ᠤᠯᠠᠭᠠᠨᠬᠤᠲᠠ 2024 ᠣᠨ ᠤ ᠬᠠᠤᠯᠢ ᠪᠠᠷ ᠬᠤᠲᠠ ᠪᠠᠨ ᠵᠠᠰᠠᠬᠤ ᠵᠥᠪᠯᠡᠯ ᠤᠨ ᠬᠤᠷᠠᠯ ᠵᠢᠴᠢ ᠬᠠᠤᠯᠢ ᠶᠢᠨ ᠮᠡᠳᠡᠭᠦᠯᠦᠯᠲᠡ ᠶᠢᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/1/13
  1 ᠰᠠᠷ᠎ᠠ ᠶᠢᠨ 7 ᠤ ᠡᠳᠦᠷ᠂ ᠤᠯᠠᠭᠠᠨᠬᠤᠲᠠ 2024 ᠣᠨ ᠤ ᠬᠠᠤᠯᠢ ᠪᠠᠷ ᠬᠤᠲᠠ ᠪᠠᠨ ᠵᠠᠰᠠᠬᠤ ᠵᠥᠪᠯᠡᠯ ᠤᠨ ᠬᠤᠷᠠᠯ ᠵᠢᠴᠢ ᠬᠠᠤᠯᠢ ᠶᠢᠨ ᠮᠡᠳᠡᠭᠦᠯᠦᠯᠲᠡ ᠶᠢᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠬᠠᠮᠢᠶ᠎ᠠ ᠪᠥᠬᠦᠶ ᠨᠢᠭᠡᠴᠢ ᠶᠢᠨ 2024 ᠣᠨ ᠤ ᠨᠠᠮ ᠵᠠᠰᠠᠭ ᠤᠨ ᠭᠤᠤᠯ ᠬᠠᠷᠢᠭᠤᠴᠠᠯᠭᠠᠲᠠᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠬᠠᠤᠯᠢ ᠶᠢᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃  ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠢᠨ ᠵᠢᠱᠢᠭᠳᠡᠭᠴᠢ᠂ ᠤᠯᠠᠭᠠᠨᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠵᠢᠶ ᠫᠧᠩ ᠬᠤᠷᠠᠯ ᠢ ᠡᠷᠭᠢᠯᠡᠵᠦ ᠶᠠᠷᠢᠶ᠎ᠠ ᠲᠠᠯᠪᠢᠵᠤ᠂ ᠬᠤᠲᠠ ᠶᠢᠨ ᠤᠳᠤᠷᠢᠳᠤᠯᠭ᠎ᠠ ᠮᠠ ᠮᠧᠩ᠂ ᠯᠢ ᠱᠢ ᠬᠠᠶ᠂ ᠢᠦᠶ ᠳ᠋ᠡ ᠮᠢᠩ᠂ ᠯᠢ ᠭᠦᠸᠧ ᠴᠢᠶᠠᠩ᠂ ᠭᠤᠸᠠᠨ ᠹᠧᠩ᠂ ᠯᠢᠦ ᠶᠢᠨ ᠪᠥᠸᠧ᠂ ᠸᠠᠩ ᠮᠢᠩ ᠶᠠᠩ᠂ ᠵᠧᠤ ᠬᠠᠩ᠂ ᠴᠧ ᠯᠦᠨ᠂ ᠸᠠᠩ ᠶᠢᠩ ᠴᠢᠶᠦ᠋ᠨ᠂ ᠵᠠᠩ ᠴᠢᠤᠸᠠᠨ᠂ ᠯᠢ ᠶᠢᠩ ᠺᠦᠨ᠂ ᠵᠠᠩ ᠵᠢᠩ ᠵᠢᠩ᠂ ᠼᠦᠢ ᠶᠠᠨ ᠪᠥᠸᠧ ᠵᠢᠴᠢ ᠬᠠᠮᠢᠶ᠎ᠠ ᠪᠥᠬᠦᠶ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃  ᠬᠤᠷᠠᠯ ᠠᠴᠠ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠠᠤᠯᠢ ᠪᠠᠷ ᠵᠠᠰᠠᠬᠤ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠠᠬᠢ ᠬᠦᠳᠦᠯᠥᠨ ᠳᠠᠭᠠᠭᠤᠯᠬᠤ᠂ ᠵᠢᠷᠤᠮᠵᠢᠭᠤᠯᠬᠤ ᠪᠠ ᠪᠠᠲᠤᠯᠠᠬᠤ ᠦᠢᠯᠡᠳᠦᠯ ᠢ ᠭᠦᠨᠵᠡᠭᠡᠢ ᠲᠠᠨᠢᠵᠤ᠂ ᠬᠠᠤᠯᠢ ᠪᠠᠷ ᠵᠠᠰᠠᠬᠤ ᠰᠡᠳᠬᠢᠬᠦᠢ ᠪᠣᠯᠤᠨ ᠬᠠᠤᠯᠢ ᠪᠠᠷ ᠵᠠᠰᠠᠬᠤ ᠠᠷᠭ᠎ᠠ ᠬᠡᠯᠪᠡᠷᠢ ᠪᠠᠷ ᠠᠰᠠᠭᠤᠳᠠᠯ ᠢ ᠰᠢᠢᠳᠪᠦᠷᠢᠯᠡᠬᠦ᠂ ᠠᠵᠢᠯ ᠢᠶᠠᠨ ᠠᠬᠢᠭᠤᠯᠬᠤ ᠴᠢᠳᠠᠪᠤᠷᠢ ᠪᠠᠨ ᠲᠠᠰᠤᠷᠠᠯᠳᠠ ᠦᠭᠡᠢ ᠴᠢᠩᠭᠠᠳᠬᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠬᠠᠤᠯᠢ ᠪᠠᠷ ᠵᠠᠰᠠᠬᠤ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠲᠤᠬᠠᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠠᠤᠯᠢ ᠬᠡᠷᠡᠭᠵᠢᠭᠦᠯᠬᠦ ᠲᠦᠪᠰᠢᠨ ᠢ ᠬᠠᠤᠯᠢ ᠶᠣᠰᠣᠭᠠᠷ ᠳᠡᠭᠡᠭᠰᠢᠯᠡᠭᠦᠯᠵᠦ᠂ ᠨᠡᠶᠢᠭᠡᠮ ᠤᠨ ᠵᠥᠷᠢᠴᠡᠯ ᠢ ᠢᠳᠡᠪᠬᠢᠲᠡᠢ ᠨᠠᠮᠳᠠᠭᠤᠯᠵᠤ᠂ ᠲᠡᠷᠢᠭᠦᠨ ᠤ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠭᠦᠴᠡᠯ ᠢ ᠪᠤᠢ ᠪᠣᠯᠭᠠᠵᠤ᠂ ᠬᠠᠤᠯᠢ ᠶᠢ ᠪᠣᠯᠪᠠᠰᠤᠨ ᠢᠶᠠᠷ ᠰᠠᠬᠢᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ ᠴᠢᠬᠤᠯᠠ ᠶᠡᠭᠡ ᠡᠭᠦᠷᠭᠡ ᠶᠢ ᠦᠨᠡᠨ ᠬᠦ ᠡᠭᠦᠷᠭᠡᠯᠡᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠨᠢᠭᠡᠴᠢ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰ ᠬᠦᠷᠢᠶᠡᠨ ᠤ ᠬᠠᠤᠯᠢ ᠪᠠᠷ ᠵᠠᠰᠠᠬᠤ ᠠᠵᠢᠯ ᠤᠨ ᠪᠣᠳᠠᠲᠠᠢ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠰᠤᠳᠤᠯᠤᠨ ᠲᠣᠭᠲᠠᠭᠠᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠬᠦᠷᠢᠶᠡᠨ ᠤ ᠠᠵᠢᠯ ᠤᠨ ᠬᠠᠤᠯᠢ  ᠪᠠᠷ ᠵᠠᠰᠠᠬᠤ ᠲᠦᠪᠰᠢᠨ ᠢ ᠦᠨᠡᠨ ᠬᠦ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠦᠴᠦᠷᠬᠡᠭ ᠶᠡᠭᠡ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃  
 
ᠢᠷᠡᠯᠲᠡ᠄ ᠤᠯᠠᠭᠠᠨᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号