ᠬᠢᠨᠭ᠍ᠭᠠᠨ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶᠠᠨ ᠤ ᠮᠤᠩᠭᠤᠯ ᠡᠮ ᠡᠮᠨᠡᠯᠬᠡ ᠶᠢᠨ ᠮᠦᠽᠸᠢ ︽ᠬᠢᠨᠭ᠍ᠭᠠᠨ ᠠᠶᠢᠮᠠᠭ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠤᠨ ᠰᠠᠭᠤᠷᠢᠨ ᠭᠠᠵᠠᠷ︾ ᠤᠨ ᠢᠷᠠᠭᠤ ᠠᠯᠳᠠᠷ ᠢ ᠬᠦᠷᠳᠡᠵᠡᠢ
ᠨᠡᠶᠢᠲᠡᠯᠡᠭᠰᠡᠨ ᠴᠠᠭ᠄
2025/2/20
       ᠤᠶᠢᠷ᠎ᠠ ᠶᠢᠨ ᠡᠳᠦᠷ᠂ ᠬᠢᠨᠭ᠍ᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠠᠴᠠ ︽ᠬᠢᠨᠭ᠍ᠭᠠᠨ ᠠᠶᠢᠮᠠᠭ ᠤᠨ ᠨᠠᠢᠮᠠᠳᠤᠭᠠᠷ ᠪᠦᠯᠦᠭ ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠤᠨ ᠰᠠᠭᠤᠷᠢᠨ ᠭᠠᠵᠠᠷ ᠢ ᠨᠡᠷᠡᠶᠢᠳᠬᠦ ᠲᠤᠬᠠᠢ ᠮᠡᠳᠡᠭᠳᠡᠯ︾ ᠪᠠᠭᠤᠯᠭᠠᠵᠦ᠂ ᠬᠢᠨᠭ᠍ᠭᠠᠨ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶ᠎ᠠ ᠶᠢᠨ ᠮᠤᠩᠭᠤᠯ ᠡᠮ ᠡᠮᠨᠡᠯᠬᠡ ᠶᠢᠨ ᠮᠦᠽᠸᠢ ᠨᠢ ᠡᠯᠪᠡᠭ ᠪᠠᠶᠠᠯᠢᠭ ᠰᠤᠶᠤᠯ ᠤᠨ ᠠᠭᠤᠯᠤᠬᠳᠠᠬᠤᠨ ᠪᠠ ᠦᠪᠡᠷᠮᠢᠴᠡ ᠰᠤᠷᠭᠠᠨ ᠬᠦᠮᠦᠵᠢᠯ ᠤᠨ ᠦᠨ᠎ᠡ ᠦᠷᠳᠡᠭ ᠪᠦᠬᠦᠢ ᠤᠨᠴᠠᠯᠢᠭ ᠢᠶᠠᠷ ᠢᠶᠠᠨ ︽ᠬᠢᠨᠭ᠍ᠭᠠᠨ ᠠᠶᠢᠮᠠᠭ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠤᠨ ᠰᠠᠭᠤᠷᠢᠨ ᠭᠠᠵᠠᠷ︾ ᠤᠨ ᠢᠷᠠᠭᠤ ᠠᠯᠳᠠᠷ ᠢ ᠬᠦᠷᠳᠡᠵᠦ᠂ ᠬᠢᠨᠭ᠍ᠭᠠᠨ ᠠᠶᠢᠮᠠᠭ ᠤᠨ ᠰᠤᠶᠤᠯ ᠰᠤᠷᠭᠠᠨ ᠬᠦᠮᠦᠵᠢᠯ ᠤᠨ ᠬᠦᠷᠢᠶᠡᠨ ᠤ ᠪᠠᠰᠠ ᠨᠢᠬᠡ ᠬᠢᠯᠠᠰ ᠴᠡᠭ ᠪᠤᠯᠵᠠᠢ᠃ ᠬᠢᠨᠭ᠍ᠭᠠᠨ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶ᠎ᠠ ᠶᠢᠨ ᠮᠤᠩᠭᠤᠯ ᠡᠮ ᠡᠮᠨᠡᠯᠬᠡ ᠶᠢᠨ ᠮᠦᠽᠸᠢ ᠨᠢ ᠮᠤᠩᠭᠤᠯ ᠡᠮ ᠡᠮᠨᠡᠯᠬᠡ ᠶᠢᠨ ᠰᠤᠶᠤᠯ ᠢ ᠤᠯᠠᠮᠵᠢᠯᠠᠨ ᠪᠠᠳᠠᠷᠠᠭᠤᠯᠬᠤ ᠴᠢᠬᠤᠯᠠ ᠰᠠᠭᠤᠷᠢᠨ ᠭᠠᠵᠠᠷ ᠤᠨ ᠨᠢᠬᠡ ᠨᠢ ᠪᠤᠯᠤᠬᠰᠠᠨ ᠤ ᠬᠤᠪᠢ ᠳᠤ᠂ ᠮᠦᠽᠸᠢ ᠪᠠᠨ ᠨᠡᠬᠡᠬᠡᠭᠰᠡᠨ ᠠᠴᠠ ᠨᠠᠭᠠᠰᠢ᠂ ᠮᠤᠩᠭᠤᠯ ᠡᠮ ᠡᠮᠨᠡᠯᠬᠡ ᠶᠢᠨ ᠦᠨᠢ ᠤᠳᠠᠭᠠᠨ ᠲᠡᠤᠬᠡ᠂ ᠦᠪᠡᠷᠮᠢᠴᠡ ᠷᠢᠳᠢ ᠰᠢᠳᠢ ᠶᠢ ᠲᠡᠯᠬᠡᠨ ᠦᠵᠡᠬᠦᠯᠬᠦ ᠪᠠᠷ ᠴᠢᠷᠮᠠᠶᠢᠭᠰᠠᠭᠠᠷ ᠢᠷᠡᠭᠰᠡᠨ ᠶᠤᠮ᠃ ᠮᠦᠽᠸᠢ ᠲᠤᠳᠤᠷ᠎ᠠ ᠶᠡᠭᠡ ᠬᠡᠮᠵᠢᠶᠡᠨ ᠤ ᠮᠤᠩᠭᠤᠯ ᠡᠮ ᠡᠮᠨᠡᠯᠬᠡ ᠶᠢᠨ ᠨᠤᠮ ᠰᠤᠳᠤᠷ᠂ ᠤᠯᠠᠮᠵᠢᠯᠠᠯᠳᠤ ᠡᠮᠴᠢᠯᠡᠬᠡᠨ ᠤ ᠲᠤᠨᠤᠭ ᠲᠦᠬᠦᠭᠡᠷᠦᠮᠵᠢ ᠪᠠ ᠬᠤᠪᠤᠷ ᠴᠤᠬᠠᠭ ᠡᠮ ᠤᠨ ᠮᠠᠲ᠋ᠧᠷᠢᠶᠠᠯ ᠤᠨ ᠦᠯᠢᠬᠡᠷ ᠬᠡᠪ ᠵᠡᠷᠭᠡ ᠡᠷᠬᠢᠮ ᠨᠠᠨᠳᠢᠨ ᠲᠤᠷᠠᠰᠬᠠᠯᠳᠤ ᠵᠦᠢᠯᠡᠰ ᠢ ᠲᠡᠯᠬᠡᠨ ᠦᠵᠡᠬᠦᠯᠵᠦ ᠪᠠᠶᠢᠳᠠᠭ᠃ ᠳᠤᠰ ᠮᠦᠽᠸᠢ ᠨᠢ ᠡᠳᠡᠬᠡᠷ ᠦᠵᠡᠬᠦᠯᠬᠡ ᠶᠢᠨ ᠪᠤᠳᠠᠰ ᠢᠶᠠᠷ ᠲᠠᠮᠵᠢᠭᠤᠯᠤᠨ ᠬᠦᠮᠦᠰ ᠮᠤᠩᠭᠤᠯ ᠡᠮ ᠡᠮᠨᠡᠯᠬᠡ ᠶᠢᠨ ᠦᠪᠡᠷᠮᠢᠴᠡ ᠤᠨᠤᠯ ᠤᠨ ᠰᠢᠰᠲ᠋ᠧᠮ᠂ ᠤᠨᠤᠰᠢᠯᠠᠨ ᠵᠠᠰᠠᠬᠤ ᠠᠷᠭ᠎ᠠ ᠪᠠ ᠡᠮ ᠨᠠᠶᠢᠷᠠᠬᠤ ᠮᠡᠷᠬᠡᠵᠢᠯ ᠵᠡᠷᠭᠡ ᠶᠢ ᠬᠦᠨᠵᠡᠬᠡᠢ ᠤᠶᠢᠯᠠᠭᠠᠭᠤᠯᠵᠦ ᠪᠠᠶᠢᠬᠤ ᠪᠦᠭᠡᠳ ᠡᠯ᠎ᠡ ᠦᠨᠳᠦᠰᠦᠳᠡᠨ ᠤ ᠠᠷᠠᠳ ᠲᠦᠮᠡᠨ ᠤ ᠤᠮᠤᠬᠰᠢᠯᠳᠤ ᠰᠡᠳᠬᠢᠯᠬᠡ ᠪᠠ ᠤᠯᠤᠰ ᠢᠶᠠᠨ ᠬᠠᠶᠢᠷᠠᠯᠠᠬᠤ ᠰᠡᠳᠬᠢᠯᠬᠡ ᠶᠢ ᠬᠦᠭᠵᠢᠬᠡᠵᠤ ᠪᠤᠢ᠃ ᠬᠢᠨᠭ᠍ᠭᠠᠨ ᠠᠶᠢᠮᠠᠭ ᠤᠨ ᠮᠤᠩᠭᠤᠯ ᠡᠮᠨᠡᠯᠬᠡ ᠶᠢᠨ ᠬᠤᠷᠢᠶᠠᠨ ᠤ ᠮᠤᠩᠭᠤᠯ ᠡᠮ ᠡᠮᠨᠡᠯᠬᠡ ᠶᠢᠨ ᠮᠦᠽᠸᠢ ᠲᠤᠰ ᠢᠷᠠᠭᠤ ᠠᠯᠳᠠᠷ ᠢᠶᠠᠷ ᠠᠵᠠ ᠲᠤᠬᠢᠶᠠᠯ ᠪᠤᠯᠭᠠᠵᠦ᠂ ᠦᠪᠡᠷ ᠤᠨ ᠪᠡᠶ᠎ᠡ ᠶᠢᠨ ᠪᠦᠳᠦᠬᠡᠨ ᠪᠠᠶᠢᠭᠤᠯᠤᠯᠳᠠ ᠪᠠᠨ ᠤᠯᠠᠮ ᠨᠢᠬᠡ ᠠᠯᠬᠤᠮ ᠴᠢᠩᠭᠠᠳᠬᠠᠵᠦ᠂ ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠤᠨ ᠰᠠᠭᠤᠷᠢᠨ ᠭᠠᠵᠠᠷ ᠤᠨ ᠦᠢᠯᠡᠳᠦᠯ ᠢᠶᠠᠨ ᠪᠦᠷᠢᠮᠦᠰᠦᠨ ᠪᠠᠳᠠᠷᠠᠭᠤᠯᠵᠦ᠂ ᠰᠤᠷᠭᠠᠭᠤᠯᠢ᠂ ᠨᠡᠶᠢᠬᠡᠮ ᠲᠤᠭᠤᠷᠢᠭ᠂ ᠪᠠᠶᠢᠭᠤᠯᠭ᠎ᠠ ᠨᠢᠬᠡᠴᠢ ᠪᠠ ᠠᠵᠦ ᠠᠬᠤᠶᠢᠯᠠᠯ ᠠᠵᠢᠯ ᠦᠢᠯᠡᠰ ᠤᠨ ᠨᠢᠬᠡᠴᠢ ᠲᠠᠢ ᠢᠳᠡᠪᠬᠢᠳᠡᠢ ᠬᠠᠮᠵᠢᠯᠴᠠᠵᠦ᠂ ᠪᠠᠶᠠᠯᠢᠭ ᠠᠭᠤᠯᠭ᠎ᠠ ᠲᠠᠢ ᠰᠤᠳᠤᠯᠤᠨ ᠰᠤᠷᠤᠯᠴᠠᠬᠤ ᠠᠵᠢᠯᠯᠠᠭ᠎ᠠ ᠦᠷᠨᠢᠬᠦᠯᠬᠦ᠂ ᠰᠢᠨᠵᠢᠯᠡᠬᠦ ᠤᠬᠠᠭᠠᠨ ᠲᠦᠭᠡᠮᠡᠯᠵᠢᠬᠦᠯᠬᠦ ᠰᠠᠭᠤᠳᠠᠯ ᠤᠨ ᠬᠤᠷᠠᠯ ᠡᠷᠬᠢᠯᠡᠬᠦ᠂ ᠰᠠᠶᠢᠨ ᠲᠤᠷ᠎ᠠ ᠶᠢᠨ ᠦᠢᠯᠡᠴᠢᠯᠡᠭᠡ ᠶᠢᠨ ᠠᠵᠢᠯᠯᠠᠭ᠎ᠠ ᠵᠤᠬᠢᠶᠠᠨ ᠪᠠᠶᠢᠭᠤᠯᠬᠤ ᠵᠡᠷᠬᠡ ᠠᠷᠭ᠎ᠠ ᠵᠠᠮ ᠢᠶᠠᠷ ᠦᠷᠬᠡᠨ ᠤᠯᠠᠨ ᠵᠠᠯᠠᠭᠤᠴᠤᠳ ᠪᠠᠭᠠᠴᠤᠳ ᠪᠠ ᠨᠡᠶᠢᠬᠡᠮ ᠤᠨ ᠡᠯ᠎ᠡ ᠡᠳᠡᠭᠡᠳ ᠲᠤ ᠰᠢᠯᠢᠳᠡᠭ ᠰᠤᠷᠭᠠᠨ ᠬᠦᠮᠦᠵᠢᠯ ᠤᠨ ᠦᠢᠯᠡᠴᠢᠯᠡᠭᠡ ᠬᠠᠨᠭ᠍ᠭᠠᠵᠤ᠂ ᠬᠦᠮᠦᠰ ᠢ ᠤᠳᠤᠷᠢᠳᠤᠨ ᠵᠦᠪ ᠤᠨᠤᠪᠴᠢᠳᠠᠢ ᠲᠡᠤᠬᠡ ᠶᠢᠨ ᠦᠵᠡᠯᠳᠡ᠂ ᠤᠯᠤᠰ ᠤᠨ ᠦᠵᠡᠯᠳᠡ ᠪᠠ ᠰᠤᠶᠤᠯ ᠤᠨ ᠦᠵᠡᠯᠳᠡ ᠲᠠᠢ ᠪᠤᠯᠭᠠᠵᠦ᠂ ᠦᠨᠳᠦᠰᠦᠳᠡᠨ ᠤ ᠰᠡᠷᠬᠦᠨ ᠮᠠᠨᠳᠤᠯᠳᠠ ᠶᠢᠨ ᠬᠦᠨᠳᠤ ᠡᠬᠦᠷᠭᠡ ᠶᠢ ᠡᠬᠦᠷᠭᠡᠯᠡᠵᠦ ᠲᠡᠶᠢᠯᠬᠦ ᠴᠠᠭ ᠦᠶ᠎ᠡ ᠶᠢᠨ ᠰᠢᠨ᠎ᠠ ᠬᠦᠮᠦᠨ ᠢ ᠬᠦᠮᠦᠵᠢᠬᠦᠯᠬᠦ ᠳᠤ ᠬᠦᠴᠦᠨ ᠨᠡᠮᠡᠷᠢᠯᠡᠬᠦ ᠪᠠᠷ ᠴᠢᠷᠮᠠᠶᠢᠵᠦ ᠪᠤᠢ᠃ ︵ᠬᠠᠨ᠎ᠠ︶   
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号