2024 ᠣᠨ ᠳᠤ᠂ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠳᠠᠪᠠᠭᠤᠯᠢᠭ ᠢᠶᠠᠨ | ᠴᠢᠩᠭᠠᠳᠬᠠᠬᠤ᠂ ᠳᠤᠲᠠᠭᠤᠳᠠᠯ ᠢᠶᠠᠨ ᠨᠥᠬᠦᠪᠥᠷᠢᠯᠡᠬᠦ᠂ ᠬᠤᠷᠢᠭ᠎ᠠ ᠱᠤᠭᠤᠮ ᠢ ᠰᠠᠬᠢᠬᠤ᠂ ᠡᠮᠦᠨ᠎ᠡ ᠹᠷᠤᠨᠲ ᠪᠠᠷ | ᠬᠦᠨᠵᠡᠭᠡᠶᠢᠷᠡᠬᠦ ᠶᠢ ᠪᠠᠷᠢᠮᠲᠠᠯᠠᠵᠤ᠂ ᠬᠤᠶᠠᠷ ᠶᠡᠭᠡ ᠶᠠᠪᠤᠳᠠᠯ ᠤᠨ ᠲᠣᠭᠤᠷᠢᠨ ᠳᠤ ︽ᠠᠷᠪᠠᠨ ᠵᠢᠷᠭᠤᠭᠠᠨ ᠦᠰᠦᠭ ᠤᠨ | ᠶᠡᠷᠦᠩᠬᠡᠢ ᠱᠠᠭᠠᠷᠳᠠᠯᠭ᠎ᠠ︾ ᠶᠢ ᠭᠦᠨᠵᠡᠭᠡᠢ ᠦᠢᠯᠡᠳᠦᠯᠭᠡᠵᠢᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ | ᠲᠦᠪᠰᠢᠨ ᠲᠣᠭᠲᠠᠭᠤᠨ ᠤ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠵᠡᠢ᠃ ᠳᠣᠲᠣᠭᠠᠳᠤ ᠶᠢ | ᠬᠠᠮᠠᠭᠠᠯᠠᠬᠤ ᠲᠡᠮᠦᠷ ᠴᠡᠷᠢᠭ ᠤᠨ ᠡᠩᠨᠡᠭᠡ ᠶᠢ ᠳᠠᠪᠲᠠᠨ ᠪᠣᠯᠪᠠᠰᠤᠷᠠᠭᠤᠯᠪᠠ᠃ ᠬᠢᠩᠭᠠᠨ ᠠᠶᠢᠮᠠᠬ ᠤᠨ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠢᠮᠠᠭᠲᠠ ᠦᠵᠡᠯ ᠰᠠᠨᠠᠭ᠎ᠠ ᠤᠯᠤᠰ ᠲᠦᠷᠦ ᠶᠢᠨ ᠪᠠᠶᠢᠭᠤᠯᠤᠯᠲᠠ ᠶᠢ ᠰᠠᠭᠤᠷᠢᠯᠠᠬᠤ | ᠴᠢᠨᠠᠷᠲᠠᠢ᠂ ᠤᠳᠤᠷᠢᠳᠤᠮᠵᠢ ᠶᠢᠨ ᠴᠢᠨᠠᠷᠲᠠᠢ᠂ ᠪᠠᠶᠢᠩᠭᠤ ᠶᠢᠨ ᠴᠢᠨᠠᠷᠲᠠᠢ ᠠᠵᠢᠯ ᠪᠣᠯᠭᠠᠨ ᠴᠢᠩᠭ᠎ᠠ ᠠᠳᠬᠤᠵᠤ᠂ | ᠦᠵᠡᠯ ᠰᠠᠨᠠᠭ᠎ᠠ ᠪᠠᠷ ᠳᠠᠶᠢᠴᠢᠯᠠᠬᠤ᠂ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠨᠡᠶᠢᠲᠡᠯᠢᠭ ᠵᠢᠱᠢᠶ᠎ᠡ ᠪᠠᠷ | ᠬᠦᠳᠦᠯᠦᠨ ᠳᠠᠭᠠᠭᠤᠯᠬᠤ᠂ ᠦᠷ᠎ᠡ ᠪᠦᠲᠦᠮᠵᠢ ᠶᠢ ᠴᠢᠩᠭᠠᠳᠬᠠᠵᠤ᠂ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ | ᠦᠵᠡᠯ ᠰᠠᠨᠠᠭᠠᠨ ᠤ ᠰᠠᠭᠤᠷᠢ ᠶᠢ ᠲᠠᠰᠤᠷᠠᠯᠳᠡ ᠦᠭᠡᠢ ᠪᠠᠬᠢᠵᠢᠭᠦᠯᠪᠠ᠃ ︽ᠨᠠᠮ ᠤᠨ ᠪᠠᠶᠢᠭᠤᠯᠤᠯᠲᠠ ᠶᠢ ᠠᠳᠬᠤᠬᠤ᠂ | ᠬᠡᠪ ᠴᠢᠨᠠᠷ ᠢ ᠴᠢᠩᠭᠠᠳᠬᠠᠬᠤ᠂ ᠰᠤᠷᠲᠠᠯ ᠢ ᠴᠡᠭᠴᠡᠯᠡᠬᠦ᠂ ᠲᠦᠷᠢ ᠲᠥᠷᠬᠦ ᠶᠢ ᠱᠤᠭᠤᠬᠤ︾ ᠲᠤᠰᠬᠠᠶ | ᠠᠵᠢᠯᠯᠠᠭ᠎ᠠ ᠶᠢ ᠤᠨᠴᠠᠯᠢᠬᠳᠤ ᠠᠴᠢᠶᠠᠯᠠᠪᠤᠷᠢ ᠪᠣᠯᠭᠠᠵᠤ᠂ ᠡᠯ᠎ᠡ ᠱᠠᠲᠤᠨ ᠤ ᠨᠠᠮ ᠤᠨ ᠬᠤᠷᠢᠶᠠᠨ ᠤ ᠤᠨᠤᠯ | ᠰᠤᠷᠤᠯᠴᠠᠬᠤ ᠭᠤᠣᠯ ᠳᠤᠭᠤᠶᠢᠯᠠᠩ 97 ᠤᠳᠠᠭ᠎ᠠ ᠲᠥᠪᠯᠡᠷᠡᠭᠦᠯᠦᠨ ᠰᠤᠷᠤᠯᠴᠠᠵᠤ᠂ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠰᠡᠷᠡᠮᠵᠢᠯᠡᠭᠦᠯᠬᠦ ᠬᠥᠮᠦᠵᠢᠯ ᠢ 341 ᠤᠳᠠᠭ᠎ᠠ ᠥᠷᠨᠢᠭᠦᠯᠵᠦ᠂ 2443 ᠤᠳᠠᠭ᠎ᠠ | ᠲᠥᠪᠯᠡᠷᠡᠭᠦᠯᠦᠨ ᠰᠤᠷᠤᠯᠴᠠᠪᠠ᠃ ᠨᠠᠮ ᠤᠨ ᠡᠭᠦᠷ ᠤᠨ ᠱᠦᠵᠢ ᠨᠠᠮ ᠤᠨ ᠬᠢᠴᠢᠶᠡᠯ ᠢ 278 ᠤᠳᠠᠭ᠎ᠠ ᠣᠷᠣᠵᠤ᠂ | ᠰᠡᠷᠡᠮᠵᠢᠯᠡᠭᠦᠯᠬᠦ ᠬᠥᠮᠦᠵᠢᠯ ᠤᠨ ᠭᠤᠣᠯ ᠰᠡᠳᠦᠪᠲᠦ ᠨᠠᠮ ᠤᠨ ᠡᠳᠦᠷᠯᠢᠭ ᠤᠨ ᠠᠵᠢᠯᠯᠠᠭ᠎ᠠ ᠶᠢ 235 ᠤᠳᠠᠭ᠎ᠠ | ᠦᠷᠨᠢᠬᠦᠯᠵᠦ᠂ ᠤᠯᠤᠰ ᠲᠦᠷᠦ ᠶᠢᠨ ᠪᠣᠯᠪᠠᠰᠤᠷᠠᠯ ᠢ 87 ᠬᠤᠭᠤᠴᠠᠭ᠎ᠠ ᠡᠷᠬᠢᠯᠡᠵᠤ᠂ ᠠᠷᠠᠳ ᠤᠨ ᠴᠠᠬᠳᠠᠭ᠎ᠠ ᠪᠠ | ᠳᠤᠰᠠᠯᠠᠬᠴᠢ ᠴᠠᠭᠳᠠᠭ᠎ᠠ ᠶᠢ 9300 ᠭᠠᠷᠤᠢ ᠬᠥᠮᠦᠨ ᠤᠳᠠᠭ᠎ᠠ ᠬᠠᠮᠤᠷᠴᠤ᠂ ᠪᠦᠷᠬᠦᠴᠡ ᠶᠢᠨ ᠨᠤᠷᠮ᠎ᠠ ᠨᠢ | 100% ᠳᠤ ᠬᠦᠷᠴᠦ᠂ ᠡᠩᠨᠡᠭᠡᠨ ᠤ ᠦᠵᠡᠯ ᠰᠠᠨᠠᠭ᠎ᠠ ᠶᠢ ᠴᠢᠨᠠᠭᠰᠢᠳᠠ ᠴᠢᠩᠭᠠᠳᠬᠠᠵᠤ᠂ ᠥᠨᠳᠥᠷ ᠬᠡᠪ | ᠪᠣᠯᠪᠠᠰᠤᠷᠠᠯ ᠲᠠᠢ ᠬᠢᠩᠭᠠᠨ ᠠᠶᠢᠮᠠᠬ ᠤᠨ ᠳᠣᠲᠣᠭᠠᠳᠤ ᠶᠢ ᠬᠠᠮᠠᠭᠠᠯᠠᠬᠤ ᠲᠡᠮᠤᠷ ᠴᠡᠷᠢᠭ ᠤᠨ ᠡᠩᠨᠡᠭᠡ ᠶᠢ ᠬᠦᠴᠦᠯᠡᠨ | ᠳᠠᠪᠲᠠᠨ ᠪᠣᠯᠪᠠᠰᠤᠷᠠᠭᠤᠯᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠦ | ᠴᠤᠬᠴᠠᠯᠠᠬᠤ ᠪᠠᠷ ᠠᠵᠢᠯ ᠤᠨ ᠭᠤᠣᠯ ᠱᠤᠭᠤᠮ ᠪᠣᠯᠭᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠨᠢᠭᠡ ᠴᠤᠭᠴᠠᠵᠢᠭᠤᠯᠤᠨ ᠲᠦᠯᠬᠢᠨ ᠠᠬᠢᠭᠤᠯᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ | ᠢᠯᠵᠢᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡ ᠴᠤᠭᠴᠠᠵᠢᠭᠤᠯᠤᠨ ᠬᠢᠵᠦ᠂ | ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠵᠢᠴᠢ ᠪᠦᠬᠦ | ᠤᠯᠤᠰ ᠤᠨ ᠳᠣᠲᠣᠭᠠᠳᠤ ᠶᠢ ᠬᠠᠮᠠᠭᠠᠯᠠᠬᠤ ᠠᠵᠢᠯ ᠤᠨ ᠬᠤᠷᠠᠯᠳᠤᠭᠠᠨ ᠤ ᠵᠣᠷᠢᠭ ᠰᠠᠨᠠᠭ᠎ᠠ ᠶᠢ ᠤᠬᠠᠭᠤᠯᠤᠨ | ᠲᠠᠶᠢᠯᠪᠤᠷᠢᠯᠠᠬᠤ ᠤᠯᠤᠰ ᠲᠦᠷᠦ ᠶᠢᠨ ᠪᠣᠯᠪᠠᠰᠤᠷᠠᠯ ᠤᠨ ᠠᠩᠬᠢ︾ ᠶᠢ ᠡᠷᠬᠢᠯᠡᠵᠦ᠂ ᠤᠯᠤᠰ ᠲᠦᠷᠦ ᠶᠢᠨ | ᠪᠠᠶᠢᠭᠤᠯᠭ᠎ᠠ ᠶᠢᠨ ᠦᠵᠡᠯ ᠤᠬᠠᠮᠰᠠᠷ ᠤᠨ ᠬᠥᠮᠦᠵᠢᠯ ᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ | ᠲᠡᠶᠢᠰᠢ ᠲᠠᠰᠤᠷᠠᠯᠳᠠ ᠦᠭᠡᠢ ᠥᠷᠭᠡᠳᠭᠡᠬᠦ ᠶᠢ ᠦᠷᠭᠦᠯᠵᠢᠯᠡᠨ ᠲᠦᠯᠬᠢᠨ ᠠᠬᠢᠭᠤᠯᠪᠠ᠃ ᠨᠢᠳᠤᠨᠤᠨ ᠵᠢᠯ᠂ ᠬᠢᠨᠭ᠍ᠭᠠᠨ | ᠠᠶᠢᠮᠠᠭ ᠤᠨ ᠳᠤᠳᠤᠭᠠᠳᠦ ᠶᠢ ᠬᠠᠮᠠᠭᠠᠯᠠᠬᠤ ᠪᠠᠶᠢᠭᠤᠯᠭ᠎ᠠ ᠶᠢᠨ 8 ᠬᠠᠮᠲᠤ ᠨᠡᠶᠢᠲᠡ᠂ 65 ᠬᠤᠪᠢ ᠬᠥᠮᠦᠨ ᠲᠢᠩᠬᠢᠮ | ᠲᠣᠪᠴᠢᠶ᠎ᠠ ᠶᠢᠨ ᠲᠠᠰ ᠠᠴᠠ ᠳᠡᠭᠡᠭᠰᠢᠬᠢ ᠬᠥᠬᠢᠭᠦᠯᠦᠯ ᠢ ᠭᠥᠷᠳᠡᠵᠦ᠂ ᠨᠡᠶᠢᠲᠡᠯᠢᠭ ᠵᠢᠱᠢᠶ᠎ᠡ ᠶᠢᠨ ᠨᠥᠯᠥᠭᠡᠯᠡᠬᠦ | ᠦᠢᠯᠡᠳᠦᠯ ᠢ ᠪᠠᠳᠠᠷᠠᠭᠤᠯᠤᠨ᠂ ︽ᠬᠠᠭᠤᠴᠢᠨ ᠨᠡᠶᠢᠲᠡᠯᠢᠭ ᠵᠢᠱᠢᠶ᠎ᠡ ᠶᠢ ᠪᠠᠶᠢᠩᠭᠤ ᠪᠣᠶ ᠪᠣᠯᠭᠠᠵᠤ ᠰᠢᠨ᠎ᠡ ᠶᠢ | ᠡᠭᠦᠳᠴᠦ᠂ ᠰᠢᠨ᠎ᠡ ᠨᠡᠶᠢᠲᠡᠯᠢᠭ ᠵᠢᠱᠢᠶ᠎ᠡ ᠵᠠᠯᠭᠠᠭ᠎ᠠ ᠪᠠᠷ ᠢᠯᠡᠷᠡᠨ ᠭᠠᠷᠬᠤ︾ ᠠᠵᠢᠯ ᠤᠨ ᠪᠠᠶᠢᠳᠠᠯ ᠢ ᠪᠣᠶ ᠪᠣᠯᠭᠠᠵᠠᠢ᠃ | ᠡᠬᠦᠨ ᠠᠴᠠ ᠭᠠᠳᠠᠨ᠎ᠠ᠂ ᠬᠠᠮᠲᠤ ᠨᠡᠶᠢᠳᠡ ᠢᠢᠨ ᠨᠢᠭᠡᠳᠦᠭᠡᠷ ᠳᠡᠰ ᠤᠨ ᠭᠠᠪᠢᠶ᠎ᠠ ᠪᠠᠶᠢᠭᠤᠯᠬᠤ᠂ ᠵᠢᠰᠦᠳᠦᠭᠡᠷ | ᠪᠦᠯᠦᠭ ᠤᠨ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠨᠢᠭᠡᠴᠢ᠂ ᠪᠦᠬᠦ | ᠣᠷᠣᠨ ᠤ ᠪᠣᠯᠪᠠᠰᠤᠨ ᠨᠢᠭᠡᠴᠢ᠂ ᠥᠪᠡᠷᠲᠡᠭᠡᠨ ᠵᠠᠰᠠᠬᠤ ᠣᠷᠣᠨ ᠤ ︽ᠠᠷᠠᠳ ᠲᠦᠮᠡᠨ ᠳᠤ ᠲᠠᠭᠠᠰᠢᠶᠠᠭᠳᠠᠭᠰᠠᠨ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠢ︾ ᠶᠢᠨ ᠢᠷᠠᠭᠤ ᠠᠯᠳᠠᠷ ᠢ ᠳᠠᠷᠠᠭᠠᠯᠠᠨ ᠬᠦᠷᠳᠡᠭᠰᠡᠨ ᠪᠠᠶᠢᠨ᠎ᠠ᠃ | ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠬᠢᠩᠭᠠᠨ ᠠᠶᠢᠮᠠᠬ ᠤᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠴᠣᠬᠢᠯᠲᠠ ᠥᠭᠬᠦ᠂ ᠰᠡᠷᠭᠡᠶᠢᠯᠡᠬᠦ᠂ ᠬᠠᠮᠢᠶᠠᠷᠬᠤ᠂ ᠵᠠᠰᠠᠬᠤ᠂ | ᠤᠬᠠᠭᠤᠯᠬᠤ︾ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠩᠭᠠᠳᠬᠠᠵᠤ᠂ ︽ᠬᠠᠤᠯᠢ ᠬᠡᠷᠡᠭᠵᠢᠭᠦᠯᠬᠦ | ᠶᠠᠰᠤ ᠴᠢᠨᠠᠷ ᠢ ᠳᠡᠭᠡᠭᠰᠢᠯᠡᠭᠦᠯᠬᠦ ᠣᠨ︾ ᠤ ᠲᠤᠰᠬᠠᠶ ᠠᠵᠢᠯᠯᠠᠭ᠎ᠠ ᠪᠠᠷ ᠬᠥᠲᠥᠯᠦᠮᠵᠢ ᠪᠣᠯᠭᠠᠵᠤ᠂ ᠬᠠᠤᠯᠢ | ᠬᠡᠷᠡᠭᠵᠢᠭᠦᠯᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠰᠢᠰᠲ᠋ᠧᠮ᠂ ᠬᠠᠤᠯᠢ ᠬᠡᠷᠡᠭᠵᠢᠭᠦᠯᠬᠦ ᠭᠤᠤᠯ ᠴᠣᠭᠴᠠ ᠶᠢᠨ | ᠪᠠᠶᠢᠭᠤᠯᠤᠯᠲᠠ ᠶᠢᠨ ᠰᠢᠰᠲ᠋ᠧᠮ᠂ ᠬᠠᠤᠯᠢ ᠶᠣᠰᠣᠭᠠᠷ ᠬᠠᠤᠯᠢ ᠬᠡᠷᠡᠭᠵᠢᠭᠦᠯᠬᠦ ᠡᠭᠦᠷᠭᠡ ᠲᠤᠰᠢᠶᠠᠯ ᠢᠶᠠᠨ ᠭᠦᠢᠴᠡᠳᠭᠡᠬᠦ | ᠰᠢᠰᠲ᠋ᠧᠮ᠂ ᠬᠠᠤᠯᠢ ᠬᠡᠷᠡᠭᠵᠢᠭᠦᠯᠬᠦ ᠶᠠᠪᠤᠴᠠ ᠳᠤ ᠬᠢᠨᠠᠯᠲᠠ ᠲᠠᠯᠪᠢᠬᠤ ᠰᠢᠰᠲ᠋ᠧᠮ᠂ ᠬᠠᠤᠯᠢ ᠬᠡᠷᠡᠭᠵᠢᠭᠦᠯᠬᠦ ᠬᠦᠴᠦᠨ | ᠵᠦᠢᠯ ᠤᠨ ᠪᠠᠲᠤᠯᠠᠭ᠎ᠠ ᠶᠢᠨ ᠰᠢᠰᠲ᠋ᠧᠮ ᠢ ᠬᠦᠴᠦᠯᠡᠨ ᠪᠦᠷᠢᠨᠰᠢᠬᠦᠯᠪᠡ᠃ ᠬᠠᠤᠯᠢ ᠬᠡᠷᠡᠭᠵᠢᠭᠦᠯᠦᠯᠲᠡ ᠶᠢᠨ | ᠵᠢᠷᠤᠮᠵᠢᠭᠤᠯᠤᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠰᠠᠭᠤᠷᠢᠨ ᠳᠡᠭᠡᠷ᠎ᠡ᠂ ᠬᠢᠩᠭᠠᠨ ᠠᠶᠢᠮᠠᠬ ᠤᠨ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠴᠢᠩᠭ᠎ᠠ ᠴᠣᠬᠢᠯᠲᠠ ᠥᠭᠬᠦ ᠴᠢᠭᠯᠡᠯᠲᠡ ᠶᠢ | ᠢᠮᠠᠭᠲᠠ ᠭᠤᠶᠢᠪᠢᠰᠢ ᠦᠭᠡᠶ ᠪᠠᠷᠢᠮᠲᠠᠯᠠᠵᠤ᠂ ︽ᠲᠦᠭᠰᠢᠭᠦᠷᠢ ᠶᠢ ᠰᠡᠷᠭᠡᠶᠢᠯᠡᠨ ᠡᠵᠡᠮᠳᠡᠬᠦ︾ ᠡᠨᠡᠬᠦ ᠴᠢᠬᠤᠯᠠ | ᠡᠭᠦᠷᠭᠡ ᠶᠢ ᠴᠢᠩᠭ᠎ᠠ ᠠᠳᠬᠤᠵᠤ᠂ ︽ᠵᠣᠨ ᠤ ᠤᠯᠠᠷᠢᠯ ᠤᠨ ᠠᠵᠢᠯᠯᠠᠭ᠎ᠠ︾᠂ ︽ᠡᠪᠦᠯ ᠤᠨ ᠤᠯᠠᠷᠢᠯ ᠤᠨ | ᠠᠵᠢᠯᠯᠠᠭ᠎ᠠ︾ ᠵᠡᠷᠭᠡ ᠰᠢᠷᠢᠰ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠵᠥᠷᠢᠴᠡᠯ ᠵᠢᠭᠤᠷᠠᠯᠳᠤᠭᠠᠨ ᠢ | ᠵᠢᠭᠰᠠᠭᠠᠨ ᠪᠠᠶᠢᠴᠠᠭᠠᠵᠤ ᠠᠷᠢᠯᠭᠠᠬᠤ᠂ ᠭᠤᠤᠯᠳᠠᠯᠭ᠎ᠠ ᠲᠠᠢ ᠬᠥᠮᠦᠰ ᠢ ᠵᠢᠭᠰᠠᠭᠠᠨ ᠪᠠᠶᠢᠴᠠᠭᠠᠵᠤ ᠲᠣᠭᠲᠠᠭᠤᠨ ᠢᠶᠠᠷ | ᠡᠵᠡᠮᠳᠡᠬᠦ᠂ ᠭᠤᠤᠯᠳᠠᠯᠭ᠎ᠠ ᠲᠠᠢ ᠲᠠᠯᠠᠪᠤᠷ ᠭᠠᠵᠠᠷ ᠢ ᠪᠠᠶᠢᠴᠠᠭᠠᠵᠤ ᠴᠡᠭᠴᠡᠯᠡᠨ ᠵᠠᠰᠠᠬᠤ᠂ ᠬᠠᠤᠯᠢ ᠪᠠᠷ ᠵᠠᠰᠠᠬᠤ | ᠤᠬᠠᠭᠤᠯᠭ᠎ᠠ ᠬᠥᠮᠦᠵᠢᠯ ᠵᠡᠷᠭᠡ ᠲᠠᠪᠤᠨ ᠲᠠᠯ᠎ᠠ ᠶᠢᠨ ᠠᠵᠢᠯ ᠢ ᠭᠦᠨᠵᠡᠭᠡᠶ ᠥᠷᠨᠢᠭᠦᠯᠵᠠᠢ᠃ 2024 ᠣᠨ ᠠᠴᠠ | ᠨᠠᠭᠠᠰᠢ᠂ ᠪᠥᠬᠦ ᠠᠶᠢᠮᠠᠭ ᠤᠨ ᠳᠤᠳᠤᠭᠠᠳᠦ ᠶᠢ ᠬᠠᠮᠠᠭᠠᠯᠠᠬᠤ ᠪᠠᠶᠢᠭᠤᠯᠭ᠎ᠠ ᠠᠴᠠ ᠵᠥᠷᠢᠴᠡᠯ ᠵᠢᠭᠤᠷᠠᠯᠳᠤᠭᠠᠨ ᠢ | 15000 ᠭᠠᠷᠤᠶ ᠵᠢᠭᠰᠠᠭᠠᠨ ᠪᠠᠶᠢᠴᠠᠭᠠᠵᠤ᠂ ᠰᠢᠢᠳᠪᠦᠷᠢᠯᠡᠭᠰᠡᠨ ᠨᠣᠷᠮ᠎ᠠ ᠨᠢ 100% ᠳᠤ ᠬᠦᠷᠴᠡᠶ᠃ ᠵᠠᠮ | ᠬᠠᠷᠢᠯᠴᠠᠭᠠᠨ ᠤ ᠬᠠᠤᠯᠢ ᠶᠢ ᠵᠥᠷᠢᠴᠡᠭᠰᠡᠨ ᠡᠯ᠎ᠡ ᠵᠦᠢᠯ ᠤᠨ ᠠᠵᠢᠯᠯᠠᠭ᠎ᠠ ᠶᠢ ᠲᠤᠬᠠᠶ ᠶᠢᠨ ᠭᠠᠵᠠᠷ ᠲᠤᠨᠢ ᠨᠡᠶᠢᠳᠡ | 75 ᠲᠦᠮᠡ ᠭᠠᠷᠤᠶ ᠪᠠᠶᠢᠴᠠᠭᠠᠵᠦ᠂ ᠲᠤᠬᠠᠶ ᠶᠢᠨ ᠭᠠᠵᠠᠷ ᠲᠤᠨᠢ 42 ᠲᠦᠮᠡ ᠭᠠᠷᠤᠶ ᠶᠢ ᠰᠢᠢᠳᠪᠦᠷᠢᠯᠡᠵᠦ᠂ ᠵᠠᠮ | ᠬᠠᠷᠢᠯᠴᠠᠭᠠᠨ ᠤ ᠠᠮᠤᠷ ᠲᠦᠪᠰᠢᠨ ᠤ ᠪᠦᠬᠦᠯᠢ ᠴᠣᠭᠴᠠ ᠶᠢᠨ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠬᠤ ᠶᠢ | ᠪᠠᠳᠤᠯᠠᠵᠠᠢ᠃ ᠬᠢᠩᠭᠠᠨ ᠠᠶᠢᠮᠠᠬ ᠤᠨ ᠳᠤᠳᠤᠭᠠᠳᠦ ᠶᠢ ᠬᠠᠮᠠᠭᠠᠯᠠᠬᠤ ᠪᠠᠶᠢᠭᠤᠯᠭ᠎ᠠ ᠢᠮᠠᠭᠲᠠ ︽ᠠᠮᠤᠷ ᠠᠮᠤᠭᠤᠯᠠᠩ ᠢ | ᠬᠠᠮᠠᠭᠠᠯᠠᠬᠤ︾ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ︽ᠲᠤᠰᠬᠠᠶ ᠮᠡᠷᠭᠡᠵᠢᠯ + ᠲᠣᠭᠲᠠᠴᠠ + ᠲᠣᠮᠣ ᠳ᠋ᠠᠶᠢᠲ᠋ᠠ | ︾ ᠶᠢᠨ ᠰᠢᠨ᠎ᠡ ᠬᠡᠯᠪᠡᠷᠢ ᠶᠢᠨ ᠴᠠᠭᠳᠠᠭᠠᠨ ᠤ ᠶᠠᠪᠤᠳᠠᠯ ᠤᠨ ᠠᠵᠢᠯᠯᠠᠭᠠᠨ ᠤ ᠵᠠᠭᠪᠤᠷ ᠲᠤ ᠲᠦᠰᠢᠭᠯᠡᠨ᠂ | ᠲᠤᠰᠬᠠᠶᠢᠵᠢᠭᠰᠠᠨ ᠲᠣᠭᠲᠠᠴᠠ ᠶᠢ ᠰᠢᠯᠢᠳᠡᠭᠵᠢᠭᠦᠯᠦᠨ᠂ ᠲᠣᠮᠣ ᠳ᠋ᠠᠶᠢᠲ᠋ᠠ ᠶᠢᠨ ᠲᠤᠯᠭᠠᠭᠤᠷᠢᠯᠠᠯ ᠢ ᠪᠣᠳᠠᠲᠠᠶᠢᠵᠢᠭᠤᠯᠵᠤ | ᠂ ᠲᠤᠷᠰᠢᠨ ᠪᠠᠶᠢᠴᠠᠭᠠᠬᠤ ᠲᠥᠪ᠂ ᠮᠡᠬᠡᠯᠡᠯ ᠢ ᠡᠰᠡᠷᠭᠦᠴᠡᠬᠦ ᠲᠥᠪ ᠤᠨ ᠪᠣᠳᠠᠲᠤ ᠴᠣᠭᠴᠠᠲᠤ ᠠᠵᠢᠯᠯᠠᠭᠠᠨ᠂ ᠨᠢᠭᠤᠴᠠ | ᠮᠡᠳᠡᠭᠡ᠂ ᠵᠢᠯᠣᠭᠤᠳᠣᠯᠭ᠎ᠠ᠂ ᠠᠵᠢᠯᠯᠠᠭ᠎ᠠ ᠶᠢ ᠨᠢᠭᠡ ᠴᠤᠭᠴᠠᠵᠢᠭᠤᠯᠤᠨ ᠪᠥᠲᠥᠭᠡᠨ ᠪᠠᠶᠢᠭᠤᠯᠬᠤ᠂ ᠰᠦᠯᠵᠢᠶᠡᠨ | ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠨᠡᠶᠢᠯᠡᠭᠦᠯᠦᠨ ᠪᠠᠶᠢᠯᠳᠤᠬᠤ ᠵᠡᠷᠭᠡ ᠠᠷᠭ᠎ᠠ ᠪᠠᠷᠢᠯ ᠳᠤ ᠲᠦᠰᠢᠭᠯᠡᠨ᠂ | ᠴᠣᠬᠢᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠭᠰᠡᠨ ᠪᠠᠶᠢᠨ᠎ᠠ᠃ 2024 | ᠣᠨ ᠳᠤ᠂ ᠬᠢᠩᠭᠠᠨ ᠠᠶᠢᠮᠠᠬ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠤᠷᠤᠰᠬᠠᠯ ᠢ ᠰᠦᠷᠦᠨ | ᠤᠷᠤᠭᠰᠢᠯᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠪᠦᠬᠦ ᠠᠶᠢᠮᠠᠭ ᠤᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠬᠡᠷᠡᠭ ᠲᠤ | ᠬᠤᠯᠪᠣᠭᠳᠠᠭᠰᠠᠨ ᠵᠣᠭᠤᠰ ᠤᠨ ᠲᠤᠭ᠎ᠠ ᠨᠢ ᠲᠤᠰ ᠲᠤᠰ 10 ᠳ᠋ᠦᠩᠰᠢᠭᠤᠷ᠂ 15 ᠳ᠋ᠦᠩᠰᠢᠭᠤᠷ᠂ 50 | ᠳ᠋ᠦᠩᠰᠢᠭᠤᠷ ᠲᠤ ᠬᠦᠷᠦᠭᠰᠡᠨ ᠳᠣᠲᠣᠭᠠᠳᠤ ᠶᠢ ᠬᠠᠮᠠᠭᠠᠯᠠᠬᠤ ᠶᠠᠮᠤᠨ ᠤ ᠱᠠᠯᠠᠪᠳᠠᠭᠤᠯᠤᠨ ᠰᠢᠢᠳᠪᠦᠷᠢᠯᠡᠭᠦᠯᠦᠭᠰᠡᠨ | ᠭᠤᠷᠪᠠᠨ ᠣᠨᠴᠠ ᠶᠡᠭᠡ ᠬᠡᠷᠡᠭ ᠢ ᠵᠠᠯᠭᠠᠪᠡᠷ ᠲᠠᠩᠨᠠᠨ ᠢᠯᠡᠷᠡᠭᠦᠯᠵᠠᠢ᠃ ᠪᠥᠬᠦ ᠠᠶᠢᠮᠠᠭ ᠤᠨ ᠡᠷᠡᠭᠦᠦ ᠶᠢᠨ ᠬᠡᠷᠡᠭ | ᠪᠣᠯᠭᠠᠨ ᠳᠠᠩᠰᠠᠯᠠᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 13.5% ᠪᠠᠷ ᠪᠠᠭᠤᠷᠠᠵᠤ᠂ ᠬᠤᠯᠠᠭᠠᠶᠢᠯᠠᠬᠤ | ᠲᠥᠷᠥᠯ ᠤᠨ ᠬᠡᠷᠡᠭ ᠤᠨ ᠬᠡᠷᠡᠭ ᠪᠣᠯᠭᠠᠨ ᠳᠠᠩᠰᠠᠯᠠᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 30. | 1% ᠪᠠᠷ ᠪᠠᠭᠤᠷᠠᠵᠤ᠂ ᠠᠮᠢᠨ ᠬᠡᠷᠡᠭ ᠤᠨ ᠲᠤᠭ᠎ᠠ ᠠᠳᠠᠯᠢ ᠬᠤᠭᠤᠴᠠᠭᠠᠨ ᠤ ᠬᠢ ᠠᠴᠠ 56% ᠪᠠᠷ ᠪᠠᠭᠤᠷᠠᠵᠤ᠂ | ᠠᠷᠠᠳ ᠣᠯᠠᠨ ᠤ ᠠᠮᠤᠷ ᠲᠦᠪᠰᠢᠨ ᠤ ᠲᠦᠷᠦᠭᠳᠡᠯ ᠤᠨ ᠴᠢᠨᠠᠷ ᠴᠢᠨᠰᠠᠭ᠎ᠠ ᠨᠠᠩ ᠥᠨᠳᠥᠷ᠂ ᠨᠠᠩ | ᠦᠷᠭᠦᠯᠵᠢᠯᠡᠬᠦ᠋ᠢᠴᠡ ᠪᠣᠯᠤᠭᠰᠠᠨ ᠪᠠᠶᠢᠨ᠎ᠠ᠃ ︽ᠤᠶᠤᠨᠴᠢ ᠳᠣᠲᠣᠭᠠᠳᠤ ᠶᠢ ᠬᠠᠮᠠᠭᠠᠯᠠᠬᠤ︾ ᠰᠢᠨ᠎ᠡ ᠬᠡᠯᠪᠡᠷᠢ ᠶᠢᠨ | ᠴᠠᠭᠳᠠᠭᠠᠨ ᠤ ᠶᠠᠪᠤᠳᠠᠯ ᠢ ᠪᠤᠢ ᠪᠤᠯᠭᠠᠵᠠᠢ᠃ ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠥᠬᠦ | ᠠᠶᠢᠮᠠᠭ ᠤᠨ ᠬᠠᠤᠯᠢ ᠬᠡᠷᠡᠭᠵᠢᠭᠦᠯᠬᠦ ᠪᠣᠳᠠᠲᠤ ᠪᠠᠶᠢᠳᠠᠯ ᠪᠣᠯᠤᠨ ᠦᠨᠳᠦᠰᠦᠨ ᠱᠠᠲᠤᠨ ᠤ ᠳᠤᠳᠤᠭᠠᠳᠦ ᠶᠢ ᠬᠠᠮᠠᠭᠠᠯᠠᠬᠤ | ᠰᠠᠯᠪᠤᠷᠢ ᠶᠢᠨ ᠲᠠᠷᠬᠠᠯᠲᠠ ᠨᠢ ᠥᠷᠭᠡᠨ᠂ ᠵᠠᠮ ᠬᠤᠯᠠ ᠪᠠᠶᠢᠬᠤ ᠣᠨᠴᠠᠯᠢᠭ ᠲᠠᠢ ᠪᠠᠨ ᠤᠶᠠᠯᠳᠤᠭᠤᠯᠤᠨ᠂ ᠬᠠᠤᠯᠢ | ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ ᠲᠥᠪ 7᠂ ᠬᠤᠪᠢᠶᠠᠷᠢ ᠲᠥᠪ 7᠂ ᠳᠤᠳᠤᠭᠠᠳᠦ ᠶᠢ | ᠬᠠᠮᠠᠭᠠᠯᠠᠬᠤ ᠰᠠᠯᠪᠤᠷᠢ ᠶᠢᠨ ᠤᠶᠤᠨᠴᠢ ᠬᠡᠷᠡᠭ ᠰᠢᠢᠳᠪᠦᠷᠢᠯᠡᠬᠦ ᠲᠣᠭᠤᠷᠢᠭ 8᠂ ᠳᠤᠳᠤᠭᠠᠳᠦ ᠶᠢ ᠬᠠᠮᠠᠭᠠᠯᠠᠬᠤ | ᠰᠠᠯᠪᠤᠷᠢ ᠶᠢᠨ ᠬᠡᠷᠡᠭ ᠬᠠᠮᠢᠶᠠᠷᠬᠤ ᠳᠤᠭᠤᠶᠢᠯᠠᠩ 14 ᠶᠢ ᠳᠤᠰ ᠳᠤᠰ ᠪᠠᠶᠢᠭᠤᠯᠤᠭᠰᠠᠨ ᠪᠠᠶᠢᠨ᠎ᠠ᠃ 2024 | ᠣᠨ ᠠᠴᠠ ᠨᠠᠭᠠᠰᠢ᠂ ᠪᠥᠬᠦ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠬᠠᠷᠠᠭᠠᠨ ᠳᠠᠪᠲᠠᠮᠵᠢ + | ᠲᠣᠮᠣ ᠳ᠋ᠠᠶᠢᠲ᠋ᠠ︾ ᠵᠡᠷᠭᠡ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠡᠷᠡᠭᠦᠦ ᠶᠢᠨ ᠬᠡᠷᠡᠭ ᠢ 1087 | ᠢᠯᠡᠷᠡᠭᠦᠯᠵᠦ᠂ ᠵᠠᠰᠠᠭ ᠵᠠᠬᠢᠷᠭᠠᠨ ᠤ ᠬᠡᠷᠡᠭ ᠢ 3372 ᠪᠠᠶᠢᠴᠠᠭᠠᠨ ᠰᠢᠢᠳᠪᠦᠷᠢᠯᠡᠵᠦ᠂ ᠰᠡᠵᠢᠭᠳᠡᠨ ᠢ 653 | ᠪᠠᠷᠢᠪᠴᠢᠯᠠᠵᠤ᠂ ᠣᠷᠭᠤᠳᠦᠦᠯ ᠬᠡᠷᠡᠭᠲᠡᠨ ᠢ 328 ᠪᠠᠷᠢᠪᠴᠢᠯᠠᠪᠠ᠃ ᠳᠣᠲᠣᠭᠠᠳᠤ ᠶᠢ ᠬᠠᠮᠠᠭᠠᠯᠠᠬᠤ | ᠦᠢᠯᠡᠴᠢᠯᠡᠭᠡ ᠨᠢ ᠤᠯᠠᠨ ᠲᠦᠮᠡᠨ ᠤ ᠠᠮᠢᠳᠤᠷᠠᠯ ᠳᠤ ᠲᠦᠬᠦᠮ ᠦᠵᠡᠬᠦᠯᠵᠠᠢ᠃ ᠤᠢᠢᠷ᠎ᠠ ᠶᠢᠨ ᠵᠢᠯ ᠤᠨ ᠲᠤᠷᠰᠢ᠂ | ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ︽ᠵᠠᠰᠠᠭ ᠢ ᠴᠣᠮᠬᠠᠳᠬᠠᠬᠤ᠂ ᠡᠷᠬᠡ ᠶᠢ | ᠳᠣᠷᠣᠭᠰᠢ ᠪᠠᠭᠤᠯᠭᠠᠬᠤ᠂ ᠬᠤᠷᠳᠤᠴᠠ ᠶᠢ ᠲᠦᠷᠭᠡᠳᠭᠡᠬᠦ᠂ ᠦᠷ᠎ᠡ ᠠᠰᠢᠭ ᠢ ᠨᠡᠮᠡᠭᠳᠡᠭᠦᠯᠬᠦ᠂ ᠠᠷᠠᠳ ᠲᠤ ᠲᠦᠭᠦᠮ | ᠦᠵᠡᠭᠦᠯᠬᠦ᠂ ᠠᠵᠤ ᠠᠬᠤᠶᠢᠯᠠᠯ ᠳᠤ ᠠᠰᠢᠭᠲᠠᠢ ᠪᠠᠶᠢᠯᠭᠠᠬᠤ︾ ᠵᠠᠷᠴᠢᠮ ᠶᠣᠰᠣᠭᠠᠷ᠂ ᠠᠷᠭ᠎ᠠ ᠪᠠᠷᠢᠯ ᠤᠨ ᠰᠢᠨ᠎ᠡ ᠶᠢ | ᠡᠭᠦᠳᠴᠦ᠂ ︽ᠳᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠣᠲᠣᠭᠠᠳᠤ ᠶᠢ | ᠬᠠᠮᠠᠭᠠᠯᠠᠬᠤ ᠥᠭᠡᠷᠡᠴᠢᠯᠡᠯᠲᠡ ᠶᠢᠨ ︽ᠬᠤᠷᠳᠤᠴᠠ︾ ᠶᠢ ᠲᠦᠷᠭᠡᠳᠭᠡᠵᠦ᠂ ᠬᠢᠨᠠᠨ ᠵᠥᠪᠰᠢᠶᠡᠷᠡᠬᠦ ᠲᠦᠷᠦᠯ ᠵᠦᠢᠯ ︽ | ᠤᠯᠠᠨ︾ ᠪᠠᠶᠢᠬᠤ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠭᠰᠡᠨ ᠪᠠᠶᠢᠨ᠎ᠠ᠃ ᠣᠳᠣᠬᠠᠨ ᠪᠣᠯᠲᠠᠯ᠎ᠠ᠂ ᠪᠦᠬᠦ | ᠠᠶᠢᠮᠠᠭ ᠲᠤ ᠨᠡᠶᠢᠲᠡ ︽ᠨᠢᠭᠡ ᠥᠷᠲᠡᠭᠡ ᠮᠠᠶ᠋ᠢᠭ︾ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠳᠤᠳᠤᠭᠠᠳᠦ ᠶᠢ ᠬᠠᠮᠠᠭᠠᠯᠠᠬᠤ ᠰᠠᠯᠪᠤᠷᠢ 68 ᠭᠠᠷᠭᠠᠵᠤ᠂ ᠪᠥᠬᠦ ᠠᠶᠢᠮᠠᠭ ᠤᠨ ᠪᠣᠶ ᠪᠥᠬᠦᠶ ᠡᠷᠦᠬᠡ ᠠᠮᠠ ᠶᠢᠨ | ᠳᠤᠳᠤᠭᠠᠳᠦ ᠶᠢ ᠬᠠᠮᠠᠭᠠᠯᠠᠬᠤ ᠰᠠᠯᠪᠤᠷᠢ ᠶᠢᠨ ᠳᠣᠭᠢᠷᠠᠭᠤᠯᠤᠭᠰᠠᠨ ︽ᠨᠢᠭᠡ ᠥᠷᠲᠡᠭᠡ ᠮᠠᠶ᠋ᠢᠭ︾ ᠤᠨ ᠳᠤᠳᠤᠭᠠᠳᠦ ᠶᠢ | ᠬᠠᠮᠠᠭᠠᠯᠠᠬᠤ ᠰᠠᠯᠪᠤᠷᠢ ᠨᠢ 100% ᠳᠤ ᠬᠦᠷᠴᠦ᠂ ᠠᠮᠤᠷ ᠢ ᠬᠠᠮᠠᠭᠠᠯᠠᠬᠤ᠂ ᠡᠷᠦᠬᠡ ᠠᠮᠠ ᠶᠢᠨ ᠶᠠᠪᠤᠳᠠᠯ᠂ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ 167 ᠵᠦᠢᠯ ᠤᠨ ᠥᠨᠳᠥᠷ ᠳᠠᠪᠲᠠᠮᠵᠢ ᠲᠠᠢ ᠲᠤᠬᠠᠶᠢᠯᠠᠭᠰᠠᠨ ᠠᠵᠢᠯ ᠢ | ᠭᠥᠯᠢᠶᠡᠨ ᠠᠪᠴᠤ ᠰᠢᠢᠳᠪᠦᠷᠢᠯᠡᠬᠦ ᠬᠦᠷᠲᠡᠯ᠎ᠡ ᠦᠷᠭᠦᠯᠵᠢᠯᠡᠭᠦᠯᠵᠦ᠂ ᠣᠯᠠᠨ ᠲᠦᠮᠡᠨ ᠵᠢᠴᠢ ᠠᠵᠤ ᠠᠬᠤᠶᠢᠯᠠᠯᠲᠠᠨ ᠤ | ᠡᠭᠦᠳᠡᠨ ᠳᠠᠬᠢ ᠳᠣᠲᠣᠭᠠᠳᠤ ᠶᠢ ᠬᠠᠮᠠᠭᠠᠯᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠲᠥᠬᠦᠮ ᠳᠡᠯᠭᠡᠭᠦᠷ︾ | ᠢ ᠪᠣᠶ ᠪᠣᠯᠭᠠᠵᠤ᠂ ᠨᠢᠭᠡᠨᠲᠡ ᠣᠯᠠᠨ ᠲᠦᠮᠡᠨ ᠳᠤ 20 ᠲᠦᠮᠡ ᠭᠠᠷᠤᠶ ᠬᠥᠮᠦᠨ ᠤᠳᠠᠭ᠎ᠠ ᠠᠰᠢᠭ ᠬᠦᠷᠲᠡᠭᠡᠪᠡ᠃ | ᠡᠭᠦᠨ ᠤ ᠬᠠᠮᠲᠤ ᠠᠶᠢᠮᠠᠭ ᠬᠤᠰᠢᠭᠤ ᠬᠤᠶᠠᠷ ᠱᠠᠲᠤᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠥᠪ᠂ ︽ | ᠨᠢᠭᠡ ᠥᠷᠲᠡᠭᠡ ᠮᠠᠶ᠋ᠢᠭ︾ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠳᠤᠳᠤᠭᠠᠳᠦ ᠶᠢ ᠬᠠᠮᠠᠭᠠᠯᠠᠬᠤ ᠰᠠᠯᠪᠤᠷᠢ᠂ | ᠨᠠᠮ ᠤᠨ ᠭᠡᠰᠢᠬᠦᠨ ᠤᠯᠠᠨ ᠲᠦᠮᠡᠨ ᠳᠤ ᠦᠢᠯᠡᠴᠢᠯᠡᠬᠦ ᠲᠥᠪ ᠤᠨ ᠳᠣᠲᠣᠭᠠᠳᠤ ᠶᠢ ᠬᠠᠮᠠᠭᠠᠯᠠᠬᠤ ᠶᠡᠷᠦᠩᠬᠡᠶᠢᠯᠡᠭᠰᠡᠨ | ᠴᠣᠩᠬᠤᠪᠴᠢ ᠳᠤ ︽ᠦᠨᠡᠯᠡᠯᠳᠡ︾ ᠶᠢᠨ ᠰᠢᠰᠲ᠋ᠧᠮ ᠢ ᠵᠠᠯᠭᠠᠨ ᠣᠷᠣᠭᠤᠯᠵᠤ᠂ ︽ᠦᠨᠡᠯᠡᠯᠳᠡ︾ ᠶᠢᠨ ᠲᠤᠭ᠎ᠠ | ᠪᠠᠷᠢᠮᠲᠠ ᠶᠢ ᠬᠤᠷᠠᠮᠳᠤᠭᠤᠯᠤᠨ᠂ ᠠᠵᠤ ᠠᠬᠤᠶᠢᠯᠠᠯ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ | ᠴᠣᠩᠬᠤᠪᠴᠢ ᠶᠢᠨ ᠦᠢᠯᠡᠴᠢᠯᠡᠭᠡᠨ ᠤ ᠰᠤᠷᠲᠠᠯ᠂ ᠦᠷ᠎ᠡ ᠪᠦᠲᠦᠮᠵᠢ᠂ ᠶᠠᠰᠤ ᠴᠢᠨᠠᠷ ᠲᠤ ᠪᠥᠬᠦ ᠲᠠᠯ᠎ᠠ ᠶᠢᠨ | ᠦᠨᠡᠯᠡᠯᠲᠡ ᠬᠢᠯᠭᠡᠪᠡ᠃ 2024 ᠣᠨ ᠤ 8 ᠰᠠᠷ᠎ᠠ ᠳᠤ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤᠨ ᠤ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠬᠠᠷᠢᠶᠠᠳᠦ ᠤᠷᠤᠨ ᠤ ᠨᠢᠭᠡᠨ ᠠᠷᠠᠯᠵᠢᠶ᠎ᠠ ᠬᠤᠳᠠᠯᠳᠤᠭᠠᠨ ᠤ | ᠺᠣᠮᠫᠠᠨᠢ ᠶᠢᠨ ᠠᠵᠢᠯᠲᠠᠨ ᠦ᠋ ᠣᠪᠣᠭᠲᠤ ᠶᠢᠨ ᠠᠵᠢᠯ ᠤᠨ ᠨᠥᠬᠦᠴᠡᠯ ᠢᠶᠠᠨ ᠠᠰᠢᠭᠯᠠᠨ᠂ ᠠᠵᠤ ᠠᠬᠤᠶᠢᠯᠠᠯ ᠤᠨ ᠡᠳ᠋ | ᠬᠥᠷᠥᠩᠭᠡ ᠶᠢ ᠳᠤᠷ᠎ᠠ ᠪᠠᠷ ᠢᠶᠠᠨ ᠡᠵᠡᠯᠡᠨ ᠠᠪᠤᠭᠰᠠᠨ ᠶᠠᠯᠠᠲᠤ ᠬᠡᠷᠡᠭ ᠢ ᠢᠯᠡᠷᠡᠭᠦᠯᠵᠦ᠂ ᠠᠵᠤ ᠠᠬᠤᠶᠢᠯᠠᠯ ᠤᠨ | ᠬᠤᠬᠢᠷᠠᠯ ᠳᠤ ᠤᠴᠠᠷᠠᠭᠤᠯᠬᠤ ᠠᠴᠠ ᠵᠠᠶᠢᠯᠠᠭᠤᠯᠵᠦ᠂ ᠠᠵᠤ ᠠᠬᠤᠶᠢᠯᠠᠯ ᠤᠨ ᠪᠤᠰᠤᠳ ᠠᠵᠢᠯᠳᠡᠳ ᠤᠨ ᠬᠠᠤᠯᠢ | ᠶᠤᠰᠤᠨ ᠤ ᠡᠷᠭᠡ ᠠᠰᠢᠭ ᠢ ᠬᠠᠮᠠᠭᠠᠯᠠᠬᠰᠠᠨ ᠪᠠᠶᠢᠨ᠎ᠠ᠃ ᠤᠶᠢᠷ᠎ᠠ ᠳᠤ᠂ ᠵᠠᠯᠠᠶᠢᠳ ᠬᠤᠰᠢᠭᠤᠨ ᠤ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ ᠰᠠᠭᠠᠳ ᠥᠬᠡᠶ ᠨᠡᠪᠲᠡᠷᠡᠬᠦ ᠵᠠᠮ ᠨᠡᠭᠡᠭᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠴᠠᠭᠳᠠᠭ᠎ᠠ | ᠪᠠ ᠠᠵᠤ ᠠᠬᠤᠶᠢᠯᠠᠯ ᠤᠨ ᠵᠥᠪᠳᠡᠯᠴᠡᠬᠦ ᠬᠤᠷᠠᠯ ᠬᠤᠷᠠᠯᠳᠤᠭᠤᠯᠵᠤ᠂ ᠬᠠᠷᠢᠶᠠᠲᠤ ᠣᠷᠣᠨ ᠤ ᠠᠵᠤ ᠠᠬᠤᠶᠢᠯᠠᠯ ᠳᠤ | ᠬᠠᠤᠯᠢ ᠴᠠᠭᠠᠵᠠ ᠶᠢᠨ ᠦᠨᠳᠦᠰᠤᠨ ᠮᠡᠳᠡᠯᠭᠡ ᠬᠦᠷᠭᠡᠨ᠂ ᠦᠢᠯᠡᠴᠢᠯᠡᠭᠡ ᠶᠢ ᠬᠦᠨᠵᠡᠭᠡᠶᠢᠷᠡᠬᠦᠯᠵᠦ᠂ ᠤᠷᠢᠳᠴᠢᠯᠠᠨ | ᠰᠡᠷᠡᠮᠵᠢᠯᠡᠭᠦᠯᠬᠦ ᠶᠢ ᠤᠷᠲᠤᠳᠬᠠᠨ᠂ ᠰᠡᠷᠭᠡᠶᠢᠯᠡᠯᠲᠡ ᠶᠢᠨ ᠱᠤᠭᠤᠮ ᠢ ᠤᠷᠤᠭᠰᠢ ᠰᠢᠯᠵᠢᠭᠦᠯᠵᠦ᠂ ᠬᠠᠷᠢᠶᠠᠲᠤ | ᠣᠷᠣᠨ ᠤ ᠥᠷᠭᠡᠨ ᠣᠯᠠᠨ ᠠᠵᠤ ᠠᠬᠤᠶᠢᠯᠠᠯ ᠤᠨ ᠨᠤᠲᠠᠯᠠᠯᠲᠠ ᠪᠠ ᠳᠡᠮᠵᠢᠯᠭᠡ ᠶᠢ ᠤᠯᠪᠠ᠃ ᠲᠦᠴᠢᠦᠸᠠᠨ | ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠵᠤ ᠠᠬᠤᠶᠢᠯᠠᠯ ᠳᠤ ︽ᠠᠶᠤᠯ ᠲᠦᠭᠰᠢᠭᠦᠷᠢ ᠶᠢ ᠰᠡᠷᠭᠡᠶᠢᠯᠡᠨ | ᠡᠵᠡᠮᠳᠡᠬᠦ ᠬᠠᠤᠯᠢ ᠴᠠᠭᠠᠵᠠ ᠶᠢᠨ ᠦᠢᠯᠡᠴᠢᠯᠡᠭᠡ︾ ᠶᠢ ᠬᠦᠷᠳᠡᠭᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ | ᠡᠵᠡᠩᠨᠡᠯᠲᠡ ᠶᠢᠨ ᠪᠣᠳᠠᠲᠠᠢ ᠪᠠᠶᠢᠳᠠᠯ ᠢ ᠦᠨᠳᠦᠰᠦᠯᠡᠨ᠂ ᠲᠤᠰᠬᠠᠢ ᠬᠥᠮᠦᠨ ᠵᠢᠭᠠᠨ ᠲᠣᠭᠲᠠᠭᠠᠨ ᠠᠵᠤ | ᠠᠬᠤᠶᠢᠯᠠᠯ ᠲᠠᠢ ᠨᠡᠪᠲᠡᠷᠡᠯᠴᠡᠨ ᠵᠣᠯᠭᠠᠭᠤᠯᠬᠤ ᠶᠢ ᠬᠠᠷᠢᠭᠤᠴᠠᠭᠤᠯᠵᠤ᠂ ᠣᠨᠴᠠᠭᠠᠶᠢᠯᠠᠨ ︽ᠨᠢᠭᠡ ᠨᠢᠭᠡ︾ ᠶᠢᠨ | ᠬᠠᠤᠯᠢ ᠴᠠᠭᠠᠵᠠ ᠶᠢᠨ ᠯᠠᠪᠯᠠᠯᠭ᠎ᠠ ᠥᠭᠬᠦ ᠪᠠᠷ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠳᠤ ᠴᠠᠭ ᠲᠤᠬᠠᠢ ᠳᠤᠨᠢ | ᠬᠠᠷᠢᠭᠤᠯᠲᠠ ᠥᠭᠴᠦ᠂ ᠬᠠᠨᠳᠤᠯᠭᠠᠲᠤ ᠴᠢᠨᠠᠷᠲᠠᠢ ᠪᠠᠷ ᠦᠨᠡᠯᠡᠨ ᠵᠠᠳᠠᠯᠤᠯᠲᠠ ᠬᠢᠵᠦ᠂ ᠠᠵᠤ ᠠᠬᠤᠶᠢᠯᠠᠯ ᠳᠤ ᠬᠠᠤᠯᠢ | ᠴᠠᠭᠠᠵᠠ ᠶᠢᠨ ᠯᠠᠪᠯᠠᠯᠭ᠎ᠠ ᠪᠣᠯᠤᠨ ᠠᠶᠤᠯ ᠲᠦᠭᠰᠢᠭᠦᠷᠢ ᠶᠢ ᠰᠡᠷᠭᠡᠶᠢᠯᠡᠬᠦ ᠰᠠᠨᠠᠭᠤᠯᠭ᠎ᠠ ᠬᠠᠩᠭᠠᠵᠠᠢ᠃ ᠬᠡᠷᠡᠭ ᠢ ᠲᠠᠩᠨᠠᠨ | ᠢᠯᠡᠷᠡᠭᠦᠯᠬᠦ᠂ ᠦᠢᠯᠡᠴᠢᠯᠡᠭᠡ ᠶᠢ ᠰᠢᠯᠢᠳᠡᠭᠵᠢᠭᠦᠯᠬᠦ ᠠᠴᠠ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠬᠦᠷᠲᠡᠯ᠎ᠡ᠂ | ᠬᠢᠩᠭᠠᠨ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠵᠤ ᠠᠬᠤᠶᠢᠯᠠᠯ ᠤᠨ ᠲᠣᠭᠲᠠᠭᠤᠨ ᠢᠶᠠᠷ | ᠬᠥᠭᠵᠢᠬᠦ ᠳᠤ ᠪᠠᠲᠤ ᠪᠠᠬᠢ ᠰᠠᠭᠤᠷᠢ ᠶᠢ ᠲᠠᠯᠪᠢᠵᠤ᠂ ᠰᠠᠶᠢᠨ ᠰᠠᠶᠢᠬᠠᠨ ᠬᠤᠳᠠᠯᠳᠤᠭ᠎ᠠ ᠡᠷᠬᠢᠯᠡᠬᠦ ᠣᠷᠴᠢᠨ | ᠲᠣᠭᠤᠷᠢᠨ ᠢ ᠪᠤᠢ ᠪᠣᠯᠭᠠᠵᠤ᠂ ᠠᠵᠤ ᠠᠬᠤᠶᠢᠯᠠᠯ ᠤᠨ ᠢᠳᠡᠷᠡᠭᠦᠨ ᠢᠶᠠᠷ ᠦᠰᠦᠨ ᠪᠤᠶᠢᠵᠢᠬᠤ ᠶᠢᠨ ᠪᠠᠲᠤ ᠪᠠᠬᠢ | ᠲᠦᠰᠢᠭ ᠪᠣᠯᠤᠭᠰᠠᠨ ᠪᠠᠶᠢᠨ᠎ᠠ᠃ ᡁᠢ ᠮᠢᠨ ᠬᠤᠨᠭ᠌ ᠮᠸᠢ ᠮᠡᠳᠡᠭᠡᠯᠡᠪᠡ |