ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ | ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ | ᠬᠢᠨᠠᠨ ᠪᠤᠳᠤᠬᠤ ᠠᠵᠢᠯ ᠳᠤ ᠴᠢᠬᠤᠯᠠ ᠵᠢᠭᠠᠪᠤᠷᠢ ᠥᠭᠴᠦ ᠂ ᠬᠢᠨᠠᠨ ᠪᠤᠳᠤᠬᠤ ᠠᠵᠢᠯ ᠪᠣᠯ ᠨᠠᠮ ᠪᠣᠯᠣᠨ ᠤᠯᠤᠰ ᠤᠨ | ᠬᠢᠨᠠᠯᠲᠠ ᠲᠠᠯᠪᠢᠬᠤ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠮᠥᠨ ᠃ ᠣᠶᠢᠷ᠎ᠠ ᠶᠢᠨ ᠵᠢᠯ ᠠᠴᠠ ᠬᠢᠨᠠᠨ | ᠪᠤᠳᠤᠬᠤ ᠪᠠᠶᠢᠭᠤᠯᠭ᠎ᠠ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ ᠠᠵᠤ ᠠᠬᠤᠢ ᠳᠤ | ᠬᠢᠨᠠᠯᠲᠠ ᠲᠠᠯᠪᠢᠬᠤ ᠪᠠᠶᠢᠷᠢ ᠲᠣᠭᠲᠠᠭᠠᠯᠲᠠ ᠳᠤ ᠰᠠᠭᠤᠷᠢᠯᠠᠵᠤ ᠂ ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠂ ᠤᠯᠤᠰ ᠤᠨ ᠠᠵᠤ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠂ ᠠᠶᠤᠯ ᠲᠦᠭᠰᠢᠭᠦᠷᠢ ᠭᠡᠮ | ᠰᠣᠭᠤᠭ ᠢ ᠢᠯᠡᠷᠡᠭᠦᠯᠬᠦ ᠂ ᠢᠯᠵᠢᠷᠡᠯ ᠢ ᠡᠰᠡᠷᠭᠦᠴᠡᠵᠦ ᠰᠠᠮᠠᠭᠤᠷᠠᠯ ᠢ ᠵᠠᠰᠠᠬᠤ ᠶᠢ ᠠᠬᠢᠭᠤᠯᠬᠤ ᠵᠡᠷᠭᠡ ᠲᠠᠯ᠎ᠠ ᠪᠠᠷ | ᠢᠳᠡᠪᠬᠢᠲᠡᠢ ᠦᠢᠯᠡᠳᠦᠯ ᠦᠵᠡᠭᠦᠯᠪᠡ ᠭᠡᠵᠦ ᠵᠢᠭᠠᠵᠤ ᠭᠠᠷᠭᠠᠵᠠᠢ ᠃ | ᠰᠢ ᠶᠢᠨ ᠫᠢᠩ ᠂ ᠰᠢᠨ᠎ᠡ ᠠᠶᠠᠨ ᠳᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠨᠠᠮ ᠤᠨ ᠲᠥᠪ ᠬᠤᠷᠢᠶ᠎ᠠ ᠶᠢᠨ ᠬᠢᠨᠠᠨ | ᠪᠤᠳᠤᠬᠤ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ ᠂ ᠭᠤᠣᠯ ᠬᠠᠷᠢᠭᠤᠴᠠᠯᠭ᠎ᠠ | ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ | ᠭᠦᠨᠵᠡᠭᠡᠶᠢᠷᠡᠭᠦᠯᠵᠦ ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ ᠂ ᠲᠥᠪᠯᠡᠷᠡᠩᠭᠦᠢ ᠨᠢᠭᠡᠳᠦᠯᠲᠡᠢ ᠂ ᠪᠦᠭᠦ | ᠲᠠᠯ᠎ᠠ ᠶᠢ ᠬᠠᠮᠤᠷᠤᠭᠰᠠᠨ ᠂ ᠡᠷᠬᠡ ᠰᠦᠷᠲᠦ ᠥᠨᠳᠥᠷ ᠪᠦᠲᠦᠮᠵᠢᠲᠡᠢ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ | ᠰᠢᠰᠲ᠋ᠧᠮ ᠢ ᠬᠦᠴᠦᠯᠡᠨ ᠪᠠᠶᠢᠭᠤᠯᠵᠤ ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠶᠠᠰᠤ ᠴᠢᠨᠠᠷ ᠪᠠ ᠦᠷ᠎ᠡ | ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ ᠂ ᠴᠢᠨᠠᠷ ᠰᠠᠶᠢᠲᠠᠢ ᠬᠢᠨᠠᠨ ᠪᠣᠳᠣᠯᠲᠠ ᠶᠢᠨ ᠬᠢᠨᠠᠯᠲᠠ | ᠲᠠᠯᠪᠢᠬᠤ ᠪᠠᠷ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠵᠦ ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ | ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃ ᠪᠦᠭᠦ ᠤᠯᠤᠰ ᠤᠨ ᠬᠢᠨᠠᠨ ᠪᠤᠳᠤᠬᠤ ᠠᠵᠢᠯ ᠤᠨ ᠬᠤᠷᠠᠯ | ᠵᠢᠴᠢ ᠪᠦᠭᠦ ᠤᠯᠤᠰ ᠤᠨ ᠬᠢᠨᠠᠨ ᠪᠤᠳᠤᠬᠤ ᠪᠠᠶᠢᠭᠤᠯᠭ᠎ᠠ ᠶᠢᠨ ᠲᠡᠷᠢᠭᠦᠨ ᠤ ᠬᠠᠮᠲᠤ ᠪᠣᠯᠣᠨ ᠲᠡᠷᠢᠭᠦᠨ ᠤ ᠠᠵᠢᠯᠲᠠᠨ ᠢ | ᠬᠥᠬᠢᠭᠦᠯᠦᠨ ᠰᠠᠶᠢᠰᠢᠶᠠᠬᠤ ᠶᠡᠭᠡ ᠬᠤᠷᠠᠯ 1 ᠰᠠᠷ᠎ᠠ ᠶᠢᠨ 10 ᠠᠴᠠ 11 ᠤ ᠡᠳᠦᠷ ᠪᠤᠯᠲᠠᠯ᠎ᠠ ᠪᠡᠭᠡᠵᠢᠩ ᠳᠤ | ᠬᠤᠷᠠᠯᠳᠤᠪᠠ ᠃ ᠬᠤᠷᠠᠯ ᠳᠡᠭᠡᠷ᠎ᠡ ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠦ᠋ ᠵᠧᠩ ᠯᠦᠩ ᠰᠢ ᠶᠢᠨ ᠫᠢᠩ ᠤᠨ ᠴᠢᠬᠤᠯᠠ ᠵᠢᠭᠠᠪᠤᠷᠢ ᠶᠢ | ᠤᠯᠠᠮᠵᠢᠯᠠᠵᠤ ᠂ ᠪᠦᠭᠦ ᠤᠯᠤᠰ ᠤᠨ ᠬᠢᠨᠠᠨ ᠪᠤᠳᠤᠬᠤ ᠪᠠᠶᠢᠭᠤᠯᠭ᠎ᠠ ᠶᠢᠨ 80 ᠲᠡᠷᠢᠭᠦᠨ ᠤ ᠬᠠᠮᠲᠤ ᠂ 45 ᠲᠡᠷᠢᠭᠦᠨ ᠤ | ᠠᠵᠢᠯᠲᠠᠨ ᠢ ᠬᠥᠬᠢᠭᠦᠯᠦᠨ ᠰᠠᠶᠢᠰᠢᠶᠠᠪᠠ ᠃ |