ᠳᠤᠮᠳᠠᠳᠤ ᠤᠯᠤᠰ ᠤᠨ ᠬᠤᠶᠢᠴᠢ ᠦᠶ᠎ᠡ ᠶᠢᠨ ᠬᠢᠨ ᠤ ᠰᠤᠷᠭᠠᠨ ᠬᠥᠮᠦᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠸᠠᠩ ᠸᠧᠶ ᠭᠦᠸᠧ ᠨᠡᠷ ᠬᠢᠩᠭᠠᠨ ᠠᠶᠢᠮᠠᠭ ᠲᠤ ᠰᠢᠨᠵᠢᠯᠡᠨ ᠪᠠᠶᠢᠴᠠᠭᠠᠵᠠᠢ
ᠨᠡᠶᠢᠲᠡᠯᠡᠭᠰᠡᠨ ᠴᠠᠭ᠄
2025/1/21
1 ᠰᠠᠷ᠎ᠠ ᠶᠢᠨ 8 ᠤ ᠡᠳᠦᠷ᠂ ᠳᠤᠮᠳᠠᠳᠤ ᠤᠯᠤᠰ ᠤᠨ ᠬᠤᠶᠢᠴᠢ ᠦᠶ᠎ᠡ ᠶᠢᠨ ᠬᠢᠨ ᠤ ᠰᠤᠷᠭᠠᠨ ᠬᠥᠮᠦᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠸᠠᠩ ᠸᠧᠢ ᠭᠦᠸᠧ ᠨᠡᠷ ᠮᠠᠨ ᠤ ᠠᠶᠢᠮᠠᠭ ᠲᠤ ᠢᠷᠡᠵᠦ ᠰᠢᠨᠵᠢᠯᠡᠨ ᠪᠠᠶᠢᠴᠠᠭᠠᠵᠤ᠂ ︽ᠭᠡᠷ ᠪᠦᠯᠢ ᠰᠤᠷᠭᠠᠭᠤᠯᠢ ᠬᠠᠮᠵᠢᠯᠴᠠᠨ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ︾ ᠰᠡᠳᠭᠢᠴᠡ ᠶᠢᠨ ᠡᠷᠡᠭᠦᠯ ᠮᠡᠨᠳᠤ ᠪᠠᠷ ᠭᠡᠷ ᠪᠦᠯᠢ ᠪᠠᠨ ᠰᠠᠬᠢᠨ ᠬᠠᠮᠠᠭᠠᠯᠠᠬᠤ ᠠᠵᠢᠯᠯᠠᠭ᠎ᠠ ᠶᠢ ᠤᠷᠤᠬᠰᠢᠳᠡᠢ ᠬᠡᠷᠡᠭᠵᠢᠭᠦᠯᠭᠦ ᠶᠢ ᠲᠥᠯᠬᠢᠨ ᠠᠬᠢᠭᠤᠯᠵᠤ᠂ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠤᠯᠠᠮ ᠴᠢᠨᠠᠭᠰᠢᠳᠠ ᠬᠦᠴᠦᠨ ᠨᠡᠮᠡᠷᠢᠯᠡᠪᠡ᠃ᠰᠢᠨᠵᠢᠯᠡᠨ ᠪᠠᠶᠢᠴᠠᠭᠠᠬᠤ ᠪᠦᠯᠬᠦᠮ ᠬᠢᠩᠭᠠᠨ ᠠᠶᠢᠮᠠᠭ ᠤᠨ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠪᠣᠯᠤᠨ ᠬᠢᠩᠭᠠᠨ ᠠᠶᠢᠮᠠᠭ ᠤᠨ ᠰᠣᠶᠣᠯ ᠤᠨ ᠲᠥᠪ ᠲᠤ ᠬᠦᠷᠴᠦ᠂ 2024 ᠣᠨ ᠤ ᠳᠤᠮᠳᠠᠳᠤ ᠤᠯᠤᠰ ᠤᠨ ᠬᠤᠶᠢᠴᠢ ᠦᠶ᠎ᠡ ᠶᠢᠨ ᠬᠢᠨ ᠤ ᠰᠤᠷᠭᠠᠨ ᠬᠥᠮᠦᠵᠢᠯ ᠤᠨ ᠰᠠᠭᠤᠷᠢ ᠮᠥᠩᠭᠦᠨ ᠤ ᠨᠡᠶᠢᠭᠡᠮᠯᠢᠭ ᠤᠨ ᠬᠢᠩᠭᠠᠨ ᠠᠶᠢᠮᠠᠭ ᠲᠤ ᠬᠠᠨᠳᠢᠪᠯᠠᠭᠰᠠᠨ 20 ᠲᠦᠮᠡᠨ ᠲᠥᠭᠦᠷᠢᠭ ᠪᠣᠯᠤᠨ 26 ᠲᠦᠮᠡᠨ ᠲᠥᠭᠦᠷᠢᠭ ᠤᠨ ᠦᠨ᠎ᠡ ᠦᠷᠳᠡᠭ ᠲᠠᠢ ᠨᠣᠮ ᠪᠢᠴᠢᠭ ᠢ ᠪᠣᠳᠠᠲᠠᠶᠢᠵᠢᠭᠤᠯᠤᠭᠰᠠᠨ ᠵᠢᠴᠢ ᠲᠠᠷᠬᠠᠭᠠᠭᠰᠠᠨ ᠪᠠᠶᠢᠳᠠᠯ ᠢ ᠪᠠᠶᠢᠴᠠᠭᠠᠨ ᠦᠵᠡᠭᠰᠡᠨ ᠪᠥᠭᠡᠳ ᠬᠢᠩᠭᠠᠨ ᠠᠶᠢᠮᠠᠭ ᠤᠨ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠴᠠᠭᠠᠨ ᠰᠠᠷ᠎ᠠ ᠶᠢᠨ ᠦᠳᠡᠰᠢᠯᠡᠭᠡ ᠶᠢ ᠰᠣᠨᠢᠷᠬᠠᠵᠤ᠂ ᠬᠢᠩᠭᠠᠨ ᠠᠶᠢᠮᠠᠭ ᠤᠨ ᠬᠤᠪᠢᠰᠬᠠᠯᠳᠦ ᠰᠣᠶᠣᠯ ᠤᠨ ᠠᠭᠤᠯᠬᠤᠨ ᠪᠣᠯᠤᠨ ᠰᠢᠨ᠎ᠡ ᠴᠠᠭ ᠦᠶ᠎ᠡ ᠶᠢᠨ ᠵᠠᠯᠠᠭᠤᠴᠤᠳ ᠪᠠᠭᠠᠴᠤᠳ ᠤᠨ ᠴᠤᠭ ᠵᠢᠪᠬᠤᠭ᠎ᠠ ᠶᠢ ᠣᠶᠢᠯᠠᠭᠠᠪᠠ᠃ᠶᠠᠷᠢᠯᠴᠠᠬᠤ ᠬᠤᠷᠠᠯ ᠳᠤ᠂ ᠰᠢᠨᠵᠢᠯᠡᠨ ᠪᠠᠶᠢᠴᠠᠭᠠᠬᠤ ᠪᠦᠯᠬᠦᠮ ᠬᠢᠩᠭᠠᠨ ᠠᠶᠢᠮᠠᠭ ᠤᠨ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠲᠥᠯᠥᠭᠡᠯᠡᠭᠴᠢ᠂ ᠰᠤᠷᠭᠠᠨ ᠬᠥᠮᠦᠵᠢᠯ ᠤᠨ ᠠᠵᠢᠯᠲᠠᠳ ᠤᠨ ᠲᠥᠯᠥᠭᠡᠯᠡᠭᠴᠢ ᠵᠢᠴᠢ ᠰᠤᠷᠤᠭᠴᠢᠳ ᠤᠨ ᠭᠡᠷ ᠤᠨ ᠠᠬᠠᠮᠠᠳ ᠤᠨ ᠲᠥᠯᠥᠭᠡᠯᠡᠭᠴᠢ ᠲᠠᠢ ᠬᠠᠮᠳᠦᠪᠡᠷ ᠭᠡᠷ ᠤᠨ ᠠᠬᠠᠮᠠᠳ ᠪᠣᠯᠤᠨ ᠰᠤᠷᠭᠠᠭᠤᠯᠢ ᠬᠠᠮᠵᠢᠯᠴᠠᠨ ᠬᠥᠮᠦᠨ ᠢ ᠬᠥᠮᠦᠵᠢᠭᠦᠯᠬᠦ ᠰᠢᠨ᠎ᠡ ᠰᠡᠳᠭᠢᠴᠡ᠂ ᠰᠢᠨ᠎ᠡ ᠠᠷᠭ᠎ᠠ ᠶᠢ ᠬᠠᠮᠲᠤᠪᠠᠷ ᠰᠤᠳᠤᠯᠤᠨ ᠶᠠᠷᠢᠯᠴᠠᠪᠠ᠃ ᠡᠯ᠎ᠡ ᠲᠠᠯ᠎ᠠ ᠶᠢᠨ ᠲᠥᠯᠥᠭᠡᠯᠡᠭᠴᠢᠳ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠰᠠᠨᠠᠯ ᠢᠶᠠᠨ ᠭᠦᠢᠴᠡᠳ ᠰᠣᠯᠢᠯᠴᠠᠵᠤ᠂ ᠭᠡᠷ ᠤᠨ ᠠᠬᠠᠮᠠᠳ ᠪᠠ ᠰᠤᠷᠭᠠᠭᠤᠯᠢ ᠬᠠᠮᠵᠢᠯᠴᠠᠨ ᠬᠥᠮᠦᠨ ᠢ ᠬᠥᠮᠦᠵᠢᠭᠦᠯᠬᠦ ᠶᠢ ᠬᠡᠷᠬᠢᠨ ᠨᠡᠩ ᠰᠠᠶᠢᠲᠤᠷ ᠲᠦᠯᠬᠢᠨ ᠠᠬᠢᠭᠤᠯᠬᠤ᠂ ᠨᠠᠰᠤᠨ ᠳᠤ ᠦᠯᠤ ᠬᠥᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠴᠢᠩᠭᠠᠳᠬᠠᠨ ᠰᠠᠶᠢᠵᠢᠷᠠᠭᠤᠯᠬᠤ ᠵᠡᠷᠭᠡ ᠵᠥᠪᠯᠡᠬᠦ ᠰᠡᠳᠦᠪ ᠤᠨ ᠲᠤᠬᠠᠶ ᠭᠦᠨᠵᠡᠭᠡᠶ ᠶᠠᠷᠢᠯᠴᠠᠵᠠᠢ᠃ᠬᠢᠩᠭᠠᠨ ᠠᠶᠢᠮᠠᠭ ᠤᠨ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠦᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠱᠤᠤ ᠸᠠᠨ ᠷᠦᠩ᠄ ︽ᠬᠠᠨᠳᠢᠪᠯᠠᠭᠰᠠᠨ ᠪᠡᠯᠡ ᠮᠥᠩᠭᠦ ᠪᠣᠯᠤᠨ ᠨᠣᠮ ᠪᠢᠴᠢᠭ ᠢ ᠣᠯᠤᠭᠰᠠᠨ ᠤ ᠳᠠᠷᠠᠭ᠎ᠠ ᠂ ᠬᠢᠩᠭᠠᠨ ᠠᠶᠢᠮᠠᠭ ᠤᠨ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠠᠩᠬᠠᠳᠤᠭᠠᠷ ᠤᠳᠠᠭᠠᠨ ᠤ ︿ᠭᠡᠷ ᠪᠦᠯᠢ ᠰᠤᠷᠭᠠᠭᠤᠯᠢ ᠬᠠᠮᠵᠢᠯᠴᠠᠨ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ﹀ ᠭᠡᠷ ᠪᠦᠯᠢ ᠶᠢᠨ ᠬᠥᠮᠦᠵᠢᠯ ᠤᠨ ᠪᠣᠯᠪᠠᠰᠤᠷᠠᠯ ᠤᠨ ᠠᠩᠬᠢ ᠶᠢ ᠠᠮᠵᠢᠯᠲᠠ ᠲᠠᠢ ᠡᠷᠬᠢᠯᠡᠵᠦ᠂ ᠪᠠᠭᠰᠢ᠂ ᠭᠡᠷ ᠤᠨ ᠠᠬᠠᠮᠠᠳ᠂ ᠰᠤᠷᠤᠭᠴᠢᠳ ᠨᠠᠶᠢᠳᠡ 500 ᠭᠠᠷᠤᠢ ᠭᠥᠮᠥᠨ ᠣᠷᠣᠯᠴᠠᠵᠠᠢ᠃ ᠣᠶᠢᠷ᠎ᠠ ᠶᠢᠨ ᠬᠤᠭᠤᠴᠠᠭᠠᠨ ᠳᠤ᠂ ᠠᠶᠢᠮᠠᠭ ᠤᠨ ᠬᠤᠶᠢᠴᠢ ᠦᠶ᠎ᠠ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ︿ᠬᠡᠷ ᠪᠦᠯᠢ ᠰᠤᠷᠭᠠᠭᠤᠯᠢ ᠬᠠᠮᠵᠢᠯᠴᠠᠨ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ﹀ ᠰᠡᠳᠭᠢᠴᠡ ᠶᠢᠨ ᠡᠷᠡᠭᠦᠯ ᠮᠡᠨᠳᠦ ᠪᠠᠷ ᠬᠡᠷ ᠪᠦᠯᠢ ᠪᠠᠨ ᠰᠠᠬᠢᠨ ᠬᠠᠮᠠᠭᠠᠯᠠᠬᠤ ᠠᠵᠢᠯᠯᠠᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠬᠡᠷ ᠪᠦᠯᠢ ᠶᠢᠨ ᠬᠥᠮᠦᠵᠢᠯ ᠪᠣᠯᠪᠠᠰᠤᠷᠠᠯ ᠢ ᠦᠷᠭᠦᠯᠵᠢᠯᠡᠨ ᠥᠷᠨᠢᠭᠦᠯᠵᠦ᠂ ᠪᠣᠯᠪᠠᠰᠤᠷᠠᠯ ᠤᠨ ᠡᠷᠴᠢᠮ ᠢᠶᠠᠨ ᠴᠢᠩᠭᠠᠷᠠᠭᠤᠯᠤᠨ᠂ ᠪᠣᠯᠪᠠᠰᠤᠷᠠᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠪᠣᠯᠪᠠᠰᠤᠷᠠᠯ ᠤᠨ ᠬᠦᠷᠢᠶ᠎ᠡ ᠬᠡᠪᠴᠢᠶ᠎ᠡ ᠪᠠᠨ ᠥᠷᠭᠡᠳᠭᠡᠨ᠂ ᠡᠷᠡᠭᠦᠯ ᠡᠩᠬᠡ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠥᠷᠭᠡᠨ ᠣᠯᠠᠨ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠬᠠᠮᠠᠭᠠᠯᠠᠨ᠎ᠠ︾ ᠭᠡᠵᠡᠶ᠃ ︵ᠯᠢᠤᠢ ᠪᠢᠡᠭ ᠵᠢᠤᠸᠠᠨ︶
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号