ᠶᠠᠩ ᠶᠦᠩ ᠵᠢᠦ ᠢᠷᠪᠢᠰ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠠᠢ
ᠨᠡᠶᠢᠲᠡᠯᠡᠭᠰᠡᠨ ᠴᠠᠭ᠄
2025/2/20
    2 ᠰᠠᠷ᠎ᠠ ᠶᠢᠨ 17 ᠤ ᠡᠳᠦᠷ᠂ ᠬᠢᠩᠭᠠᠨ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠬᠤᠲᠠ ᠶᠢᠨ ᠨᠠᠮ ᠤᠨ ᠬᠤᠷᠢᠶᠠᠨ ᠤ ᠱᠦᠵᠢ ᠶᠠᠩ ᠶᠦᠩ ᠵᠢᠦ ᠢᠷᠪᠢᠰ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ 2024 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠵᠡᠢ᠃ ᠬᠤᠷᠠᠯ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠪᠣᠯᠤᠨ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠢ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠢᠷᠪᠢᠰ ᠵᠡᠭᠡᠯᠢ ᠶᠢᠨ ᠨᠠᠮ ᠤᠨ ᠠᠵᠢᠯ ᠤᠨ ᠵᠦᠪᠯᠡᠯ ᠤᠨ ᠱᠦᠵᠢ᠂ ᠨᠠᠮ ᠤᠯᠠᠨ ᠲᠦᠮᠡᠨ ᠤ ᠠᠵᠢᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠭᠤᠤ ᠵᠢᠶᠠᠨ ᠴᠢᠶᠠᠩ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠬᠤᠪᠢ ᠬᠥᠮᠦᠨ ᠤ ᠬᠠᠷᠢᠴᠠᠭᠤᠯᠤᠨ ᠪᠠᠶᠢᠴᠠᠭᠠᠯᠳᠡ ᠬᠢᠵᠣ᠂ ᠤᠳᠤᠷᠢᠳᠬᠤ ᠪᠠᠭ ᠤᠨ ᠪᠤᠰᠤᠳ ᠪᠦᠷᠢᠯᠳᠦᠬᠦᠨ ᠨᠠᠷ ᠲᠡᠰ ᠳᠠᠷᠠᠭᠠᠯᠠᠨ ᠶᠠᠷᠢᠶ᠎ᠠ ᠲᠠᠯᠪᠢᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠬᠢᠪᠡ᠃ ᠶᠠᠩ ᠶᠦᠩ ᠵᠢᠦ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠨᠤᠲᠠᠯᠠᠬᠰᠠᠨ ᠪᠠᠶᠢᠨ᠎ᠠ᠃ ᠲᠡᠷᠡ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠢᠬᠦ ᠪᠣᠯ 2025 ᠣᠨ ᠤ ︽ᠳᠡᠭᠡᠷ᠎ᠡ ᠬᠠᠭᠠᠰ ᠵᠢᠯ ᠤᠨ ᠠᠵᠢᠯ︾ ᠮᠥᠨ᠂ ᠵᠡᠭᠡᠯᠢ ᠶᠢᠨ ᠤᠳᠤᠷᠢᠳᠬᠤ ᠪᠠᠭ ᠪᠣᠯᠤᠨ ᠨᠥᠬᠦᠳ ᠨᠢᠭᠡᠪᠦᠷᠢ ᠴᠥᠮ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠶᠢᠨ ᠬᠠᠮᠲᠤ ᠪᠣᠳᠠᠲᠠᠢ ᠠᠵᠢᠯᠯᠠᠭ᠎ᠠ ᠳᠤᠮᠳᠠ ᠪᠠᠨ ᠨᠠᠶᠢᠳᠠᠪᠤᠷᠢᠵᠢᠭᠤᠯᠵᠤ᠂ ︽ᠳᠠᠷᠠᠭᠠᠴᠢ ᠶᠢᠨ ᠠᠵᠢᠯ︾ ᠢ ᠰᠠᠶᠢᠲᠤᠷ ᠬᠢᠬᠦ ᠬᠡᠷᠡᠭᠲᠡᠢ᠃ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠪᠤᠨ ᠶᠡᠭᠡ ᠡᠭᠦᠷᠭᠡ᠂ ᠵᠢᠷᠭᠤᠭᠠᠨ ᠢᠨᠵᠧᠨᠧᠷᠢᠩ᠂ ᠵᠢᠷᠭᠤᠭᠠᠨ ᠠᠵᠢᠯᠯᠠᠭ᠎ᠠ ᠵᠡᠷᠭᠡ ᠭᠤᠣᠯᠳᠠᠯᠭ᠎ᠠ ᠲᠠᠢ ᠠᠵᠢᠯ ᠢ ᠠᠬᠢᠭᠤᠯᠬᠤ ᠶᠢ ᠵᠡᠭᠡᠯᠢ ᠶᠢᠨ ᠭᠤᠣᠯ ᠠᠵᠢᠯ ᠲᠠᠢ ᠵᠡᠷᠭᠡᠪᠡᠷ ᠪᠠᠶᠢᠷᠢᠯᠠᠭᠤᠯᠵᠤ᠂ ᠵᠡᠷᠭᠡᠪᠡᠷ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠬᠥᠳᠡᠯᠦᠩᠭᠦᠢ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠡᠷᠡᠰ ᠰᠠᠶᠢᠲᠤᠷ ᠬᠢᠵᠦ᠂ ᠮᠠᠨ ᠤ ︽ᠵᠣᠪᠠᠭᠤᠷᠢ ᠵᠦᠳᠡᠭᠦᠷᠢ ᠶᠢᠨ ᠵᠢᠭᠠᠯᠲᠠ ᠲᠤᠭ᠎ᠠ︾ ᠪᠠᠷ ᠤᠯᠠᠨ ᠲᠦᠮᠡᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠶᠢ ᠦᠨᠡᠨ ᠬᠦ ᠰᠣᠯᠢᠬᠤ ᠬᠡᠷᠡᠭᠲᠡᠢ᠃ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠵᠢᠷᠤᠮᠯᠠᠵᠤ᠂ ᠨᠠᠮ ᠤᠨ ᠠᠵᠢᠯ ᠤᠨ ᠬᠤᠷᠢᠶᠠᠨ ᠤ ᠱᠦᠵᠢ ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠪᠠᠭ ᠤᠨ ᠪᠦᠷᠢᠯᠳᠦᠬᠦᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠡᠬᠦᠷᠭᠡᠯᠡᠬᠦ ᠶᠢ ᠨᠠᠶᠢᠳᠠᠪᠤᠷᠢᠵᠢᠭᠤᠯᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠠ ᠰᠡᠷᠡᠮᠵᠢᠯᠡᠭᠦᠯᠬᠦ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠶᠣᠰᠣ ᠲᠦᠷᠢᠮ ᠤᠨ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠳᠬᠠᠵᠤ᠂ ᠡᠷᠬᠡ ᠶᠢ ᠦᠨᠡᠨ ᠬᠦ ᠠᠷᠠᠳ ᠲᠦᠮᠡᠨ ᠳᠤ ᠦᠢᠯᠡᠴᠢᠯᠡᠬᠦ᠂ ᠠᠷᠠᠳ ᠲᠦᠮᠡᠨ ᠳᠤ ᠠᠰᠢᠭ ᠣᠯᠭᠤᠬᠤ ᠳᠤ ᠬᠡᠷᠡᠭᠯᠡᠬᠦ ᠬᠡᠷᠡᠭᠲᠡᠶ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠩᠨᠡᠭᠡᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠤᠨᠴᠠᠯᠢᠬᠳᠤ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠡᠭᠦᠳᠴᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠵᠦᠢᠯᠡᠰ ᠤᠨ ᠨᠠᠷᠢᠨ ᠲᠠᠩᠰᠠ ᠶᠢ ᠰᠠᠶᠢᠲᠤᠷ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠪᠦᠬᠦ ᠲᠠᠯ᠎ᠠ ᠪᠠᠷ ᠲᠠᠪᠰᠢᠬᠤ᠂ ᠪᠦᠬᠦ ᠲᠠᠯ᠎ᠠ ᠪᠠᠷ ᠴᠠᠭᠠᠷᠠᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶᠠᠨ ᠤ ᠲᠠᠪᠤᠳᠤᠭᠠᠷ ᠬᠤᠭᠤᠴᠠᠭᠠᠨ ᠤ ᠳᠣᠯᠣᠳᠤᠭᠠᠷ ᠤᠳᠠᠭᠠᠨ ᠤ ᠪᠦᠬᠦ ᠭᠡᠰᠢᠭᠦᠳ ᠤᠨ ︵ᠥᠷᠭᠡᠳᠬᠡᠭᠰᠡᠨ︶ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ᠂ ᠪᠦᠬᠦ ᠬᠤᠲᠠ ᠶᠢᠨ ᠬᠤᠶᠠᠷ ᠬᠤᠷᠠᠯ ᠪᠣᠯᠤᠨ 2025 ᠣᠨ ᠤ ᠷᠠᠰᠢᠶᠠᠨ ᠬᠤᠲᠠ ᠶᠢᠨ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠭᠤᠣᠯᠳᠠᠯᠭ᠎ᠠ ᠲᠠᠢ ᠠᠵᠢᠯ ᠪᠣᠯᠤᠨ ᠵᠢᠭᠤᠯᠴᠢᠯᠠᠯ ᠤᠨ ᠬᠥᠭᠵᠢᠯᠲᠡ ᠶᠢᠨ ᠶᠡᠭᠡ ᠲᠠᠯ᠎ᠠ ᠶᠢᠨ ᠤᠶᠠᠯᠳᠤᠯ ᠤᠨ ᠴᠡᠭ ᠢ ᠣᠨᠣᠪᠴᠢᠲᠠᠶ ᠣᠯᠵᠤ᠂ ︽ᠵᠢᠭᠤᠯᠴᠢᠯᠠᠯ ᠤᠨ ᠬᠦᠭᠵᠢᠯᠳᠡ ᠶᠢᠨ ᠲᠥᠯᠥᠭᠡ ᠴᠢᠷᠮᠠᠶᠢᠬᠤ︾ ᠠᠵᠢᠯᠯᠠᠭ᠎ᠠ ᠳᠤ ᠰᠠᠨᠠᠭᠠᠴᠢᠯᠠᠭ᠎ᠠ ᠠᠴᠠ ᠪᠠᠨ ᠦᠷ᠎ᠡ ᠪᠦᠳᠣᠮᠵᠢ ᠭᠠᠷᠭᠠᠵᠣ᠂ ᠪᠦᠬᠦ ᠬᠤᠲᠠ ᠶᠢᠨ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠵᠡᠭᠡᠯᠢ ᠭᠤᠳᠤᠮᠵᠢ ᠶᠢᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠠ᠃   
 
ᠢᠷᠡᠯᠲᠡ᠄ ᠷᠠᠰᠢᠶᠠᠨ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号