ᠨᠡᠶᠢᠲᠡᠯᠡᠭᠰᠡᠨ ᠴᠠᠭ᠄ 2025/1/2 ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 31 ᠤ | ᠴᠠᠭᠢᠯᠭᠠᠨ ᠮᠡᠳᠡᠭᠡ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠪᠦᠭᠦ ᠤᠯᠤᠰ ᠤᠨ | ᠬᠤᠷᠢᠶ᠎ᠠ 2024 ᠣᠨ ᠤ 12 ᠰᠠᠷ᠎ᠠ ᠶᠢᠨ 31 ᠤ ᠦᠳᠡ ᠶᠢᠨ ᠡᠮᠦᠨ᠎ᠡ ᠪᠦᠭᠦ ᠤᠯᠤᠰ ᠤᠨ ᠤᠯᠤᠰ ᠲᠥᠷᠥ ᠶᠢᠨ | ᠵᠥᠪᠯᠡᠯᠭᠡᠨ ᠤ ᠶᠣᠰᠣᠯᠠᠯ ᠤᠨ ᠲᠠᠩᠬᠢᠮ ᠳᠤ ᠰᠢᠨ᠎ᠡ ᠵᠢᠯ ᠤᠨ ᠴᠠᠶᠢᠯᠠᠯᠭ᠎ᠠ ᠬᠢᠪᠡ᠃ ᠨᠠᠮ ᠪᠣᠯᠣᠨ ᠲᠦᠷᠦ ᠶᠢᠨ | ᠤᠳᠤᠷᠢᠳᠬᠤ ᠬᠥᠮᠥᠰ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ | ᠰᠢᠤᠸᠠᠢ ᠰᠢᠶᠠᠩ᠂ ᠯᠢ ᠰᠢ᠂ ᠬᠠᠨ ᠵᠧᠩ ᠨᠠᠷ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ | ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ | ᠬᠥᠮᠥᠰ ᠤᠨ ᠲᠥᠯᠥᠭᠡᠯᠡᠭᠴᠢ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠲᠠᠯ᠎ᠠ ᠶᠢᠨ | ᠬᠠᠷᠢᠭᠤᠴᠠᠯᠭᠠᠲᠠᠨ ᠵᠢᠴᠢ ᠨᠡᠶᠢᠰᠯᠡᠯ ᠤᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠥᠰ ᠤᠨ ᠲᠥᠯᠥᠭᠡᠯᠡᠭᠴᠢ ᠲᠠᠢ | ᠨᠢᠭᠡ ᠲᠠᠩᠬᠢᠮ ᠳᠤ ᠴᠤᠭᠯᠠᠷᠠᠵᠤ᠂ 2025 ᠣᠨ ᠢ ᠬᠠᠮᠲᠤ ᠪᠠᠷ ᠤᠭᠲᠤᠪᠠ᠃ | 12 ᠰᠠᠷ᠎ᠠ ᠶᠢᠨ 31 ᠤ ᠡᠳᠦᠷ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠪᠡᠭᠡᠵᠢᠩ ᠳᠤ | ᠰᠢᠨ᠎ᠡ ᠵᠢᠯ ᠤᠨ ᠴᠠᠶᠢᠯᠠᠯᠭ᠎ᠠ ᠬᠢᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠴᠠᠶᠢᠯᠠᠯᠭ᠎ᠠ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠤᠷᠢᠶ᠎ᠠ ᠶᠢᠨ | ᠰᠤᠷᠪᠤᠯᠵᠢᠯᠠᠭᠴᠢ ᠸᠠᠩ ᠶᠧ ᠰᠡᠭᠦᠳᠡᠷᠯᠡᠪᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠢᠬᠤᠯᠠ | ᠶᠠᠷᠢᠶ᠎ᠠ ᠲᠠᠯᠪᠢᠪᠠ᠃ ᠲᠡᠷᠡ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ᠂ | ᠤᠷᠢᠬᠠᠨ ᠰᠠᠯᠬᠢ ᠡᠶᠡᠪᠡᠷᠭᠦᠤ ᠨᠠᠷᠠ ᠪᠠᠶᠢᠬᠤ ᠪᠠᠷ ᠪᠠᠷᠠᠬᠤ ᠦᠭᠡᠢ᠂ ᠪᠠᠰᠠ ᠰᠠᠯᠬᠢ ᠪᠣᠷᠣᠭᠠᠨ ᠴᠢᠨᠠᠭᠰᠢᠯᠠᠪᠠᠯ | ᠳᠣᠬᠰᠢᠨ ᠳᠠᠪᠠᠯᠭᠠᠨ ᠰᠢᠷᠦᠭᠦᠨ ᠳᠣᠯᠭᠢᠶᠠᠨ ᠳᠤ ᠤᠴᠠᠷᠠᠬᠤ ᠶᠤᠮ᠃ ᠪᠢᠳᠡ ᠪᠠᠶᠢᠯᠳᠤᠬᠤ ᠪᠣᠳᠣᠯᠭ᠎ᠠ ᠶᠢᠨ ᠲᠣᠭᠲᠠᠯ | ᠬᠦᠴᠦᠨ ᠢᠶᠠᠨ ᠪᠠᠲᠤᠯᠠᠵᠤ᠂ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠪᠦᠯᠬᠦᠮᠳᠡᠨ ᠲᠡᠮᠡᠴᠡᠬᠦ ᠬᠦᠴᠦᠷᠬᠡᠭ | ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠤ᠂ ᠰᠠᠯᠬᠢ ᠳᠠᠪᠠᠯᠭᠠᠨ ᠢ ᠰᠥᠷᠦᠨ ᠡᠷᠡᠯᠬᠡᠭᠯᠡᠨ ᠤᠷᠤᠭᠰᠢᠯᠠᠵᠤ᠂ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠲᠠᠰᠤᠷᠠᠯᠲᠠ ᠦᠭᠡᠢ ᠤᠷᠤᠭᠰᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯᠣᠨ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ᠂ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ | ᠲᠦᠮᠡᠨ᠂ ᠰᠢᠶᠠᠩᠭᠠᠩ ᠤᠨ ᠠᠬ᠎ᠠ ᠳᠡᠭᠦᠦ ᠨᠠᠷ᠂ ᠣᠣᠮᠧᠨ ᠤ ᠠᠬ᠎ᠠ ᠳᠡᠭᠦᠦ ᠨᠠᠷ᠂ ᠲᠠᠶᠢᠸᠠᠨ ᠤ ᠠᠬ᠎ᠠ ᠳᠡᠭᠦᠦ ᠨᠠᠷ | ᠪᠣᠯᠣᠨ ᠭᠠᠳᠠᠭᠠᠳᠤ ᠳᠤ ᠪᠠᠶᠢᠭ᠎ᠠ ᠬᠠᠷᠢᠶᠠᠲᠤ ᠠᠬ᠎ᠠ ᠳᠡᠭᠦᠦ ᠨᠠᠷ᠂ ᠳᠤᠮᠳᠠᠳᠤ ᠤᠯᠤᠰ ᠤᠨ ᠣᠳᠣᠬᠢᠴᠢᠯᠠᠯᠲᠠ ᠶᠢᠨ | ᠪᠦᠲᠦᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ ᠪᠠᠶᠢᠭ᠎ᠠ ᠡᠯ᠎ᠡ ᠤᠯᠤᠰ ᠤᠨ ᠨᠠᠶᠢᠵᠠ ᠨᠠᠷ ᠲᠤ ᠰᠢᠨ᠎ᠡ ᠣᠨ ᠤ | ᠰᠠᠶᠢᠨ ᠰᠠᠶᠢᠬᠠᠨ ᠵᠥᠩᠨᠡᠯ ᠳᠡᠪᠰᠢᠭᠦᠯᠪᠡ︕ | ᠰᠢ ᠶᠢᠨ ᠫᠢᠩ᠂ 2024 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠨᠢᠭᠡ ᠵᠢᠯ ᠤᠨ ᠲᠤᠷᠰᠢ᠂ ᠤᠯᠤᠰ ᠤᠨ | ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠠᠪᠴᠢᠷᠠᠭᠰᠠᠨ ᠥᠷᠢᠰᠦᠯᠳᠦᠭᠡᠨ ᠤ ᠡᠮᠦᠨ᠎ᠡ᠂ ᠪᠢᠳᠡ ᠯᠠᠪᠳᠠᠭᠤᠨ | ᠲᠣᠭᠲᠠᠭᠤᠨ ᠢᠶᠠᠷ ᠬᠤᠪᠢᠷᠠᠯᠲᠠ ᠶᠢ ᠠᠷᠭᠠᠴᠠᠭᠠᠨ᠂ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ᠂ ᠪᠦᠭᠦ | ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠡᠭᠦᠷᠭᠡ ᠪᠠᠨ ᠤᠷᠤᠭᠰᠢᠲᠠᠢ ᠪᠡᠶᠡᠯᠡᠭᠦᠯᠵᠦ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠰᠢᠨ᠎ᠡ ᠯᠠᠪᠳᠠᠭᠤᠨ ᠪᠠᠲᠤᠲᠠᠢ ᠠᠯᠬᠤᠭ᠎ᠠ ᠶᠢ ᠠᠯᠬᠤᠪᠠ᠃ | ᠨᠢᠭᠡ ᠵᠢᠯ ᠤᠨ ᠲᠤᠷᠰᠢᠬᠢ ᠬᠥᠭᠵᠢᠯᠲᠡ ᠶᠢᠨ ᠶᠠᠪᠤᠴᠠ ᠮᠠᠰᠢ ᠶᠡᠷᠦ ᠪᠤᠰᠤ ᠶᠢᠨ ᠪᠠᠶᠢᠵᠤ᠂ ᠠᠮᠵᠢᠯᠲᠠ ᠪᠦᠲᠦᠮᠵᠢ ᠨᠢ | ᠬᠥᠮᠥᠰ ᠢ ᠵᠣᠷᠢᠭᠵᠢᠭᠤᠯᠵᠤ᠂ ᠪᠢᠳᠡᠨ ᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ | ᠡᠷᠡᠰ ᠵᠣᠷᠢᠭ ᠪᠠ ᠢᠲᠡᠭᠡᠯ ᠢ ᠨᠡᠩ ᠪᠠᠲᠤᠳᠬᠠᠵᠠᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠨᠢᠭᠡ | ᠵᠢᠯ ᠤᠨ ᠲᠤᠷᠰᠢ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯ | ᠡᠭᠦᠷᠭᠡ ᠶᠢᠨ ᠲᠣᠭᠤᠷᠢᠨ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠵᠤ᠂ ᠨᠠᠮ ᠪᠣᠯᠣᠨ ᠤᠯᠤᠰ ᠤᠨ ᠠᠵᠢᠯ ᠦᠢᠯᠡᠰ ᠤᠨ ᠬᠥᠭᠵᠢᠯᠲᠡ ᠳᠤ ᠰᠢᠨ᠎ᠡ | ᠬᠤᠪᠢ ᠨᠡᠮᠡᠷᠢ ᠦᠵᠡᠭᠦᠯᠵᠡᠢ ᠭᠡᠵᠦ ᠴᠢᠬᠤᠯᠠᠴᠢᠯᠠᠪᠠ᠃ | 12 ᠰᠠᠷ᠎ᠠ ᠶᠢᠨ 31 ᠤ ᠡᠳᠦᠷ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠪᠡᠭᠡᠵᠢᠩ ᠳᠤ ᠰᠢᠨ᠎ᠡ | ᠵᠢᠯ ᠤᠨ ᠴᠠᠶᠢᠯᠠᠯᠭ᠎ᠠ ᠬᠢᠪᠡ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ | ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ | ᠫᠢᠩ ᠴᠠᠶᠢᠯᠠᠯᠭ᠎ᠠ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠵᠢᠤᠢ | ᠫᠧᠩ ᠰᠡᠭᠦᠳᠡᠷᠯᠡᠪᠡ ᠰᠢ ᠶᠢᠨ ᠫᠢᠩ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠣᠯᠣᠨ᠎ᠠ᠃ ᠪᠢᠳᠡ ᠲᠣᠭᠲᠠᠭᠤᠨ ᠤ ᠳᠤᠮᠳᠠ ᠤᠷᠤᠭᠰᠢᠯᠠᠨ | ᠳᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ | ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ | ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠵᠦ᠂ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠬᠥᠭᠵᠢᠯᠲᠡ ᠪᠠ ᠠᠮᠤᠷ ᠲᠦᠪᠰᠢᠨ ᠢ ᠨᠠᠩ ᠰᠠᠶᠢᠲᠤᠷ ᠨᠢᠭᠡᠳᠦᠯᠲᠡᠢ | ᠲᠥᠯᠥᠪᠵᠢᠭᠦᠯᠵᠦ᠂ ᠨᠠᠩ ᠢᠳᠡᠪᠬᠢᠲᠡᠢ ᠵᠢᠳᠬᠦᠯ ᠴᠢᠷᠮᠠᠶᠢᠯᠭ᠎ᠠ ᠲᠠᠢ ᠬᠤᠷᠸ᠎ᠠ ᠲᠥᠷᠥ ᠶᠢᠨ ᠪᠣᠳᠣᠯᠭ᠎ᠠ ᠶᠢ | ᠬᠡᠷᠡᠭᠵᠢᠭᠦᠯᠵᠦ᠂ ᠠᠵᠤ ᠠᠬᠤᠢ ᠶᠢᠨ ᠦᠷᠭᠦᠯᠵᠢᠯᠡᠨ ᠳᠡᠭᠡᠭᠰᠢᠯᠡᠵᠦ ᠰᠠᠶᠢᠵᠢᠷᠠᠬᠤ ᠶᠢ ᠠᠬᠢᠭᠤᠯᠵᠤ᠂ ᠠᠷᠠᠳ ᠤᠨ | ᠠᠮᠢᠳᠤᠷᠠᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ | ᠲᠣᠭᠲᠠᠭᠤᠨ ᠢ ᠪᠠᠲᠤᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ | ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠰᠠᠶᠢᠨ ᠰᠠᠶᠢᠬᠠᠨ ᠡᠭᠢᠯᠡᠯᠲᠡ ᠶᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠨᠠᠮ ᠤᠨ ᠤᠳᠤᠷᠢᠳᠤᠯᠭ᠎ᠠ᠂ ᠨᠢᠭᠡᠳᠦᠮᠡᠯ | ᠹᠷᠣᠨᠲ᠂ ᠵᠥᠪᠯᠡᠬᠦ ᠠᠷᠠᠳᠴᠢᠯᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠵᠤ᠂ ᠭᠤᠣᠯᠳᠠᠯᠭ᠎ᠠ ᠶᠢᠨ | ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠲᠤᠰᠬᠠᠢ ᠵᠥᠪᠯᠡᠬᠦ ᠪᠠᠶᠢᠭᠤᠯᠤᠮᠵᠢ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠦᠵᠡᠯ ᠰᠠᠨᠠᠭ᠎ᠠ ᠤᠯᠤᠰ ᠲᠦᠷᠦ ᠶᠢᠨ ᠵᠢᠯᠣᠭᠤᠳᠤᠮᠵᠢ ᠶᠢ ᠴᠢᠩᠭᠠᠳᠬᠠᠵᠤ᠂ ᠢᠳᠡᠪᠬᠢᠲᠡᠢ ᠪᠠᠷ | ᠵᠠᠰᠠᠭ ᠤᠨ ᠶᠠᠪᠤᠳᠠᠯ ᠢ ᠵᠥᠪᠯᠡᠨ ᠰᠠᠨᠠᠯ ᠰᠠᠨᠠᠭᠤᠯᠭ᠎ᠠ ᠳᠤᠷᠠᠳᠴᠤ᠂ ᠨᠡᠩ ᠥᠷᠭᠡᠨ ᠳᠡᠯᠭᠡᠷ ᠢᠶᠠᠷ ᠬᠥᠮᠥᠰ ᠤᠨ | ᠰᠡᠳᠬᠢᠯ ᠢ ᠨᠢᠭᠲᠠᠷᠠᠭᠤᠯᠵᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠤᠶᠤᠨ ᠤᠬᠠᠭᠠᠨ ᠢ ᠨᠢᠭᠲᠠᠷᠠᠭᠤᠯᠵᠤ᠂ | ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠴᠠᠶᠢᠯᠠᠯᠭ᠎ᠠ ᠶᠢ ᠨᠠᠮ ᠤᠨ ᠲᠥᠪ | ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠸᠠᠩ ᠬᠤ᠋ ᠨᠢᠩ ᠡᠷᠭᠢᠯᠡᠪᠡ᠃ ᠲᠡᠷᠡ᠂ ᠶᠡᠷᠦᠩᠬᠡᠢ ᠱᠦᠵᠢ ᠰᠢ ᠶᠢᠨ | ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠳᠤᠮᠳᠠᠳᠤ | ᠤᠯᠤᠰ ᠤᠨ ᠡᠪ ᠬᠠᠮᠲᠤ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ | ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠰᠢᠨᠵᠢ ᠴᠢᠨᠠᠷ ᠤᠨ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ | ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢᠨ | ᠪᠠᠶᠢᠭᠤᠯᠤᠯᠲᠠ ᠶᠢ ᠠᠬᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠪᠦᠯᠬᠦᠮᠳᠡᠨ ᠲᠡᠮᠡᠴᠡᠵᠦ᠂ 2025 | ᠣᠨ ᠤ ᠮᠠᠨ ᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠪᠦᠭᠦ ᠲᠠᠯ᠎ᠠ ᠪᠠᠷ | ᠪᠡᠶᠡᠯᠡᠭᠦᠯᠬᠦ ᠶᠢᠨ ᠲᠥᠯᠥᠭᠡ ᠥᠷᠭᠡᠨ ᠢᠶᠠᠷ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ | ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ | ᠴᠥᠬᠦᠷᠡᠰᠢ ᠦᠭᠡᠢ ᠲᠡᠮᠡᠴᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠲᠥᠪ ᠬᠤᠷᠢᠶ᠎ᠠ ᠶᠢᠨ ᠲᠡᠷᠢᠭᠦᠯᠡᠭᠴᠢ ᠬᠤᠤ | ᠮᠢᠩ ᠤᠨ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠭᠦ ᠤᠯᠤᠰ ᠤᠨ ᠦᠢᠯᠡᠳᠪᠦᠷᠢ | ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠢ ᠲᠥᠯᠥᠭᠡᠯᠡᠨ ᠶᠠᠷᠢᠶ᠎ᠠ ᠲᠠᠯᠪᠢᠵᠤ᠂ | ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠪᠦᠯᠬᠦᠮᠳᠡᠨ | ᠲᠡᠮᠡᠴᠡᠵᠦ᠂ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠤᠭ᠎ᠠ ᠬᠠᠷᠠᠯᠲᠠ ᠲᠡᠶᠢᠰᠢ ᠡᠷᠡᠰ ᠭᠤᠶᠢᠪᠢᠰᠢ ᠦᠭᠡᠢ ᠡᠷᠡᠯᠬᠡᠭᠯᠡᠨ ᠤᠷᠤᠭᠰᠢᠯᠠᠨ᠎ᠠ ᠭᠡᠵᠦ ᠢᠯᠡᠳᠬᠡᠪᠡ᠃ | 12 ᠰᠠᠷ᠎ᠠ ᠶᠢᠨ 31 ᠤ ᠡᠳᠦᠷ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠪᠡᠭᠡᠵᠢᠩ ᠳᠤ ᠰᠢᠨ᠎ᠡ | ᠵᠢᠯ ᠤᠨ ᠴᠠᠶᠢᠯᠠᠯᠭ᠎ᠠ ᠬᠢᠪᠡ᠃ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠰᠢ ᠶᠢᠨ ᠫᠢᠩ᠂ ᠯᠢ ᠴᠢᠶᠠᠩ᠂ | ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠴᠠᠶᠢᠯᠠᠯᠭ᠎ᠠ ᠳᠤ | ᠣᠷᠣᠯᠴᠠᠵᠤ ᠲᠣᠭᠯᠠᠯᠲᠠ ᠶᠢ ᠰᠣᠨᠢᠷᠬᠠᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠰᠢᠶᠧ ᠬᠤᠸᠠᠨ | ᡂᠢ ᠰᠡᠭᠦᠳᠡᠷᠯᠡᠪᠡ ᠴᠠᠶᠢᠯᠠᠯᠭ᠎ᠠ ᠳᠡᠭᠡᠷ᠎ᠡ᠂ ᠰᠢ ᠶᠢᠨ ᠫᠢᠩ ᠨᠠᠷ ᠡᠯ᠎ᠡ ᠡᠲᠡᠭᠡᠳ ᠤᠨ ᠬᠥᠮᠥᠰ ᠤᠨ ᠳᠤᠮᠳᠠ | ᠬᠦᠷᠴᠦ᠂ ᠤᠯᠠᠨ ᠲᠠᠢ ᠳᠣᠲᠣᠨᠣ ᠪᠠᠷ ᠭᠠᠷ ᠠᠳᠬᠤᠵᠤ᠂ ᠬᠠᠷᠢᠯᠴᠠᠨ ᠮᠡᠨᠳᠦᠴᠢᠯᠡᠪᠡ᠃ ᠪᠦᠭᠦ ᠤᠯᠤᠰ ᠤᠨ ᠤᠯᠤᠰ | ᠲᠦᠷᠦ ᠶᠢᠨ ᠵᠥᠪᠯᠡᠯᠭᠡᠨ ᠤ ᠭᠡᠰᠢᠭᠦᠳ ᠪᠠ ᠤᠳᠬ᠎ᠠ ᠤᠷᠠᠯᠢᠭ ᠤᠨ ᠠᠵᠢᠯᠲᠠᠳ ᠭᠤᠶᠢᠳᠠ ᠰᠠᠶᠢᠬᠠᠨ ᠲᠣᠬᠯᠠᠯᠲᠠ | ᠭᠠᠷᠭᠠᠪᠠ᠃ ᠬᠠᠮᠤᠭ ᠤᠨ ᠰᠡᠭᠦᠯ ᠳᠤ᠂ ᠪᠦᠭᠦᠳᠡᠭᠡᠷ ᠢᠶᠠᠨ ᠪᠣᠰᠴᠤ ᠵᠣᠭᠰᠣᠨ ︽ᠪᠦᠯᠬᠦᠮᠳᠡᠯ ᠪᠣᠯ ᠬᠦᠴᠦᠨ ᠮᠥᠨ︾ | ᠭᠡᠬᠦ ᠳᠠᠭᠤᠤ ᠶᠢ ᠬᠠᠩᠭᠢᠨᠠᠲᠠᠯ᠎ᠠ ᠳᠠᠭᠤᠯᠠᠵᠠᠭᠠᠪᠠ᠃ ᠬᠤᠷᠠᠯ ᠤᠨ ᠲᠠᠯᠠᠪᠠᠢ ᠳᠤ ᠪᠠᠶᠠᠷ ᠪᠠᠶᠠᠰᠬᠤᠯᠠᠩᠲᠤ ᠪᠠᠶᠠᠷ ᠤᠨ | ᠡᠳᠦᠷ ᠤᠨ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃ | ᠪᠡᠭᠡᠵᠢᠩ ᠳᠤ ᠪᠠᠶᠢᠭ᠎ᠠ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ | ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠬᠡᠰᠡᠭ ᠤᠳᠤᠷᠢᠳᠬᠤ ᠨᠥᠬᠦᠳ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ | ᠤᠳᠤᠷᠢᠳᠬᠤ ᠨᠥᠬᠦᠳ ᠪᠣᠯᠣᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ | ᠲᠤᠰᠢᠶᠠᠯ ᠢ ᠡᠭᠦᠷᠭᠡᠯᠡᠵᠦ ᠪᠠᠶᠢᠭᠰᠠᠨ ᠪᠡᠭᠡᠵᠢᠩ ᠳᠤ ᠪᠠᠶᠢᠭ᠎ᠠ ᠠᠬᠠᠮᠠᠳ ᠨᠥᠬᠦᠳ ᠴᠠᠶᠢᠯᠠᠯᠭ᠎ᠠ ᠳᠤ ᠣᠷᠣᠯᠴᠠᠵᠠᠢ᠃ | ᠢᠷᠡᠯᠲᠡ᠄ |