ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 13 ᠤ ᠴᠠᠬᠢᠯᠭᠠᠨ ᠮᠡᠳᠡᠭᠡ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠨᠢᠭᠡᠳᠦᠮᠡᠯ ᠹᠷᠣᠨᠲ ᠤᠨ ᠠᠵᠢᠯ ᠤᠨ ᠬᠡᠯᠲᠡᠰ᠂ ᠤᠯᠤᠰ ᠤᠨ | ᠦᠨᠳᠦᠰᠦᠲᠡᠨ ᠤ ᠬᠡᠷᠡᠭ ᠡᠷᠭᠢᠯᠡᠬᠦ ᠵᠦᠪᠯᠡᠯ ᠠᠴᠠ ᠵᠣᠬᠢᠶᠠᠨ ᠪᠠᠶᠢᠭᠤᠯᠵᠤ ᠨᠠᠶᠢᠷᠠᠭᠤᠯᠤᠭᠰᠠᠨ ︽ᠶᠡᠷᠦᠩᠬᠡᠶ ᠱᠦᠵᠢ | ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ | ᠰᠠᠨᠠᠭᠠᠨ ᠤ ᠰᠤᠷᠤᠯᠴᠠᠯᠭ᠎ᠠ ᠶᠢᠨ ᠤᠩᠰᠢᠬᠤ ᠪᠢᠴᠢᠭ︾ ︵ᠳᠣᠷᠣᠭᠰᠢ ︽ᠤᠩᠰᠢᠬᠤ ᠪᠢᠴᠢᠭ︾ ᠭᠡᠵᠦ | ᠳᠦᠭᠦᠮᠴᠢᠯᠡᠨ᠎ᠠ︶ ᠭᠡᠬᠦ ᠨᠣᠮ ᠢ ᠣᠶᠢᠷ᠎ᠠ ᠳᠤ ᠠᠷᠠᠳ ᠤᠨ ᠬᠡᠪᠯᠡᠯ ᠤᠨ ᠬᠤᠷᠢᠶ᠎ᠠ᠂ ᠦᠨᠳᠦᠰᠦᠲᠡᠨ ᠤ ᠬᠡᠪᠯᠡᠯ ᠤᠨ | ᠬᠤᠷᠢᠶ᠎ᠠ ᠠᠴᠠ ᠬᠠᠮᠲᠤᠷᠠᠨ ᠬᠡᠪᠯᠡᠭᠦᠯᠵᠦ᠂ ᠪᠥᠬᠦ ᠤᠯᠤᠰ ᠲᠤ ᠲᠠᠷᠬᠠᠭᠠᠪᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ︽ᠬᠤᠶᠠᠷ ᠢ ᠤᠶᠠᠯᠳᠤᠭᠤᠯᠬᠤ︾ ᠶᠢ ᠪᠠᠷᠢᠮᠲᠠᠯᠠᠵᠤ᠂ ᠮᠠᠷᠺᠰ ᠤᠨ | ᠦᠵᠡᠯ ᠤᠨ ᠦᠨᠳᠦᠰᠦᠲᠡᠨ ᠤ ᠤᠨᠤᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠲᠠᠰᠤᠷᠠᠯᠳᠡ ᠦᠭᠡᠢ | ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ | ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠰᠢᠵᠢᠮ᠂ ᠦᠨᠳᠦᠰᠦᠲᠡᠨ ᠤ ᠭᠠᠵᠠᠷ | ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠵᠦ | ᠂ ᠨᠠᠮ ᠤᠨ ᠦᠨᠳᠦᠰᠦᠲᠡᠨ ᠤ ᠠᠵᠢᠯ ᠢ ᠵᠢᠯᠣᠭᠤᠳᠤᠨ ᠲᠡᠦᠬᠡᠲᠦ ᠴᠢᠨᠠᠷᠲᠠᠢ ᠰᠢᠨ᠎ᠡ ᠠᠮᠵᠢᠯᠲᠠ ᠤᠯᠪᠠ᠃ ︽ | ᠤᠩᠰᠢᠬᠤ ᠪᠢᠴᠢᠭ︾ ᠨᠢ ᠨᠡᠶᠢᠳᠡ 14 ᠪᠦᠯᠦᠭ ᠢᠶᠠᠷ ᠪᠦᠷᠢᠯᠳᠦᠵᠦ᠂ ᠲᠡᠦᠬᠡᠨ ᠣᠷᠣᠨ ᠪᠠᠶᠢᠷᠢ᠂ ᠴᠢᠬᠤᠯᠠ | ᠡᠭᠦᠷᠭᠡ᠂ ᠠᠵᠢᠯ ᠤᠨ ᠭᠤᠣᠯ ᠰᠢᠵᠢᠮ᠂ ᠴᠢᠬᠤᠯᠠ ᠪᠠᠲᠤᠯᠠᠭ᠎ᠠ ᠵᠡᠷᠭᠡ ᠲᠠᠯ᠎ᠠ ᠪᠠᠷ᠂ ᠶᠡᠷᠦᠩᠬᠡᠢ ᠱᠦᠵᠢ ᠰᠢ ᠶᠢᠨ | ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭᠠᠨ ᠤ | ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ ᠪᠣᠯᠤᠨ ᠦᠢᠯᠡᠳᠦᠯᠭᠡ ᠶᠢᠨ | ᠱᠠᠭᠠᠷᠳᠠᠯᠭ᠎ᠠ ᠶᠢ ᠲᠣᠳᠣᠷᠬᠠᠶᠢᠯᠠᠨ ᠥᠭᠦᠯᠡᠵᠡᠢ᠃ | ︽ᠤᠩᠰᠢᠬᠤ ᠪᠢᠴᠢᠭ︾ ᠤᠨ ᠬᠡᠪᠯᠡᠭᠳᠡᠭᠰᠡᠨ ᠨᠢ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠤ | ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ | ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ | ᠭᠤᠳᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ | ᠬᠠᠮᠲᠤ ᠶᠢᠨ ᠴᠣᠭᠴᠠ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠭᠤᠤ ᠶᠡᠭᠡ ᠡᠬᠡ ᠤᠯᠤᠰ᠂ | ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ | ᠤᠯᠤᠰ ᠤᠨ ᠣᠨᠴᠠᠯᠢᠭ ᠪᠦ᠋ᠬᠦᠢ ᠨᠡᠶᠢᠭᠡᠮ ᠵᠢᠷᠤᠮ ᠤᠨ ᠲᠤᠬᠠᠢ ᠳᠡᠭᠡᠳᠦ ᠬᠡᠮᠵᠢᠶᠡᠨ ᠤ ᠬᠠᠮᠲᠤ ᠶᠢᠨ ᠲᠠᠨᠢᠯᠲᠠ ᠶᠢ | ᠪᠠᠲᠤᠳᠬᠠᠬᠤ ᠳᠤ ᠠᠰᠢᠭᠲᠠᠢ ᠶᠤᠮ᠃ ᠢᠷᠡᠯᠲᠡ᠄ |