| | ᠦᠷᠭᠡᠨ ᠤᠯᠠᠨ ᠰᠠᠭᠤᠭᠠᠯᠢ ᠠᠷᠠᠳ ᠤᠨ ᠬᠡᠷᠡᠭᠯᠡᠭᠡᠨ ᠤ ᠱᠠᠭᠠᠷᠳᠠᠯᠭ᠎ᠠ ᠶᠢ ᠬᠠᠩᠭᠠᠬᠤ ᠪᠠᠷ ᠤᠶᠢᠷ᠎ᠠ ᠶᠢᠨ ᠡᠳᠤᠷ᠂ | ᠤᠯᠠᠭᠠᠨᠬᠤᠳᠠ ᠨᠡᠶᠢᠭᠡᠮ ᠲᠤᠭᠤᠷᠢᠭ ᠤᠨ ᠪᠦᠭᠡᠮ ᠢᠶᠠᠷ ᠬᠤᠳᠠᠯᠳᠤᠨ ᠠᠪᠬᠤ ᠰᠦᠯᠵᠢᠶᠡᠨ ᠲᠡᠯᠭᠡᠬᠦᠷ ᠢ ᠲᠤᠷᠰᠢᠨ | ᠡᠵᠡᠩᠨᠡᠵᠤ᠂ 1 ᠰᠠᠷ᠎ᠠ ᠶᠢᠨ 22 ᠤ ᠡᠳᠤᠷ ᠠᠴᠠ ᠡᠬᠢᠯᠡᠬᠦ ᠪᠠᠷ ᠪᠤᠢ᠃ ᠬᠡᠷᠡᠭᠯᠡᠭᠴᠢᠳ ᠠᠴᠠ ᠸᠢᠴᠠᠲ ᠲᠠᠪᠴᠠᠩ ᠤᠨ | ᠵᠢᠵᠢᠭ ᠫᠷᠤᠭ᠍ᠷᠡᠮ ᠠᠴᠠ ᠡᠳ᠋ ᠪᠠᠷᠠᠭ᠎ᠠ ᠬᠤᠳᠠᠯᠳᠤᠨ ᠠᠪᠤᠪᠠᠯ᠂ ᠲᠠᠷᠠᠭ᠎ᠠ ᠡᠳᠤᠷ ᠡᠳ᠋ ᠪᠠᠷᠠᠭ᠎ᠠ ᠪᠠᠨ ᠬᠤᠷᠢᠶᠠᠨ ᠤᠯᠵᠤ | ᠂ ᠬᠠᠮᠤᠭ ᠤᠬᠤᠷ ᠬᠤᠭᠤᠴᠠᠭᠠᠨ ᠳᠤ ᠡᠯᠪᠡᠭ ᠪᠠᠶᠠᠯᠢᠭ ᠰᠢᠨ᠎ᠠ ᠵᠢᠯ ᠤᠨ ᠪᠠᠷᠠᠭ᠎ᠠ ᠪᠠᠨ ᠪᠡᠯᠡᠳᠭᠡᠵᠤ ᠴᠢᠳᠠᠨ᠎ᠠ᠃ | ᠤᠯᠠᠭᠠᠨᠬᠤᠳᠠ ᠶᠢᠨ ᠮᠸᠡᠭ ᠲᠤᠸᠠᠨ ᠲᠤᠸᠠᠨ ᠨᠡᠶᠢᠭᠡᠮ ᠲᠤᠭᠤᠷᠢᠭ ᠤᠨ ᠪᠦᠭᠡᠮ ᠢᠶᠠᠷ ᠬᠤᠳᠠᠯᠳᠤᠨ ᠠᠪᠬᠤ | ᠬᠤᠳᠠᠯᠳᠤᠭᠠᠨ ᠤ ᠬᠢᠵᠠᠭᠠᠷᠳᠤ ᠺᠤᠮᠫᠠᠨᠢ ᠶᠢᠨ ᠰᠢᠭᠤᠳ ᠨᠡᠪᠳᠡᠷᠡᠬᠦᠯᠥᠭᠴᠢ ᠸᠠᠩ ᠸᠧᠨ ᠸᠧᠨ ᠲᠤᠰ ᠲᠠᠪᠴᠠᠩ ᠢᠶᠠᠷ | ᠲᠠᠮᠵᠢᠨ ᠰᠢᠭᠤᠳ ᠨᠡᠪᠳᠡᠷᠡᠬᠦᠯᠭᠡ ᠬᠢᠵᠤ᠂ ᠦᠢᠯᠡᠳᠬᠦᠨ ᠤ ᠦᠢᠯᠡᠳᠪᠤᠷᠢᠯᠡᠭᠰᠡᠨ ᠭᠠᠵᠠᠷ᠂ ᠦᠨᠤᠷ ᠠᠮᠳᠠ᠂ | ᠨᠠᠶᠢᠷᠠᠭᠤᠯᠤᠭᠰᠠᠨ ᠮᠠᠲ᠋ᠧᠷᠢᠶᠠᠯ᠂ ᠰᠢᠮ᠎ᠠ ᠲᠡᠵᠢᠭᠡᠯ ᠤᠨ ᠦᠷᠳᠡᠭ ᠵᠡᠷᠭᠡ ᠤᠯᠠᠨ ᠲᠠᠯ᠎ᠠ ᠪᠠᠷ ᠦᠵᠡᠭᠴᠢ ᠳᠤ ᠨᠠᠷᠢᠨ | ᠨᠢᠭᠳᠠ ᠲᠠᠶᠢᠯᠪᠤᠷᠢᠯᠠᠵᠤ ᠦᠭᠬᠦᠨ᠎ᠠ᠃ ︽ᠪᠢᠳᠠ ᠲᠤᠰ ᠲᠠᠪᠴᠠᠩ ᠢᠶᠠᠷ ᠲᠠᠮᠵᠢᠨ ᠦᠢᠯᠡᠳᠬᠦᠨ ᠤ ᠰᠤᠷᠠᠭ ᠵᠠᠩᠬᠢ ᠶᠢ | ᠬᠡᠷᠡᠭᠯᠡᠭᠴᠢᠳ ᠲᠤ ᠲᠠᠶᠢᠯᠪᠤᠷᠢᠯᠠᠨ ᠦᠭᠴᠤ᠂ ᠡᠯ᠎ᠠ ᠭᠤᠭᠴᠤᠭ᠎ᠠ ᠶᠢ ᠴᠢᠩᠭᠠᠳᠬᠠᠬᠰᠠᠨ ᠠᠴᠠ ᠲᠠᠪᠴᠠᠩ ᠤᠨ | ᠦᠵᠡᠭᠴᠢᠳ ᠤᠨ ᠲᠤᠭ᠎ᠠ ᠨᠡᠮᠡᠭᠳᠡᠯ᠎ᠠ᠃ ᠪᠢᠳᠠ ᠦᠷᠬᠦᠯᠵᠢᠯᠡᠨ ᠦᠢᠯᠡᠳᠬᠦᠨ ᠢᠶᠠᠨ ᠪᠠᠶᠠᠯᠢᠭᠵᠢᠭᠤᠯᠤᠨ᠂ ᠤᠯᠠᠨ | ᠲᠦᠮᠡᠨ ᠳᠤ ᠨᠡᠩ ᠰᠢᠯᠢᠳᠡᠭ ᠦᠢᠯᠡᠴᠢᠯᠡᠭᠡ ᠬᠠᠩᠭᠠᠨ᠎ᠠ︾ ᠭᠡᠵᠤ ᠸᠠᠩ ᠸᠧᠨ ᠸᠧᠨ ᠶᠠᠷᠢᠨ᠎ᠠ᠃ | ᠦᠢᠯᠡᠳᠬᠦᠨ ᠢ ᠴᠠᠭ ᠲᠤᠬᠠᠢ ᠳᠤᠨᠢ ᠬᠦᠷᠭᠡᠵᠤ ᠦᠭᠬᠦ ᠶᠢ ᠪᠠᠳᠤᠯᠠᠬᠤ ᠪᠠᠷ ᠲᠤᠰ ᠺᠤᠮᠫᠠᠨᠢ ᠶᠢᠨ ᠠᠵᠢᠯᠴᠢᠨ ᠠᠴᠠ | ᠡᠯᠧᠺᠲᠷᠤᠨ ᠲᠠᠩᠰᠠ ᠶᠢᠨ ᠰᠤᠷᠠᠭ ᠵᠠᠩᠬᠢ ᠪᠠᠷ ᠡᠳ᠋ ᠪᠠᠷᠠᠭ᠎ᠠ ᠶᠢ ᠪᠤᠯᠪᠠᠰᠤᠷᠠᠩᠭᠤᠢ ᠪᠠᠷ ᠪᠡᠯᠡᠳᠭᠡᠨ ᠠᠵᠢᠯ ᠢᠶᠠᠨ | ᠡᠮᠬᠢ ᠴᠡᠭᠴᠠᠳᠠᠢ ᠶᠠᠪᠤᠭᠳᠠᠭᠤᠯᠤᠨ᠂ ᠴᠠᠭᠠᠨ ᠰᠠᠷ᠎ᠠ ᠶᠢᠨ ᠡᠯ᠎ᠠ ᠲᠦᠷᠤᠯ ᠤᠨ ᠡᠳ᠋ ᠪᠠᠷᠠᠭ᠎ᠠ ᠶᠢ ᠬᠠᠮᠤᠭ | ᠲᠦᠷᠭᠡᠨ ᠢᠶᠠᠷ ᠬᠡᠷᠡᠭᠯᠡᠭᠴᠢᠳ ᠤᠨ ᠭᠠᠷ ᠲᠤ ᠬᠦᠷᠭᠡᠬᠦ ᠪᠠᠷ ᠴᠢᠷᠮᠠᠶᠢᠨ ᠠᠵᠢᠯᠯᠠᠨ᠎ᠠ᠃ | ᠤᠶᠢᠯᠠᠭᠠᠭᠰᠠᠨ ᠢᠶᠠᠷ᠂ ᠲᠤᠰ ᠺᠤᠮᠫᠠᠨᠢ ᠨᠡᠶᠢᠳᠠ 100 ᠭᠠᠷᠤᠢ ᠦᠢᠯᠡᠳᠬᠦᠨ ᠢ ᠪᠦᠬᠦ ᠬᠤᠳᠠ ᠶᠢᠨ ᠰᠦᠯᠵᠢᠶᠡᠨ | ᠲᠡᠭᠡᠷᠡᠬᠢ ᠴᠠᠭᠠᠨ ᠰᠠᠷ᠎ᠠ ᠶᠢᠨ ᠡᠳ᠋ ᠪᠠᠷᠠᠭ᠎ᠠ ᠪᠤᠷᠤᠯᠠᠭᠤᠯᠬᠤ ᠠᠵᠢᠯᠯᠠᠭᠠᠨ ᠳᠤ ᠲᠡᠯᠭᠡᠨ ᠪᠤᠷᠤᠯᠠᠭᠤᠯᠬᠤ ᠶᠢᠨ ᠬᠠᠮᠳᠤ᠂ | ᠺᠤᠮᠫᠠᠨᠢ ᠠᠴᠠ ᠰᠦᠯᠵᠢᠶᠡᠨ ᠲᠡᠭᠡᠷᠡᠬᠢ ᠲᠡᠯᠭᠡᠬᠦᠷ ᠤᠨ ᠡᠳ᠋ ᠪᠠᠷᠠᠭ᠎ᠠ ᠪᠠᠨ ᠤᠷᠢᠳᠴᠢᠯᠠᠨ ᠪᠡᠯᠡᠳᠭᠡᠵᠤ᠂ ᠲᠠᠩᠰᠠ | ᠪᠦᠷᠢ ᠶᠢ ᠲᠦᠷᠭᠡᠨ ᠢᠶᠠᠷ ᠰᠶᠢᠳᠪᠤᠷᠢᠯᠡᠬᠦ ᠶᠢ ᠪᠠᠳᠤᠯᠠᠨ᠎ᠠ᠃ ᠭᠥᠸᠧ ᠭᠥᠸᠧ ᠰᠦᠩ ᠹᠸᠢ ᠮᠡᠳᠡᠭᠡᠯᠡᠪᠡ | | |