ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠳ᠋ᠦ᠋ᠭᠡᠷ ᠰᠠᠷ᠎ᠠ ᠶᠢᠨ 2 ᠤᠨ ᠴᠠᠭᠢᠯᠭᠠᠨ ᠮᠡᠳᠡᠭᠡ 1 ᠳ᠋ᠦ᠋ᠭᠡᠷ | ᠰᠠᠷ᠎ᠠ ᠶᠢᠨ 1 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠢᠭᠡᠳ ᠲᠡᠭᠦᠨ ᠤ ᠬᠠᠲᠤᠨ ᠫᠧᠩ ᠯᠢ | ᠶᠤᠸᠠᠨ ᠲᠠᠢ ᠪᠠᠨ ᠠᠮᠧᠷᠢᠺᠠ ᠶᠢᠨ ᠸᠠᠰᠢᠩᠲ᠋ᠣᠨ ᠵᠧᠦ ᠶᠢᠨ ᠳᠤᠮᠳᠠᠳᠤ ᠰᠤᠷᠭᠠᠭᠤᠯᠢ ᠶᠢᠨ ᠪᠠᠭᠰᠢ ᠰᠤᠷᠤᠬᠴᠢᠳ ᠤᠨ | ᠲᠥᠯᠥᠭᠡᠯᠡᠭᠴᠢ ᠳᠤ ᠰᠢᠨ᠎ᠡ ᠣᠨ ᠤ ᠪᠠᠶᠠᠷ ᠤᠨ ᠺᠠᠷᠲ ᠬᠠᠷᠢᠭᠤ ᠪᠡᠯᠡᠭᠯᠡᠵᠦ᠂ ᠰᠢᠨ᠎ᠡ ᠵᠢᠯ ᠤᠨ ᠮᠡᠨᠳᠦᠴᠢᠯᠡᠯ | ᠳᠡᠪᠰᠢᠭᠦᠯᠵᠦ᠂ 2025 ᠣᠨ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠶᠠᠫᠤᠨ ᠢ ᠡᠰᠡᠷᠭᠦᠴᠡᠬᠦ ᠲᠡᠶᠢᠨ ᠤ | ᠪᠠ ᠳᠡᠯᠡᠬᠡᠢ ᠶᠢᠨ ᠹᠠᠱᠢᠰ ᠢ ᠡᠰᠡᠷᠭᠦᠴᠡᠬᠦ ᠲᠡᠶᠢᠨ ᠤ ᠢᠯᠠᠯᠲᠠ ᠶᠢ ᠣᠯᠣᠭᠰᠠᠨ 80 ᠵᠢᠯ ᠤᠨ ᠣᠶ ᠪᠣᠯᠣᠨ᠎ᠠ ᠭᠡᠵᠦ | ᠢᠯᠡᠷᠬᠡᠶᠢᠯᠡᠪᠡ᠃ ᠳᠡᠯᠡᠬᠡᠢ ᠶᠢᠨ ᠬᠤᠶᠠᠳᠤᠭᠠᠷ ᠶᠡᠭᠡ ᠲᠠᠶᠢᠨ ᠤ ᠬᠤᠭᠤᠴᠠᠭᠠᠨ ᠳᠤ᠂ ᠳᠤᠮᠳᠠᠳᠤ ᠠᠮᠧᠷᠢᠺᠠ | ᠬᠠᠮᠲᠤ ᠪᠠᠷ ᠡᠩᠬᠡ ᠲᠠᠶᠢᠪᠤᠩ ᠪᠠ ᠰᠢᠳᠤᠷᠭᠤ ᠶᠣᠰᠣᠨ ᠤ ᠲᠥᠯᠥᠭᠡ ᠪᠠᠶᠢᠯᠳᠤᠵᠤ᠂ ᠬᠤᠶᠠᠷ ᠤᠯᠤᠰ ᠤᠨ ᠠᠷᠠᠳ | ᠲᠦᠮᠡᠨ ᠤ ᠨᠥᠬᠦᠷᠯᠡᠯ ᠨᠢ ᠴᠢᠰᠤᠲᠤ ᠲᠡᠮᠡᠴᠡᠭᠡᠨ ᠪᠣᠯᠣᠨ ᠲᠠᠶᠢᠨ ᠳᠠᠵᠢᠨ ᠤ ᠰᠢᠯᠭᠠᠯᠲᠠ ᠶᠢ ᠳᠠᠭᠠᠭᠠᠵᠤ᠂ ᠣᠨ | ᠶᠠᠪᠤᠬᠤ ᠲᠤᠳᠤᠮ ᠢᠶᠠᠨ ᠡᠷᠬᠢᠮ ᠨᠠᠨᠳᠢᠨ ᠪᠣᠯᠵᠤ ᠰᠢᠨᠡᠳᠦᠭᠰᠡᠨ ᠪᠠᠶᠢᠨ᠎ᠠ᠃ ᠳᠤᠮᠳᠠᠳᠤ ᠠᠮᠧᠷᠢᠺᠠ ᠬᠤᠶᠠᠷ | ᠤᠯᠤᠰ ᠤᠨ ᠵᠠᠯᠠᠭᠤᠴᠤᠳ ᠪᠠᠭᠠᠴᠤᠳ ︽ᠢᠷᠡᠭᠡᠳᠦᠢ ᠶᠢᠨ 5 ᠵᠢᠯ ᠳᠤ ᠠᠮᠧᠷᠢᠺᠠ ᠶᠢᠨ 5 ᠲᠦᠮᠡᠨ ᠵᠠᠯᠠᠭᠤᠴᠤᠳ | ᠪᠠᠭᠠᠴᠤᠳ ᠢ ᠳᠤᠮᠳᠠᠳᠤ ᠤᠯᠤᠰ ᠲᠤ ᠤᠷᠢᠵᠤ ᠰᠣᠯᠢᠯᠴᠠᠭ᠎ᠠ ᠦᠷᠨᠢᠭᠦᠯᠦᠨ ᠰᠤᠷᠤᠯᠴᠠᠭᠤᠯᠬᠤ︾ ᠰᠠᠨᠠᠭᠠᠴᠢᠯᠠᠭ᠎ᠠ ᠳᠤ | ᠦᠷᠭᠦᠯᠵᠢᠯᠡᠨ ᠢᠳᠡᠪᠬᠢᠲᠡᠢ ᠣᠷᠤᠯᠴᠠᠭᠤᠯᠵᠤ᠂ ᠰᠣᠯᠢᠯᠴᠠᠭ᠎ᠠ ᠶᠠᠪᠤᠯᠴᠠᠭ᠎ᠠ ᠪᠠᠨ ᠴᠢᠩᠭᠠᠳᠬᠠᠨ᠂ | ᠣᠶᠢᠯᠠᠭᠠᠯᠴᠠᠭ᠎ᠠ ᠪᠠᠨ ᠨᠡᠩ ᠨᠡᠮᠡᠭᠳᠡᠭᠦᠯᠵᠦ᠂ ᠤᠯᠠᠮᠵᠢᠯᠠᠯᠲᠤ ᠨᠥᠬᠦᠷᠯᠡᠯ ᠢᠶᠠᠨ ᠵᠠᠯᠭᠠᠮᠵᠢᠯᠠᠨ᠂ ᠳᠤᠮᠳᠠᠳᠤ | ᠠᠮᠧᠷᠢᠺᠠ ᠶᠢᠨ ᠬᠠᠷᠢᠯᠴᠠᠭᠠᠨ ᠤ ᠬᠥᠭᠵᠢᠯᠲᠡ ᠶᠢ ᠠᠬᠢᠭᠤᠯᠬᠤ᠂ ᠳᠡᠯᠡᠬᠡᠢ ᠶᠢᠨ ᠡᠩᠬᠡ ᠲᠠᠶᠢᠪᠤᠩ ᠢ ᠠᠬᠢᠭᠤᠯᠬᠤ ᠳᠤ | ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠡᠮᠦᠨᠡᠬᠡᠨ᠂ ᠠᠮᠧᠷᠢᠺᠠ ᠶᠢᠨ ᠸᠠᠰᠢᠩᠲ᠋ᠣᠨ ᠵᠧᠦ ᠶᠢᠨ ᠠᠮᠧᠷᠢᠺᠠ ᠳᠤᠮᠳᠠᠳᠤ ᠶᠢᠨ ᠵᠠᠯᠠᠭᠤᠴᠤᠳ ᠪᠠᠭᠠᠴᠤᠳ ᠤᠨ | ᠰᠣᠯᠢᠯᠴᠠᠭᠠᠨ ᠤ ᠨᠡᠶᠢᠭᠡᠮᠯᠢᠭ ᠪᠣᠯᠣᠨ ᠯᠢᠨᠺᠧᠨ ᠳᠤᠮᠳᠠᠳᠤ ᠰᠤᠷᠭᠠᠭᠤᠯᠢ᠂ ᠪᠡᠶ᠎ᠡ ᠶᠢᠨ ᠲᠠᠮᠢᠷ ᠤᠨ ᠲᠠᠯᠠᠪᠠᠢ ᠳᠤᠮᠳᠠᠳᠤ | ᠰᠤᠷᠭᠠᠭᠤᠯᠢ ᠶᠢᠨ ︽ᠢᠷᠡᠭᠡᠳᠦᠢ ᠶᠢᠨ 5 ᠵᠢᠯ ᠳᠤ ᠠᠮᠧᠷᠢᠺᠠ ᠶᠢᠨ 5 ᠲᠦᠮᠡᠨ ᠵᠠᠯᠠᠭᠤᠴᠤᠳ ᠪᠠᠭᠠᠴᠤᠳ ᠢ | ᠲᠤᠮᠳᠠᠳᠤ ᠤᠯᠤᠰ ᠲᠤ ᠤᠷᠢᠵᠤ ᠰᠣᠯᠢᠯᠴᠠᠭ᠎ᠠ ᠦᠷᠨᠢᠭᠦᠯᠦᠨ ᠰᠤᠷᠤᠯᠴᠠᠭᠤᠯᠬᠤ︾ ᠰᠠᠨᠠᠭᠠᠴᠢᠯᠠᠭ᠎ᠠ ᠳᠤ | ᠣᠷᠣᠯᠴᠠᠬᠤ ᠪᠠᠷ ᠳᠤᠮᠳᠠᠳᠤ ᠤᠯᠤᠰ ᠲᠤ ᠠᠶᠢᠯᠴᠢᠯᠠᠷ᠎ᠠ ᠢᠷᠡᠭᠰᠡᠨ ᠪᠠᠭᠰᠢ ᠰᠤᠷᠤᠬᠴᠢᠳ ᠤᠨ ᠲᠥᠯᠥᠭᠡᠯᠡᠭᠴᠢ ᠨᠠᠷ | ᠲᠡᠷᠢᠭᠦᠯᠡᠭᠴᠢ ᠰᠢ ᠶᠢᠨ ᠫᠢᠩ ᠬᠢᠭᠡᠳ ᠲᠡᠭᠦᠨ ᠤ ᠬᠠᠲᠤᠨ ᠪᠣᠯᠣᠨ ᠳᠤᠮᠳᠠᠳᠤ ᠤᠯᠤᠰ ᠤᠨ ᠪᠦᠭᠦ ᠠᠷᠠᠳ | ᠲᠦᠮᠡᠨ ᠳᠤ ᠰᠢᠨ᠎ᠡ ᠣᠨ ᠤ ᠪᠠᠶᠠᠷ ᠤᠨ ᠺᠠᠷᠲ ᠬᠦᠷᠭᠡᠵᠦ᠂ 100 ᠭᠠᠷᠤᠢ ᠪᠠᠭᠰᠢ ᠪᠣᠯᠣᠨ ᠬᠠᠮᠲᠤ ᠰᠤᠷᠤᠯᠭᠠᠲᠠᠨ | ᠡᠨᠡ ᠬᠦ ᠪᠠᠶᠠᠷ ᠤᠨ ᠺᠠᠷᠲ ᠳᠡᠭᠡᠷ᠎ᠡ ᠭᠠᠷ ᠤᠨ ᠦᠰᠦᠭ ᠵᠢᠷᠤᠵᠠᠢ᠃ ᠪᠠᠭᠰᠢ ᠰᠤᠷᠤᠬᠴᠢᠳ ᠪᠠᠶᠠᠷ ᠤᠨ ᠺᠠᠷᠲ | ᠳᠡᠭᠡᠷ᠎ᠡ ᠪᠠᠨ᠄ ︽ᠶᠠᠫᠤᠨ ᠢ ᠡᠰᠡᠷᠭᠦᠴᠡᠬᠦ ᠲᠠᠶᠢᠨ ᠤ ᠢᠯᠠᠯᠲᠠ ᠶᠢ ᠣᠯᠣᠭᠰᠠᠨ 80 ᠵᠢᠯ ᠤᠨ ᠤᠢ ᠶᠢ ᠳᠤᠷᠠᠰᠬᠠᠶ᠎ᠠ᠂ | ᠳᠡᠯᠡᠬᠡᠢ ᠶᠢᠨ ᠹᠠᠱᠢᠰ ᠢ ᠡᠰᠡᠷᠭᠦᠴᠡᠬᠦ ᠲᠠᠶᠢᠨ ᠤ ᠢᠯᠠᠯᠲᠠ ᠶᠢ ᠣᠯᠣᠭᠰᠠᠨ 80 ᠵᠢᠯ ᠤᠨ ᠤᠢ ᠶᠢ ᠳᠤᠷᠠᠰᠬᠠᠶ᠎ᠠ᠃ | ᠰᠢᠨ᠎ᠡ ᠣᠨ ᠢᠶᠠᠨ ᠪᠠᠶᠠᠷᠯᠠᠨ ᠤᠭᠲᠤᠶ᠎ᠠ᠂ ᠡᠩᠬᠡ ᠲᠠᠶᠢᠪᠤᠩ ᠮᠠᠨᠳᠤᠲᠤᠭᠠᠢ᠂ ᠳᠤᠮᠳᠠᠳᠤ ᠠᠮᠧᠷᠢᠺᠠ ᠶᠢᠨ ᠨᠥᠬᠦᠷᠯᠡᠯ | ᠥᠨᠢᠳᠡ ᠮᠥᠩᠬᠡᠷᠡᠲᠦᠭᠡᠢ︕︾ ᠭᠡᠵᠦ ᠬᠢᠲᠠᠳ ᠭᠡᠯᠡ ᠪᠠᠷ ᠪᠢᠴᠢᠭᠰᠡᠨ ᠪᠠᠶᠢᠨ᠎ᠠ᠃ |