ᠰᠢᠨᠬᠤᠸᠠ ᠬᠤᠷᠢᠶ᠎ᠠ ᠶᠢᠨ ᠴᠠᠩᠴᠦ᠋ᠨ ᠤ 2 ᠰᠠᠷ᠎ᠠ ᠶᠢᠨ 8 ᠤ ᠴᠠᠭᠢᠯᠭᠠᠨ ᠮᠡᠳᠡᠭᠡ ᠲᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠣᠨ | ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ᠂ ᠭᠢᠷᠢᠨ ᠮᠤᠵᠢ | ᠨᠠᠮ ᠤᠨ ᠲᠥᠪ ᠬᠤᠷᠢᠶ᠎ᠠ ᠶᠢᠨ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ | ᠨᠠᠶᠢᠳᠠᠪᠤᠷᠢᠵᠢᠭᠤᠯᠵᠤ᠂ ᠤᠯᠤᠰ ᠤᠨ ︽ᠲᠠᠪᠤᠨ ᠶᠡᠭᠡ ᠠᠮᠤᠷ ᠲᠦᠪᠰᠢᠨ︾ ᠢ ᠬᠠᠮᠠᠭᠠᠯᠠᠬᠤ ᠳᠤᠮᠳᠠᠬᠢ ᠵᠡᠭᠦᠨ | ᠬᠤᠶᠢᠲᠤ ᠣᠷᠣᠨ ᠤ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠬᠥᠭᠵᠢᠭᠦᠯᠦᠯᠲᠡ ᠶᠢᠨ ᠵᠣᠭᠰᠣᠴᠠ ᠪᠠᠨ ᠴᠢᠨᠠᠷ | ᠰᠠᠶᠢᠲᠠᠢ ᠬᠥᠭᠵᠢᠯᠲᠡ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ | ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ ᠥᠭᠡᠷᠡᠴᠢᠯᠡᠯᠲᠡ ᠨᠡᠭᠡᠭᠡᠯᠲᠡ ᠶᠢ ᠤᠯᠠᠮ ᠨᠢᠭᠡ ᠠᠯᠬᠤᠮ | ᠭᠦᠨᠵᠡᠭᠡᠶᠢᠷᠡᠭᠦᠯᠵᠦ᠂ ᠠᠵᠠ ᠲᠣᠭᠢᠶᠠᠯ ᠢ ᠠᠳᠬᠤᠨ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ | ᠵᠣᠷᠢᠭᠲᠠᠢ ᠪᠠᠷ ᠰᠢᠨ᠎ᠡ ᠶᠢ ᠡᠭᠦᠳᠴᠦ᠂ ᠰᠢᠷᠭᠠᠭᠤ ᠠᠵᠢᠯᠯᠠᠨ ᠪᠣᠳᠠᠲᠠᠢ ᠠᠵᠢᠯᠯᠠᠵᠤ᠂ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠨᠡᠩ ᠶᠡᠭᠡ ᠵᠢᠳᠬᠦᠯ ᠴᠢᠷᠮᠠᠶᠢᠯᠭ᠎ᠠ ᠭᠠᠷᠭᠠᠬᠤ | ᠬᠡᠷᠡᠭᠲᠡᠢ ᠭᠡᠵᠦ ᠴᠢᠬᠤᠯᠠᠴᠢᠯᠠᠪᠠ᠃ | 2 ᠰᠠᠷ᠎ᠠ ᠶᠢᠨ 8 ᠤ ᠦᠳᠡ ᠶᠢᠨ ᠡᠮᠦᠨ᠎ᠡ᠂ ᠲᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ | ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ | ᠲᠡᠷᠢᠭᠦᠯᠡᠭᠴᠢ ᠰᠢ ᠶᠢᠨ ᠫᠢᠩ ᠭᠢᠷᠢᠨ ᠮᠤᠵᠢ ᠶᠢᠨ ᠴᠠᠩᠴᠦ᠋ᠨ ᠬᠤᠳᠠ ᠳᠤ ᠭᠢᠷᠢᠨ ᠮᠤᠵᠢ ᠶᠢᠨ ᠨᠠᠮ ᠤᠨ ᠬᠤᠷᠢᠶ᠎ᠠ | ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠴᠢᠬᠤᠯᠠ ᠶᠠᠷᠢᠶ᠎ᠠ | ᠲᠠᠯᠪᠢᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠶᠠᠨ ᠶᠠᠨ ᠰᠡᠭᠦᠳᠡᠷᠯᠡᠪᠡ 2 ᠰᠠᠷ᠎ᠠ ᠶᠢᠨ 8 ᠤ | ᠦᠳᠡ ᠶᠢᠨ ᠡᠮᠦᠨ᠎ᠡ᠂ ᠰᠢ ᠶᠢᠨ ᠫᠢᠩ ᠭᠢᠷᠢᠨ ᠮᠤᠵᠢ ᠶᠢᠨ ᠴᠠᠩᠴᠦ᠋ᠨ ᠬᠤᠲᠠ ᠳᠤ ᠭᠢᠷᠢᠨ ᠮᠤᠵᠢ ᠶᠢᠨ ᠨᠠᠮ ᠤᠨ | ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤᠸᠠᠩ ᠴᠢᠶᠠᠩ ᠬᠠᠷᠢᠭᠤ ᠮᠡᠳᠡᠭᠦᠯᠦᠯᠲᠡ ᠬᠢᠵᠦ᠂ ᠮᠤᠵᠢ ᠶᠢᠨ | ᠳᠠᠷᠤᠭ᠎ᠠ ᠬᠤ᠋ ᠢᠦᠢ ᠲᠢᠩ ᠨᠠᠷ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ᠃ | ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ | ᠭᠢᠷᠢᠨ ᠤ ᠡᠯ᠎ᠡ ᠵᠦᠢᠯ ᠤᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠵᠤ᠂ ᠲᠠᠷᠠᠭᠠᠴᠢ ᠶᠢᠨ ᠠᠯᠬᠤᠮ ᠤᠨ | ᠠᠵᠢᠯ ᠳᠤ ᠱᠠᠭᠠᠷᠳᠠᠯᠭ᠎ᠠ ᠳᠤᠷᠠᠳᠪᠠ᠃ ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠨᠢ ᠰᠢᠨ᠎ᠡ ᠶᠢ | ᠡᠭᠦᠳᠬᠦ ᠪᠠᠷ ᠬᠥᠳᠡᠯᠭᠡᠭᠦᠷ ᠪᠤᠯᠭᠠᠬᠤ ᠪᠠ ᠠᠵᠤ ᠦᠢᠯᠡᠰ ᠤᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ ᠶᠤᠮ | ᠃ ᠪᠣᠳᠠᠲᠤ ᠴᠣᠭᠴᠠ ᠶᠢᠨ ᠠᠵᠤ ᠠᠬᠤᠢ ᠭᠡᠬᠦ ᠡᠨᠡ ᠬᠦ ᠰᠠᠭᠤᠷᠢ ᠶᠢ ᠪᠠᠲᠤ ᠰᠠᠬᠢᠵᠤ᠂ ᠤᠯᠠᠮᠵᠢᠯᠠᠯᠲᠤ ᠠᠵᠤ | ᠦᠢᠯᠡᠰ ᠤᠨ ᠭᠡᠯᠪᠡᠷᠢ ᠶᠢ ᠬᠤᠪᠢᠷᠠᠭᠤᠯᠬᠤ᠂ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠬᠤ ᠪᠠ ᠰᠢᠨ᠎ᠡ | ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠭᠢᠷᠢᠨ ᠤ ᠣᠨᠴᠠᠯᠢᠭ ᠢ ᠢᠯᠡᠷᠡᠭᠦᠯᠦᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ | ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠠᠵᠤ ᠦᠢᠯᠡᠰ ᠤᠨ ᠰᠢᠨ᠎ᠡ | ᠡᠭᠦᠳᠦᠯᠲᠡ ᠲᠠᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠡᠬᠢ | ᠪᠠᠶᠠᠯᠢᠭ ᠪᠠ ᠬᠦᠴᠦᠨ ᠢ ᠨᠡᠶᠢᠳᠬᠡᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ | ᠰᠠᠭᠤᠷᠢ ᠶᠢ ᠴᠢᠩᠭᠠᠳᠬᠠᠵᠤ᠂ ᠰᠢᠨ᠎ᠡ ᠶᠢ ᠡᠭᠦᠳᠬᠦ ᠠᠮᠢ ᠠᠬᠤᠢ ᠶᠢ ᠰᠢᠯᠢᠳᠡᠭᠵᠢᠭᠦᠯᠵᠦ᠂ ᠨᠢᠭᠡ ᠪᠦᠯᠦᠭ ᠴᠢᠬᠤᠯᠠ | ᠶᠡᠭᠡ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠲᠤᠰᠬᠠᠢ ᠲᠦᠷᠦᠯ ᠳᠤ ᠰᠢᠨ᠎ᠡ ᠰᠢᠪᠲᠤᠯᠤᠯᠲᠠ ᠭᠠᠷᠭᠠᠬᠤ ᠪᠠᠷ | ᠴᠢᠷᠮᠠᠶᠢᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠠᠢ ᠦᠢᠯᠡᠳᠪᠦᠷᠢᠯᠡᠯ ᠤᠨ | ᠬᠦᠴᠦᠨ ᠪᠣᠯᠭᠠᠨ ᠣᠨᠳᠣᠣᠰᠢᠭᠤᠯᠬᠤ ᠶᠢ ᠠᠬᠢᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ | ᠬᠠᠮᠠᠭᠠᠯᠠᠯᠲᠠ ᠪᠣᠯᠣᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠨᠢᠭᠡᠳᠦᠯᠲᠡᠢ | ᠲᠥᠯᠥᠪᠵᠢᠭᠦᠯᠵᠦ᠂ ᠮᠥᠰᠥ ᠴᠠᠰᠤ᠂ ᠪᠠᠶᠢᠭᠠᠯᠢ ᠶᠢᠨ ᠥᠩᠭᠡ ᠦᠵᠡᠮᠵᠢ᠂ ᠦᠨᠳᠦᠰᠦᠲᠡᠨ ᠤ ᠵᠠᠩ ᠦᠶ᠋ᠯᠡ ᠵᠡᠷᠭᠡ | ᠣᠨᠴᠠᠯᠢᠭᠲᠤ ᠡᠬᠢ ᠪᠠᠶᠠᠯᠢᠭ ᠢ ᠠᠰᠢᠭᠯᠠᠨ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠬᠡᠷᠡᠭᠲᠡᠢ᠃ ᠣᠷᠣᠨ | ᠪᠦᠰᠡ ᠶᠢᠨ ᠵᠣᠬᠢᠴᠠᠩᠭᠤᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠴᠠᠩᠴᠦ᠋ᠨ ᠤ ᠣᠳᠣᠬᠢᠴᠢᠯᠠᠭᠰᠠᠨ | ᠬᠤᠳᠠ ᠶᠢᠨ ᠴᠠᠭᠠᠷᠢᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠡᠭᠦᠨ ᠬᠤᠶᠢᠲᠤ ᠣᠷᠣᠨ ᠤ ᠪᠤᠰᠤᠳ | ᠮᠤᠵᠢ ᠯᠤᠭ᠎ᠠ ᠬᠠᠮᠵᠢᠯᠴᠠᠨ ᠬᠥᠳᠡᠯᠦᠯᠴᠡᠬᠦ ᠶᠢ ᠴᠢᠬᠤᠯᠠᠴᠢᠯᠠᠵᠤ᠂ ᠠᠭᠤᠰᠤᠯᠴᠠᠨ ᠬᠥᠭᠵᠢᠬᠦ ᠪᠠᠶᠢᠷᠢᠰᠢᠯ ᠢ | ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠥᠭᠡᠷᠡᠴᠢᠯᠡᠯᠲᠡ ᠨᠡᠭᠡᠭᠡᠯᠲᠡ ᠶᠢ | ᠤᠯᠠᠮ ᠨᠢᠭᠡ ᠠᠯᠬᠤᠮ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠨᠢ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ | ᠬᠥᠭᠵᠢᠭᠦᠯᠦᠨ ᠮᠠᠨᠳᠤᠭᠤᠯᠬᠤ ᠳᠤ ᠲᠦᠢᠯ ᠤᠨ ᠴᠢᠬᠤᠯᠠ ᠶᠤᠮ᠃ ᠰᠢᠨ᠎ᠡ ᠬᠥᠭᠵᠢᠯᠲᠡ ᠶᠢᠨ ᠪᠠᠶᠢᠷᠢᠰᠢᠯ ᠢ | ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠴᠡᠭ ᠬᠤᠷᠢᠭ᠎ᠠ | ᠴᠡᠭ ᠪᠣᠯᠣᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠦᠴᠢᠷ ᠠᠰᠠᠭᠤᠳᠠᠯ ᠳᠡᠭᠡᠷ᠎ᠡ ᠠᠩᠬᠠᠷᠤᠯ ᠢᠶᠠᠨ | ᠲᠥᠪᠯᠡᠷᠡᠭᠦᠯᠵᠦ᠂ ᠥᠭᠡᠷᠡᠴᠢᠯᠡᠯᠲᠡ ᠶᠢᠨ ᠵᠥᠪᠯᠡᠬᠦ ᠰᠡᠳᠦᠪ ᠢ ᠲᠣᠬᠢᠷᠠᠭᠤᠯᠵᠤ᠂ ᠥᠭᠡᠷᠡᠴᠢᠯᠡᠯᠲᠡ ᠶᠢᠨ ᠲᠥᠰᠥᠯ ᠢ | ᠪᠦᠷᠢᠯᠳᠦᠭᠦᠯᠵᠦ᠂ ᠭᠦᠨ ᠳᠠᠪᠬᠤᠷᠭ᠎ᠠ ᠶᠢᠨ ᠵᠥᠷᠢᠴᠡᠯ ᠢ ᠬᠦᠴᠦᠯᠡᠨ ᠰᠢᠢᠳᠪᠦᠷᠢᠯᠡᠵᠦ᠂ ᠪᠠᠶᠢᠭᠤᠯᠤᠯ | ᠲᠣᠭᠲᠠᠴᠠ ᠶᠢᠨ ᠬᠠᠷᠰᠢ ᠰᠠᠭᠠᠳ ᠢ ᠠᠷᠢᠯᠭᠠᠬᠤ ᠬᠡᠷᠡᠭᠲᠡᠢ᠃ ᠤᠯᠤᠰ ᠤᠨ ᠥᠮᠴᠢᠯᠡᠯ ᠤᠨ ᠡᠳ᠋ ᠬᠥᠷᠥᠩᠭᠡ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠳᠤ ᠴᠦ ᠲᠡᠷᠡ᠂ | ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠳᠤ ᠴᠤ ᠲᠡᠷᠡ᠂ ᠴᠥᠮ | ᠲᠦᠷᠦ ᠶᠢᠨ ᠪᠣᠳᠣᠯᠭ᠎ᠠ ᠲᠣᠭᠲᠠᠭᠠᠯ ᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠲᠡᠯᠢᠭ ᠵᠢᠱᠢᠶ᠎ᠡ ᠪᠠᠷ ᠵᠠᠮ | ᠳᠠᠭᠠᠭᠤᠯᠬᠤ ᠶᠢ ᠴᠢᠬᠤᠯᠠᠴᠢᠯᠠᠵᠤ᠂ ᠨᠡᠶᠢᠲᠡᠯᠢᠭ ᠴᠢᠨᠠᠷᠲᠠᠢ ᠠᠰᠠᠭᠤᠳᠠᠯ ᠢ ᠰᠢᠢᠳᠪᠦᠷᠢᠯᠡᠬᠦ ᠪᠥᠭᠡᠳ ᠥᠪᠡᠷᠮᠢᠴᠡ | ᠴᠢᠨᠠᠷᠲᠠᠢ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ | ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ | ᠲᠡᠷᠢᠭᠦᠨ ᠤ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ ᠪᠤᠯᠭᠠᠵᠤ᠂ ᠨᠡᠩ ᠥᠨᠳᠥᠷ ᠲᠦᠪᠰᠢᠨ ᠪᠦᠬᠦᠢ | ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠯ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠣᠯ ᠲᠠᠷᠢᠶᠠᠯᠠᠩ ᠤᠨ ᠲᠣᠮᠣ | ᠮᠤᠵᠢ᠂ ᠠᠮᠤ ᠪᠤᠳᠠᠭᠠᠨ ᠤ ᠲᠣᠮᠣ ᠮᠤᠵᠢ ᠶᠢᠨ ᠤᠯᠤᠰ ᠲᠦᠷᠦ ᠶᠢᠨ ᠬᠠᠷᠢᠭᠤᠴᠠᠯᠭ᠎ᠠ ᠮᠥᠨ᠃ ᠭᠢᠷᠢᠨ ᠤ ᠬᠢᠨ | ᠣᠳᠣᠬᠢᠴᠢᠯᠠᠭᠰᠠᠨ ᠲᠣᠮᠣ ᠲᠠᠷᠢᠶᠠᠯᠠᠩ ᠢ ᠬᠥᠭᠵᠢᠭᠦᠯᠬᠦ ᠪᠠᠷ ᠭᠤᠣᠯ ᠰᠢᠪᠲᠤᠯᠤᠯᠲᠠ ᠶᠢᠨ ᠴᠢᠭᠯᠡᠯ ᠪᠤᠯᠭᠠᠵᠤ᠂ | ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ ᠪᠠᠶᠠᠵᠢᠭᠤᠯᠬᠤ ᠶᠢ | ᠳᠡᠮᠵᠢᠬᠦ ᠪᠠᠶᠢᠭᠤᠯᠤᠯ ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠷᠢᠶᠠᠯᠠᠩ᠂ ᠪᠣᠬᠢᠷᠳᠤᠯ | ᠦᠭᠡᠢ ᠲᠠᠷᠢᠶᠠᠯᠠᠩ᠂ ᠶᠠᠰᠤ ᠴᠢᠨᠠᠷ ᠤᠨ ᠲᠠᠷᠢᠶᠠᠯᠠᠩ᠂ ᠲᠥᠷᠥᠯ ᠲᠡᠮᠳᠡᠭᠲᠦ ᠲᠠᠷᠢᠶᠠᠯᠠᠩ ᠢ ᠨᠢᠭᠡᠳᠦᠯᠲᠡᠢ | ᠲᠥᠯᠥᠪᠵᠢᠭᠦᠯᠦᠨ ᠬᠥᠭᠵᠢᠭᠦᠯᠬᠦ ᠬᠡᠷᠡᠭᠲᠡᠢ᠃ ᠠᠮᠢ ᠠᠬᠤᠢ ᠶᠢᠨ ᠲᠡᠵᠢᠭᠡᠨ ᠦᠷᠡᠵᠢᠭᠦᠯᠬᠦ ᠦᠢᠯᠡᠰ ᠢ ᠢᠳᠡᠪᠬᠢᠲᠡᠢ | ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠪᠠ ᠢᠳᠡᠭᠡᠨ ᠢ ᠨᠠᠷᠢᠯᠢᠭ ᠡᠳ᠋ᠰᠢᠭᠦᠯᠬᠦ ᠶᠢ | ᠴᠢᠩᠭᠠᠳᠬᠠᠵᠤ᠂ ︽ᠲᠠᠷᠢᠮᠠᠯ ᠨᠢ ᠡᠬᠢᠨ ᠳᠤ ᠪᠦᠲᠦᠭᠡᠭᠳᠡᠬᠦᠨ ᠨᠢ ᠰᠡᠭᠦᠯ ᠳᠤ︾᠂ ︽ᠮᠠᠯ ᠨᠢ ᠡᠬᠢᠨ ᠳᠤ ᠮᠢᠬ᠎ᠠ ᠨᠢ | ᠰᠡᠭᠦᠯ ᠳᠤ︾᠂ ︽ᠲᠠᠷᠢᠶᠠᠯᠠᠩ ᠨᠢ ᠡᠬᠢᠨ ᠳᠤ ᠠᠵᠤ ᠦᠢᠯᠡᠳᠪᠦᠷᠢ ᠨᠢ ᠰᠡᠭᠦᠯ ᠳᠤ︾ ᠪᠤᠯᠬᠤ ᠠᠵᠢᠯ ᠢ ᠭᠦᠢᠴᠡᠳ | ᠪᠥᠭᠡᠳ ᠠᠮᠢᠳᠤᠯᠢᠭ ᠬᠢᠵᠦ᠂ ᠤᠯᠠᠨ ᠡᠰᠢᠴᠢᠯᠡᠭᠰᠡᠨ ᠢᠳᠡᠭᠡᠨ ᠤ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠬᠤ | ᠬᠡᠷᠡᠭᠲᠡᠢ᠃ ᠬᠤᠳᠠ ᠬᠥᠳᠡᠭᠡ ᠶᠢᠨ ᠣᠷᠣᠨ ᠵᠠᠢ ᠶᠢᠨ ᠪᠠᠶᠢᠷᠢᠰᠢᠯ᠂ ᠠᠵᠤ ᠦᠢᠯᠡᠰ ᠤᠨ ᠬᠥᠭᠵᠢᠯᠲᠡ᠂ ᠤᠯᠠᠨ | ᠨᠡᠶᠢᠲᠡ ᠶᠢᠨ ᠦᠢᠯᠡᠴᠢᠯᠡᠭᠡ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ | ᠲᠥᠯᠥᠪᠵᠢᠭᠦᠯᠦᠨ ᠤᠬᠠᠭᠠᠯᠠᠨ ᠲᠥᠯᠥᠪᠯᠡᠵᠦ᠂ ᠦᠢᠯᠡᠰ ᠢ ᠮᠠᠨᠳᠤᠭᠤᠯᠬᠤ᠂ ᠰᠢᠶᠠᠨ ᠢ ᠬᠦᠴᠦᠷᠬᠡᠭᠵᠢᠭᠦᠯᠬᠦ᠂ | ᠠᠷᠠᠳ ᠢ ᠪᠠᠶᠠᠵᠢᠭᠤᠯᠬᠤ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠠᠬᠢᠭᠤᠯᠵᠤ᠂ ᠬᠤᠳᠠ ᠬᠥᠳᠡᠭᠡ ᠶᠢᠨ | ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠦᠨᠳᠦᠰᠦᠨ ᠱᠠᠲᠤᠨ ᠤ ᠵᠠᠰᠠᠯᠲᠠ ᠶᠢ | ᠴᠢᠩᠭᠠᠳᠬᠠᠨ ᠰᠢᠨ᠎ᠡ ᠶᠢ ᠡᠭᠦᠳᠴᠦ᠂ ᠪᠣᠯᠪᠠᠰᠤᠨ ᠬᠥᠳᠡᠭᠡ ᠲᠣᠰᠬᠤᠨ ᠤ ᠰᠤᠷᠲᠠᠯ ᠤᠨ ᠪᠠᠶᠢᠭᠤᠯᠤᠯᠲᠠ ᠶᠢᠨ | ᠲᠦᠪᠰᠢᠨ ᠢ ᠳᠡᠭᠡᠭᠰᠢᠯᠡᠭᠦᠯᠵᠦ᠂ ᠠᠮᠤᠷ ᠠᠮᠤᠭᠤᠯᠠᠩ ᠬᠠᠤᠯᠢ ᠪᠠᠷ ᠵᠠᠰᠠᠬᠤ ᠬᠥᠳᠡᠭᠡ ᠲᠣᠰᠬᠤᠨ ᠪᠠ ᠠᠵᠢᠯᠯᠠᠵᠤ | ᠠᠮᠢᠳᠤᠷᠠᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠣᠭᠴᠠᠯᠠᠬᠤ ᠬᠡᠷᠡᠭᠲᠡᠢ ᠭᠡᠵᠦ | ᠵᠢᠭᠠᠵᠤ ᠭᠠᠷᠭᠠᠪᠠ᠃ | ᠰᠢ ᠶᠢᠨ ᠫᠢᠩ᠂ ᠭᠢᠷᠢᠨ ᠪᠣᠯ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠪᠣᠯᠣᠨ᠎ᠠ᠃ | ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠣᠨᠣᠯ ᠪᠣᠯᠣᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ | ᠪᠦᠭᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ | ᠪᠦᠭᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ | ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ | ᠪᠠᠶᠢᠭᠠᠳ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ ᠦᠵᠡᠯᠲᠡ᠂ | ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠤᠶ ᠪᠤᠯᠭᠠᠵᠤ᠂ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠰᠢᠨ᠎ᠡ ᠪᠠᠶᠢᠳᠠᠯ ᠢ ᠬᠦᠴᠦᠯᠡᠨ ᠡᠭᠦᠳᠬᠦ ᠬᠡᠷᠡᠭᠲᠡᠢ᠃ ᠬᠢᠯᠢ ᠬᠢᠵᠠᠭᠠᠷ ᠣᠷᠣᠨ ᠢ ᠮᠠᠨᠳᠤᠭᠤᠯᠵᠤ | ᠠᠷᠠᠳ ᠢ ᠪᠠᠶᠠᠵᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠬᠢᠯᠢ ᠶᠢᠨ ᠠᠷᠠᠯᠵᠢᠶ᠎ᠠ᠂ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠶᠠᠮᠠᠷᠪᠠ ᠦᠶ᠎ᠡ ᠳᠤ | ᠴᠦ ᠡᠷᠬᠡᠪᠰᠢ ᠴᠢᠩᠭ᠎ᠠ ᠠᠳᠬᠤᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠭᠠᠮᠰᠢᠭ ᠢ | ᠤᠷᠢᠳᠴᠢᠯᠠᠨ ᠰᠡᠷᠭᠡᠶᠢᠯᠡᠵᠦ ᠤᠷᠢᠳᠴᠢᠯᠠᠨ ᠰᠡᠷᠡᠮᠵᠢᠯᠡᠭᠦᠯᠭᠦ ᠪᠠ ᠠᠷᠭᠠᠴᠠᠭᠠᠬᠤ ᠪᠠᠨ ᠴᠢᠩᠭᠠᠳᠬᠠᠵᠤ᠂ ᠠᠶᠤᠯᠭᠦᠢ | ᠦᠢᠯᠡᠳᠪᠦᠷᠢᠯᠡᠯ ᠤᠨ ᠭᠡᠮ ᠰᠣᠭᠤᠭ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠠᠷᠢᠯᠭᠠᠵᠤ᠂ ᠨᠡᠶᠢᠭᠡᠮ ᠤᠨ | ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ᠂ ᠴᠢᠨᠠᠷ | ᠰᠠᠶᠢᠲᠠᠢ ᠬᠥᠭᠵᠢᠯᠲᠡ ᠶᠢ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠬᠡᠷᠡᠭᠲᠡᠢ᠃ | ᠬᠥᠮᠥᠨ ᠬᠡᠷᠡᠭᠯᠡᠬᠦ ᠵᠥᠪ ᠤᠳᠤᠷᠢᠳᠤᠮᠵᠢ ᠪᠠ ᠠᠵᠢᠯ ᠤᠨ ᠵᠥᠪ ᠤᠳᠤᠷᠢᠳᠤᠮᠵᠢ ᠶᠢ ᠪᠤᠢ ᠪᠤᠯᠭᠠᠵᠤ᠂ ᠡᠯ᠎ᠡ ᠱᠠᠲᠤᠨ ᠤ | ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠢ ᠬᠥᠲᠥᠯᠥᠨ ᠵᠢᠯᠤᠭᠤᠳᠴᠤ ᠪᠠᠶᠢᠭᠠᠳ ᠵᠠᠰᠠᠭ ᠤᠨ ᠠᠵᠢᠯ ᠤᠨ | ᠪᠦᠲᠦᠮᠵᠢ ᠶᠢᠨ ᠲᠤᠬᠠᠢ ᠵᠥᠪ ᠦᠵᠡᠯᠲᠡ ᠶᠢ ᠦᠢᠯᠡᠳᠦᠯᠭᠡᠵᠢᠭᠦᠯᠵᠦ᠂ ᠡᠷᠳᠡᠮ ᠴᠢᠳᠠᠪᠤᠷᠢ ᠪᠠᠨ ᠨᠡᠮᠡᠭᠳᠡᠭᠦᠯᠦᠨ᠂ | ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠢᠯᠢᠳᠡᠭ ᠠᠮᠵᠢᠯᠲᠠ ᠪᠦᠲᠦᠮᠵᠢ ᠭᠠᠷᠭᠠᠬᠤ ᠪᠠᠷ | ᠴᠢᠷᠮᠠᠶᠢᠬᠤ ᠪᠤᠯᠭᠠᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢ | ᠵᠡᠷᠭᠡ ᠪᠠᠷ ᠠᠳᠬᠤᠬᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠢᠷᠡᠯ ᠢ ᠡᠰᠡᠷᠭᠦᠴᠡᠬᠦ ᠶᠢ | ᠬᠠᠷᠢᠯᠴᠠᠨ ᠨᠡᠪᠲᠡᠷᠡᠯᠴᠡᠭᠦᠯᠬᠦ ᠶᠢ ᠪᠠᠷᠢᠮᠲᠠᠯᠠᠵᠤ᠂ ᠡᠷᠬᠡ ᠶᠢᠨ ᠲᠣᠬᠢᠷᠠᠭᠤᠯᠤᠯᠲᠠ ᠶᠢᠨ ᠠᠵᠢᠯᠯᠠᠭᠠᠨ ᠤ ᠬᠢᠵᠠᠭᠠᠷᠯᠠᠯ ᠪᠠ | ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠨ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ | ᠪᠠ ᠢᠯᠵᠢᠷᠡᠯ ᠤᠨ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠺᠠᠳ᠋ᠷ ᠤᠨ ᠳᠦᠷᠢᠮ ᠲᠣᠭᠲᠠᠭᠠᠯ ᠢ ᠵᠢᠷᠤᠮᠯᠠᠨ | ᠰᠠᠬᠢᠯᠭ᠎ᠠ ᠪᠠᠲᠤ ᠶᠢ ᠰᠠᠬᠢᠬᠤ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠤᠷᠢᠲᠠᠯ ᠳᠣᠣᠷ᠎ᠠ ᠵᠣᠷᠢᠭᠲᠠᠢ ᠪᠠᠷ | ᠠᠵᠢᠯ ᠬᠢᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ | ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ | ᠲᠢᠩᠬᠢᠮ ᠤᠨ ᠡᠷᠭᠢᠯᠡᠭᠴᠢ ᠼᠠᠢ ᠴᠢ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃ ᠾᠧ ᠯᠢ ᠹᠧᠩ | ᠂ ᠸᠠᠩ ᠰᠢᠶᠣᠣ ᠬᠤᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ᠃ |