ᠰᠢᠨᠬᠤᠸᠠ ᠬᠤᠷᠢᠶ᠎ᠠ ᠶᠢᠨ ᠮᠦᠭᠳᠡᠨ ᠤ 1 ᠰᠠᠷ᠎ᠠ ᠶᠢᠨ 25 ᠤ ᠴᠠᠭᠢᠯᠭᠠᠨ ᠮᠡᠳᠡᠭᠡ ᠳᠤᠮᠳᠠᠳᠤ ᠶᠢᠨ | ᠦᠨᠳᠦᠰᠦᠲᠡᠨ ᠤ ᠤᠯᠠᠮᠵᠢᠯᠠᠯᠲᠤ ᠪᠠᠶᠠᠷ ᠴᠠᠭᠠᠨ ᠰᠠᠷ᠎ᠠ ᠤᠳᠠᠯ ᠦᠭᠡᠢ ᠬᠦᠷᠴᠦ ᠢᠷᠡᠬᠦ ᠲᠠᠰᠢᠷᠠᠮ ᠢᠶᠠᠷ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 24 ᠤ ᠡᠳᠦᠷ ᠤᠮᠠᠷᠠᠲᠤ | ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠪᠠᠶᠢᠭᠤᠯᠭ᠎ᠠ ᠳᠤ ᠬᠦᠷᠴᠦ ᠠᠵᠢᠯ ᠪᠠᠶᠢᠴᠠᠭᠠᠨ ᠲᠣᠬᠤᠨᠢᠭᠤᠯᠵᠤ᠂ | ᠸᠢᠳᠢᠤ᠋ ᠪᠠᠷ ᠦᠨᠳᠦᠰᠦᠨ ᠱᠠᠲᠤᠨ ᠤ ᠳᠠᠷᠤᠭ᠎ᠠ ᠪᠠᠶᠢᠯᠳᠤᠭᠴᠢᠳ ᠢ ᠡᠷᠭᠢᠨ ᠦᠵᠡᠵᠦ᠂ ᠴᠡᠷᠢᠭ ᠠᠩᠭᠢ ᠶᠢᠨ | ᠲᠠᠶᠢᠨ ᠳᠤ ᠪᠡᠯᠡᠳᠬᠡᠨ ᠵᠢᠵᠢᠭᠦᠷᠯᠡᠬᠦ ᠪᠣᠯᠣᠨ ᠡᠭᠦᠷᠭᠡ ᠭᠦᠢᠴᠡᠳᠬᠡᠵᠦ ᠪᠠᠶᠢᠭ᠎ᠠ ᠪᠠᠶᠢᠳᠠᠯ ᠢ ᠪᠠᠶᠢᠴᠠᠭᠠᠵᠤ᠂ ᠨᠠᠮ ᠤᠨ | ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠠᠷᠠᠳ ᠤᠨ ᠴᠢᠯᠦᠭᠡᠯᠡᠬᠦ | ᠴᠡᠷᠢᠭ ᠤᠨ ᠪᠦᠭᠦ ᠵᠢᠯᠣᠭᠤᠳᠤᠭᠴᠢ ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ | ᠪᠠᠶᠢᠯᠳᠤᠭᠴᠢ᠂ ᠴᠡᠷᠢᠭ ᠠᠩᠭᠢ ᠶᠢᠨ ᠪᠢᠴᠢᠭ ᠤᠨ ᠠᠵᠢᠯᠲᠠᠨ᠂ ᠪᠡᠯᠡᠳᠬᠡᠯ ᠠᠯᠪᠠᠨ ᠤ ᠬᠥᠮᠥᠰ ᠪᠠ ᠡᠷᠦᠭᠡ ᠶᠢᠨ | ᠴᠡᠷᠢᠭ ᠲᠤ ᠴᠢᠩ ᠰᠡᠳᠬᠢᠯ ᠤᠨ ᠮᠡᠨᠳᠦᠴᠢᠯᠡᠯ ᠪᠣᠯᠣᠨ ᠴᠠᠭᠠᠨ ᠰᠠᠷ᠎ᠠ ᠶᠢᠨ ᠬᠦᠰᠡᠯ ᠵᠥᠩᠨᠡᠯ ᠳᠡᠪᠰᠢᠭᠦᠯᠪᠡ᠃ | | 1 ᠰᠠᠷ᠎ᠠ ᠶᠢᠨ 24 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ | ᠫᠢᠩ ᠤᠮᠠᠷᠠᠲᠤ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠪᠠᠶᠢᠭᠤᠯᠭ᠎ᠠ ᠳᠤ ᠬᠦᠷᠴᠦ ᠠᠵᠢᠯ ᠪᠠᠶᠢᠴᠠᠭᠠᠨ | ᠲᠣᠬᠤᠨᠢᠭᠤᠯᠵᠤ᠂ ᠸᠢᠳᠢᠤ᠋ ᠪᠠᠷ ᠦᠨᠳᠦᠰᠦᠨ ᠱᠠᠲᠤᠨ ᠤ ᠳᠠᠷᠤᠭ᠎ᠠ ᠪᠠᠶᠢᠯᠳᠤᠭᠴᠢᠳ ᠢ ᠡᠷᠭᠢᠨ ᠦᠵᠡᠵᠦ᠂ ᠴᠡᠷᠢᠭ | ᠠᠩᠭᠢ ᠶᠢᠨ ᠲᠠᠶᠢᠨ ᠳᠤ ᠪᠡᠯᠡᠳᠬᠡᠨ ᠵᠢᠵᠢᠭᠦᠷᠯᠡᠬᠦ ᠪᠣᠯᠣᠨ ᠡᠭᠦᠷᠭᠡ ᠭᠦᠢᠴᠡᠳᠬᠡᠵᠦ ᠪᠠᠶᠢᠭ᠎ᠠ ᠪᠠᠶᠢᠳᠠᠯ ᠢ ᠪᠠᠶᠢᠴᠠᠭᠠᠵᠤ᠂ | ᠨᠠᠮ ᠤᠨ ᠲᠥᠪ ᠬᠤᠷᠢᠶ᠎ᠠ ᠪᠣᠯᠣᠨ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠠᠷᠠᠳ ᠤᠨ | ᠴᠢᠯᠦᠭᠡᠯᠡᠬᠦ ᠴᠡᠷᠢᠭ ᠤᠨ ᠪᠦᠭᠦ ᠵᠢᠯᠣᠭᠤᠳᠤᠭᠴᠢ ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ | ᠳᠠᠷᠤᠭ᠎ᠠ ᠪᠠᠶᠢᠯᠳᠤᠭᠴᠢ᠂ ᠴᠡᠷᠢᠭ ᠠᠩᠭᠢ ᠶᠢᠨ ᠪᠢᠴᠢᠭ ᠤᠨ ᠠᠵᠢᠯᠲᠠᠨ᠂ ᠪᠡᠯᠡᠳᠬᠡᠯ ᠠᠯᠪᠠᠨ ᠤ ᠬᠥᠮᠥᠰ ᠪᠣᠯᠣᠨ | ᠡᠷᠦᠭᠡ ᠶᠢᠨ ᠴᠡᠷᠢᠭ ᠲᠤ ᠴᠢᠩ ᠰᠡᠳᠬᠢᠯ ᠤᠨ ᠮᠡᠨᠳᠦᠴᠢᠯᠡᠯ ᠪᠣᠯᠣᠨ ᠴᠠᠭᠠᠨ ᠰᠠᠷ᠎ᠠ ᠶᠢᠨ ᠬᠦᠰᠡᠯ ᠵᠥᠩᠨᠡᠯ | ᠳᠡᠪᠰᠢᠭᠦᠯᠪᠡ᠃ ᠵᠢᠷᠤᠭ ᠪᠣᠯ ᠰᠢ ᠶᠢᠨ ᠫᠢᠩ ᠡᠮᠦᠨᠡᠲᠦ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠬᠠᠭᠤᠷᠠᠢ | ᠵᠠᠮ ᠤᠨ ᠴᠡᠷᠢᠭ ᠤᠨ ᠨᠢᠭᠡᠨ ᠪᠠᠷᠢᠭᠠᠳᠠ ᠶᠢᠨ ᠡᠭᠦᠷᠭᠡ ᠶᠢᠨ ᠬᠤᠪᠢᠶᠠᠷᠢ ᠠᠩᠭᠢ᠂ ᠵᠡᠭᠦᠨ ᠬᠡᠰᠡᠭ ᠤᠨ ᠪᠠᠶᠢᠯᠳᠤᠭᠠᠨ ᠤ | ᠲᠣᠭᠤᠷᠢᠭ ᠤᠨ ᠳᠠᠯᠠᠶ ᠶᠢᠨ ᠴᠡᠷᠢᠭ ᠤᠨ ᠬᠥᠯᠭᠡ ᠣᠩᠭᠤᠴᠠᠲᠤ ᠵᠠᠯᠠᠭᠤᠷᠲᠤ ᠰᠤᠮᠤᠨ ᠤ ᠨᠢᠭᠡᠨ ᠬᠤᠷᠢᠶ᠎ᠠ ᠶᠢᠨ | ᠵᠢᠵᠢᠭᠦᠷ ᠤᠨ ᠬᠤᠪᠢᠶᠠᠷᠢ ᠠᠩᠭᠢ᠂ ᠳᠤᠮᠳᠠ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠠᠭᠠᠷ ᠤᠨ ᠴᠡᠷᠢᠭ ᠤᠨ | ᠠᠭᠠᠷ ᠤᠨ ᠰᠡᠷᠭᠡᠶᠢᠯᠡᠯᠲᠡ ᠶᠢᠨ ᠵᠠᠯᠠᠭᠤᠷᠲᠤ ᠰᠤᠮᠤᠨ ᠤ ᠨᠢᠭᠡᠨ ᠪᠠᠳ᠋ᠯᠢᠶᠤᠨ᠂ ᠴᠡᠷᠢᠭ ᠤᠨ ᠶᠠᠪᠤᠳᠠᠯ ᠤᠨ ᠰᠠᠨᠰᠠᠷ ᠤᠨ | ᠠᠶᠠᠯᠠᠯ ᠤᠨ ᠴᠡᠷᠢᠭ ᠠᠩᠭᠢ ᠶᠢᠨ ᠨᠢᠭᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠥᠷᠲᠡᠭᠡ᠂ | ᠵᠧᠩᠵᠧᠦ ᠶᠢᠨ ᠬᠠᠮᠲᠤᠷᠠᠭᠰᠠᠨ ᠦᠢᠯᠡᠴᠢᠯᠡᠭᠡᠨ ᠤ ᠪᠠᠲᠤᠯᠠᠭ᠎ᠠ ᠶᠢᠨ ᠲᠥᠪ ᠤᠨ ᠮᠠᠰᠢᠨ ᠲᠡᠷᠭᠡᠨ ᠤ ᠲᠡᠭᠡᠭᠡᠪᠦᠷᠢ ᠶᠢᠨ | ᠨᠢᠭᠡᠨ ᠬᠤᠷᠢᠶ᠎ᠠ ᠶᠢᠨ 2 ᠳ᠋ᠤᠭᠠᠷ ᠪᠠᠳ᠋ᠯᠢᠶᠤᠨ᠂ ᠵᠡᠪᠰᠡᠭᠲᠦ ᠴᠠᠭᠳᠠᠭ᠎ᠠ ᠶᠢᠨ ᠲᠥᠪᠡᠳ ᠤᠨ ᠶᠡᠷᠦᠩᠬᠡᠢ ᠠᠩᠭᠢ ᠶᠢᠨ | ᠰᠢᠭᠠᠽᠧ ᠶᠢᠨ ᠰᠠᠯᠪᠤᠷᠢ ᠠᠩᠭᠢ ᠶᠢᠨ ᠵᠢᠵᠢᠭᠦᠷᠯᠡᠬᠦ 3 ᠳ᠋ᠤᠭᠠᠷ ᠶᠡᠭᠡ ᠠᠩᠭᠢ ᠶᠢᠨ ᠳᠠᠷᠤᠭ᠎ᠠ ᠪᠠᠶᠢᠯᠳᠤᠭᠴᠢᠳ ᠲᠠᠢ | ᠸᠢᠳᠢᠤ᠋ ᠪᠠᠷ ᠶᠠᠷᠢᠯᠴᠠᠵᠤ ᠪᠠᠶᠢᠭ᠎ᠠ ᠨᠢ ︵ᠵᠦᠢᠭᠰᠡᠨ ᠵᠢᠷᠤᠭ︶᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ | ᠯᠢ ᠭᠠᠩ ᠰᠡᠭᠦᠳᠡᠷᠯᠡᠪᠡ | ᠪᠢᠯᠢᠭ ᠤᠨ ᠤᠯᠠᠷᠢᠯ ᠤᠨ ᠯᠠ ᠰᠠᠷ᠎ᠠ ᠶᠢᠨ ᠬᠤᠷᠢᠨ ᠭᠤᠷᠪᠠᠨ ᠨᠢᠭᠡᠨᠲᠡ ᠥᠩᠭᠡᠷᠡᠵᠦ᠂ ᠯᠢᠶᠣᠤᠨᠢᠩ ᠤᠨ ᠡᠬᠡ | ᠭᠠᠵᠠᠷ ᠲᠤ ᠪᠠᠶᠠᠷ ᠤᠨ ᠡᠳᠦᠷ ᠤᠨ ᠠᠭᠤᠷ ᠠᠮᠢᠰᠬᠤᠯ ᠪᠢᠯᠬᠠᠨ᠎ᠠ᠃ ᠦᠳᠡ ᠶᠢᠨ ᠡᠮᠦᠨᠡᠬᠢ 9 ᠴᠠᠭ 30 | ᠮᠢᠨᠦ᠋ᠲ ᠤᠨ ᠦᠶ᠎ᠡ ᠪᠠᠷ᠂ ᠰᠢ ᠶᠢᠨ ᠫᠢᠩ ᠤᠮᠠᠷᠠᠲᠤ ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠪᠠᠶᠢᠭᠤᠯᠭ᠎ᠠ ᠳᠤ | ᠬᠦᠷᠴᠦ᠂ ᠬᠠᠯᠠᠭᠤᠨ ᠠᠯᠠᠭ᠎ᠠ ᠲᠡᠰᠢᠯᠲᠡ ᠶᠢᠨ ᠳᠤᠮᠳᠠ ᠤᠮᠠᠷᠠᠲᠤ ᠬᠡᠰᠡᠭ ᠤᠨ ᠪᠠᠶᠢᠯᠳᠤᠭᠠᠨ ᠤ ᠲᠣᠭᠤᠷᠢᠭ ᠤᠨ | ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠤᠯᠠᠨ ᠲᠠᠢ ᠬᠠᠮᠲᠤ ᠭᠡᠷᠡᠯ | ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ ᠲᠠᠷᠠᠭ᠎ᠠ ᠨᠢ᠂ ᠰᠢ ᠶᠢᠨ ᠫᠢᠩ ᠪᠦᠭᠦ ᠴᠡᠷᠢᠭ ᠤᠨ | ᠬᠤᠯᠪᠣᠭᠳᠠᠯ ᠪᠦᠬᠦᠢ ᠴᠡᠷᠢᠭ ᠠᠩᠭᠢ ᠲᠠᠢ ᠸᠢᠳᠢᠤ᠋ ᠪᠠᠷ ᠶᠠᠷᠢᠯᠴᠠᠪᠠ᠃ ᠡᠮᠦᠨᠡᠲᠦ ᠬᠡᠰᠡᠭ ᠤᠨ ᠪᠠᠶᠢᠯᠳᠤᠭᠠᠨ ᠤ | ᠲᠣᠭᠤᠷᠢᠭ ᠤᠨ ᠬᠠᠭᠤᠷᠠᠢ ᠵᠠᠮ ᠤᠨ ᠴᠡᠷᠢᠭ ᠤᠨ ᠨᠢᠭᠡᠨ ᠪᠠᠷᠢᠭᠠᠳᠠ ᠶᠢᠨ ᠡᠭᠦᠷᠭᠡ ᠶᠢᠨ ᠬᠤᠪᠢᠶᠠᠷᠢ ᠠᠩᠭᠢ᠂ ᠵᠡᠭᠦᠨ | ᠬᠡᠰᠡᠭ ᠤᠨ ᠪᠠᠶᠢᠯᠳᠤᠭᠠᠨ ᠤ ᠲᠣᠭᠤᠷᠢᠭ ᠤᠨ ᠲᠠᠯᠠᠢ ᠶᠢᠨ ᠴᠡᠷᠢᠭ ᠤᠨ ᠬᠥᠯᠭᠡ ᠣᠩᠭᠤᠴᠠᠲᠤ ᠵᠠᠯᠠᠭᠤᠷᠲᠤ ᠰᠤᠮᠤ ᠶᠢᠨ | ᠨᠢᠭᠡᠨ ᠬᠤᠷᠢᠶ᠎ᠠ ᠶᠢᠨ ᠵᠢᠵᠢᠭᠦᠷᠯᠡᠬᠦ ᠬᠤᠪᠢᠶᠠᠷᠢ ᠠᠩᠭᠢ᠂ ᠳᠤᠮᠳᠠ ᠬᠡᠰᠡᠭ ᠤᠨ ᠪᠠᠶᠢᠯᠳᠤᠭᠠᠨ ᠤ ᠲᠣᠭᠤᠷᠢᠭ ᠤᠨ | ᠠᠭᠠᠷ ᠤᠨ ᠴᠡᠷᠢᠭ ᠤᠨ ᠠᠭᠠᠷ ᠰᠡᠷᠭᠡᠶᠢᠯᠡᠯᠲᠡ ᠶᠢᠨ ᠵᠠᠯᠠᠭᠤᠷᠲᠤ ᠰᠤᠮᠤ ᠶᠢᠨ ᠨᠢᠭᠡᠨ ᠪᠠᠳ᠋ᠯᠢᠶᠤᠨ᠂ ᠴᠡᠷᠢᠭ ᠤᠨ | ᠶᠠᠪᠤᠳᠠᠯ ᠤᠨ ᠰᠠᠨᠰᠠᠷ ᠤᠨ ᠠᠶᠠᠯᠠᠯ ᠤᠨ ᠴᠡᠷᠢᠭ ᠠᠩᠭᠢ ᠶᠢᠨ ᠨᠢᠭᠡᠨ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ | ᠦᠷᠳᠡᠭᠡ᠂ ᠵᠧᠩᠵᠧᠦ ᠶᠢᠨ ᠬᠠᠮᠲᠤᠷᠠᠭᠰᠠᠨ ᠦᠢᠯᠡᠴᠢᠯᠡᠭᠡᠨ ᠤ ᠪᠠᠲᠤᠯᠠᠭ᠎ᠠ ᠶᠢᠨ ᠲᠥᠪ ᠤᠨ ᠮᠠᠰᠢᠨ ᠲᠡᠷᠭᠡᠨ ᠤ | ᠲᠡᠭᠡᠭᠡᠪᠦᠷᠢ ᠶᠢᠨ ᠨᠢᠭᠡᠨ ᠬᠤᠷᠢᠶ᠎ᠠ ᠶᠢᠨ 2 ᠳ᠋ᠤᠭᠠᠷ ᠪᠠᠳ᠋ᠯᠢᠶᠤᠨ᠂ ᠵᠡᠪᠰᠡᠭᠲᠦ ᠴᠠᠭᠳᠠᠭ᠎ᠠ ᠶᠢᠨ ᠲᠥᠪᠡᠳ ᠤᠨ | ᠶᠡᠷᠦᠩᠬᠡᠢ ᠠᠩᠭᠢ ᠶᠢᠨ ᠰᠢᠭᠠᠽᠧ ᠶᠢᠨ ᠰᠠᠯᠪᠤᠷᠢ ᠠᠩᠭᠢ ᠶᠢᠨ ᠵᠢᠵᠢᠭᠦᠷᠯᠡᠬᠦ 3 ᠳ᠋ᠤᠭᠠᠷ ᠶᠡᠭᠡ ᠠᠩᠭᠢ ᠶᠢᠨ ᠳᠠᠷᠤᠭ᠎ᠠ | ᠪᠠᠶᠢᠯᠳᠤᠭᠴᠢᠳ ᠲᠡᠷᠢ ᠲᠡᠭᠰᠢ ᠵᠢᠭᠰᠠᠵᠤ᠂ ᠲᠡᠷᠢᠭᠦᠯᠡᠭᠴᠢ ᠰᠢ ᠶᠢᠨ ᠫᠢᠩ ᠳᠤ ᠲᠠᠶᠢᠨ ᠳᠤ ᠪᠡᠯᠡᠳᠬᠡᠨ ᠵᠢᠵᠢᠭᠦᠷᠯᠡᠬᠦ | ᠪᠠ ᠡᠭᠦᠷᠭᠡ ᠭᠦᠢᠴᠡᠳᠬᠡᠵᠦ ᠪᠠᠶᠢᠬᠤ ᠪᠠᠶᠢᠳᠠᠯ ᠢᠶᠠᠨ ᠳᠡᠰ ᠳᠠᠷᠠᠭ᠎ᠠ ᠲᠠᠢ ᠮᠡᠳᠡᠭᠦᠯᠪᠡ᠃ ᠰᠢ ᠶᠢᠨ ᠫᠢᠩ ᠬᠤᠯᠪᠣᠭᠳᠠᠯ | ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠲᠡᠳᠡᠨ ᠤ ᠠᠵᠢᠯ ᠢ ᠭᠦᠢᠴᠡᠳ | ᠨᠤᠲᠠᠯᠠᠭᠰᠠᠨ ᠪᠥᠭᠡᠳ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠬᠡᠪᠡ᠃ | ᠰᠢ ᠶᠢᠨ ᠫᠢᠩ᠂ ᠬᠡᠳᠦᠨ ᠡᠳᠦᠷ ᠥᠩᠭᠡᠷᠡᠪᠡᠯ ᠴᠠᠭᠠᠨ ᠰᠠᠷ᠎ᠠ ᠪᠣᠯᠴᠢᠬᠠᠨ᠎ᠠ᠂ ᠪᠦᠭᠦ ᠴᠡᠷᠢᠭ ᠤᠨ ᠬᠢᠨ | ᠲᠠᠶᠢᠨ ᠳᠤ ᠪᠡᠯᠡᠳᠬᠡᠨ ᠵᠢᠵᠢᠭᠦᠷᠯᠡᠬᠦ ᠪᠠᠨ ᠴᠢᠩᠭᠠᠳᠬᠠᠵᠤ᠂ ᠡᠯ᠎ᠡ ᠵᠦᠢᠯ ᠤᠨ ᠭᠠᠷᠴᠤ ᠮᠡᠳᠡᠬᠦ ᠭᠡᠨᠡᠳᠲᠡ ᠶᠢᠨ | ᠪᠠᠶᠢᠳᠠᠯ ᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠵᠦ᠂ ᠤᠯᠤᠰ ᠤᠨ ᠠᠮᠤᠷ ᠲᠦᠪᠰᠢᠨ ᠪᠣᠯᠣᠨ | ᠨᠡᠶᠢᠭᠡᠮ ᠤᠨ ᠲᠣᠭᠲᠠᠭᠤᠨ ᠢ ᠰᠠᠶᠢᠲᠤᠷ ᠬᠠᠮᠠᠭᠠᠯᠠᠵᠤ᠂ ᠪᠦᠭᠦ ᠤᠯᠤᠰ ᠤᠨ ᠠᠷᠠᠳ ᠲᠦᠮᠡᠨ ᠤ ᠪᠠᠶᠠᠷ | ᠪᠠᠶᠠᠰᠬᠤᠯᠠᠩ ᠲᠠᠢ᠂ ᠠᠮᠤᠷ ᠠᠮᠤᠭᠤᠯᠠᠩ᠂ ᠡᠪ ᠨᠠᠶᠢᠷᠲᠠᠢ ᠰᠢᠨᠡᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ | ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠶᠢ ᠠᠩᠬᠠᠷᠴᠤ᠂ ᠳᠠᠷᠤᠭ᠎ᠠ ᠪᠠᠶᠢᠯᠳᠤᠭᠴᠢᠳ ᠤᠨ ᠪᠠᠶᠠᠷ ᠤᠨ ᠡᠳᠦᠷ ᠤᠨ | ᠬᠤᠭᠤᠴᠠᠭᠠᠨ ᠳᠠᠬᠢ ᠠᠮᠢᠳᠤᠷᠠᠯ ᠢ ᠰᠠᠶᠢᠲᠤᠷ ᠲᠣᠬᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠵᠠᠩ ᠶᠢᠦ ᠰᠢᠶᠠ ᠨᠠᠷ ᠠᠵᠢᠯᠯᠠᠭ᠎ᠠ ᠳᠤ ᠣᠷᠣᠯᠴᠠᠵᠠᠢ᠃ |