2 ᠰᠠᠷ᠎ᠠ ᠶᠢᠨ 13 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠠᠶᠢᠮᠠᠭ ᠤᠨ ᠳᠠᠷᠤᠭ᠎ᠠ ᠢᠦᠶ ᠵᠢᠶ ᠱᠦᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠬᠢᠷᠢᠨ ᠮᠤᠵᠢ ᠶᠢᠨ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ ᠪᠦᠷᠢᠨ ᠪᠦᠲᠦᠨ | ᠤᠨᠤᠴᠠᠳᠠᠢ ᠪᠦᠬᠦ ᠲᠠᠯ᠎ᠠ ᠪᠠᠷ ᠲᠤᠭᠤᠰᠢᠯᠠᠭᠤᠯᠵᠦ᠂ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠲᠠᠢ ᠢᠳᠡᠪᠬᠢᠳᠡᠢ ᠠᠭᠤᠰᠤᠯᠴᠠᠭᠤᠯᠵᠦ᠂ ᠨᠢᠭᠡᠳᠦᠭᠡᠷ ᠠᠵᠤ ᠦᠢᠯᠡᠰ ᠢ | ᠦᠷᠭᠦᠯᠵᠢᠯᠡᠨ ᠪᠤᠵᠠᠭᠠᠶᠢᠷᠠᠭᠤᠯᠵᠤ᠂ ᠬᠤᠶᠠᠳᠤᠭᠠᠷ ᠠᠵᠤ ᠦᠢᠯᠡᠰ ᠢ ᠬᠦᠴᠦᠷᠬᠡᠭᠵᠢᠭᠦᠯᠵᠦ᠂ ᠭᠤᠷᠪᠠᠳᠤᠭᠠᠷ ᠠᠵᠦ | ᠦᠢᠯᠡᠰ ᠢ ᠰᠢᠯᠢᠳᠡᠭᠵᠢᠬᠦᠯᠬᠦ ᠬᠡᠷᠡᠭᠳᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠰᠧᠴᠤᠸᠠᠨ ᠤ ᠢ ᠪᠢᠨ ᠬᠤᠲᠠ ᠶᠢᠨ ᠵᠢᠶᠦ᠋ᠨ ᠯᠢᠶᠠᠨ | ᠰᠢᠶᠠᠨ ᠳᠤ ᠠᠭᠤᠯᠠ ᠶᠡᠭᠦᠷᠡᠭᠰᠡᠨ ᠲᠤᠬᠠᠢ ᠦᠭᠬᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠬᠤᠷᠢᠭ᠎ᠠ ᠱᠤᠭᠤᠮ ᠤᠨ ᠰᠡᠳᠭᠢᠬᠦᠢ ᠪᠠ ᠠᠶᠤᠯ ᠲᠦᠭᠰᠢᠭᠦᠷᠢ ᠶᠢᠨ ᠤᠬᠠᠮᠰᠠᠷ ᠢ ᠪᠠᠲᠤ ᠪᠤᠢ | ᠪᠣᠯᠭᠠᠵᠤ᠂ ᠡᠯ᠎ᠡ ᠲᠦᠷᠦᠯ ᠤᠨ ᠭᠠᠢ ᠭᠠᠮᠰᠢᠭ ᠪᠠ ᠠᠶᠤᠯᠬᠦᠢ ᠦᠢᠯᠡᠳᠪᠦᠷᠢᠯᠡᠯ ᠤᠨ ᠭᠡᠮ ᠰᠤᠭᠤᠭ ᠢ ᠲᠠᠷᠠᠭᠠᠯᠠᠨ | ᠪᠠᠶᠢᠴᠠᠭᠠᠬᠤ ᠶᠢ ᠴᠢᠩᠭᠠᠳᠬᠠᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠳᠤᠷᠠᠨ ᠬᠥᠳᠡᠯᠦᠯᠴᠡᠬᠦ ᠲᠣᠭᠲᠠᠴᠠ ᠶᠢ | ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠰᠤᠷᠢᠯᠳᠠ ᠶᠢ ᠴᠢᠩᠭᠠᠳᠬᠠᠵᠦ᠂ ᠪᠠᠴᠢᠮ ᠪᠠᠶᠢᠳᠠᠯ ᠢ | ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠲᠡᠭᠡᠭᠰᠢᠯᠡᠬᠦᠯᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ | ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠡᠢ᠃ ᠬᠤᠷᠠᠯ ᠠᠴᠠ 1 ᠰᠠᠷ᠎ᠠ ᠶᠢᠨ 20 ᠤ | ᠡᠳᠦᠷ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠤᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠦ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ ᠠᠵᠢᠯ ᠤᠨ ᠡᠯ᠎ᠡ | ᠲᠠᠯ᠎ᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠦ᠂ ᠠᠵᠤ ᠠᠬᠤᠶ ᠶᠢ ᠬᠦᠭᠵᠢᠬᠦᠯᠬᠦ᠂ ᠬᠦᠭᠵᠢᠯᠳᠡ ᠶᠢ ᠠᠳᠬᠤᠬᠤ | ᠬᠠᠷᠢᠭᠤᠴᠠᠯᠭᠠᠳᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠦ᠂ ᠰᠢᠨ᠎ᠡ ᠴᠢᠨᠠᠷ ᠪᠦᠬᠦᠢ | ᠦᠢᠯᠡᠳᠪᠦᠷᠢᠯᠡᠯ ᠤᠨ ᠬᠦᠴᠦᠨ ᠢ ᠶᠡᠬᠡᠪᠡᠷ ᠬᠥᠭᠵᠢᠭᠦᠯᠵᠦ᠂ ᠵᠢᠱᠢᠶ᠎ᠡ ᠦᠵᠡᠭᠦᠯᠬᠦ ᠴᠢᠨᠠᠷᠲᠠᠶ᠂ ᠳᠠᠶᠢᠴᠢᠯᠠᠬᠤ | ᠴᠢᠨᠠᠷ ᠢᠶᠠᠷ ᠴᠢᠩᠭ᠎ᠠ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠶ ᠬᠡᠷᠡᠭᠵᠢᠭᠦᠯᠬᠦ ᠶᠢ ᠲᠦᠷᠭᠡᠳᠭᠡᠨ | ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠵᠠᠢ᠃ | ᠬᠤᠷᠠᠯ ᠠᠴᠠ 2 ᠰᠠᠷ᠎ᠠ ᠶᠢᠨ 10 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠡᠷᠡᠭᠯᠡᠭᠡ ᠶᠢ ᠳᠡᠭᠡᠭᠰᠢᠯᠡᠭᠦᠯᠬᠦ ᠶᠠᠪᠤᠳᠠᠯ ᠢ ᠨᠡᠩ | ᠲᠣᠪᠤᠶᠢᠮ᠎ᠠ ᠪᠠᠶᠢᠷᠢᠨ ᠳᠤ ᠲᠠᠯᠪᠢᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ | ᠰᠢᠨ᠎ᠡ ᠶᠢ ᠰᠣᠯᠢᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠂ ᠬᠡᠷᠡᠭᠯᠡᠭᠡᠨ ᠤ ᠠᠬᠤᠶ | ᠪᠠᠶᠢᠳᠠᠯ ᠢ ᠦᠷᠭᠦᠯᠵᠢᠯᠡᠨ ᠪᠠᠶᠠᠯᠢᠭᠵᠢᠭᠤᠯᠵᠤ᠂ ᠬᠡᠷᠡᠭᠯᠡᠭᠡ ᠶᠢᠨ ᠬᠦᠷᠢᠶ᠎ᠡ ᠬᠡᠪᠴᠢᠶ᠎ᠡ ᠶᠢ ᠦᠷᠭᠡᠳᠭᠡᠨ ᠲᠡᠭᠡᠭᠰᠢᠯᠡᠬᠦᠯᠬᠦ | ᠬᠡᠷᠡᠭᠳᠡᠢ ᠭᠡᠵᠦ ᠴᠢᠬᠤᠯᠠᠴᠢᠯᠠᠭᠰᠠᠨ ᠪᠠᠶᠢᠨ᠎ᠠ᠃ ᠬᠤᠷᠠᠯ ᠠᠴᠠ ︽ᠬᠢᠩᠭᠠᠨ ᠠᠶᠢᠮᠠᠭ ᠤᠨ ᠰᠢᠨ᠎ᠡ ᠡᠨᠧᠷᠭᠢ ᠶᠢᠨ ᠠᠵᠤ | ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ︾ ᠢ ᠰᠤᠳᠤᠯᠤᠨ | ᠬᠢᠨᠠᠨ ᠵᠥᠪᠯᠡᠵᠦ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠠᠮᠵᠢᠵᠤ᠂ ᠬᠢᠩᠭᠠᠨ ᠠᠶᠢᠮᠠᠭ ᠤᠨ ᠰᠠᠯᠬᠢ ᠪᠠ | ᠭᠡᠷᠡᠯ ᠴᠡᠨᠡᠭ ᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠰᠢᠨ᠎ᠡ ᠡᠨᠧᠷᠭᠢ ᠶᠢᠨ ᠨᠡᠭᠡᠭᠡᠨ | ᠬᠥᠭᠵᠢᠭᠦᠯᠦᠯᠲᠡ ᠪᠣᠯᠤᠨ ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠤᠯᠲᠠ ᠶᠢ ᠨᠢᠭᠡ ᠴᠤᠭᠴᠠᠵᠢᠭᠤᠯᠤᠨ | ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ︵ᠵᠠᠩ | ᠸᠧᠶ ᠨᠠᠨ︶ |