ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 16 ᠤ ᠴᠠᠭᠢᠯᠭᠠᠨ ᠮᠡᠳᠡᠭᠡ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ | ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠣᠨᠣᠪᠴᠢᠲᠠᠶ ᠡᠵᠡᠮᠰᠢᠵᠦ᠂ ᠪᠣᠳᠠᠲᠠᠢ | ᠨᠠᠶᠢᠳᠠᠪᠤᠷᠢᠵᠢᠭᠤᠯᠬᠤ ᠶᠢᠨ ᠲᠥᠯᠥᠭᠡ᠂ ᠲᠥᠪ ᠤᠨ ᠵᠣᠬᠢᠶᠠᠨ ᠪᠠᠶᠢᠭᠤᠯᠬᠤ ᠬᠡᠯᠲᠡᠰ ᠠᠴᠠ ᠵᠣᠬᠢᠶᠠᠨ ᠪᠠᠶᠢᠭᠤᠯᠵᠤ | ᠨᠠᠶᠢᠷᠠᠭᠤᠯᠤᠭᠰᠠᠨ ︽ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ | ᠦᠵᠡᠯ ᠰᠠᠨᠠᠭ᠎ᠠ ᠶᠢᠨ ᠲᠦᠢᠮᠣᠴᠢᠯᠠᠯ︾ ︵ᠳᠣᠷᠣᠭᠰᠢ ︽ᠲᠦᠢᠮᠣᠴᠢᠯᠠᠯ︾ ᠭᠡᠵᠦ ᠳᠥᠭᠦᠮᠴᠢᠯᠡᠨ᠎ᠡ︶ ᠭᠡᠬᠦ ᠨᠣᠮ ᠢ | ᠨᠠᠮ ᠤᠨ ᠪᠠᠶᠢᠭᠤᠯᠤᠯᠲᠠ ᠶᠢᠨ ᠤᠩᠰᠢᠬᠤ ᠪᠢᠴᠢᠭ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠲᠣᠰ ᠡᠳᠦᠷ ᠠᠴᠠ | ᠡᠬᠢᠯᠡᠨ ᠪᠦᠭᠦ ᠤᠯᠤᠰ ᠲᠤ ᠲᠠᠷᠬᠠᠭᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠶᠠᠮᠠᠷ | ᠶᠠᠩᠵᠤ ᠶᠢᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠮᠠᠷᠺᠰ ᠤᠨ ᠦᠵᠡᠯ ᠤᠨ ᠲᠦᠷᠦ ᠶᠢᠨ ᠨᠠᠮ ᠢ ᠪᠠᠶᠢᠭᠤᠯᠬᠤ᠂ | ᠬᠡᠷᠬᠢᠨ ᠤᠷᠳᠤ ᠬᠤᠭᠤᠴᠠᠭ᠎ᠠ ᠪᠠᠷ ᠲᠦᠷᠦ ᠪᠠᠷᠢᠬᠤ ᠮᠠᠷᠺᠰ ᠤᠨ ᠦᠵᠡᠯ ᠤᠨ ᠲᠦᠷᠦ ᠶᠢᠨ ᠨᠠᠮ ᠢ ᠪᠠᠶᠢᠭᠤᠯᠬᠤ | ᠴᠢᠬᠤᠯᠠ ᠶᠡᠭᠡ ᠴᠠᠭ ᠦᠶ᠎ᠡ ᠶᠢᠨ ᠰᠡᠳᠦᠪ ᠤᠨ ᠲᠣᠭᠤᠷᠢᠨ ᠳᠤ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠡᠨᠡ ᠬᠦ | ᠭᠤᠣᠯ ᠰᠡᠳᠦᠪ ᠭᠤᠣᠯ ᠰᠢᠵᠢᠮ ᠢ ᠲᠤᠪᠤᠶᠢᠯᠭᠠᠵᠤ᠂ ᠨᠠᠮ ᠢ ᠬᠠᠮᠢᠶᠠᠷᠴᠤ ᠨᠠᠮ ᠢ ᠵᠠᠰᠠᠬᠤ᠂ ᠨᠠᠮ ᠢ ᠮᠠᠨᠳᠤᠭᠤᠯᠵᠤ | ᠨᠠᠮ ᠢ ᠬᠦᠴᠦᠷᠬᠡᠭᠵᠢᠭᠦᠯᠬᠦ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ | ᠪᠣᠳᠣᠯᠭ᠎ᠠ ᠶᠢ ᠳᠤᠷᠠᠳᠴᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ | ᠦᠵᠡᠯ ᠰᠠᠨᠠᠭ᠎ᠠ ᠶᠢ ᠪᠦᠷᠢᠯᠳᠦᠭᠦᠯᠪᠡ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ | ᠲᠤᠬᠠᠢ ᠴᠢᠬᠤᠯᠠ ᠦᠵᠡᠯ ᠰᠠᠨᠠᠭ᠎ᠠ ᠨᠢ ᠥᠷᠭᠡᠨ ᠳᠡᠯᠭᠡᠷ ᠭᠦᠨ ᠭᠦᠨᠵᠡᠭᠡᠢ᠂ ᠡᠯᠪᠡᠭ ᠪᠠᠶᠠᠯᠢᠭ ᠠᠭᠤᠯᠤᠭᠳᠠᠬᠤᠨ ᠲᠠᠢ | ᠪᠠᠶᠢᠵᠤ᠂ ᠠᠯᠢ ᠤᠯᠠᠨ ᠪᠦᠲᠦᠭᠡᠯᠴᠢ ᠴᠢᠨᠠᠷᠲᠠᠢ ᠦᠷ᠎ᠡ ᠪᠦᠲᠦᠭᠡᠯ ᠢᠶᠠᠷ ᠮᠠᠷᠺᠰ ᠤᠨ ᠦᠵᠡᠯ ᠤᠨ ᠨᠠᠮ ᠪᠠᠶᠢᠭᠤᠯᠬᠤ | ᠰᠤᠷᠭᠠᠯ ᠢ ᠶᠡᠭᠡ ᠪᠠᠷ ᠪᠠᠶᠠᠯᠢᠭᠵᠢᠭᠤᠯᠤᠨ ᠬᠥᠭᠵᠢᠭᠦᠯᠵᠦ᠂ ᠮᠠᠨ ᠤ ᠨᠠᠮ ᠤᠨ ᠮᠠᠷᠺᠰ ᠤᠨ ᠦᠵᠡᠯ ᠤᠨ ᠲᠦᠷᠦ | ᠪᠠᠷᠢᠬᠤ ᠨᠠᠮ ᠤᠨ ᠪᠠᠶᠢᠭᠤᠯᠤᠯᠲᠠ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠰᠢᠨ᠎ᠡ ᠥᠨᠳᠥᠷᠴᠡ ᠳᠤ ᠭᠦᠷᠦᠭᠰᠡᠨ ᠢ | ᠬᠠᠷᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢᠨ ︽ᠨᠠᠮ ᠤᠨ ᠪᠠᠶᠢᠭᠤᠯᠤᠯᠲᠠ ᠶᠢᠨ ᠬᠠᠭᠤᠳᠠᠰᠤ︾ ᠪᠣᠯᠵᠤ᠂ ᠰᠢᠨ᠎ᠡ ᠴᠠᠭ | ᠦᠶ᠎ᠡ ᠶᠢᠨ ᠨᠠᠮ ᠤᠨ ᠪᠠᠶᠢᠭᠤᠯᠤᠯᠲᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠭᠦᠨᠵᠡᠭᠡᠢ ᠠᠬᠢᠭᠤᠯᠬᠤ᠂ ᠰᠢᠨ᠎ᠡ | ᠴᠠᠭ ᠦᠶ᠎ᠡ ᠶᠢᠨ ᠵᠣᠬᠢᠶᠠᠨ ᠪᠠᠶᠢᠭᠤᠯᠬᠤ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠪᠠ᠃ | ︽ᠲᠦᠢᠮᠣᠴᠢᠯᠠᠯ︾ ᠨᠢ ᠤᠳᠤᠷᠢᠳᠬᠠᠯ᠂ ᠭᠤᠣᠯ ᠴᠣᠭᠴᠠ᠂ ᠲᠡᠭᠦᠰᠬᠡᠯ ᠢᠶᠠᠷ ᠪᠦᠷᠢᠯᠳᠦᠵᠦ᠂ ᠨᠡᠶᠢᠲᠡ 12. | 1 ᠲᠦᠮᠡᠨ ᠦᠰᠦᠭ ᠲᠠᠢ᠃ ᠪᠦᠭᠦ ᠨᠣᠮ ᠳᠤ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ | ᠲᠤᠬᠠᠢ ᠴᠢᠬᠤᠯᠠ ᠦᠵᠡᠯ ᠰᠠᠨᠠᠭᠠᠨ ᠤ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ | ᠠᠭᠤᠯᠤᠭᠳᠠᠬᠤᠨ᠂ ᠦᠢᠯᠡᠳᠦᠯᠭᠡ ᠶᠢᠨ ᠱᠠᠭᠠᠷᠳᠠᠯᠭ᠎ᠠ ᠶᠢ ᠰᠢᠰᠲ᠋ᠧᠮ ᠲᠠᠢ ᠥᠭᠦᠯᠡᠵᠦ᠂ ᠨᠠᠮ ᠤᠨ ᠪᠠᠶᠢᠭᠤᠯᠤᠯᠲᠠ ᠶᠢᠨ | ᠦᠨᠳᠦᠰᠦᠨ ᠵᠠᠷᠴᠢᠮ᠂ ᠰᠢᠨᠵᠢᠯᠡᠬᠦ ᠤᠬᠠᠭᠠᠨᠴᠢ ᠪᠠᠶᠢᠷᠢᠰᠢᠭᠤᠯᠤᠯᠲᠠ᠂ ᠦᠷᠳᠡᠭ ᠤᠨ ᠬᠥᠭᠡᠭᠡᠴᠡᠯᠳᠦᠯ᠂ | ᠭᠤᠣᠯᠳᠠᠯᠭ᠎ᠠ ᠲᠠᠢ ᠡᠭᠦᠷᠭᠡ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠨᠠᠮ ᠤᠨ | ᠪᠠᠶᠢᠭᠤᠯᠤᠯᠲᠠ ᠶᠢᠨ ᠬᠦᠷᠢᠶᠡᠨ ᠳᠠᠬᠢ ᠤᠤᠭᠠᠯ ᠡᠭᠦᠳᠦᠯᠲᠡ ᠶᠢᠨ ᠴᠢᠨᠠᠷᠲᠠᠢ ᠬᠤᠪᠢ ᠨᠡᠮᠡᠷᠢ ᠶᠢ ᠪᠦᠭᠦ ᠲᠠᠯ᠎ᠠ ᠪᠠᠷ | ᠲᠤᠰᠬᠠᠪᠠ᠃ ︽ᠲᠦᠢᠮᠣᠴᠢᠯᠠᠯ︾ ᠤᠨ ᠠᠭᠤᠯᠭ᠎ᠠ ᠨᠢ ᠪᠠᠶᠠᠯᠢᠭ᠂ ᠦᠵᠡᠯᠲᠡ ᠨᠢ ᠢᠯᠡ ᠲᠣᠳᠣ᠂ ᠥᠭᠦᠯᠡᠯᠲᠡ ᠨᠢ | ᠭᠦᠨᠵᠡᠭᠡᠢ᠂ ᠯᠣᠭᠢᠭ ᠨᠢ ᠨᠢᠭᠲᠠ ᠴᠢᠩᠭ᠎ᠠ᠂ ᠤᠯᠤᠰ ᠲᠥᠷᠥᠴᠢ ᠴᠢᠨᠠᠷ᠂ ᠦᠵᠡᠯ ᠰᠠᠨᠠᠭᠠᠴᠢ ᠴᠢᠨᠠᠷ᠂ ᠰᠢᠰᠲ᠋ᠧᠮᠲᠦ | ᠴᠢᠨᠠᠷ᠂ ᠵᠢᠯᠤᠭᠤᠳᠬᠤ ᠴᠢᠨᠠᠷ ᠢᠶᠠᠷ ᠴᠢᠩᠭ᠎ᠠ ᠪᠠᠶᠢᠵᠤ᠂ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷ ᠤᠨ ᠶᠡᠷᠦᠩᠬᠡᠢ | ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠣᠶᠢᠯᠠᠭᠠᠬᠤ ᠶᠢᠨ ᠡᠷᠬᠡ ᠰᠦᠷᠲᠦ ᠬᠠᠪᠰᠤᠷᠤᠮᠵᠢ ᠤᠩᠰᠢᠬᠤ ᠪᠢᠴᠢᠭ ᠮᠥᠨ᠃ | ᠲᠥᠪ ᠤᠨ ᠵᠣᠬᠢᠶᠠᠨ ᠪᠠᠶᠢᠭᠤᠯᠬᠤ ᠬᠡᠯᠲᠡᠰ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠱᠠᠲᠤᠨ ᠤ ᠵᠣᠬᠢᠶᠠᠨ | ᠪᠠᠶᠢᠭᠤᠯᠬᠤ ᠰᠠᠯᠠᠭ᠎ᠠ ᠮᠥᠴᠢᠷ ᠤᠨ ᠬᠢᠨ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠤᠭ ᠪᠦᠲᠦᠭᠡᠯ ᠢ ᠤᠩᠰᠢᠵᠤ᠂ | ᠤᠭ ᠵᠣᠬᠢᠶᠠᠯ ᠢ ᠰᠤᠷᠤᠯᠴᠠᠵᠤ᠂ ᠤᠭ ᠶᠣᠰᠣ ᠶᠢ ᠣᠶᠢᠯᠠᠭᠠᠵᠤ᠂ ︽ᠲᠦᠢᠮᠣᠴᠢᠯᠠᠯ︾ ᠢ ᠬᠥᠮᠦᠵᠢᠯ | ᠪᠣᠯᠪᠠᠰᠤᠷᠠᠯ ᠤᠨ ᠵᠢᠭᠠᠬᠤ ᠮᠠᠲ᠋ᠧᠷᠢᠶᠠᠯ ᠪᠠ ᠰᠤᠷᠤᠯᠴᠠᠯᠭ᠎ᠠ ᠶᠢᠨ ᠵᠠᠪᠠᠯ ᠤᠩᠰᠢᠬᠤ ᠨᠣᠮ ᠪᠤᠯᠭᠠᠵᠤ᠂ ︽ᠬᠤᠶᠠᠷ ᠢ | ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠠᠩ ᠭᠦᠨᠵᠡᠭᠡᠢ ᠣᠶᠢᠯᠠᠭᠠᠵᠤ᠂ ︽ | ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ | ᠳᠡᠭᠡᠷ᠎ᠡ ᠪᠠᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ | ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠠᠮ ᠤᠨ ᠪᠠᠶᠢᠭᠤᠯᠤᠯᠲᠠ ᠪᠠ ᠵᠣᠬᠢᠶᠠᠨ ᠪᠠᠶᠢᠭᠤᠯᠬᠤ ᠠᠵᠢᠯ ᠤᠨ ᠰᠢᠨ᠎ᠡ | ᠪᠠᠶᠢᠳᠠᠯ ᠢ ᠴᠢᠷᠮᠠᠶᠢᠨ ᠨᠡᠭᠡᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ | ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ | ᠱᠠᠭᠠᠷᠳᠠᠪᠠ᠃ | | |