| | ᠨᠢᠭᠡ᠂ ᠠᠬᠤᠶ ᠪᠠᠶᠢᠳᠠᠯ | ᠡᠷᠡᠭᠦᠯ ᠡᠩᠬᠡ ᠬᠢᠩᠭᠠᠨ ᠤ ᠠᠵᠢᠯᠯᠠᠭ᠎ᠠ ᠶᠢ ᠴᠢᠨᠠᠭᠰᠢᠳᠠ ᠠᠬᠢᠭᠤᠯᠬᠤ ᠶᠢᠨ ᠲᠥᠯᠥᠭᠡ᠂ ᠬᠥᠮᠦᠨ ᠠᠮᠠ ᠶᠢᠨ | ᠨᠠᠰᠤᠵᠢᠯᠲᠠ ᠶᠢ ᠢᠳᠡᠪᠬᠢᠲᠡᠶ ᠠᠷᠭᠠᠴᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠮᠠᠨ ᠤ | ᠠᠶᠢᠮᠠᠭ ᠤᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ | ᠦᠨᠡᠨᠬᠦ ᠴᠢᠩᠭᠠᠳᠬᠠᠨ᠂ ᠨᠠᠰᠤᠲᠠᠶᠢᠴᠤᠳ ᠤᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠠᠶᠢᠮᠠᠭ ᠤᠨ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠬᠡᠷ᠂ ᠡᠷᠡᠭᠦᠯ ᠡᠩᠬᠡ ᠬᠢᠩᠭᠠᠨ ᠠᠵᠢᠯᠯᠠᠭ᠎ᠠ ᠶᠢ | ᠠᠬᠢᠭᠤᠯᠬᠤ ᠠᠯᠪᠠᠨ ᠬᠡᠷ᠂ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠠᠴᠠ ᠬᠢᠩᠭᠠᠨ | ᠠᠶᠢᠮᠠᠭ ᠤᠨ ᠴᠢᠳᠠᠪᠤᠷᠢ ᠪᠠᠨ ᠠᠯᠳᠠᠭᠰᠠᠨ ᠣᠶᠤᠨ ᠢᠶᠠᠨ ᠠᠯᠳᠠᠭᠰᠠᠨ ᠨᠠᠰᠤᠲᠠᠶᠢᠴᠤᠳ ᠢ ᠤᠷᠢᠳᠴᠢᠯᠠᠨ | ᠰᠡᠷᠭᠡᠶᠢᠯᠡᠵᠦ ᠬᠠᠮᠢᠶᠠᠷᠬᠤ ᠲᠥᠷᠥᠯ ᠵᠦᠶ᠋ᠯ ᠤᠨ ᠲᠤᠷᠰᠢᠯᠲᠠ ᠶᠢᠨ ᠴᠡᠭ — ᠡᠷᠡᠭᠦᠯ ᠮᠡᠨᠳᠦ ᠶᠢᠨ ︽ᠡᠭᠦᠳᠡ | ᠲᠣᠭᠰᠢᠬᠤ ᠠᠵᠢᠯᠯᠠᠭ᠎ᠠ︾ ᠥᠷᠨᠢᠭᠦᠯᠬᠦ ᠪᠠᠷ ᠲᠣᠭᠲᠠᠪᠠ᠃ | ᠬᠤᠶᠠᠷ᠂ ᠠᠵᠢᠯ ᠤᠨ ᠬᠠᠷᠠᠯᠲᠠ | 1. ᠨᠠᠰᠤᠲᠠᠶᠢᠴᠤᠳ ᠤᠨ ᠴᠢᠳᠠᠪᠤᠷᠢ ᠪᠠᠨ ᠠᠯᠳᠠᠵᠤ ᠣᠶᠤᠨ ᠤᠬᠠᠭᠠᠨ ᠢᠶᠠᠨ ᠠᠯᠳᠠᠬᠤ ᠶᠢ ᠤᠷᠢᠳᠴᠢᠯᠠᠨ | ᠰᠡᠷᠭᠡᠶᠢᠯᠡᠵᠦ ᠭᠠᠷ ᠲᠥᠷᠥᠭᠰᠡᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ᠎ᠡ︔ | 2. ᠡᠷᠡᠭᠦᠯ ᠮᠡᠨᠳᠦ ᠶᠢᠨ ᠮᠡᠳᠡᠯᠭᠡ ᠪᠠ ᠮᠡᠷᠭᠡᠵᠢᠯ ᠴᠢᠳᠠᠪᠤᠷᠢ ᠶᠢ ᠨᠠᠰᠤᠲᠠᠶᠢᠴᠤᠳ ᠤᠨ ᠰᠦᠷᠦᠭ ᠲᠤ | ᠥᠷᠭᠡᠨ ᠢᠶᠠᠷ ᠪᠦᠲᠦᠮᠵᠢᠲᠡᠶ ᠤᠯᠠᠮᠵᠢᠯᠠᠬᠤ ᠶᠢ ᠠᠬᠢᠭᠤᠯᠤᠨ᠎ᠠ︔ | 3. ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠠᠵᠢᠯᠲᠠᠨ ᠤ ᠨᠠᠰᠤᠲᠠᠶᠢᠴᠤᠳ ᠤᠨ | ᠴᠢᠳᠠᠪᠤᠷᠢ ᠪᠠᠨ ᠠᠯᠳᠠᠬᠤ ᠣᠶᠤᠨ ᠤᠬᠠᠭᠠᠨ ᠢᠶᠠᠨ ᠠᠯᠳᠠᠬᠤ ᠶᠢ ᠤᠷᠢᠳᠴᠢᠯᠠᠨ ᠰᠡᠷᠭᠡᠶᠢᠯᠡᠵᠦ ᠬᠠᠮᠢᠶᠠᠷᠬᠤ ᠦᠵᠡᠯ | ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠎ᠡ︔ | 4. ᠲᠤᠷᠰᠢᠯᠲᠠ ᠶᠢᠨ ᠴᠡᠭ ᠤᠨ ᠭᠠᠵᠠᠷ ᠣᠷᠣᠨ ᠤ ᠨᠠᠰᠤᠲᠠᠶᠢᠴᠤᠳ ᠤᠨ ᠣᠶᠤᠨ ᠴᠢᠳᠠᠪᠤᠷᠢ ᠪᠠᠨ ᠠᠯᠳᠠᠬᠤ | ᠪᠠᠶᠢᠳᠠᠯ ᠡᠭᠦᠰᠬᠦ ᠶᠢ ᠤᠷᠢᠳᠴᠢᠯᠠᠨ ᠰᠡᠷᠭᠡᠶᠢᠯᠡᠬᠦ ᠪᠤᠶᠤ ᠬᠤᠶᠢᠰᠢᠯᠠᠭᠤᠯᠬᠤ︔ | 5. ᠨᠠᠰᠤᠲᠠᠶᠢᠴᠤᠳ ᠤᠨ ᠡᠷᠡᠭᠦᠯ ᠰᠠᠷᠠᠭᠤᠯ ᠠᠮᠢᠳᠤᠷᠠᠯ ᠤᠨ ᠣᠷᠴᠢᠨ ᠲᠣᠭᠤᠷᠢᠨ ᠢ ᠪᠠᠶᠢᠭᠤᠯᠵᠤ᠂ | ᠨᠠᠰᠤᠲᠠᠶᠢᠴᠤᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠪᠠ ᠡᠷᠡᠭᠦᠯ ᠮᠡᠨᠳᠦ ᠶᠢᠨ ᠬᠢᠷᠢ ᠬᠡᠮᠵᠢᠶ᠎ᠡ ᠶᠢ | ᠲᠡᠭᠡᠭᠰᠢᠯᠡᠭᠦᠯᠦᠨ᠎ᠡ︔ | | ᠭᠤᠷᠪᠠ᠂ ᠠᠵᠢᠯᠯᠠᠭ᠎ᠠ ᠶᠢᠨ ᠬᠡᠪᠴᠢᠶ᠎ᠡ ᠵᠢᠴᠢ ᠴᠠᠭ ᠬᠤᠭᠤᠴᠠᠭ᠎ᠠ | ︵ᠨᠢᠭᠡ︶ ᠠᠵᠢᠯᠯᠠᠭ᠎ᠠ ᠶᠢᠨ ᠬᠦᠷᠢᠶ᠎ᠡ ᠬᠡᠪᠴᠢᠶ᠎ᠡ᠃ | ᠤᠯᠠᠭᠠᠨᠬᠤᠲᠠ ᠶᠢᠨ ᠬᠤᠲᠠ ᠶᠢᠨ ᠲᠡᠭᠦᠷᠭᠡ ᠶᠢᠨ ᠰᠢᠶᠠᠩ ᠤᠨ ᠬᠡᠷᠡᠭ ᠡᠷᠬᠢᠯᠡᠬᠦ ᠭᠠᠵᠠᠷ ᠤᠨ ᠬᠤᠸᠠᠨ ᠱᠠᠨ | ᠨᠡᠶᠢᠭᠡᠮ ᠲᠣᠭᠤᠷᠢᠭ | ᠲᠤᠷᠰᠢᠯᠲᠠ ᠶᠢᠨ ᠭᠠᠵᠠᠷ ᠣᠷᠣᠨ | ᠵᠠᠯᠠᠶᠢᠳ ᠬᠤᠰᠢᠭᠤᠨ ᠤ ᠪᠠᠶᠠᠨᠭᠤᠣᠯ ᠪᠠᠯᠭᠠᠰᠤᠨ ᠤ ᠪᠠᠶᠠᠨ ᠨᠡᠶᠢᠭᠡᠮ ᠲᠣᠭᠤᠷᠢᠭ | 1. ᠲᠣᠭᠲᠠᠭᠠᠭᠰᠠᠨ ᠬᠤᠪᠢ ᠨᠢ 4 ᠬᠤᠪᠢ ᠠᠴᠠ ᠶᠡᠭᠡ ᠪᠤᠶᠤ ᠲᠡᠭᠦᠨ ᠲᠠᠢ ᠲᠡᠩᠴᠡᠭᠰᠡᠨ ᠪᠦᠬᠦᠯᠢ 65 ᠨᠠᠰᠤ | ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠢ ᠪᠦᠬᠦᠨ ᠢ ᠬᠠᠮᠢᠶᠠᠷᠤᠯᠲᠠ ᠳᠤ ᠣᠷᠣᠭᠤᠯᠤᠨ᠎ᠠ︔ | 2. 0 ~ 3 ᠬᠤᠪᠢ ᠣᠯᠤᠭᠰᠠᠨ ᠪᠦᠬᠦᠯᠢ 65 ᠨᠠᠰᠤ ᠵᠢᠴᠢ ᠲᠡᠭᠦᠨ ᠠᠴᠠ ᠳᠡᠭᠡᠭᠰᠢᠬᠢ ᠨᠠᠰᠤᠲᠠᠶᠢᠴᠤᠳ ᠤᠨ | ᠬᠠᠮᠢᠶᠠᠷᠤᠯᠲᠠ ᠳᠤ ᠣᠷᠣᠭᠤᠯᠤᠭᠰᠠᠨ ᠬᠥᠮᠦᠨ ᠤ ᠲᠤᠭ᠎ᠠ ᠶᠢ 10% ᠠᠴᠠ ᠳᠣᠤᠷ᠎ᠠ ᠪᠠᠶᠢᠯᠭᠠᠵᠤ ᠪᠣᠯᠬᠤ ᠥᠬᠡᠶ᠃ | ︵ᠬᠤᠶᠠᠷ︶ ᠠᠵᠢᠯᠯᠠᠭᠠᠨ ᠤ ᠴᠠᠭ ᠬᠤᠭᠤᠴᠠᠭ᠎ᠠ᠃ 2024 ᠣᠨ ᠠᠴᠠ 2026 ᠣᠨ ᠪᠣᠯᠲᠠᠯ᠎ᠠ᠃ | ᠭᠤᠷᠪᠠ᠂ ᠭᠤᠣᠯᠳᠠᠯᠭ᠎ᠠ ᠲᠠᠢ ᠡᠭᠦᠷᠭᠡ | ᠨᠢᠭᠡ ᠭᠠᠷᠳᠠᠴᠠ᠄ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠲᠦᠪᠰᠢᠨ ᠢ | ᠳᠡᠭᠡᠭᠰᠢᠯᠡᠭᠦᠯᠦᠨ᠎ᠡ | ᠳᠥᠷᠪᠡᠨ ᠶᠡᠭᠡ ᠭᠤᠤᠯᠳᠠᠯᠭ᠎ᠠ᠄ ᠡᠷᠡᠭᠦᠯ ᠮᠡᠨᠳᠦ ᠠᠮᠢᠳᠤᠷᠠᠯ ᠢ ᠲᠦᠭᠡᠮᠡᠯᠵᠢᠭᠦᠯᠵᠦ᠂ ᠡᠷᠡᠭᠦᠯ ᠮᠡᠨᠳᠦ ᠶᠢᠨ | ᠦᠢᠯᠡᠴᠢᠯᠡᠭᠡ ᠶᠢ ᠳᠡᠭᠡᠭᠰᠢᠯᠡᠭᠦᠯᠦᠨ᠂ ᠡᠷᠡᠭᠦᠯ ᠮᠡᠨᠳᠦ ᠶᠢᠨ ᠪᠠᠲᠤᠯᠠᠭ᠎ᠠ ᠶᠢ ᠲᠡᠭᠦᠯᠳᠡᠷᠵᠢᠭᠦᠯᠵᠦ᠂ ᠡᠷᠡᠭᠦᠯ ᠮᠡᠨᠳᠦ | ᠣᠷᠴᠢᠨ ᠲᠣᠭᠤᠷᠢᠨ ᠢ ᠪᠥᠲᠥᠭᠡᠨ ᠪᠠᠶᠢᠭᠤᠯᠬᠤ ᠵᠡᠷᠭᠡ | ᠳᠣᠯᠣᠭᠠᠨ ︽ᠡᠭᠦᠳᠡ ᠲᠣᠭᠰᠢᠬᠤ︾ ᠠᠵᠢᠯᠯᠠᠭ᠎ᠠ | ︵ᠨᠢᠭᠡ︶ ︽ᠡᠭᠦᠳᠡ ᠲᠣᠭᠰᠢᠬᠤ︾ ᠡᠷᠡᠭᠦᠯ ᠮᠡᠨᠳᠦ ᠶᠢᠨ ᠬᠥᠮᠦᠵᠢᠯ ᠤᠨ ᠠᠵᠢᠯᠯᠠᠭ᠎ᠠ᠃ | 1. ᠠᠭᠤᠯᠭ᠎ᠠ᠄ ᠤᠳᠠᠭᠠᠨ ᠴᠢᠨᠠᠷᠲᠠᠶ ᠡᠪᠡᠳᠴᠢᠨ ᠤ ᠥᠪᠡᠷ ᠤᠨ ᠡᠷᠡᠭᠦᠯ ᠮᠡᠨᠳᠦ ᠶᠢᠨ ᠬᠠᠮᠢᠶᠠᠷᠤᠯᠲᠠ᠂ | ᠢᠳᠡᠭᠡᠨ ᠤ ᠰᠢᠮ᠎ᠡ ᠲᠡᠵᠢᠭᠡᠯ᠂ ᠪᠡᠶ᠎ᠡ ᠶᠢᠨ ᠲᠠᠮᠢᠷ ᠤᠨ ᠬᠥᠳᠡᠯᠭᠡᠭᠡᠨ ᠳᠤ ᠳᠣᠭᠢᠷᠠᠬᠤ᠂ ᠵᠢᠷᠦᠬᠡ ᠲᠠᠷᠢᠬᠢᠨ ᠤ ᠴᠢᠰᠤᠨ | ᠰᠤᠳᠠᠯ ᠤᠨ ᠡᠪᠡᠳᠴᠢᠨ ᠵᠢᠴᠢ ᠠᠶᠤᠯᠲᠠᠶ ᠡᠯᠧᠮᠧᠨ᠋ᠲ ᠤᠨ ᠬᠠᠮᠢᠶᠠᠷᠤᠯᠲᠠ᠂ ᠢᠳᠡᠭᠡᠨ ᠤ ᠬᠠᠮᠢᠶᠠᠷᠤᠯᠲᠠ᠂ ᠪᠡᠶ᠎ᠡ ᠶᠢᠨ | ᠬᠦᠨᠳᠦ ᠶᠢᠨ ᠬᠠᠮᠢᠶᠠᠷᠤᠯᠲᠠ᠂ ᠰᠤᠯᠠᠳᠬᠠᠬᠤ ᠪᠣᠯᠪᠠᠰᠤᠷᠠᠯ᠂ ᠰᠠᠭᠠᠲᠠᠯ ᠢ ᠡᠰᠡᠷᠭᠦᠴᠡᠬᠦ ᠪᠣᠯᠪᠠᠰᠤᠷᠠᠯ᠂ ᠪᠠᠳᠤᠸᠠᠨ | ᠬᠡᠮᠡᠷᠯᠢᠭ ᠲᠠᠮᠢᠷ ᠤᠨ ᠪᠣᠯᠪᠠᠰᠤᠷᠠᠯ ᠁ | 2. ᠶᠠᠭᠤ ᠬᠢᠬᠦ ᠪᠤᠢ︖ ᠡᠷᠡᠭᠦᠯ ᠮᠡᠨᠳᠦ ᠶᠢᠨ ᠬᠥᠮᠦᠵᠢᠯ ᠤᠨ ᠮᠡᠳᠡᠯᠭᠡ ᠶᠢ ᠲᠦᠭᠡᠮᠡᠯᠵᠢᠭᠦᠯᠵᠦ᠂ ᠵᠥᠪ | ᠣᠨᠣᠪᠴᠢᠲᠠᠶ ᠡᠷᠡᠭᠦᠯ ᠮᠡᠨᠳᠦ ᠶᠢᠨ ᠣᠨᠣᠯᠵᠢᠬᠤᠨ ᠢ ᠤᠯᠠᠮᠵᠢᠯᠠᠨ ᠳᠡᠯᠭᠡᠷᠡᠭᠦᠯᠵᠦ᠂ ᠨᠠᠰᠤᠲᠠᠶᠢᠴᠤᠳ ᠢ ᠬᠥᠲᠥᠯᠦᠨ | ᠵᠢᠯᠣᠭᠤᠳᠴᠤ ᠪᠠᠶᠢᠭᠠᠳ ᠵᠥᠪ ᠣᠨᠣᠪᠴᠢᠲᠠᠶ ᠡᠷᠡᠭᠦᠯ ᠴᠢᠭᠢᠷᠠᠭ ᠠᠮᠢᠳᠤᠷᠠᠯ ᠤᠨ ᠳᠠᠳᠬᠠᠯ ᠪᠠ ᠡᠷᠡᠭᠦᠯ ᠴᠢᠭᠢᠷᠠᠭ | ᠠᠮᠢᠳᠤᠷᠠᠯ ᠤᠨ ᠠᠷᠭ᠎ᠠ ᠮᠠᠶ᠋ᠢᠭ ᠲᠠᠢ ᠪᠣᠯᠭᠠᠨ᠎ᠠ᠃ | ︵ᠬᠤᠶᠠᠷ︶ ︽ᠡᠭᠦᠳᠡ ᠲᠣᠭᠰᠢᠵᠤ︾ ᠡᠮᠴᠢᠯᠡᠭᠡᠨ ᠤ ᠦᠶ᠋ᠯᠡᠴᠢᠯᠡᠭᠡ ᠬᠦᠷᠭᠡᠬᠦ ᠠᠵᠢᠯᠯᠠᠭ᠎ᠠ᠃ | 1. ᠠᠷᠭ᠎ᠠ ᠮᠠᠶ᠋ᠢᠭ᠄ ᠠᠶᠢᠮᠠᠭ ᠤᠨ ᠱᠠᠲᠤᠨ ᠤ ︽ᠡᠭᠦᠳᠡ ᠲᠣᠭᠰᠢᠬᠤ︾ ᠡᠮᠴᠢᠯᠡᠭᠡᠨ ᠤ ᠪᠠᠭ᠎ᠠ ᠠᠩᠭᠢ ᠶᠢ | ᠵᠣᠬᠢᠶᠠᠨ ᠪᠠᠶᠢᠭᠤᠯᠵᠤ᠂ ᠬᠡᠰᠡᠭ ᠬᠤᠪᠢᠶᠠᠨ ᠳᠠᠭᠠᠭᠠᠴᠢᠯᠠᠭᠤᠯᠵᠤ᠂ ︽ᠰᠦᠯᠵᠢᠶᠡᠨ ᠤ ᠠᠵᠢᠯᠲᠠᠨ + ᠨᠡᠶᠢᠭᠡᠮ | ᠲᠣᠭᠤᠷᠢᠭ ᠤᠨ ᠺᠠᠳ᠋ᠷ + ᠬᠡᠷ ᠪᠦᠯᠢ ᠶᠢᠨ ᠡᠮᠴᠢ︾ ᠶᠢᠨ ᠦᠶ᠋ᠯᠡᠴᠢᠯᠡᠭᠡᠨ ᠤ ᠳᠤᠭᠤᠶᠢᠯᠠᠩ ᠳᠤ ᠲᠦᠰᠢᠭᠯᠡᠨ᠎ᠡ᠃ | 2. ᠭᠤᠤᠯ ᠡᠭᠦᠷᠭᠡ᠄ ︽ᠡᠷᠡᠭᠦᠯ ᠮᠡᠨᠳᠦ ᠶᠢ ᠪᠠᠲᠤᠯᠠᠵᠤ᠂ ᠭᠠᠷ ᠲᠦᠷᠦᠭᠦ ᠶᠢ ᠴᠢᠩᠭᠠᠳᠬᠠᠬᠤ︾᠃ | 3. ᠶᠠᠭᠤ ᠬᠢᠬᠦ ᠪᠤᠢ︖ ᠨᠢᠭᠡ ᠳᠤ᠂ ᠬᠡᠷ ᠲᠤᠨᠢ ᠬᠦᠷᠴᠦ ᠠᠯᠪᠠᠨ ᠵᠢᠷᠤᠮ ᠤᠨ ᠡᠮᠴᠢᠯᠡᠭᠡ ᠬᠢᠵᠦ᠂ | ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠵᠤ᠂ ᠡᠷᠡᠭᠦᠯ ᠮᠡᠨᠳᠦ ᠶᠢᠨ ᠬᠥᠮᠦᠵᠢᠯ ᠤᠨ ᠥᠪᠡᠷᠮᠢᠴᠡ ᠵᠣᠷ ᠵᠡᠷᠭᠡ | ᠡᠷᠡᠭᠦᠯ ᠮᠡᠨᠳᠦ ᠶᠢᠨ ᠦᠶ᠋ᠯᠡᠴᠢᠯᠡᠭᠡ ᠶᠢ ᠲᠣᠭᠲᠠᠭᠠᠨ᠎ᠠ᠃ ᠬᠤᠶᠠᠷ ᠲᠤ ᠭᠤᠤᠯᠳᠠᠯᠭ᠎ᠠ ᠲᠠᠢ ᠡᠪᠡᠳᠴᠢᠲᠡᠨ ᠳᠤ | ᠴᠢᠭᠯᠡᠭᠦᠯᠦᠨ᠂ ᠪᠣᠬᠢᠷᠲᠤᠯ ᠥᠬᠡᠶ ᠡᠪᠡᠳᠴᠢᠨ ᠦᠵᠡᠭᠦᠯᠬᠦ ᠵᠠᠮ ᠢ ᠨᠡᠭᠡᠭᠡᠵᠦ᠂ ᠡᠮᠨᠡᠯᠭᠡ ᠰᠢᠯᠵᠢᠭᠦᠯᠦᠨ ᠡᠮᠨᠡᠨ | ᠠᠪᠤᠷᠠᠬᠤ ᠳᠤ ᠬᠠᠮᠵᠢᠨ᠂ ᠡᠮᠴᠢᠯᠡᠭᠡᠨ ᠤ ᠪᠠᠲᠤᠯᠠᠭ᠎ᠠ ᠶᠢᠨ ᠬᠠᠮᠤᠭ ᠡᠴᠦᠰ ᠤᠨ ᠨᠢᠭᠡ ᠺᠢᠯᠣᠮᠧᠲᠷ ᠢ ᠨᠡᠪᠲᠡᠷᠡᠭᠦᠯᠵᠦ᠂ | ᠡᠷᠡᠭᠦᠯ ᠮᠡᠨᠳᠦ ᠶᠢᠨ ᠦᠶ᠋ᠯᠡᠴᠢᠯᠡᠭᠡ ᠶᠢ ᠣᠯᠠᠨ ᠲᠦᠮᠡᠨ ᠤ ︽ᠬᠡᠷ ᠤᠨ ᠡᠭᠦᠳᠡ︾ ᠳᠤ ᠬᠦᠷᠭᠡᠨ᠎ᠡ᠃ | ︵ᠭᠤᠷᠪᠠ︶ ︽ᠡᠭᠦᠳᠡ ᠲᠣᠭᠰᠢᠬᠤ︾ ᠪᠠᠷ ᠪᠡᠶ᠎ᠡ ᠴᠢᠭᠢᠷᠠᠭᠵᠢᠭᠤᠯᠬᠤ ᠶᠢ ᠬᠦᠷᠭᠡᠬᠦ ᠠᠵᠢᠯᠯᠠᠭ᠎ᠠ᠃ | ᠶᠠᠭᠤ ᠬᠢᠬᠦ ᠪᠤᠢ︖ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠤ ᠬᠥᠳᠡᠯᠭᠡᠭᠡᠨ ᠤ ᠮᠡᠷᠭᠡᠵᠢᠯ ᠴᠢᠳᠠᠪᠤᠷᠢ᠂ | ᠠᠷᠭ᠎ᠠ ᠮᠠᠶ᠋ᠢᠭ ᠪᠠ ᠠᠷᠭ᠎ᠠ ᠶᠢ ᠳᠡᠯᠭᠡᠷᠡᠭᠦᠯᠵᠦ᠂ ᠬᠥᠳᠡᠯᠭᠡᠭᠡᠨ ᠤ ᠴᠢᠳᠠᠪᠤᠷᠢ ᠪᠠᠨ ᠠᠯᠳᠠᠬᠤ ᠶᠢ ᠤᠷᠢᠳᠴᠢᠯᠠᠨ | ᠰᠡᠷᠭᠡᠶᠢᠯᠡᠬᠦ ᠵᠡᠷᠭᠡ ᠰᠢᠨᠵᠢᠯᠡᠬᠦ ᠤᠬᠠᠭᠠᠨ ᠤ ᠬᠥᠳᠡᠯᠭᠡᠭᠡᠨ ᠤ ᠮᠡᠳᠡᠯᠭᠡ ᠶᠢ ᠤᠬᠠᠭᠤᠯᠵᠤ᠂ ᠨᠠᠰᠤᠲᠠᠶᠢᠴᠤᠳ ᠲᠤ | ᠳᠣᠭᠢᠷᠠᠬᠤ ᠬᠢᠲᠠᠳ ᠡᠮᠨᠡᠯᠭᠡ ︵ᠮᠣᠩᠭᠤᠯ ᠡᠮᠨᠡᠯᠭᠡ︶ ᠶᠢᠨ ᠪᠡᠶ᠎ᠡ ᠰᠤᠪᠢᠯᠠᠬᠤ ᠮᠡᠳᠡᠯᠭᠡ᠂ ᠮᠡᠷᠭᠡᠵᠢᠯ ᠪᠠ ᠠᠷᠭ᠎ᠠ ᠶᠢ | ᠲᠦᠭᠡᠮᠡᠯᠵᠢᠭᠦᠯᠦᠨ᠂ ᠨᠡᠷᠡᠭᠦᠶ ᠨᠢᠳᠤᠷᠭ᠎ᠠ᠂ ᠨᠠᠶ᠋ᠮᠠᠨ ᠬᠡᠮᠡᠷᠯᠢᠭ᠂ ᠲᠠᠪᠤᠨ ᠵᠢᠭᠦᠷᠲᠡᠨ ᠤ ᠰᠢ ᠵᠡᠷᠭᠡ ᠬᠢᠲᠠᠳ ᠡᠮᠨᠡᠯᠭᠡ | ᠮᠣᠩᠭᠤᠯ ᠡᠮᠨᠡᠯᠭᠡ ᠶᠢᠨ ᠡᠷᠡᠭᠦᠯ ᠮᠡᠨᠳᠦ ᠶᠢᠨ ᠮᠡᠳᠡᠯᠭᠡ ᠪᠠ ᠤᠯᠠᠮᠵᠢᠯᠠᠯᠲᠤ ᠬᠥᠳᠡᠯᠭᠡᠭᠡᠨ ᠤ ᠲᠥᠷᠥᠯ ᠵᠦᠶ᠋ᠯ ᠢ | ᠤᠯᠠᠮᠵᠢᠯᠠᠨ᠎ᠠ᠃ ᠡᠷᠡᠭᠦᠯᠵᠢᠭᠦᠯᠬᠦ ᠡᠮᠴᠢᠯᠡᠭᠡᠨ ᠤ ᠮᠡᠷᠭᠡᠵᠢᠯ ᠢ ᠵᠣᠬᠢᠰᠲᠠᠶ ᠳᠡᠯᠭᠡᠷᠡᠭᠦᠯᠵᠦ᠂ ᠨᠠᠰᠤᠲᠠᠶᠢᠴᠤᠳ ᠢ | ᠬᠠᠪᠰᠤᠷᠤᠨ ᠡᠷᠡᠭᠦᠯᠵᠢᠭᠦᠯᠬᠦ ᠣᠨᠣᠯᠵᠢᠬᠤᠨ ᠢ ᠨᠢ ᠳᠡᠭᠡᠭᠰᠢᠯᠡᠭᠦᠯᠦᠨ᠎ᠡ᠃ | ︵ᠳᠥᠷᠪᠡ︶ ︽ᠡᠭᠦᠳᠡ ᠲᠣᠭᠰᠢᠬᠤ︾ ᠪᠠᠷ ᠠᠮᠤᠷ ᠲᠦᠪᠰᠢᠨ ᠢ ᠬᠦᠷᠭᠡᠬᠦ ᠠᠵᠢᠯᠯᠠᠭ᠎ᠠ᠃ | 1. ᠠᠶᠤᠯ ᠥᠭᠡᠢ ᠶᠢᠨ ᠮᠡᠳᠡᠯᠭᠡ ᠶᠢ ᠤᠯᠠᠮᠵᠢᠯᠠᠵᠤ᠂ ᠠᠶᠤᠯ ᠥᠭᠡᠢ ᠶᠢᠨ ᠰᠡᠷᠡᠮᠵᠢ ᠶᠢᠨ ᠤᠷᠢᠶ᠎ᠠ ᠯᠣᠽᠦ᠋ᠩ | ᠵᠢᠴᠢ ᠠᠶᠤᠯ ᠥᠭᠡᠢ ᠶᠢᠨ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠶᠢ ᠨᠠᠭᠠᠬᠤ ᠬᠡᠷᠡᠭᠲᠡᠶ᠃ | 2. ᠭᠠᠯ ᠤᠨᠲᠠᠷᠠᠭᠠᠬᠤ᠂ ᠴᠠᠬᠢᠯᠭᠠᠨ ᠬᠦᠴᠦᠨ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠴᠠᠬᠢᠯᠭᠠᠨ | ᠬᠡᠷᠡᠭᠰᠡᠯ ᠤᠨ ᠱᠤᠭᠤᠮ᠂ ᠲᠣᠭᠤᠭᠠᠨ ᠭᠡᠷ ᠤᠨ ᠨᠡᠭᠦᠷᠡᠰᠦᠨ ᠭᠡᠢ ᠬᠢᠭᠡᠳ ᠭᠠᠯ ᠤᠨᠲᠠᠷᠠᠭᠠᠬᠤ ᠨᠡᠪᠳᠡᠷᠡᠯ ᠵᠠᠮ | ᠵᠡᠷᠭᠡ ᠭᠤᠣᠯᠳᠠᠯᠭ᠎ᠠ ᠲᠠᠢ ᠣᠷᠣᠨ ᠪᠠᠶᠢᠷᠢ ᠵᠢᠨᠠᠶᠤᠯ ᠥᠭᠡᠢ ᠶᠢᠨ ᠪᠠᠶᠢᠴᠠᠭᠠᠯᠲᠠ ᠶᠢ ᠥᠷᠨᠢᠭᠦᠯᠦᠨ᠎ᠡ᠃ | ︵ᠲᠠᠪᠤ︶ ︽ᠡᠭᠦᠳᠡ ᠲᠣᠭᠰᠢᠬᠤ︾ ᠴᠡᠪᠡᠷᠯᠡᠭᠡ ᠬᠦᠷᠭᠡᠬᠦ ᠠᠵᠢᠯᠯᠠᠭ᠎ᠠ᠃ | 1. ᠬᠡᠯᠪᠡᠷᠢ᠄ ᠰᠦᠯᠵᠢᠶᠡᠨ ᠤ ᠠᠵᠢᠯᠲᠠᠨ | ᠨᠡᠶᠢᠭᠡᠮ ᠲᠣᠭᠤᠷᠢᠭ ᠤᠨ ᠡᠭᠦᠳᠡ ᠲᠣᠭᠰᠢᠵᠤ ᠠᠷᠢᠭᠤᠨ ᠴᠡᠪᠡᠷ ᠰᠠᠶᠢᠨ ᠳᠤᠷ᠎ᠠ ᠶᠢᠨ ᠠᠩᠭᠢ ᠶᠢᠨ ᠨᠡᠶᠢᠭᠡᠮ | ᠲᠣᠭᠤᠷᠢᠭ ᠤᠨ ᠰᠠᠶᠢᠨ ᠳᠤᠷ᠎ᠠ ᠶᠢᠨ ᠠᠵᠢᠯᠯᠠᠭᠴᠢ | 2. ᠶᠠᠭᠤ ᠬᠢᠬᠦ ᠪᠤᠢ︖ ᠠᠮᠢᠳᠤᠷᠠᠯ ᠤᠨ ᠣᠷᠴᠢᠨ ᠲᠣᠭᠤᠷᠢᠨ ᠢ ᠴᠡᠪᠡᠷᠯᠡᠬᠦ ᠠᠵᠢᠯᠯᠠᠭ᠎ᠠ ᠥᠷᠨᠢᠭᠦᠯᠦᠨ᠎ᠡ | ︵ᠵᠢᠷᠭᠤᠭ᠎ᠠ︶ ︽ᠡᠭᠦᠳᠡ ᠲᠣᠭᠰᠢᠬᠤ︾ ᠰᠡᠳᠬᠢᠴᠡ ᠶᠢᠨ ᠦᠶ᠋ᠯᠡᠴᠢᠯᠡᠭᠡᠨ ᠤ ᠠᠵᠢᠯᠯᠠᠭ᠎ᠠ᠃ | ᠥᠪᠡᠷᠮᠢᠴᠡ ᠰᠡᠳᠬᠢᠴᠡ ᠶᠢᠨ ᠦᠶ᠋ᠯᠡᠴᠢᠯᠡᠭᠡ ᠬᠠᠩᠭᠠᠵᠤ᠂ ᠨᠠᠰᠤᠲᠠᠶᠢᠴᠤᠳ ᠤᠨ ᠪᠡᠶ᠎ᠡ ᠰᠡᠳᠬᠢᠯ ᠤᠨ ᠡᠷᠡᠭᠦᠯ | ᠮᠡᠨᠳᠦ ᠳᠤ ᠪᠥᠬᠦ ᠶᠠᠪᠤᠴᠠ ᠪᠠᠷ ᠦᠢᠯᠡᠴᠢᠯᠡᠨ᠎ᠡ ᠃ | ︵ᠳᠣᠯᠤᠭ᠎ᠠ︶ ︽ᠡᠭᠦᠳᠡ ᠲᠣᠭᠰᠢᠬᠤ︾ ᠡᠷᠡᠭᠦᠯ ᠮᠡᠨᠳᠦ ᠡᠷᠡᠭᠦᠯᠵᠢᠯ ᠤᠨ ᠪᠠᠭᠠᠵᠢ ᠬᠡᠷᠡᠭᠰᠡᠯ ᠤᠨ ᠪᠣᠭᠤᠳᠠᠯ | ᠬᠦᠷᠭᠡᠬᠦ ᠠᠵᠢᠯᠯᠠᠭ᠎ᠠ᠃ | ᠨᠢᠭᠡ ᠪᠦᠯᠦᠭ ᠬᠡᠷᠡᠭᠯᠡᠭᠡᠨ ᠤ ᠴᠢᠨᠠᠷ ᠢᠶᠠᠷ ᠴᠢᠩᠭ᠎ᠠ ᠡᠷᠡᠭᠦᠯ ᠮᠡᠨᠳᠦ ᠶᠢᠨ ᠬᠥᠮᠦᠵᠢᠯ ᠤᠬᠠᠭᠤᠯᠭ᠎ᠠ ᠶᠢᠨ | ᠪᠦᠲᠦᠭᠡᠭᠳᠡᠬᠦᠨ ᠢ ᠨᠡᠭᠡᠭᠡᠨ ᠬᠥᠭᠵᠢᠭᠦᠯᠵᠦ ᠲᠣᠭᠲᠠᠭᠠᠨ᠎ᠠ︔ | ︽ᠨᠠᠰᠤᠲᠠᠶᠢᠴᠤᠳ ᠤᠨ ᠡᠷᠡᠭᠦᠯ ᠮᠡᠨᠳᠦ ᠶᠢ ᠬᠠᠮᠠᠭᠠᠯᠠᠬᠤ ᠪᠠᠭᠠᠵᠢ ᠬᠡᠷᠡᠭᠰᠡᠯ ᠤᠨ ᠪᠣᠭᠤᠳᠠᠯ︾ ︵ᠪᠡᠶ᠎ᠡ ᠶᠢᠨ | ᠳᠤᠯᠠᠭᠠᠨ ᠤ ᠬᠡᠮᠵᠢᠭᠦᠷ᠂ ᠪᠦᠰᠡᠯᠡᠭᠦᠷ ᠤᠨ ᠱᠤᠭᠤᠮ᠂ ᠳᠠᠪᠤᠰᠤ ᠬᠢᠵᠠᠭᠠᠷᠯᠠᠬᠤ ᠰᠢᠨᠠᠭ᠎ᠠ᠂ ᠴᠠᠩᠬ᠎ᠠ ᠬᠤᠰᠤᠬᠤ | ᠬᠠᠪᠲᠠᠰᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠮᠡᠳᠡᠯᠭᠡ ᠶᠢᠨ ᠨᠤᠭᠤᠯᠤᠭᠠᠰᠤ ᠵᠡᠷᠭᠡ ᠡᠷᠡᠭᠦᠯ ᠮᠡᠨᠳᠦ ᠶᠢᠨ | ᠪᠠᠭᠠᠵᠢ︶ ᠲᠠᠷᠬᠠᠭᠠᠨ᠎ᠠ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠬᠤ ᠬᠡᠷᠡᠭᠲᠡᠶ᠃ | ︵ᠬᠤᠶᠠᠷ︶ ᠨᠢᠭᠡᠳᠦᠯᠲᠡᠶ ᠲᠥᠯᠥᠪᠯᠡᠨ ᠠᠬᠢᠭᠤᠯᠵᠤ᠂ ᠥᠷᠭᠡᠨ ᠢᠶᠠᠷ ᠤᠬᠠᠭᠤᠯᠤᠨ᠎ᠠ᠃ | ︵ᠭᠤᠷᠪᠠ︶ ᠬᠢᠨᠠᠮᠠᠭᠠᠶ ᠳ᠋ᠦᠩᠨᠡᠵᠦ᠂ ᠬᠢᠯᠠᠰ ᠴᠡᠭ ᠢ ᠠᠭᠤᠳᠠᠯᠤᠨ᠎ᠠ᠃ | | |