ᠰᠦᠬᠡ ᠢᠦᠶ ᠵᠢᠶ ᠱᠦᠨ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠠᠷᠢᠭᠤᠴᠠᠯᠭᠠᠲᠠᠨ ᠲᠠᠢ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2024/9/6
     ᠣᠶᠢᠷ᠎ᠠ ᠳᠤ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ᠂ ᠠᠶᠢᠮᠠᠭ ᠤᠨ ᠳᠠᠷᠤᠭ᠎ᠠ ᠢᠦᠶ ᠵᠢᠶ ᠱᠦᠨ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠶᠠᠨ ᠬᠤᠩ ᠭᠤᠸᠠᠩ᠂ ᠶᠡᠷᠦᠩᠬᠡᠶ ᠳᠠᠭᠠᠭᠠᠮᠠᠯ ᠯᠢ  ᠸᠧᠨ ᠵᠥᠩ ᠲᠠᠢ ᠶᠠᠷᠢᠯᠴᠠᠬᠤ ᠬᠤᠷᠠᠯ ᠬᠢᠵᠦ᠂ ᠥᠪᠥᠷ ᠮᠣᠩᠭᠤᠯ ᠤᠨ ᠡᠨᠧᠷᠭᠢ ᠶᠢᠨ ᠰᠤᠷᠪᠤᠯᠵᠢ ᠶᠢᠨ ᠵᠠᠭᠤᠨ ᠲᠦᠮᠡᠨ ᠺᠢᠯᠣᠸᠠᠲ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠤᠴᠢᠷ ᠶᠠᠪᠤᠳᠠᠯ ᠢ ᠵᠣᠯᠭᠠᠭᠤᠯᠤᠨ ᠵᠥᠪᠳᠡᠯᠴᠡᠪᠡ᠃    ᠶᠠᠷᠢᠯᠴᠠᠬᠤ ᠬᠤᠷᠠᠯ ᠳᠡᠭᠡᠷ᠎ᠡ᠂ ᠰᠦᠬᠡ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠤᠷᠳᠤ ᠬᠤᠭᠤᠴᠠᠭᠠᠨ ᠤ ᠲᠤᠷᠰᠢ ᠬᠢᠩᠭᠠᠨ ᠠᠶᠢᠮᠠᠭ ᠤᠨ ᠬᠥᠭᠵᠢᠯᠲᠡ ᠶᠢ ᠶᠡᠬᠡᠪᠡᠷ ᠳᠡᠮᠵᠢᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢᠨ ᠨᠡᠭᠡᠭᠡᠨ ᠬᠥᠭᠵᠢᠭᠦᠯᠦᠯᠲᠡ᠂  ᠲᠤᠯᠠᠭᠠᠯᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠭᠦᠨᠵᠡᠭᠡᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠦ᠂ ᠬᠠᠮᠵᠢᠯᠴᠠᠨ ᠬᠠᠮᠲᠤᠪᠠᠷ ᠠᠰᠢᠭ ᠬᠦᠷᠳᠡᠬᠦ ᠰᠠᠶᠢᠨ ᠬᠠᠨᠢᠲᠠᠨ ᠪᠣᠯᠤᠭᠰᠠᠭᠠᠷ ᠢᠷᠡᠵᠠᠢ᠃ ᠣᠷᠣᠨ ᠨᠤᠲᠤᠭ  ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠰᠡᠳᠬᠢᠬᠦᠢ ᠪᠠᠨ ᠴᠢᠨᠠᠭᠰᠢᠳᠠ ᠴᠢᠩᠭᠠᠳᠬᠠᠵᠤ᠂ ᠲᠦᠴᠢᠦᠸᠠᠨ ᠰᠢᠶᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠧᠩ ᠨᠧᠩ ᠵᠠᠭᠤᠨ ᠲᠦᠮᠡᠨ ᠺᠢᠯᠣᠸᠠᠲ ᠤᠨ ᠰᠠᠭᠤᠷᠢᠨ ᠤ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢ ᠭᠠᠷ ᠬᠤᠯᠪᠣᠨ ᠠᠬᠢᠭᠤᠯᠵᠤ᠂ ᠡᠷᠲᠡ ᠠᠴᠠ ᠡᠬᠢᠯᠡᠨ ᠲᠦᠷᠭᠡᠨ ᠪᠠᠶᠢᠭᠤᠯᠵᠤ᠂ ᠡᠷᠲᠡᠬᠡᠨ ᠦᠢᠯᠡᠳᠪᠦᠷᠢᠯᠡᠯ ᠳᠤ ᠬᠦᠷᠭᠡᠵᠦ ᠦᠷ᠎ᠡ ᠠᠰᠢᠭ ᠲᠤ ᠬᠦᠷᠭᠡᠬᠦ ᠶᠢ ᠪᠠᠲᠤᠯᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠶᠠᠨ ᠬᠤᠩ ᠭᠤᠸᠠᠩ ᠢᠯᠡᠷᠬᠡᠶᠢᠯᠡᠬᠦ ᠳᠡᠭᠡᠨ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠬᠢᠨ ᠲᠣᠬᠢᠷᠠᠭᠤᠯᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠦᠨᠡᠨ ᠪᠣᠳᠠᠲᠠᠶ ᠠᠵᠢᠯᠯᠠᠭ᠎ᠠ ᠠᠪᠴᠤ ᠪᠠᠶᠢᠭᠠᠳ ᠥᠪᠥᠷ ᠮᠣᠩᠭᠤᠯ ᠤᠨ ᠡᠨᠧᠷᠭᠢ ᠶᠢᠨ ᠰᠤᠷᠪᠤᠯᠵᠢ ᠶᠢᠨ ᠵᠠᠭᠤᠨ ᠲᠦᠮᠡᠨ ᠺᠢᠯᠣᠸᠠᠲ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠳᠥᠯᠭᠢᠨ ᠠᠬᠢᠭᠤᠯᠵᠤ᠂ ᠪᠥᠬᠦ ᠬᠦᠴᠦᠨ ᠢᠶᠠᠷ ᠢᠶᠠᠨ ᠪᠠᠷᠢᠯᠭ᠎ᠠ ᠶᠢᠨ ᠬᠤᠭᠤᠴᠠᠭ᠎ᠠ ᠶᠢ ᠵᠠᠪᠳᠤᠨ᠂ ᠠᠬᠢᠴᠠ ᠶᠢ ᠲᠦᠷᠭᠡᠳᠬᠡᠵᠦ᠂ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ ᠭᠡᠵᠡᠶ᠃    ᠠᠶᠢᠮᠠᠭ ᠤᠨ ᠤᠳᠤᠷᠢᠳᠤᠯᠭ᠎ᠠ ᠴᠢᠨ ᠬᠤᠸᠠ ᠵᠧᠨ ᠵᠢᠴᠢ ᠲᠦᠴᠢᠦᠸᠠᠨ᠂ ᠳᠤᠮᠳᠠᠳᠤ ᠬᠤᠰᠢᠭᠤ ᠪᠣᠯᠤᠨ ᠬᠡᠰᠡᠭ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃ 
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号