭᠢᠨ ᠠᠬᠢᠭᠤᠯᠬᠤ ᠲᠤᠬᠠᠶ ᠰᠢᠰᠲ᠋ᠧᠮ ᠲᠠᠢ ᠥᠭᠦᠯᠡᠵᠦ᠂ ᠠᠵᠢᠯ ᠤᠨ ᠱᠠᠭᠠᠷᠳᠠᠯᠭ᠎ᠠ ᠶᠢ ᠲᠣᠳᠣᠷᠬᠠᠶ | ᠳᠤᠷᠠᠳᠤᠨ ᠭᠠᠷᠭᠠᠪᠠ᠃ | ᠡᠭᠦᠨ ᠤ ᠵᠡᠷᠭᠡ ᠳᠤ ᠬᠡᠰᠡᠭ ᠭᠠᠵᠠᠷ ᠣᠷᠣᠨ ᠤ ᠬᠥᠳᠡᠭᠡ ᠲᠣᠰᠬᠤᠨ ᠤ ᠠᠶᠠᠨᠴᠢᠨ ᠪᠠ ᠪᠠᠷᠠᠭ᠎ᠠ ᠰᠢᠦᠳᠠᠨ ᠤ | ᠦᠢᠯᠡᠰ ᠤᠨ ᠬᠥᠭᠵᠢᠯᠲᠡ ᠶᠢᠨ ᠰᠡᠳᠬᠢᠴᠡ ᠨᠢ ᠨᠢᠭᠡᠳᠦᠯ ᠦᠭᠡᠶ᠂ ᠡᠵᠡᠩᠨᠡᠯᠲᠡ ᠦᠢᠯᠡᠴᠢᠯᠡᠭᠡᠨ ᠤ ᠪᠠᠷᠢᠮᠵᠢᠶ᠎ᠠ ᠨᠢ | ᠲᠣᠳᠣᠷᠬᠠᠶ ᠦᠭᠡᠶ ᠪᠠᠶᠢᠨ᠎ᠠ ᠳᠡᠭᠡᠷ᠎ᠡ ᠳᠤᠷᠠᠳᠤᠭᠰᠠᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢᠨ ᠲᠥᠯᠥᠭᠡ᠂ | ᠮᠠᠨ ᠤ ᠵᠤᠷᠭᠠᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠭᠠᠵᠠᠷ ᠤᠨ ᠠᠰᠢᠭᠲᠠᠶ | ᠰᠦᠪᠡᠭᠴᠢᠯᠡᠯᠲᠡ ᠶᠢ ᠰᠢᠰᠲ᠋ᠧᠮ ᠲᠠᠢ ᠳ᠋ᠦᠩᠨᠡᠭᠰᠡᠨ ᠰᠠᠭᠤᠷᠢᠨ ᠳᠡᠭᠡᠷ᠎ᠡ᠂ ︽ᠵᠦᠭᠯᠡᠭᠦᠷ︾ ᠢ ᠵᠣᠬᠢᠶᠠᠨ ᠪᠠᠶᠢᠭᠤᠯᠤᠨ | ᠰᠤᠳᠤᠯᠤᠨ ᠲᠣᠭᠲᠠᠭᠠᠵᠤ᠂ ᠲᠣᠳᠣᠷᠬᠠᠶ ᠪᠣᠳᠠᠲᠠᠶ ᠱᠠᠭᠠᠷᠳᠠᠯᠭ᠎ᠠ ᠪᠠ ᠵᠣᠷᠢᠭᠵᠢᠭᠤᠯᠵᠤ ᠬᠥᠲᠥᠯᠥᠨ ᠵᠢᠯᠣᠭᠤᠳᠬᠤ | ᠴᠢᠭᠯᠡᠯ ᠢ ᠳᠤᠷᠠᠳᠤᠨ ᠭᠠᠷᠭᠠᠵᠤ᠂ ᠡᠯ᠎ᠡ ᠭᠠᠵᠠᠷ ᠤᠨ ᠬᠢᠨ ᠢ ᠵᠢᠯᠣᠭᠤᠳᠤᠨ ᠬᠥᠳᠡᠭᠡ ᠲᠣᠰᠬᠤᠨ ᠤ ᠠᠶᠠᠨᠴᠢᠨ ᠪᠠ | ᠪᠠᠷᠠᠭ᠎ᠠ ᠰᠢᠤᠳᠠᠨ ᠤ ᠡᠵᠡᠩᠨᠡᠯᠲᠡ ᠶᠢᠨ ᠦᠶ᠋ᠯᠡᠴᠢᠯᠡᠭᠡ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠤ ᠠᠶᠠᠨᠴᠢᠨ ᠪᠠ ᠪᠠᠷᠠᠭ᠎ᠠ ᠰᠢᠤᠳᠠᠨ ᠤ | ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠳᠥᠯᠭᠢᠨ ᠠᠬᠢᠭᠤᠯᠪᠠ᠃ | ᠬᠤᠶᠠᠷ᠂ ᠭᠤᠣᠯ ᠠᠭᠤᠯᠭ᠎ᠠ | ︽ᠵᠦᠭᠯᠡᠭᠦᠷ︾ ᠨᠢ ᠨᠡᠶᠢᠲᠡ ᠶᠢᠰᠦᠨ ᠪᠦᠯᠦᠭ 36 ᠵᠦᠢᠯ ᠲᠠᠢ᠂ ᠡᠭᠦᠨ ᠳᠤ ᠶᠡᠷᠦᠩᠬᠡᠶ ᠲᠦᠷᠢᠮ᠂ | ᠡᠵᠡᠩᠨᠡᠯᠲᠡ ᠶᠢᠨ ᠰᠠᠭᠤᠷᠢ᠂ ᠥᠷᠲᠡᠭᠡ ᠴᠡᠭ ᠤᠨ ᠪᠠᠶᠢᠷᠢᠯᠠᠭᠤᠯᠤᠯᠲᠠ᠂ ᠡᠵᠡᠩᠨᠡᠯᠲᠡ ᠶᠢᠨ ᠵᠠᠮ ᠱᠤᠭᠤᠮ᠂ | ᠡᠵᠡᠩᠨᠡᠯᠲᠡ ᠶᠢᠨ ᠲᠡᠷᠭᠡ ᠬᠥᠰᠬᠡ᠂ ᠠᠵᠢᠯ ᠤᠨ ᠶᠠᠪᠤᠴᠠ᠂ ᠠᠮᠤᠷ ᠲᠦᠪᠰᠢᠨ ᠤ ᠬᠠᠮᠢᠶᠠᠷᠤᠯᠲᠠ᠂ ᠦᠢᠯᠡᠴᠢᠯᠡᠭᠡᠨ ᠤ | ᠬᠢᠨᠠᠯᠲᠠ᠂ ᠳᠠᠭᠠᠯᠳᠤᠭᠤᠯᠤᠭᠰᠠᠨ ᠲᠦᠷᠢᠮ ᠵᠡᠷᠭᠡ ᠶᠢᠰᠦᠨ ᠬᠡᠰᠡᠭ ᠪᠠᠭᠲᠠᠨ᠎ᠠ᠃ | ᠡᠭᠦᠨ ᠳᠤ᠂ ᠶᠡᠷᠦᠩᠬᠡᠶ ᠲᠦᠷᠢᠮ ᠤᠨ ᠬᠡᠰᠡᠭ ᠲᠤ ᠭᠤᠤᠯᠳᠠᠭᠤ ︽ᠵᠦᠭᠯᠡᠭᠦᠷ︾ ᠢ ᠲᠣᠭᠲᠠᠭᠠᠬᠤ ᠵᠣᠷᠢᠯᠭ᠎ᠠ ᠶᠢᠨ | ᠦᠨᠳᠦᠰᠦᠯᠡᠯ᠂ ᠦᠢᠯᠡᠴᠢᠯᠡᠭᠡᠨ ᠤ ᠵᠠᠭᠪᠤᠷ᠂ ᠡᠵᠡᠩᠨᠡᠯᠲᠡ ᠶᠢᠨ ᠭᠤᠤᠯ ᠴᠣᠭᠴᠠ᠂ ᠬᠠᠮᠵᠢᠯᠴᠠᠬᠤ ᠲᠣᠭᠲᠠᠴᠠ᠂ | ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠵᠡᠷᠭᠡ ᠱᠠᠭᠠᠷᠳᠠᠯᠭ᠎ᠠ ᠶᠢ ᠲᠣᠳᠣᠷᠬᠠᠶᠢᠯᠠᠪᠠ᠃ | ᠡᠵᠡᠩᠨᠡᠯᠲᠡ ᠶᠢᠨ ᠰᠠᠭᠤᠷᠢ ᠬᠡᠰᠡᠭ ᠲᠤ᠂ ᠭᠤᠣᠯᠳᠠᠭᠤ ᠦᠨᠳᠦᠰᠦᠨ ᠨᠥᠬᠦᠴᠡᠯ᠂ ᠡᠵᠡᠩᠨᠡᠯᠲᠡ ᠶᠢᠨ ᠲᠦᠷᠢᠮ᠂ | ᠠᠵᠢᠯᠳᠠᠨ ᠤ ᠬᠠᠮᠢᠶᠠᠷᠤᠯᠲᠠ᠂ ᠮᠡᠳᠡᠭᠡ ᠵᠠᠩᠭᠢᠵᠢᠯᠲᠠ ᠶᠢᠨ ᠬᠡᠷᠡᠭᠯᠡᠭᠡ᠂ ᠬᠤᠷᠰᠢᠨ ᠬᠠᠮᠢᠶᠠᠷᠬᠤ ᠵᠡᠷᠭᠡ ᠲᠠᠯ᠎ᠠ ᠠᠴᠠ | ᠬᠥᠳᠡᠭᠡ ᠲᠣᠰᠬᠤᠨ ᠤ ᠠᠶᠠᠨᠴᠢᠨ ᠪᠠ ᠪᠠᠷᠠᠭ᠎ᠠ ᠰᠢᠦᠳᠠᠨ ᠤ ᠡᠵᠡᠩᠨᠡᠯᠲᠡ ᠶᠢᠨ ᠦᠢᠯᠡᠴᠢᠯᠡᠭᠡ ᠶᠢ ᠪᠠᠲᠤᠯᠠᠬᠤ | ᠦᠨᠳᠦᠰᠦᠨ ᠱᠠᠭᠠᠷᠳᠠᠯᠭ᠎ᠠ ᠶᠢ ᠲᠣᠳᠣᠷᠬᠠᠶᠢᠯᠠᠪᠠ᠃ | ᠥᠷᠲᠡᠭᠡ ᠴᠡᠭ ᠪᠠᠶᠢᠷᠢᠯᠠᠭᠤᠯᠬᠤ ᠬᠡᠰᠡᠭ ᠲᠤ ᠭᠤᠤᠯᠳᠠᠭᠤ ᠪᠠᠶᠢᠷᠢᠯᠠᠭᠤᠯᠬᠤ ᠵᠠᠷᠴᠢᠮ᠂ ᠥᠷᠲᠡᠭᠡ ᠴᠡᠭ ᠤᠨ | ᠭᠠᠵᠠᠷ ᠰᠣᠩᠭᠤᠬᠤ᠂ ᠴᠢᠳᠠᠮᠵᠢ ᠶᠢᠨ ᠪᠠᠶᠢᠷᠢᠰᠢᠭᠤᠯᠤᠯᠲᠠ᠂ ᠲᠥᠬᠦᠭᠡᠷᠦᠮᠵᠢ ᠶᠢᠨ ᠲᠣᠬᠢᠷᠠᠭᠤᠯᠤᠯᠲᠠ ᠵᠡᠷᠭᠡ ᠠᠴᠠ | ᠱᠠᠭᠠᠷᠳᠠᠯᠭ᠎ᠠ ᠳᠤᠷᠠᠳᠴᠤ᠂ ᠬᠥᠳᠡᠭᠡ ᠲᠣᠰᠬᠤᠨ ᠤ ᠠᠶᠠᠨᠴᠢᠨ ᠪᠠ ᠪᠠᠷᠠᠭ᠎ᠠ ᠰᠢᠤᠳᠠᠨ ᠤ ᠥᠷᠲᠡᠭᠡ ᠴᠡᠭ ᠤᠨ | ᠵᠢᠷᠤᠮᠵᠢᠯ ᠲᠠᠢ ᠪᠠᠶᠢᠷᠢᠯᠠᠭᠤᠯᠬᠤ ᠶᠢ ᠪᠠᠲᠤᠯᠠᠨ᠎ᠠ᠃ | ᠡᠵᠡᠩᠨᠡᠯᠲᠡ ᠶᠢᠨ ᠵᠠᠮ ᠱᠤᠭᠤᠮ ᠤᠨ ᠬᠡᠰᠡᠭ ᠲᠤ ᠭᠤᠤᠯᠳᠠᠭᠤ ᠵᠠᠮ ᠱᠤᠭᠤᠮ ᠢ ᠰᠣᠩᠭᠤᠬᠤ᠂ ᠵᠠᠮ ᠱᠤᠭᠤᠮ | ᠵᠢᠴᠢ ᠵᠣᠭᠰᠣᠬᠤ ᠴᠡᠭ ᠢ ᠰᠢᠯᠢᠳᠡᠭᠵᠢᠭᠦᠯᠬᠦ᠂ ᠵᠠᠮ ᠱᠤᠭᠤᠮ ᠢ ᠡᠵᠡᠩᠨᠡᠬᠦ ᠵᠡᠷᠭᠡ ᠠᠴᠠ ᠱᠠᠭᠠᠷᠳᠠᠯᠭ᠎ᠠ ᠳᠤᠷᠠᠳᠴᠤ᠂ | ᠬᠥᠳᠡᠭᠡ ᠲᠣᠰᠬᠤᠨ ᠤ ᠠᠶᠠᠨᠴᠢᠨ ᠪᠠ ᠪᠠᠷᠠᠭ᠎ᠠ ᠰᠢᠤᠳᠠᠨ ᠤ ᠵᠠᠮ ᠱᠤᠭᠤᠮ ᠤᠨ ᠲᠣᠭᠲᠠᠭᠤᠨ ᠢᠶᠠᠷ ᠡᠵᠡᠩᠨᠡᠬᠦ ᠶᠢ | ᠪᠠᠲᠤᠯᠠᠬᠤ ᠬᠡᠷᠡᠭᠲᠡᠶ᠃ | ᠡᠵᠡᠩᠨᠡᠯᠲᠡ ᠶᠢᠨ ᠲᠡᠷᠭᠡ ᠬᠥᠰᠬᠡ ᠶᠢᠨ ᠬᠡᠰᠡᠭ ᠲᠤ᠂ ᠭᠤᠤᠯᠳᠠᠭᠤ ᠲᠡᠷᠭᠡ ᠬᠥᠰᠬᠡ ᠶᠢᠨ ᠬᠡᠯᠪᠡᠷᠢ ᠰᠣᠩᠭᠤᠬᠤ᠂ | ᠬᠡᠷᠡᠭᠯᠡᠵᠦ ᠠᠴᠢᠶᠠᠯᠠᠬᠤ᠂ ᠲᠡᠷᠭᠡ ᠬᠥᠰᠬᠡ ᠶᠢᠨ ᠡᠵᠡᠩᠨᠡᠯᠲᠡ ᠵᠡᠷᠭᠡ ᠠᠴᠠ ᠱᠠᠭᠠᠷᠳᠠᠯᠭ᠎ᠠ ᠳᠤᠷᠠᠳᠴᠤ᠂ ᠬᠥᠳᠡᠭᠡ | ᠲᠣᠰᠬᠤᠨ ᠤ ᠠᠶᠠᠨᠴᠢᠳ ᠤᠨ ᠪᠠ ᠪᠠᠷᠠᠭ᠎ᠠ ᠰᠢᠤᠳᠠᠨ ᠤ ᠲᠡᠷᠭᠡ ᠬᠥᠰᠬᠡ ᠶᠢᠨ ᠠᠮᠤᠷ ᠲᠦᠪᠰᠢᠨ ᠢᠶᠠᠷ ᠠᠵᠢᠯᠯᠠᠬᠤ ᠶᠢ | ᠪᠠᠲᠤᠯᠠᠬᠤ ᠬᠡᠷᠡᠭᠲᠡᠶ᠃ | ᠠᠵᠢᠯ ᠤᠨ ᠶᠠᠪᠤᠴᠠ ᠶᠢᠨ ᠬᠡᠰᠡᠭ ᠲᠤ᠂ ᠭᠤᠤᠯᠳᠠᠭᠤ ᠭᠥᠯᠢᠶᠡᠨ ᠠᠪᠴᠤ ᠰᠢᠢᠳᠪᠦᠷᠢᠯᠡᠬᠦ᠂ ᠪᠠᠶᠢᠴᠠᠭᠠᠨ ᠦᠵᠡᠬᠦ | ᠂ ᠪᠣᠭᠤᠳᠠᠯᠯᠠᠬᠤ᠂ ᠠᠴᠢᠶᠠᠯᠠᠵᠤ ᠪᠠᠭᠤᠯᠭᠠᠬᠤ᠂ ᠲᠡᠭᠡᠭᠡᠪᠦᠷᠢᠯᠡᠬᠦ᠂ ᠲᠤᠰᠢᠶᠠᠨ ᠥᠭᠬᠦ ᠵᠡᠷᠭᠡ ᠭᠤᠭᠴᠤᠭ᠎ᠠ ᠠᠴᠠ | ᠱᠠᠭᠠᠷᠳᠠᠯᠭ᠎ᠠ ᠳᠤᠷᠠᠳᠴᠤ᠂ ᠰᠢᠤᠳᠠᠨ ᠤ ᠵᠦᠢᠯ ᠤᠨ ᠲᠦᠷᠭᠡᠨ ᠬᠦᠷᠭᠡᠬᠦ ᠵᠦᠢᠯ ᠢ ᠴᠠᠭ ᠲᠤᠬᠠᠶ ᠳᠤᠨᠢ ᠬᠦᠷᠭᠡᠬᠦ ᠶᠢ | ᠪᠠᠲᠤᠯᠠᠨ᠎ᠠ᠃ | ᠠᠶᠤᠯᠭᠦᠶ ᠶᠢᠨ ᠬᠠᠮᠢᠶᠠᠷᠤᠯᠲᠠ ᠶᠢᠨ ᠬᠡᠰᠡᠭ ᠲᠤ ᠭᠤᠣᠯᠳᠠᠭᠤ ᠠᠶᠤᠯᠭᠦᠶ ᠶᠢᠨ ᠲᠦᠷᠢᠮ᠂ ᠲᠡᠭᠡᠭᠡᠪᠦᠷᠢᠯᠡᠬᠦ ᠶᠢ | ᠴᠠᠭᠠᠵᠠᠯᠠᠬᠤ ᠪᠠ ᠬᠢᠵᠠᠭᠠᠷᠯᠠᠬᠤ ᠱᠠᠭᠠᠷᠳᠠᠯᠭ᠎ᠠ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠵᠡᠷᠭᠡ ᠠᠴᠠ ᠱᠠᠭᠠᠷᠳᠠᠯᠭ᠎ᠠ ᠳᠤᠷᠠᠳᠴᠤ᠂ ᠬᠥᠳᠡᠭᠡ ᠲᠣᠰᠬᠤᠨ ᠤ ᠠᠶᠠᠨᠴᠢᠨ ᠪᠠ ᠪᠠᠷᠠᠭ᠎ᠠ | ᠰᠢᠦᠳᠠᠨ ᠤ ᠡᠵᠡᠩᠨᠡᠯᠲᠡ ᠶᠢᠨ ᠠᠮᠤᠷ ᠲᠦᠪᠰᠢᠨ ᠢ ᠪᠠᠲᠤᠯᠠᠨ᠎ᠠ᠃ | ᠦᠢᠯᠡᠴᠢᠯᠡᠭᠡᠨ ᠤ ᠬᠢᠨᠠᠯᠲᠠ ᠲᠠᠯᠪᠢᠬᠤ ᠬᠡᠰᠡᠭ ᠲᠤ᠂ ᠭᠤᠣᠯᠳᠠᠭᠤ ᠦᠢᠯᠡᠴᠢᠯᠡᠭᠡᠨ ᠤ ᠦᠨ᠎ᠡ ᠬᠠᠩᠰᠢ᠂ | ᠬᠡᠪ ᠤᠨ ᠪᠤᠰᠤ ᠪᠠᠶᠢᠳᠠᠯ ᠢ ᠰᠢᠢᠳᠪᠦᠷᠢᠯᠡᠬᠦ ᠂ ᠵᠠᠭᠠᠯᠳᠤᠯᠭ᠎ᠠ ᠶᠢ ᠰᠢᠢᠳᠪᠦᠷᠢᠯᠡᠬᠦ᠂ ᠦᠢᠯᠡᠴᠢᠯᠡᠭᠡᠨ ᠤ ᠬᠢᠨᠠᠯᠲᠠ | ᠲᠠᠯᠪᠢᠬᠤ ᠵᠡᠷᠭᠡ ᠠᠴᠠ ᠱᠠᠭᠠᠷᠳᠠᠯᠭ᠎ᠠ ᠳᠤᠷᠠᠳᠴᠤ᠂ ᠬᠥᠳᠡᠭᠡ ᠲᠣᠰᠬᠤᠨ ᠤ ᠠᠶᠠᠨᠴᠢᠨ ᠪᠠ ᠪᠠᠷᠠᠭ᠎ᠠ ᠰᠢᠦᠳᠠᠨ ᠤ | ᠡᠵᠡᠩᠨᠡᠯᠲᠡ ᠶᠢᠨ ᠦᠢᠯᠡᠴᠢᠯᠡᠭᠡᠨ ᠤ ᠶᠠᠰᠤ ᠴᠢᠨᠠᠷ ᠢ ᠪᠠᠲᠤᠯᠠᠨ᠎ᠠ᠃ | ᠳᠠᠭᠠᠯᠳᠤᠭᠤᠯᠤᠭᠰᠠᠨ ᠲᠦᠷᠢᠮ ᠤᠨ ᠬᠡᠰᠡᠭ ᠲᠤ᠂ ᠭᠤᠤᠯᠳᠠᠭᠤ ᠪᠢᠴᠢᠭ ᠮᠠᠲ᠋ᠧᠷᠢᠶᠠᠯ ᠢ ᠬᠡᠷᠡᠭᠵᠢᠭᠦᠯᠬᠦ ᠡᠳᠦᠷ | ᠬᠤᠭᠤᠴᠠᠭ᠎ᠠ ᠶᠢ ᠲᠣᠳᠣᠷᠬᠠᠶᠢᠯᠠᠪᠠ᠃ | | |