| | ᠨᠢᠭᠡ᠂ ᠠᠬᠤᠶ ᠪᠠᠶᠢᠳᠠᠯ ᠨᠢ ᠶᠠᠭᠤ ᠪᠤᠢ︖ | ᠣᠶᠢᠷ᠎ᠠ ᠶᠢᠨ ᠵᠢᠯ ᠳᠤ᠂ ᠮᠠᠨ ᠤ ᠠᠶᠢᠮᠠᠭ ᠤᠨ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠦᠢᠯᠡᠰ | ᠶᠡᠷᠦᠩᠬᠡᠶ ᠳᠡᠭᠡᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠵᠦ ᠪᠠᠶᠢᠭ᠎ᠠ ᠪᠣᠯᠪᠠᠴᠤ ᠬᠡᠷ ᠪᠠᠶᠢᠰᠢᠩ ᠭᠠᠵᠠᠷ | ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠲᠦᠭᠰᠢᠭᠦᠷᠢ ᠶᠢ ᠰᠡᠷᠭᠡᠶᠢᠯᠡᠬᠦ᠂ ᠵᠢᠱᠢᠯᠲᠡ ᠶᠢ | ᠲᠣᠭᠲᠠᠪᠤᠷᠢᠵᠢᠭᠤᠯᠬᠤ᠂ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠡᠭᠦᠷᠭᠡ ᠮᠥᠨ ᠡᠶᠢᠮᠦ ᠠᠴᠠ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠭᠡ ᠵᠣᠬᠢᠶᠠᠵᠤ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠᠷ | ᠳᠠᠮᠵᠢᠭᠤᠯᠤᠨ᠂ ᠬᠥᠮᠦᠨ ᠠᠮᠠ ᠶᠢᠨ ᠬᠤᠪᠢᠷᠠᠯᠲᠠ ᠶᠢ ᠦᠨᠳᠦᠰᠦᠯᠡᠨ ᠣᠷᠣᠨ ᠰᠠᠭᠤᠴᠠ ᠶᠢᠨ ᠬᠡᠷᠡᠭᠴᠡᠭᠡ ᠶᠢ | ᠲᠣᠭᠲᠠᠭᠠᠵᠤ᠂ ᠣᠷᠣᠨ ᠰᠠᠭᠤᠴᠠ ᠶᠢᠨ ᠬᠡᠷᠡᠭᠴᠡᠭᠡ ᠶᠢ ᠦᠨᠳᠦᠰᠦᠯᠡᠨ ᠭᠠᠵᠠᠷ ᠰᠢᠷᠣᠶ ᠶᠢᠨ ᠬᠠᠩᠭᠠᠯᠭ᠎ᠠ ᠶᠢ | ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠮᠥᠩᠭᠦᠨ ᠭᠦᠢᠯᠭᠡᠭᠡᠨ ᠤ ᠡᠬᠢ ᠪᠠᠶᠠᠯᠢᠭ ᠢ ᠬᠥᠲᠥᠯᠥᠨ ᠵᠢᠯᠣᠭᠤᠳᠴᠤ | ᠲᠣᠬᠢᠷᠠᠭᠤᠯᠤᠨ᠂ ᠬᠥᠮᠦᠨ ᠢᠶᠠᠷ ᠣᠷᠣᠨ ᠰᠠᠭᠤᠴᠠ ᠲᠣᠭᠲᠠᠭᠠᠬᠤ᠂ ᠭᠡᠷ ᠪᠠᠶᠢᠰᠢᠩ ᠢᠶᠠᠷ ᠭᠠᠵᠠᠷ ᠰᠢᠷᠣᠶ | ᠲᠣᠭᠲᠠᠭᠠᠬᠤ᠂ ᠭᠡᠷ ᠪᠠᠶᠢᠰᠢᠩ ᠢᠶᠠᠷ ᠵᠣᠭᠤᠰ ᠲᠣᠭᠲᠠᠭᠠᠬᠤ ᠶᠢ ᠪᠡᠶᠡᠯᠡᠭᠦᠯᠵᠦ᠂ ᠭᠡᠷ ᠪᠠᠶᠢᠰᠢᠩ ᠭᠠᠵᠠᠷ ᠰᠢᠷᠣᠶ ᠶᠢᠨ | ᠬᠦᠷᠦᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢ ᠲᠡᠩᠴᠡᠭᠦᠷᠢᠲᠡᠶ ᠪᠠᠶᠢᠯᠭᠠᠬᠤ᠂ ᠪᠦᠲᠦᠴᠡ ᠶᠢ ᠵᠦᠢ | ᠵᠣᠬᠢᠰᠲᠠᠶ ᠪᠠᠶᠢᠯᠭᠠᠬᠤ ᠶᠢ ᠠᠬᠢᠭᠤᠯᠵᠤ᠂ ᠵᠠᠬ᠎ᠠ ᠳᠡᠯᠭᠡᠭᠦᠷ ᠤᠨ ᠶᠡᠭᠡ ᠪᠠᠷ ᠥᠰᠴᠦ ᠶᠡᠭᠡ ᠪᠠᠷ ᠪᠠᠭᠤᠷᠠᠬᠤ ᠶᠢ | ᠰᠡᠷᠭᠡᠶᠢᠯᠡᠬᠦ ᠴᠢᠬᠤᠯᠠᠲᠠᠶ ᠶᠤᠮ᠃ | ᠬᠤᠶᠠᠷ᠂ ᠦᠨᠳᠦᠰᠦ ᠪᠠᠷᠢᠮᠲᠠ ᠨᠢ ᠶᠠᠭᠤ ᠪᠤᠢ︖ | ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ︽ᠣᠷᠣᠨ | ᠰᠠᠭᠤᠴᠠ ᠶᠢᠨ ᠬᠥᠭᠵᠢᠯᠲᠡ ᠶᠢᠨ ᠲᠥᠯᠥᠪᠵᠢᠭᠦᠯᠭᠡ ᠪᠠ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ | ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ︵ ᠪᠦᠳᠦᠭᠡ᠊ ᠪᠠᠶᠢᠭᠤᠯᠤᠯᠳᠠ ᠭᠡᠷ ᠵᠠᠬᠢᠳᠠᠯ ︹ 2024 ︺ 20 | ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠠᠬ᠎ᠠ ᠳᠡᠯᠭᠡᠭᠦᠷ ᠲᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ | ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠪᠠ ᠠᠷᠭ᠎ᠠ ᠬᠢᠳᠡᠯ ᠢᠶᠠᠷ ᠲᠣᠯᠢ ᠪᠣᠯᠭᠠᠭᠰᠠᠨ ᠰᠠᠭᠤᠷᠢᠨ ᠳᠡᠭᠡᠷ᠎ᠡ᠂ | ᠮᠠᠨ ᠤ ᠠᠶᠢᠮᠠᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ | ᠳᠠᠷᠤᠮᠠᠯᠯᠠᠨ ᠲᠠᠷᠬᠠᠭᠠᠪᠠ᠃ | ᠭᠤᠷᠪᠠ᠂ ᠭᠤᠣᠯ ᠠᠭᠤᠯᠭ᠎ᠠ ᠨᠢ ᠶᠠᠭᠤ ᠪᠤᠢ︖ | ᠭᠤᠣᠯ ᠠᠭᠤᠯᠭ᠎ᠠ ᠶᠢ ᠨᠢ ᠭᠤᠷᠪᠠᠨ ᠬᠡᠰᠡᠭ ᠲᠤ ᠬᠤᠪᠢᠶᠠᠳᠠᠭ᠃ | ᠨᠢᠭᠡᠳᠦᠭᠡᠷ ᠬᠡᠰᠡᠭ ︽2024 ᠣᠨ ᠤ ᠣᠷᠣᠨ ᠰᠠᠭᠤᠴᠠ ᠶᠢᠨ ᠣᠨ ᠤ ᠲᠥᠯᠥᠪᠯᠡᠭᠡ︾᠃ ᠡᠭᠦᠨ ᠳᠤ | ᠭᠤᠣᠯᠳᠠᠭᠤ ᠬᠥᠮᠦᠨ ᠠᠮᠠ ᠶᠢᠨ ᠬᠤᠪᠢᠷᠠᠯᠲᠠ ᠶᠢᠨ ᠵᠢᠱᠢᠯᠲᠡ᠂ ᠭᠠᠵᠠᠷ ᠰᠢᠷᠣᠶ ᠶᠢᠨ ᠬᠠᠩᠭᠠᠯᠭ᠎ᠠ ᠶᠢᠨ ᠵᠢᠱᠢᠯᠲᠡ᠂ | ᠲᠠᠸᠠᠷ ᠤᠨ ᠣᠷᠣᠨ ᠰᠠᠭᠤᠴᠠ ᠶᠢᠨ ᠪᠣᠷᠣᠯᠠᠭᠤᠯᠭ᠎ᠠ ᠶᠢᠨ ᠵᠢᠱᠢᠯᠲᠡ ᠵᠡᠷᠭᠡ ᠭᠤᠷᠪᠠᠨ ᠲᠠᠯ᠎ᠠ ᠶᠢᠨ ᠠᠭᠤᠯᠭ᠎ᠠ | ᠪᠠᠭᠲᠠᠨ᠎ᠠ᠃ | ᠬᠤᠶᠠᠳᠤᠭᠠᠷ ᠬᠡᠰᠡᠭ ᠨᠢ ︽ᠬᠥᠭᠵᠢᠯᠲᠡ ᠶᠢᠨ ᠴᠢᠭᠯᠡᠯ︾ ᠪᠣᠯᠤᠨ᠎ᠠ᠃ ᠡᠭᠦᠨ ᠳᠤ ᠭᠤᠣᠯᠳᠠᠭᠤ ᠶᠡᠷᠦᠩᠬᠡᠶ | ᠬᠥᠭᠵᠢᠯᠲᠡ ᠶᠢᠨ ᠴᠢᠭᠯᠡᠯ᠂ ᠲᠠᠸᠠᠷ ᠤᠨ ᠭᠡᠷ ᠪᠠᠶᠢᠰᠢᠩ ᠤᠨ ᠬᠥᠭᠵᠢᠯᠲᠡ ᠶᠢᠨ ᠴᠢᠭᠯᠡᠯ ᠭᠡᠬᠦ ᠬᠤᠶᠠᠷ ᠲᠠᠯ᠎ᠠ ᠶᠢᠨ | ᠠᠭᠤᠯᠭ᠎ᠠ ᠪᠠᠭᠲᠠᠨ᠎ᠠ᠃ | ᠭᠤᠷᠪᠠᠳᠤᠭᠠᠷ ᠬᠡᠰᠡᠭ ᠨᠢ ︽ᠭᠤᠣᠯ ᠡᠭᠦᠷᠭᠡ︾ ᠪᠣᠯᠤᠨ᠎ᠠ᠃ ᠡᠭᠦᠨ ᠳᠤ ᠭᠤᠣᠯᠳᠠᠭᠤ ᠣᠷᠣᠨ ᠰᠠᠭᠤᠴᠠ ᠶᠢᠨ | ᠬᠠᠩᠭᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ ᠬᠠᠩᠭᠠᠯᠭ᠎ᠠ ᠶᠢᠨ ᠪᠦᠲᠦᠴᠡ ᠶᠢ ᠵᠣᠬᠢᠰᠲᠠᠶ ᠲᠣᠬᠢᠷᠠᠭᠤᠯᠤᠨ | ᠡᠵᠡᠮᠳᠡᠵᠦ᠂ ᠲᠣᠬᠢᠷᠠᠭᠤᠯᠤᠯ ᠡᠵᠡᠮᠳᠡᠯ ᠤᠨ ᠲᠥᠷᠥ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠪᠠ ᠲᠣᠭᠲᠠᠭᠤᠨ | ᠴᠢᠨᠠᠷ ᠢ ᠪᠠᠷᠢᠮᠲᠠᠯᠠᠵᠤ᠂ ᠭᠠᠵᠠᠷ ᠰᠢᠷᠣᠶ ᠶᠢᠨ ᠬᠠᠩᠭᠠᠯᠭ᠎ᠠ ᠶᠢ ᠰᠢᠨᠵᠢᠯᠡᠬᠦ ︽ᠬᠥᠮᠦᠨ᠂ ᠬᠡᠷ ᠪᠠᠶᠢᠰᠢᠩ᠂ ᠭᠠᠵᠠᠷ | ᠰᠢᠷᠣᠶ᠂ ᠵᠣᠭᠤᠰ︾ ᠤᠨ ᠬᠤᠯᠪᠣᠭᠠᠯᠠᠨ ᠬᠥᠭᠵᠢᠬᠦ ᠶᠢ ᠠᠬᠢᠭᠤᠯᠵᠤ᠂ ᠣᠷᠣᠨ ᠰᠠᠭᠤᠴᠠ ᠶᠢᠨ ᠪᠤᠰᠤ ᠲᠠᠸᠠᠷ ᠤᠨ | ᠬᠡᠷ ᠪᠠᠶᠢᠰᠢᠩ ᠤᠨ ᠬᠥᠮᠥᠷᠭᠡ ᠶᠢᠨ ᠬᠠᠳᠠᠭᠠᠯᠠᠯᠲᠠ ᠶᠢ ᠪᠠᠭᠠᠰᠬᠠᠬᠤ ᠶᠢ ᠬᠥᠲᠥᠯᠦᠨ ᠵᠢᠯᠣᠭᠤᠳᠴᠤ᠂ ᠲᠠᠸᠠᠷ ᠤᠨ ᠬᠡᠷ | ᠪᠠᠶᠢᠰᠢᠩ ᠢ ᠤᠷᠢᠳᠴᠢᠯᠠᠨ ᠬᠤᠳᠠᠯᠳᠤᠬᠤ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠨ᠂ | ᠬᠡᠷ ᠪᠠᠶᠢᠰᠢᠩ ᠭᠠᠵᠠᠷ ᠬᠥᠷᠥᠩᠭᠡ ᠶᠢᠨ ᠪᠠᠯᠠ ᠲᠣᠬᠢᠷᠠᠭᠤᠯᠭ᠎ᠠ ᠶᠢᠨ ᠵᠣᠬᠢᠴᠠᠭᠤᠯᠬᠤ ᠠᠵᠢᠯ ᠢ ᠰᠠᠶᠢᠲᠤᠷ ᠬᠢᠵᠦ᠂ ︽ | ᠵᠠᠮ ᠬᠠᠷᠢᠯᠴᠠᠭᠠᠨ ᠤ ᠪᠠᠲᠤᠯᠠᠭᠠᠲᠤ ᠠᠰᠠᠷ︾ ᠤᠨ ᠲᠥᠷᠥᠯ ᠵᠦᠶ᠋ᠯ ᠢ ᠪᠥᠬᠦ ᠬᠦᠴᠦᠨ ᠢᠶᠠᠷ ᠠᠬᠢᠭᠤᠯᠵᠤ᠂ | ᠲᠠᠸᠠᠷ ᠤᠨ ᠬᠡᠷ ᠪᠠᠶᠢᠰᠢᠩ ᠢ ᠪᠡᠯᠡᠨ ᠬᠤᠳᠠᠯᠳᠤᠬᠤ ᠲᠤᠷᠰᠢᠯᠲᠠ ᠶᠢᠨ ᠠᠵᠢᠯ ᠢ ᠠᠬᠢᠭᠤᠯᠤᠨ᠂ ᠪᠣᠬᠢᠷᠲᠤᠯ ᠥᠬᠡᠶ | ᠪᠠᠷᠢᠯᠭ᠎ᠠ ᠶᠢᠨ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠬᠡᠷ ᠪᠠᠶᠢᠰᠢᠩ ᠭᠠᠵᠠᠷ | ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠴᠡᠭᠴᠡᠯᠡᠨ ᠵᠢᠷᠤᠮᠵᠢᠭᠤᠯᠬᠤ ᠵᠡᠷᠭᠡ 11 ᠲᠠᠯ᠎ᠠ ᠶᠢᠨ | ᠠᠭᠤᠯᠭ᠎ᠠ ᠶᠢ ᠦᠷᠭᠦᠯᠵᠢᠯᠡᠨ ᠠᠬᠢᠭᠤᠯᠤᠨ᠎ᠠ᠃ | | |