ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 30 ᠤ ᠴᠠᠭᠢᠯᠭᠠᠨ ᠮᠡᠳᠡᠭᠡ 2025 ᠣᠨ ᠤ | ᠰᠢᠨ᠎ᠡ ᠣᠨ ᠤ ᠰᠢ ᠵᠦᠴᠦᠭᠡ ᠶᠢᠨ ᠦᠳᠡᠰᠢᠯᠡᠭᠡ 30 ᠤ ᠣᠷᠣᠢ ᠤᠯᠤᠰ ᠤᠨ ᠶᠡᠭᠡ ᠲᠢᠶᠠᠳ᠋ᠷ ᠲᠤ ᠶᠠᠪᠤᠭᠳᠠᠪᠠ᠃ | ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ | ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠨᠡᠶᠢᠰᠯᠡᠯ ᠤᠨ ᠡᠯ᠎ᠡ ᠡᠲᠡᠭᠡᠳ ᠤᠨ ᠤᠯᠠᠨ | ᠲᠦᠮᠡᠨ ᠲᠠᠢ ᠬᠠᠮᠲᠤ ᠲᠣᠬᠯᠠᠯᠲᠠ ᠶᠢ ᠰᠣᠨᠢᠷᠬᠠᠵᠤ᠂ ᠰᠢᠨ᠎ᠡ ᠣᠨ ᠢ ᠪᠠᠶᠠᠷᠯᠠᠨ ᠤᠭᠲᠤᠵᠠᠢ᠃ ᠦᠳᠡᠰᠢ ᠶᠢᠨ | ᠪᠦᠷᠦᠢ ᠶᠢᠨ ᠤᠯᠤᠰ ᠤᠨ ᠶᠡᠭᠡ ᠲᠢᠶᠠᠳ᠋ᠷ ᠲᠤ ᠥᠩᠭᠡᠲᠦ ᠳ᠋ᠧᠩ ᠳᠤᠸᠠᠯᠠᠵᠤ᠂ ᠲᠢᠶᠠᠳ᠋ᠷ ᠲᠤ ᠭᠦᠷ ᠬᠥᠭᠵᠢᠶᠡᠨ ᠢᠶᠠᠷ | ᠪᠢᠯᠬᠠᠨ᠎ᠠ᠃ 19 ᠴᠠᠭ 45 ᠮᠢᠨᠦ᠋ᠲ ᠤᠨ ᠦᠶ᠎ᠡ ᠪᠠᠷ᠂ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ | ᠤᠳᠤᠷᠢᠳᠬᠤ ᠬᠥᠮᠥᠰ ᠦᠳᠡᠰᠢᠯᠡᠭᠡ ᠶᠢᠨ ᠠᠬᠤᠢ ᠲᠠᠯᠠᠪᠠᠢ ᠳᠤ ᠢᠷᠡᠵᠤ᠂ ᠲᠣᠬᠯᠠᠯᠲᠠ ᠰᠣᠨᠢᠷᠬᠠᠬᠤ ᠪᠠᠷ ᠢᠷᠡᠭᠰᠡᠨ | ᠰᠢ ᠵᠦᠴᠦᠭᠡ ᠶᠢᠨ ᠡᠲᠡᠭᠡᠳ ᠤᠨ ᠤᠷᠠᠯᠢᠭᠴᠢᠳ ᠤᠨ ᠲᠥᠯᠥᠭᠡᠯᠡᠭᠴᠢᠳ ᠲᠠᠢ ᠳᠣᠲᠣᠨᠣ ᠪᠠᠷ ᠭᠠᠷ ᠠᠳᠬᠤᠵᠤ᠂ | ᠬᠠᠷᠢᠯᠴᠠᠨ ᠮᠡᠨᠳᠦᠴᠢᠯᠡᠵᠦ᠂ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ | ᠢᠷᠠᠭᠤ ᠠᠶᠠᠯᠭᠤ ᠤᠶᠠᠩᠭᠠᠲᠤ ᠬᠥᠭᠵᠢᠮ ᠢᠶᠠᠷ ᠢᠶᠠᠨ ᠰᠢᠨ᠎ᠡ ᠣᠨ ᠢᠶᠠᠨ ᠤᠭᠲᠤᠵᠤ᠂ ᠡᠷᠲᠡᠨ ᠡᠳᠦᠭᠡ ᠶᠢᠨ | ᠳᠠᠭᠤᠤ ᠡᠭᠡᠰᠢᠭ ᠢᠶᠠᠷ ᠢᠶᠠᠨ ᠠᠤᠭ᠎ᠠ ᠦᠢᠯᠡᠰ ᠢᠶᠠᠨ ᠳᠠᠭᠤᠯᠠᠨ᠎ᠠ᠃ ︽ᠬᠦᠷᠢᠶᠡᠯᠡᠩ ᠳᠦᠭᠦᠷᠡᠩ ᠥᠨᠢᠷ ᠴᠡᠴᠡᠭ ᠢᠶᠠᠷ | ᠰᠢᠨ᠎ᠡ ᠵᠢᠯ ᠢᠶᠠᠨ ᠤᠭᠲᠤᠶ᠎ᠠ︾ ᠭᠡᠬᠦ ᠪᠠᠶᠠᠷ ᠪᠠᠶᠠᠰᠬᠤᠯᠠᠩ ᠲᠠᠢ ᠠᠶ᠎ᠠ ᠬᠥᠭᠵᠢᠮ ᠢᠶᠠᠷ ᠦᠳᠡᠰᠢᠯᠡᠭᠡ ᠶᠢ ᠡᠬᠢᠯᠡᠭᠦᠯᠪᠡ | ᠃ ︽ᠪᠡᠭᠡᠵᠢᠩ ᠵᠦᠴᠦᠭᠡ ᠶᠢᠨ ᠤᠷᠤᠰᠬᠠᠯ ᠪᠦᠯᠦᠭ ᠨᠦᠭᠦᠳ ᠤᠨ ᠦᠵᠡᠭᠦᠯᠭᠡ︾ ᠨᠢ ᠤᠷᠤᠰᠤᠮ᠎ᠠ ᠰᠠᠶᠢᠬᠠᠨ | ᠴᠥᠷᠬᠡᠯᠡᠭᠡ ᠲᠤᠬᠯᠠᠯᠳᠠ ᠪᠠᠷ ᠪᠡᠭᠡᠵᠢᠩ ᠵᠦᠴᠦᠭᠡ ᠶᠢᠨ ᠤᠷᠠᠯᠢᠭ ᠤᠨ ᠰᠠᠯᠠᠭ᠎ᠠ ᠨᠠᠮᠠᠭ᠎ᠠ ᠡᠯᠪᠡᠭ ᠪᠠᠶᠠᠯᠢᠭ ᠪᠠᠶᠢᠬᠤ ᠶᠢ | ᠬᠠᠷᠠᠭᠤᠯᠪᠠ᠃ ᠪᠡᠭᠡᠵᠢᠩ ᠵᠦᠴᠦᠭᠡ ︽ᠴᠢᠨ ᠰᠢᠶᠠᠩ ᠯᠢᠶᠠᠨ︾᠂ ᠺᠦᠨᠱᠠᠨ ᠵᠦᠴᠦᠭᠡ ︽ᠰᠢ ᠰᠢᠶᠠᠩ ᠵᠢᠢ︾᠂ | ᠫᠢᠩᠵᠢᠦᠢ ᠵᠦᠴᠦᠭᠡ ︽ᠯᠢᠦ ᠴᠢᠶᠣᠤ ᠡᠯ︾᠂ ᠬᠤᠸᠠᠩᠮᠸᠢ ᠵᠦᠴᠦᠭᠡ ︽ᠳᠠᠭᠢᠨᠢ ᠡᠬᠡᠨᠡᠷ︾ ᠵᠡᠷᠭᠡ ᠨᠢ ᠲᠤᠰ | ᠲᠤᠰ ᠤᠨ ᠦᠨᠦᠷ ᠠᠮᠲᠠ ᠲᠠᠢ ᠪᠠᠶᠢᠵᠤ᠂ ᠦᠵᠡᠭᠴᠢᠳ ᠲᠤ ᠰᠣᠩᠭᠤᠳᠠᠭ ᠦᠯᠢᠭᠡᠷ ᠳᠤᠮᠳᠠ ᠠᠴᠠ ᠰᠢᠯᠢᠳᠡᠭ | ᠤᠯᠠᠮᠵᠢᠯᠠᠯᠲᠤ ᠤᠷᠠᠯᠢᠭ ᠤᠨ ᠳᠣᠲᠣᠭᠠᠳᠤ ᠠᠭᠤᠯᠤᠭᠳᠠᠬᠤᠨ ᠤ ᠷᠢᠳᠢ ᠰᠢᠳᠢ ᠶᠢ ᠮᠡᠳᠡᠷᠡᠭᠦᠯᠪᠡ᠃ ᠪᠡᠭᠡᠵᠢᠩ | ᠵᠦᠴᠦᠭᠡ ︽ᠱᠠ ᠵᠢᠶᠠ ᠪᠠᠩ · ᠤᠷᠠᠨ ᠠᠷᠭ᠎ᠠ ᠪᠠᠷ ᠲᠡᠮᠡᠴᠡᠭᠰᠡᠨ ᠨᠢ︾ ᠪᠠ ︽ᠶᠠᠩ ᠣᠪᠣᠭᠲᠠᠨ ᠤ ᠡᠮᠡᠭᠲᠡᠢ | ᠵᠠᠩᠵᠤᠨ︾ ᠤ ᠰᠣᠩᠭᠤᠮᠠᠯ ᠬᠡᠰᠡᠭ ᠨᠢ ᠪᠠᠭᠠᠲᠤᠷᠯᠢᠭ ᠬᠥᠮᠥᠰ ᠤᠨ ᠤᠯᠤᠰ ᠢᠶᠠᠨ ᠬᠠᠶᠢᠷᠠᠯᠠᠬᠤ ᠬᠠᠶᠢᠷ᠎ᠠ | ᠰᠡᠳᠬᠢᠯᠭᠡ ᠶᠢ ᠠᠮᠢᠳᠤᠯᠢᠭ ᠢᠶᠠᠷ ᠢᠯᠡᠷᠡᠭᠦᠯᠪᠡ᠃ ᠪᠡᠭᠡᠵᠢᠩ ᠵᠦᠴᠦᠭᠡ ︽ᠮᠢᠨ ᠹᠠᠩ ᠯᠧᠢ · ᠲᠠᠭᠢᠨ ᠦᠯᠤ | ᠰᠠᠯᠤᠯᠴᠠᠨᠠ︾᠂ ︽ᠠᠭᠤᠯᠠᠨ ᠴᠡᠴᠡᠭ ᠮᠢᠷᠠᠯᠵᠠᠨ ᠳᠡᠯᠭᠡᠷᠡᠨᠡᠮ – ᠦᠨᠳᠦᠰᠦᠲᠡᠨ ᠤ ᠣᠷᠣᠨ ᠤ ᠰᠢ | ᠵᠦᠴᠦᠭᠡ ᠶᠢᠨ ᠰᠣᠩᠭᠤᠮᠠᠯ ᠬᠡᠰᠡᠭ︾ ᠨᠢ ᠡᠷᠲᠡᠨ ᠤ ᠵᠦᠴᠦᠭᠡ ᠶᠢᠨ ᠲᠦᠷᠦᠯ ᠢᠶᠠᠷ ᠤᠳᠤ ᠦᠶ᠎ᠡ ᠶᠢᠨ | ᠰᠡᠳᠦᠪᠯᠡᠬᠦᠨ ᠢ ᠲᠣᠭᠯᠠᠵᠤ᠂ ᠰᠢᠨ᠎ᠡ ᠰᠣᠷᠭᠤᠭ ᠴᠠᠭ ᠦᠶ᠎ᠡ ᠶᠢᠨ ᠠᠭᠤᠷ ᠠᠮᠢᠰᠬᠤᠯ ᠪᠣᠯᠣᠨ ᠪᠠᠶᠠᠯᠢᠭ ᠰᠠᠶᠢᠬᠠᠨ | ᠦᠨᠳᠦᠰᠦᠲᠡᠨ ᠤ ᠵᠠᠩ ᠦᠢᠯᠡ ᠶᠢ ᠢᠯᠡᠷᠡᠭᠦᠯᠪᠡ᠃ ᠪᠡᠭᠡᠵᠢᠩ ᠵᠦᠴᠦᠭᠡ ᠺᠦᠨᠱᠠᠨ ᠵᠦᠴᠦᠭᠡ ᠶᠢᠨ ᠪᠠᠭᠠᠴᠤᠳ | ᠬᠡᠦᠬᠡᠳ ᠤᠨ ᠲᠣᠬᠯᠠᠯᠲᠠ ᠪᠠᠶᠠᠯᠢᠭ ᠰᠠᠶᠢᠬᠠᠨ ᠪᠠᠶᠢᠵᠤ᠂ ᠰᠢ ᠵᠦᠴᠦᠭᠡ ᠶᠢᠨ ᠤᠷᠠᠯᠢᠭ ᠤᠨ ᠵᠠᠯᠭᠠᠮᠵᠢᠯᠠᠭᠴᠢ ᠲᠠᠢ | ᠪᠠᠶᠢᠬᠤ ᠪᠠᠶᠠᠷᠯᠠᠭᠤᠰᠢᠲᠠᠢ ᠪᠠᠶᠢᠳᠠᠯ ᠢ ᠬᠠᠷᠠᠭᠤᠯᠤᠭᠰᠠᠨ ᠪᠠᠶᠢᠨ᠎ᠠ᠃ ᠣᠮᠤᠭ ᠪᠠᠭ᠋ᠠᠳᠤᠮ᠎ᠠ ᠰᠦᠷ ᠳᠠᠯᠠᠶᠢᠴᠠᠲᠠᠢ ᠰᠢ | ᠵᠦᠴᠦᠭᠡ ︽ᠬᠠᠪᠤᠷ ᠨᠠᠮᠤᠷ ᠤᠨ ᠴᠤᠤᠷᠢᠶ᠎ᠠ︾ ᠨᠢ ᠦᠳᠡᠰᠢᠯᠡᠭᠡ ᠶᠢᠨ ᠠᠭᠤᠷ ᠠᠮᠢᠰᠬᠤᠯ ᠢ ᠤᠷᠭᠢᠯ ᠳᠤ ᠬᠦᠷᠭᠡᠵᠦ᠂ | ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠨ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠤᠳᠬ᠎ᠠ ᠤᠷᠠᠯᠢᠭ ᠤᠨ ᠦᠢᠯᠡᠰ ᠤᠨ | ᠬᠥᠭᠵᠢᠯ ᠴᠡᠴᠡᠭᠯᠡᠯ ᠢ ᠴᠢᠷᠮᠠᠶᠢᠨ ᠠᠬᠢᠭᠤᠯᠵᠤ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ | ᠪᠦᠲᠦᠭᠡᠨ ᠪᠠᠶᠢᠭᠤᠯᠬᠤ ᠡᠭᠦᠷᠭᠡ ᠬᠥᠭᠡᠭᠡᠴᠡᠯᠳᠦᠯ ᠳᠤ ᠣᠷᠣᠯᠴᠠᠬᠰᠡᠨ ᠢ ᠢᠯᠡᠷᠡᠭᠦᠯᠪᠡ᠃ ᠤᠷᠠᠯᠢᠭᠴᠢᠳ ᠤᠨ | ᠭᠤᠶᠢᠳᠠ ᠰᠠᠶᠢᠬᠠᠨ ᠲᠣᠬᠯᠠᠯᠲᠠ ᠨᠢ ᠲᠠᠯᠠᠪᠠᠢ ᠳᠠᠶᠠᠭᠠᠷ ᠤᠨ ᠮᠠᠭᠲᠠᠭᠠᠯ ᠰᠠᠶᠢᠰᠢᠶᠠᠯ ᠪᠠ ᠬᠠᠯᠠᠭᠤᠨ ᠠᠯᠠᠭ᠎ᠠ | ᠲᠡᠰᠢᠯᠲᠡ ᠶᠢ ᠣᠯᠪᠠ᠃ | ᠦᠳᠡᠰᠢᠯᠡᠭᠡ ᠳᠤ᠂ ᠠᠳᠠᠯᠢ ᠪᠤᠰᠤ ᠵᠦᠴᠦᠭᠡ ᠶᠢᠨ ᠲᠦᠷᠦᠯ ᠥᠩᠭᠡ ᠢᠯᠭᠠᠷᠠᠵᠤ᠂ ᠰᠣᠩᠭᠤᠳᠠᠭ ᠵᠦᠴᠦᠭᠡ | ᠪᠣᠯᠣᠨ ᠰᠢᠨ᠎ᠡ ᠡᠭᠦᠳᠦᠯᠲᠡ ᠶᠢᠨ ᠰᠣᠳᠣᠨ ᠪᠦᠲᠦᠭᠡᠯ ᠲᠤᠰ ᠲᠤᠰ ᠤᠨ ᠣᠨᠴᠠᠯᠢᠭ ᠲᠠᠢ ᠪᠠᠶᠢᠵᠤ᠂ ᠳᠤᠮᠳᠠᠳᠤ ᠶᠢᠨ | ᠰᠢ ᠵᠦᠴᠦᠭᠡ ᠶᠢᠨ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠬᠥᠭᠵᠢᠯ ᠴᠡᠴᠡᠭᠯᠡᠯ ᠤᠨ ᠪᠠᠶᠢᠳᠠᠯ ᠢ ᠳᠡᠯᠭᠡᠨ | ᠦᠵᠡᠭᠦᠯᠵᠦ᠂ ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠲᠡᠮᠡᠴᠡᠯ ᠤᠨ ᠢᠯᠠᠯᠲᠠ ᠶᠢᠨ ᠳᠠᠭᠤᠤ ᠶᠢ | ᠬᠠᠩᠭᠢᠨᠠᠭᠤᠯᠪᠠ᠃ ᠨᠠᠮ ᠪᠣᠯᠣᠨ ᠲᠦᠷᠦ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠣᠬᠯᠠᠯᠲᠠ ᠶᠢ ᠰᠣᠨᠢᠷᠬᠠᠵᠠᠢ᠃ |