| | ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 20 ᠤ ᠴᠠᠭᠢᠯᠭᠠᠨ ᠮᠡᠳᠡᠭᠡ ᠳᠤᠮᠳᠠᠳᠤ ᠶᠢᠨ | ᠦᠨᠳᠦᠰᠦᠲᠡᠨ ᠤ ᠤᠯᠠᠮᠵᠢᠯᠠᠯᠲᠤ ᠪᠠᠶᠠᠷ ᠤᠨ ᠡᠳᠦᠷ ᠬᠥᠬᠡᠭᠴᠢᠨ ᠮᠣᠭᠠᠢ ᠵᠢᠯ ᠤᠨ ᠴᠠᠭᠠᠨ ᠰᠠᠷ᠎ᠠ ᠬᠦᠷᠴᠦ ᠢᠷᠡᠬᠦ | ᠲᠠᠰᠢᠷᠠᠮ ᠢᠶᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ | 20 ᠤ ᠦᠳᠡ ᠶᠢᠨ ᠬᠤᠶᠢᠨ᠎ᠠ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠯ᠎ᠡ ᠠᠷᠠᠳᠴᠢᠯᠠᠭᠰᠠᠨ ᠨᠠᠮ | ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ | ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢᠳ ᠲᠠᠢ ᠨᠢᠭᠡ ᠲᠠᠩᠬᠢᠮ ᠳᠤ | ᠴᠤᠭᠯᠠᠷᠠᠵᠤ᠂ ᠪᠠᠶᠠᠷ ᠤᠨ ᠡᠳᠦᠷ ᠢ ᠬᠠᠮᠲᠤ ᠪᠠᠷ ᠤᠭᠲᠤᠪᠠ᠃ ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ᠂ ᠨᠢᠭᠡᠳᠦᠮᠡᠯ ᠹᠷᠣᠨᠲ ᠤᠨ ᠥᠷᠭᠡᠨ ᠤᠯᠠᠨ | ᠪᠦᠷᠢᠯᠳᠦᠭᠦᠨ ᠳᠤ ᠴᠢᠩ ᠰᠡᠳᠬᠢᠯ ᠤᠨ ᠮᠡᠨᠳᠦᠴᠢᠯᠡᠯ ᠪᠣᠯᠣᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ | | 1 ᠰᠠᠷ᠎ᠠ ᠶᠢᠨ 20 ᠤ ᠡᠳᠦᠷ᠂ ᠰᠢ ᠶᠢᠨ ᠫᠢᠩ᠂ ᠸᠠᠩ ᠬᠤ᠋ ᠨᠢᠩ᠂ ᠼᠠᠢ ᠴᠢ ᠨᠠᠷ ᠪᠡᠭᠡᠵᠢᠩ ᠳᠠᠬᠢ ᠠᠷᠠᠳ ᠤᠨ | ᠶᠡᠭᠡ ᠬᠤᠷᠠᠯ ᠤᠨ ᠲᠠᠩᠬᠢᠮ ᠳᠤ ᠨᠠᠮ ᠤᠨ ᠭᠠᠳᠠᠨᠠᠬᠢ ᠬᠥᠮᠥᠰ ᠲᠠᠢ ᠨᠢᠭᠡ ᠲᠠᠩᠬᠢᠮ ᠳᠤ ᠴᠤᠭᠯᠠᠷᠠᠵᠤ᠂ ᠪᠠᠶᠠᠷ ᠤᠨ | ᠡᠳᠦᠷ ᠢ ᠬᠠᠮᠲᠤ ᠪᠠᠷ ᠤᠭᠲᠤᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠣᠷᠣᠯᠴᠠᠪᠠ | ᠃ | ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ | ᠵᠧᠩ ᠵᠢᠶᠠᠨ ᠪᠠᠩ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠤᠭ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ | ᠳ᠋ᠢᠩ ᠵᠦᠩ ᠯᠢ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠥᠪ | ᠬᠤᠷᠢᠶ᠎ᠠ ᠶᠢᠨ ᠲᠡᠷᠢᠭᠦᠯᠡᠭᠴᠢ ᠬᠤᠤ ᠮᠢᠩ ᠶᠢᠨ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ | ᠲᠥᠪ ᠬᠤᠷᠢᠶ᠎ᠠ ᠶᠢᠨ ᠲᠡᠷᠢᠭᠦᠯᠡᠭᠴᠢ ᠼᠠᠢ ᠳ᠋ᠠ ᠹᠧᠩ᠂ ᠳᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ | ᠠᠷᠠᠳᠴᠢᠯᠠᠭᠰᠠᠨ ᠨᠠᠮ ᠤᠨ ᠲᠥᠪ ᠬᠤᠷᠢᠶ᠎ᠠ ᠶᠢᠨ ᠲᠡᠷᠢᠭᠦᠯᠡᠭᠴᠢ ᠾᠧ ᠸᠧᠢ᠂ ᠳᠤᠮᠳᠠᠳᠤ ᠤᠯᠤᠰ ᠤᠨ ᡁᠢᠭᠦ᠋ᠩᠳᠠᠩ | ᠨᠠᠮ ᠤᠨ ᠲᠥᠪ ᠬᠤᠷᠢᠶ᠎ᠠ ᠶᠢᠨ ᠲᠡᠷᠢᠭᠦᠯᠡᠭᠴᠢ ᠵᠢᠶᠠᠩ ᠽᠦᠸᠧ ᠵᠢᠶᠦ᠋ᠨ᠂ ︽9 · 3︾ ᠤ ᠡᠷᠳᠡᠮ ᠰᠢᠨᠵᠢᠯᠡᠭᠡᠨ ᠤ | ᠨᠡᠶᠢᠭᠡᠮᠯᠢᠭ ᠤᠨ ᠲᠥᠪ ᠬᠤᠷᠢᠶ᠎ᠠ ᠶᠢᠨ ᠲᠡᠷᠢᠭᠦᠯᠡᠭᠴᠢ ᠦ᠋ ᠸᠧᠢ ᠬᠤᠸᠠ᠂ ᠲᠠᠶᠢᠸᠠᠨ ᠤ ᠠᠷᠠᠳᠴᠢᠯᠠᠯ ᠢᠶᠠᠷ | ᠥᠪᠡᠷᠲᠡᠭᠡᠨ ᠵᠠᠰᠠᠬᠤ ᠬᠤᠯᠪᠤᠭ᠎ᠠ ᠶᠢᠨ ᠲᠥᠪ ᠬᠤᠷᠢᠶ᠎ᠠ ᠶᠢᠨ ᠲᠡᠷᠢᠭᠦᠯᠡᠭᠴᠢ ᠰᠦ᠋ ᠬᠤᠢ᠂ ᠪᠦᠭᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠲᠡᠷᠢᠭᠦᠯᠡᠭᠴᠢ ᠭᠤᠤ ᠶᠦᠨ ᠯᠦᠩ ᠪᠣᠯᠣᠨ ᠨᠠᠮ ᠪᠦᠯᠦᠭ ᠤᠨ | ᠪᠤᠰᠤ ᠬᠥᠮᠥᠰ ᠤᠨ ᠲᠥᠯᠥᠭᠡᠯᠡᠭᠴᠢ ᠰᠢᠶᠧ ᠰᠢᠶᠣᠣ ᠯᠢᠶᠠᠩ᠂ ᠰᠢᠦᠢ ᠸᠧᠢ ᠭᠠᠩ ᠨᠠᠷ ᠤᠷᠢᠯᠭ᠎ᠠ ᠪᠠᠷ ᠣᠷᠣᠯᠴᠠᠵᠠᠢ᠃ | ᠤᠷᠢᠯᠭ᠎ᠠ ᠪᠠᠷ ᠣᠷᠣᠯᠴᠠᠭᠰᠠᠳ ᠲᠤ ᠪᠠᠰᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ | ᠲᠡᠷᠢᠭᠦᠯᠡᠭᠴᠢ ᠾᠧ ᠾᠧᠦ ᠬᠤᠸᠠ᠂ ᠯᠢᠶᠠᠩ ᠵᠧᠨ ᠶᠢᠩ᠂ ᠤᠳᠤᠷᠢᠳᠬᠤ ᠪᠠᠶᠢᠷᠢ ᠠᠴᠠ ᠪᠠᠨ ᠪᠠᠭᠤᠭᠰᠠᠨ ᠡᠯ᠎ᠡ | ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ ᠶᠢᠨ ᠤᠤᠯ ᠤᠨ ᠲᠡᠷᠢᠭᠦᠯᠡᠭᠴᠢ᠂ ᠨᠢᠭᠡᠳᠦᠭᠡᠷ ᠳᠡᠳ᠋ ᠲᠡᠷᠢᠭᠦᠯᠡᠭᠴᠢ ᠪᠣᠯᠣᠨ ᠪᠠᠶᠢᠩᠭᠤ ᠶᠢᠨ ᠳᠡᠳ᠋ | ᠲᠡᠷᠢᠭᠦᠯᠡᠭᠴᠢ ᠪᠤᠢ᠃ | ᠼᠠᠢ ᠳ᠋ᠠ ᠹᠧᠩ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠢ ᠲᠥᠯᠥᠭᠡᠯᠡᠨ ᠪᠠᠶᠠᠷ ᠤᠨ ᠦᠭᠡ ᠬᠡᠯᠡᠪᠡ᠃ | ᠲᠡᠷᠡ᠂ 2024 ᠣᠨ ᠳᠤ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠲᠤᠭ ᠢ ᠥᠨᠳᠥᠷ ᠮᠠᠨᠳᠤᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ | ᠬᠤᠷᠠᠯ ᠢ ᠠᠮᠵᠢᠯᠲᠠ ᠲᠠᠢ ᠬᠤᠷᠠᠯᠳᠤᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠶᠡᠭᠡ | ᠲᠣᠭᠲᠠᠭᠠᠯ ᠭᠠᠷᠭᠠᠵᠤ᠂ ᠥᠷᠢᠰᠦᠯᠳᠦᠭᠡᠨ ᠢ ᠯᠠᠪᠳᠠᠭᠤᠨ ᠲᠣᠭᠲᠠᠭᠤᠨ ᠢᠶᠠᠷ ᠠᠷᠭᠠᠴᠠᠭᠠᠵᠤ᠂ ᠥᠭᠡᠷᠡᠴᠢᠯᠡᠯᠲᠡ | ᠬᠥᠭᠵᠢᠯᠲᠡ ᠰᠢᠨ᠎ᠡ ᠠᠮᠵᠢᠯᠲᠠ ᠭᠢᠯᠪᠡᠷ ᠪᠤᠰᠤ ᠪᠦᠲᠦᠮᠵᠢ ᠣᠯᠪᠠ᠃ ᠰᠢᠨ᠎ᠡ ᠨᠢᠭᠡ ᠵᠢᠯ ᠳᠤ᠂ ᠡᠯ᠎ᠡ | ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ | ᠬᠥᠮᠥᠰ ᠤᠬᠠᠮᠰᠠᠷ ᠠᠴᠠ ᠪᠠᠨ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠨᠠᠮ ᠪᠣᠯᠣᠨ ᠤᠯᠤᠰ ᠤᠨ ᠭᠤᠣᠯ | ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠤᠶᠤᠨ ᠤᠬᠠᠭᠠᠨ ᠬᠦᠴᠦᠨ ᠴᠢᠳᠠᠯ ᠢᠶᠠᠨ ᠲᠥᠪᠯᠡᠷᠡᠭᠦᠯᠵᠦ᠂ ᠠᠷᠭ᠎ᠠ | ᠤᠬᠠᠭᠠᠨ ᠭᠠᠷᠭᠠᠨ ᠵᠠᠰᠠᠭ ᠲᠤ ᠲᠤᠰᠠᠯᠠᠵᠤ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠤᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ | ᠬᠡᠷᠡᠭᠲᠡᠢ ᠭᠡᠵᠦ ᠢᠯᠡᠳᠬᠡᠪᠡ᠃ ᠼᠠᠢ ᠳ᠋ᠠ ᠹᠧᠩ ᠤᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ | ᠴᠢᠬᠤᠯᠠ ᠶᠠᠷᠢᠶ᠎ᠠ ᠲᠠᠯᠪᠢᠪᠠ᠃ ᠲᠡᠷᠡ᠂ 2024 ᠣᠨ ᠪᠣᠯ ᠪᠢᠳᠡᠨ ᠤ ᠬᠦᠴᠢᠷ ᠢ ᠲᠤᠭᠤᠯᠤᠨ ᠪᠡᠷᠬᠡ ᠶᠢ ᠳᠠᠪᠠᠵᠤ᠂ | ᠡᠷᠡᠮᠡᠬᠡᠶᠢᠯᠡᠨ ᠤᠷᠤᠭᠰᠢᠯᠠᠭᠰᠠᠨ ᠨᠢᠭᠡ ᠵᠢᠯ ᠪᠣᠯᠣᠨ᠎ᠠ᠃ ᠨᠢᠭᠡ ᠵᠢᠯ ᠤᠨ ᠲᠤᠷᠰᠢ᠂ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ | ᠪᠦᠯᠬᠦᠮᠳᠡᠭᠦᠯᠦᠨ ᠳᠠᠭᠠᠭᠤᠯᠵᠤ᠂ ᠯᠠᠪᠳᠠᠭᠤᠨ ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠨ᠂ ᠶᠡᠷᠦᠩᠬᠡᠶᠢᠯᠡᠭᠰᠡᠨ | ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠶᠢ | ᠤᠷᠤᠭᠰᠢᠲᠠᠢ ᠪᠡᠶᠡᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠢᠨ᠎ᠡ ᠢᠳᠡᠷᠡᠭᠦᠨ | ᠠᠯᠬᠤᠭ᠎ᠠ ᠶᠢ ᠠᠯᠬᠤᠪᠠ᠃ ᠪᠢᠳᠡ ᠡᠯ᠎ᠡ ᠱᠠᠲᠤ ᠡᠯ᠎ᠡ ᠲᠠᠯ᠎ᠠ ᠶᠢᠨ ᠬᠢᠨ ᠢ ᠬᠥᠲᠥᠯᠥᠨ ᠵᠢᠯᠤᠭᠤᠳᠴᠤ ᠪᠠᠶᠢᠭᠠᠳ | ᠠᠰᠢᠭᠲᠠᠢ ᠨᠥᠬᠦᠴᠡᠯ ᠪᠠ ᠠᠰᠢᠭ ᠦᠭᠡᠢ ᠬᠦᠴᠦᠨ ᠵᠦᠢᠯ ᠢ ᠵᠥᠪ ᠡᠵᠡᠮᠳᠡᠭᠦᠯᠵᠦ᠂ ᠪᠠᠶᠢᠯᠳᠤᠬᠤ ᠪᠣᠳᠣᠯᠭ᠎ᠠ ᠶᠢᠨ | ᠲᠣᠭᠲᠠᠯ ᠬᠦᠴᠦᠨ ᠢᠶᠠᠨ ᠪᠠᠲᠤᠯᠠᠵᠤ᠂ ᠵᠠᠪᠠᠯ ᠢᠯᠠᠬᠤ ᠢᠲᠡᠭᠡᠯ ᠵᠣᠷᠢᠭ ᠢ ᠨᠢ ᠨᠡᠮᠡᠭᠳᠡᠭᠦᠯᠪᠡ᠃ ᠪᠢᠳᠡ ᠡᠯ᠎ᠡ | ᠵᠦᠢᠯ ᠤᠨ ᠬᠠᠳᠠᠭᠠᠯᠠᠮᠵᠢ ᠶᠢᠨ ᠲᠦᠷᠦ ᠶᠢᠨ ᠪᠣᠳᠣᠯᠭ᠎ᠠ ᠶᠢ ᠪᠦᠲᠦᠮᠵᠢᠲᠡᠢ ᠨᠠᠶᠢᠳᠠᠪᠤᠷᠢᠵᠢᠭᠤᠯᠵᠤ᠂ ᠬᠠᠮ | ᠨᠡᠮᠡᠭᠳᠡᠯ ᠤᠨ ᠲᠦᠷᠦ ᠶᠢᠨ ᠪᠣᠳᠣᠯᠭ᠎ᠠ ᠶᠢ ᠬᠦᠴᠦᠯᠡᠨ ᠬᠡᠷᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ | ᠪᠠᠲᠤᠲᠠᠢ ᠠᠬᠢᠭᠤᠯᠵᠤ᠂ ᠮᠠᠨ ᠤ ᠤᠯᠤᠰ ᠤᠨ ᠠᠵᠤ ᠠᠬᠤᠢ ᠰᠠᠶᠢᠵᠢᠷᠠᠯᠲᠠ ᠲᠠᠢ ᠪᠣᠯᠵᠤ᠂ ᠤᠯᠤᠰ ᠤᠨ | ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ 5% ᠪᠠᠷ ᠨᠡᠮᠡᠭᠳᠡᠪᠡ᠃ ᠪᠢᠳᠡ ᠪᠡᠶ᠎ᠡ ᠪᠠᠨ ᠳᠠᠭᠠᠭᠠᠵᠤ | ᠰᠢᠨ᠎ᠡ ᠶᠢ ᠡᠭᠦᠳᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠮᠦᠨ᠎ᠡ ᠹᠷᠤᠨᠲ ᠲᠤ ᠠᠯᠢ | ᠤᠯᠠᠨ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ | ᠬᠥᠭᠵᠢᠯᠲᠡ ᠶᠢ ᠬᠦᠴᠦᠲᠡᠢ ᠠᠬᠢᠭᠤᠯᠪᠠ᠃ ᠪᠢᠳᠡ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ | ᠡᠯ᠎ᠡ ᠵᠦᠢᠯ ᠤᠨ ᠠᠵᠢᠯ ᠦᠢᠯᠡᠰ ᠤᠨ ᠵᠣᠬᠢᠴᠠᠩᠭᠤᠢ ᠪᠠᠷ ᠵᠡᠷᠭᠡᠴᠡᠨ ᠤᠷᠤᠭᠰᠢᠯᠠᠬᠤ ᠶᠢ ᠴᠢᠬᠤᠯᠠᠴᠢᠯᠠᠵᠤ᠂ | ᠠᠷᠠᠳ ᠤᠨ ᠠᠮᠢᠳᠤᠷᠠᠯ ᠤᠨ ᠪᠠᠲᠤᠯᠠᠭ᠎ᠠ ᠯᠠᠪᠳᠠᠭᠤᠨ ᠪᠥᠭᠡᠳ ᠬᠦᠴᠦᠲᠡᠢ ᠪᠣᠯᠵᠤ᠂ ᠠᠷᠠᠳ ᠤᠯᠠᠨ ᠨᠡᠩ ᠤᠯᠠᠨ | ᠬᠦᠷᠲᠡᠮᠵᠢ ᠶᠢᠨ ᠲᠥᠷᠥᠭᠳᠡᠯ ᠲᠠᠢ ᠪᠣᠯᠪᠠ᠃ ᠪᠢᠳᠡ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ | ᠲᠥᠯᠥᠪᠵᠢᠭᠦᠯᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠪᠠᠲᠤᠯᠠᠪᠠ᠃ ᠪᠢᠳᠡ ᠳᠤᠮᠳᠠᠳᠤ | ᠤᠯᠤᠰ ᠤᠨ ᠣᠨᠴᠠᠯᠢᠭ ᠪᠦᠬᠦᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠭᠦᠨᠵᠡᠭᠡᠢ ᠠᠬᠢᠭᠤᠯᠵᠤ᠂ | ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ᠂ ᠬᠥᠮᠥᠨ ᠲᠥᠷᠥᠯᠬᠢᠲᠡᠨ ᠤ ᠬᠥᠭᠵᠢᠯᠲᠡ | ᠳᠠᠪᠰᠢᠯᠳᠠ ᠶᠢ ᠠᠬᠢᠭᠤᠯᠬᠤ ᠳᠤ ᠨᠡᠩ ᠤᠯᠠᠨ ᠢᠳᠡᠪᠬᠢ ᠬᠦᠴᠦᠨ ᠨᠡᠮᠡᠷᠢᠯᠡᠪᠡ᠃ ᠪᠢᠳᠡ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠷᠡᠰ ᠭᠤᠶᠢᠪᠢᠰᠢ ᠦᠭᠡᠢ ᠪᠠᠷ | ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠵᠦ᠂ ᠨᠠᠮ ᠤᠨ ᠰᠤᠷᠲᠠᠯ | ᠵᠠᠰᠠᠭ ᠤᠨ ᠰᠤᠷᠲᠠᠯ ᠦᠷᠭᠦᠯᠵᠢᠯᠡᠨ ᠰᠠᠶᠢᠵᠢᠷᠠᠪᠠ᠃ ᠡᠳᠡᠭᠡᠷ ᠠᠮᠵᠢᠯᠲᠠ ᠪᠦᠲᠦᠮᠵᠢ ᠶᠢ ᠣᠯᠣᠭᠰᠠᠨ ᠶᠠᠪᠤᠳᠠᠯ ᠪᠣᠯ | ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠪᠠᠰᠠ | ᠴᠤ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠠ ᠨᠠᠮ ᠪᠦᠯᠦᠭ ᠤᠨ | ᠪᠤᠰᠤ ᠬᠥᠮᠥᠰ ᠢ ᠪᠠᠭᠲᠠᠭᠠᠭᠰᠠᠨ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ | ᠲᠡᠮᠡᠴᠡᠵᠦ᠂ ᠮᠡᠷᠡᠶᠢᠨ ᠴᠢᠷᠮᠠᠶᠢᠭᠰᠠᠨ ᠤ ᠦᠷ᠎ᠡ ᠳ᠋ᠦᠩ ᠮᠥᠨ ᠭᠡᠵᠦ ᠴᠢᠬᠤᠯᠠᠴᠢᠯᠠᠪᠠ᠃ ᠰᠢ ᠶᠢᠨ ᠫᠢᠩ᠂ | 2024 ᠣᠨ ᠪᠣᠯ ᠪᠠᠰᠠ ᠴᠤ ᠣᠯᠠᠨ ᠨᠠᠮ ᠬᠠᠮᠲᠤᠷᠠᠨ ᠠᠵᠢᠯᠯᠠᠬᠤ ᠦᠢᠯᠡᠰ ᠤᠨ ᠲᠥᠪ ᠶᠣᠰᠣ ᠶᠢ ᠰᠠᠬᠢᠵᠤ | ᠰᠢᠨ᠎ᠡ ᠶᠢ ᠡᠭᠦᠳᠴᠦ᠂ ᠥᠷᠨᠢᠭᠦᠨ ᠬᠥᠭᠵᠢᠭᠰᠡᠨ ᠨᠢᠭᠡ ᠵᠢᠯ ᠮᠥᠨ᠃ ᠡᠯ᠎ᠡ ᠠᠷᠠᠳᠴᠢᠯᠠᠭᠰᠠᠨ ᠨᠠᠮ ᠪᠦᠯᠦᠭ ᠪᠣᠯᠣᠨ | ᠨᠠᠮ ᠪᠦᠯᠦᠭ ᠤᠨ ᠪᠤᠰᠤ ᠬᠥᠮᠥᠰ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠢᠳᠡᠪᠬᠢᠲᠡᠢ ᠪᠠᠷ ᠰᠠᠨᠠᠯ | ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠵᠤ᠂ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ | ᠪᠣᠳᠣᠯᠭ᠎ᠠ ᠲᠣᠭᠲᠠᠭᠠᠬᠤ᠂ ᠪᠦᠲᠦᠮᠵᠢᠲᠡᠢ ᠠᠷᠭ᠎ᠠ ᠪᠣᠳᠣᠯᠭ᠎ᠠ ᠬᠡᠷᠡᠭᠵᠢᠭᠦᠯᠬᠦ ᠳᠤ ᠢᠳᠡᠪᠬᠢᠲᠡᠢ ᠦᠢᠯᠡᠳᠦᠯ | ᠦᠵᠡᠭᠦᠯᠪᠡ᠃ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠠᠷᠠᠳ ᠤᠨ ᠡᠵᠡᠩᠨᠡᠯᠲᠡ ᠶᠢᠨ ᠠᠵᠤ | ᠠᠬᠤᠢ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ | ᠠᠬᠢᠭᠤᠯᠵᠤ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠡᠷᠡᠭᠦᠯ ᠢᠶᠠᠷ ᠬᠥᠭᠵᠢᠬᠦ᠂ ᠨᠡᠶᠢᠲᠡ ᠶᠢᠨ | ᠥᠮᠴᠢᠯᠡᠯ ᠤᠨ ᠪᠤᠰᠤ ᠠᠵᠤ ᠠᠬᠤᠢ ᠶᠢᠨ ᠬᠥᠮᠥᠰ ᠤᠨ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠳᠤ ᠶᠡᠭᠡ | ᠬᠡᠮᠵᠢᠶᠡᠨ ᠤ ᠠᠵᠢᠯ ᠬᠢᠵᠡᠢ ᠭᠡᠵᠦ ᠵᠢᠭᠠᠵᠤ ᠭᠠᠷᠭᠠᠪᠠ᠃ ᠲᠡᠷᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢ ᠲᠥᠯᠥᠭᠡᠯᠡᠨ᠂ ᠤᠯᠠᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ︕ ᠭᠡᠵᠦ ᠢᠯᠡᠳᠬᠡᠪᠡ᠃ | ᠰᠢ ᠶᠢᠨ ᠫᠢᠩ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠰᠡᠭᠦᠯ ᠬᠤᠷᠢᠶᠠᠬᠤ ᠵᠢᠯ ᠮᠥᠨ᠃ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ | ᠠᠶᠠᠰ ᠢ ᠪᠠᠷᠢᠮᠲᠠᠯᠠᠵᠤ᠂ ᠨᠡᠩ ᠢᠳᠡᠪᠬᠢᠲᠡᠢ ᠪᠥᠭᠡᠳ ᠵᠢᠳᠬᠦᠯ ᠴᠢᠷᠮᠠᠶᠢᠯᠭ᠎ᠠ ᠲᠠᠢ ᠬᠤᠷᠸ᠎ᠠ ᠲᠦᠷᠦ ᠶᠢᠨ | ᠪᠣᠳᠣᠯᠭ᠎ᠠ ᠶᠢ ᠬᠡᠷᠡᠭᠵᠢᠭᠦᠯᠵᠦ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠶᠢ ᠰᠠᠶᠢᠲᠤᠷ | ᠠᠳᠬᠤᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ | ᠬᠦᠴᠦᠷᠬᠡᠭᠵᠢᠬᠦ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠶᠢᠨ ᠰᠠᠶᠢᠬᠠᠨ ᠬᠠᠨᠳᠤᠰᠢ ᠶᠢ | ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠲᠡᠭᠦᠰ | ᠠᠮᠵᠢᠯᠲᠠ ᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠰᠠᠶᠢᠨ ᠰᠠᠶᠢᠬᠠᠨ ᠡᠭᠢᠯᠡᠯᠲᠡ ᠳᠤ | ᠪᠠᠲᠤ ᠰᠠᠭᠤᠷᠢ ᠲᠠᠯᠪᠢᠬᠤ ᠬᠡᠷᠡᠭᠲᠡᠢ᠃ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ | ᠦᠢᠯᠡᠴᠢᠯᠡᠵᠦ᠂ ᠥᠪᠡᠷ ᠥᠪᠡᠷ ᠤᠨ ᠳᠠᠪᠠᠭᠤᠯᠢᠭ ᠢᠶᠠᠨ ᠪᠠᠳᠠᠷᠠᠭᠤᠯᠵᠤ᠂ ᠨᠡᠩ ᠥᠷᠭᠡᠨ ᠳᠡᠯᠭᠡᠷᠡᠩᠭᠦᠢ ᠪᠠᠷ | ᠬᠥᠮᠥᠰ ᠤᠨ ᠰᠡᠳᠬᠢᠯ ᠢ ᠨᠢᠭᠲᠠᠷᠠᠭᠤᠯᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠤᠶᠤᠨ ᠤᠬᠠᠭᠠᠨ ᠢ | ᠨᠢᠭᠲᠠᠷᠠᠭᠤᠯᠵᠤ᠂ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ | ᠨᠠᠮ ᠪᠦᠯᠦᠭ ᠤᠨ ᠪᠤᠰᠤ ᠬᠥᠮᠥᠰ ᠲᠤ 3 ᠲᠠᠯ᠎ᠠ ᠶᠢᠨ ᠬᠦᠰᠡᠯ ᠳᠤᠷᠠᠳᠪᠠ᠃ ᠨᠢᠭᠡ ᠳᠤ᠂ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠢᠵᠢᠯᠢ ᠲᠥᠪᠲᠦ ᠲᠣᠭᠤᠷᠢᠭ ᠢ ᠤᠯᠠᠮ ᠨᠢᠭᠡ ᠠᠯᠬᠤᠮ ᠰᠠᠶᠢᠲᠤᠷ ᠵᠢᠷᠤᠬᠤ | ᠬᠡᠷᠡᠭᠲᠡᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠡᠨᠡ ᠬᠦ ᠳᠤᠮᠳᠠᠳᠤ ᠤᠯᠤᠰ ᠤᠨ | ᠰᠢᠨ᠎ᠡ ᠭᠡᠯᠪᠡᠷᠢ ᠶᠢᠨ ᠲᠦᠷᠦ ᠶᠢᠨ ᠨᠠᠮ ᠤᠨ ᠪᠠᠶᠢᠭᠤᠯᠤᠯ ᠤᠨ ᠦᠨᠳᠦᠰᠦᠨ ᠣᠨᠴᠠᠯᠢᠭ ᠢ ᠪᠠᠲᠤ ᠡᠵᠡᠮᠳᠡᠵᠦ᠂ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠵᠤ᠂ ᠢᠲᠡᠭᠡᠯ ᠵᠣᠷᠢᠭ ᠢᠶᠠᠨ ᠪᠠᠲᠤᠳᠬᠠᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠬᠥᠮᠥᠰ ᠤᠨ | ᠰᠡᠳᠬᠢᠯ ᠢ ᠳᠤᠯᠠᠭᠠᠴᠠᠭᠤᠯᠬᠤ᠂ ᠰᠡᠳᠬᠢᠯ ᠢ ᠨᠢᠭᠡᠳᠬᠡᠬᠦ ᠠᠵᠢᠯ ᠢ ᠢᠯᠡᠭᠦᠬᠡᠨ ᠬᠢᠵᠦ᠂ ᠡᠯ᠎ᠡ ᠲᠠᠯ᠎ᠠ ᠶᠢᠨ ᠢᠳᠡᠪᠬᠢ | ᠬᠦᠴᠦᠨ ᠵᠦᠢᠯ ᠢ ᠦᠨᠡᠨ ᠬᠦ ᠬᠥᠭᠵᠢᠯᠲᠡ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ | ᠬᠤᠶᠠᠷ ᠲᠤ᠂ ᠭᠤᠣᠯ ᠠᠵᠢᠯ ᠲᠠᠢ ᠪᠠᠨ ᠨᠢᠭᠲᠠ ᠤᠶᠠᠯᠳᠤᠭᠤᠯᠤᠨ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ | ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ | ᠭᠦᠨᠵᠡᠭᠡᠶᠢᠷᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠲᠥᠯᠦᠪᠵᠢᠭᠦᠯᠭᠡ ᠶᠢ ᠲᠣᠭᠲᠠᠭᠠᠬᠤ ᠶᠢᠨ ᠰᠠᠨᠠᠭᠤᠯᠭ᠎ᠠ ᠳᠤᠷᠠᠳᠬᠤ ᠵᠡᠷᠭᠡ ᠲᠠᠢ ᠨᠢᠭᠲᠠ ᠤᠶᠠᠯᠳᠤᠭᠤᠯᠤᠨ ᠭᠦᠨᠵᠡᠭᠡᠢ | ᠪᠠᠶᠢᠴᠠᠭᠠᠨ ᠰᠤᠳᠤᠯᠤᠯᠲᠠ ᠬᠢᠵᠦ ᠵᠠᠰᠠᠭ ᠤᠨ ᠶᠠᠪᠤᠳᠠᠯ ᠢ ᠵᠥᠪᠯᠡᠵᠦ᠂ ᠬᠥᠬᠡᠮᠥ᠋ᠷᠡᠨ ᠤ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠭᠤᠣᠯᠳᠠᠯᠭ᠎ᠠ ᠲᠠᠢ ᠪᠡᠷᠬᠡ ᠠᠰᠠᠭᠤᠳᠠᠯ ᠳᠤ ᠦᠷᠭᠦᠯᠵᠢᠯᠡᠨ ᠠᠩᠬᠠᠷᠤᠯ ᠢᠶᠠᠨ | ᠲᠥᠪᠯᠡᠷᠡᠭᠦᠯᠦᠨ ᠠᠷᠠᠳᠴᠢᠯᠠᠯ ᠢᠶᠠᠷ ᠬᠢᠨᠠᠯᠲᠠ ᠲᠠᠯᠪᠢᠬᠤ ᠠᠵᠢᠯ ᠢ ᠥᠷᠨᠢᠭᠦᠯᠬᠦ ᠬᠡᠷᠡᠭᠲᠡᠢ᠃ ᠪᠦᠭᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠢᠨ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠮᠥᠰ ᠢ | ᠬᠥᠲᠥᠯᠥᠨ ᠵᠢᠯᠤᠭᠤᠳᠴᠤ ᠦᠢᠯᠡᠰ ᠪᠣᠰᠬᠠᠬᠤ ᠬᠠᠯᠠᠭᠤᠨ ᠰᠡᠳᠬᠢᠯᠭᠡ ᠶᠢ ᠨᠢ ᠪᠠᠲᠤᠯᠠᠵᠤ᠂ ᠬᠥᠭᠵᠢᠯᠲᠡ ᠶᠢᠨ | ᠢᠲᠡᠭᠡᠯ ᠢ ᠨᠢ ᠬᠥᠪᠴᠢᠯᠡᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ | ᠪᠠᠶᠢᠭᠠᠳ ᠳᠤᠮᠳᠠᠳᠤ ᠤᠯᠤᠰ ᠤᠨ ᠣᠨᠴᠠᠯᠢᠭ ᠪᠦᠬᠦᠢ ᠤᠳᠤ ᠦᠶ᠎ᠡ ᠶᠢᠨ ᠠᠵᠤ ᠠᠬᠤᠶᠢᠯᠠᠯ ᠤᠨ ᠳᠦᠷᠢᠮ ᠢ | ᠲᠣᠭᠲᠠᠭᠠᠨ ᠲᠡᠭᠦᠯᠳᠡᠷᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ | ᠭᠤᠷᠪᠠ ᠳᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ᠃ ᠤᠯᠤᠰ ᠲᠦᠷᠦ ᠪᠠᠷ ᠬᠥᠲᠥᠯᠥᠨ ᠳᠠᠭᠠᠭᠤᠯᠬᠤ ᠶᠢ | ᠲᠤᠪᠤᠶᠢᠯᠭᠠᠵᠦ᠂ ᠥᠷᠭᠡᠨ ᠤᠯᠠᠨ ᠪᠦᠷᠢᠯᠳᠦᠭᠦᠨ ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠯᠦ ᠮᠠᠷᠲᠠᠬᠤ᠂ | ᠰᠢᠯᠢᠳᠡᠭ ᠤᠯᠠᠮᠵᠢᠯᠠᠯ ᠢᠶᠠᠨ ᠵᠠᠯᠭᠠᠮᠵᠢᠯᠠᠬᠤ᠂ ᠡᠷᠡᠮᠡᠬᠡᠶᠢᠯᠡᠨ ᠤᠷᠤᠭᠰᠢᠯᠠᠬᠤ ᠬᠦᠴᠦᠨ ᠢ ᠰᠢᠩᠭᠡᠬᠡᠨ ᠠᠪᠬᠤ ᠶᠢ | ᠬᠥᠲᠥᠯᠥᠨ ᠵᠢᠯᠤᠭᠤᠳᠴᠤ ᠤᠷᠮᠠᠰᠢᠭᠤᠯᠤᠨ ᠵᠣᠷᠢᠭᠵᠢᠭᠤᠯᠬᠤ ᠬᠡᠷᠡᠭᠲᠡᠢ᠃ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠦᠷᠭᠦᠯᠵᠢᠯᠡᠨ | ᠨᠠᠶᠢᠳᠠᠪᠤᠷᠢᠵᠢᠭᠤᠯᠬᠤ ᠪᠠᠷ ᠳᠠᠮᠵᠢᠨ ᠰᠤᠷᠲᠠᠯ ᠢ ᠬᠤᠪᠢᠷᠠᠭᠤᠯᠬᠤ ᠶᠢ ᠠᠬᠢᠭᠤᠯᠵᠤ᠂ ᠰᠠᠶᠢᠨ ᠰᠠᠶᠢᠬᠠᠨ ᠤᠯᠤᠰ | ᠲᠦᠷᠦ ᠶᠢᠨ ᠠᠮᠢ ᠠᠬᠤᠢ ᠶᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃ | ᠱᠢ ᠲᠠᠢ ᠹᠧᠩ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ | ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠲᠥᠪ ᠤᠨ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠢ᠃ |