ᠤᠯᠠᠭᠠᠨᠬᠤᠳᠠ ᠶᠢᠨ ᠬᠡᠬᠡᠨᠰᠦ᠋ᠮ᠎ᠡ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠡᠮᠴᠢ ᠪᠠᠢ ᠢᠤᠢ ᠹᠧᠩ 2010 | ᠤᠨ ᠳᠤ ᠠᠵᠢᠯ ᠤᠨ ᠪᠠᠶᠢᠷᠢᠨ ᠳᠤ ᠭᠠᠷᠤᠬᠰᠠᠨ ᠠᠴᠠ ᠨᠠᠭᠠᠰᠢ᠂ ᠦᠨᠳᠦᠰᠦᠨ ᠱᠠᠳᠦᠨ ᠳᠤ ᠬᠦᠨᠵᠡᠬᠡᠶᠢᠷᠡᠨ᠂ | ᠲᠤᠬᠠᠶᠢᠯᠠᠬᠰᠠᠨ ᠠᠵᠢᠯ ᠢᠶᠠᠨ ᠲᠡᠭᠡᠳᠦᠯᠡᠵᠦ᠂ ᠡᠬᠦᠷᠬᠡ ᠬᠠᠷᠢᠭᠤᠴᠠᠯᠭ᠎ᠠ ᠪᠠᠨ ᠰᠠᠶᠢᠳᠦᠷ ᠬᠦᠢᠴᠡᠳᠬᠡᠨ᠂ ᠭᠠᠷᠮᠠᠭᠠᠢ | ᠮᠡᠷᠬᠡᠵᠢᠯ ᠪᠠ ᠬᠠᠯᠠᠭᠤᠮᠰᠤᠭ ᠤᠪᠤᠷ ᠢᠶᠠᠷ ᠢᠶᠠᠨ ᠡᠪᠡᠳᠴᠢᠳᠡᠳ ᠤᠨ ᠬᠠᠯᠠᠭᠤᠨ ᠬᠦᠷᠢᠶᠡᠯᠡᠯ ᠢ ᠤᠯᠵᠦ᠂ 2024 | ᠤᠨ ᠳᠤ ︽ᠦᠪᠦᠷ ᠮᠤᠩᠭᠤᠯ ᠤᠨ ᠰᠠᠶᠢᠨ ᠡᠮᠴᠢ ᠦᠪᠦᠷ ᠮᠤᠩᠭᠤᠯ ᠤᠨ ᠰᠠᠶᠢᠨ ᠰᠤᠪᠢᠯᠠᠬᠴᠢ︾ ᠶᠢᠨ ᠢᠷᠠᠭᠤ | ᠠᠯᠳᠠᠷ ᠢ ᠬᠦᠷᠳᠡᠵᠡᠢ᠃ ᠤᠯᠠᠭᠠᠨᠬᠤᠳᠠ ᠶᠢᠨ ᠬᠡᠬᠡᠨᠰᠦᠮᠡ ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠪᠦᠬᠦ ᠰᠠᠯᠠᠭᠠᠨ ᠤ | ᠡᠮᠴᠢ ᠪᠠᠢ ᠢᠤᠢ ᠹᠧᠩ ᠦᠷᠯᠦᠬᠡ ᠡᠷᠳᠡ ᠠᠵᠢᠯ ᠳᠠᠭᠠᠨ ᠭᠠᠷᠴᠦ᠂ ᠡᠪᠡᠳᠴᠢᠳᠡᠨ ᠤ ᠪᠡᠶ᠎ᠡ ᠶᠢᠨ ᠪᠠᠶᠢᠳᠠᠯ ᠢ | ᠠᠰᠠᠭᠤᠬᠤ᠂ ᠡᠪᠡᠳᠴᠢᠨ ᠤ ᠪᠠᠶᠢᠴᠠᠭᠠᠯᠳᠠ ᠬᠢᠬᠦ᠂ ᠡᠮ ᠤᠨ ᠵᠤᠷ ᠪᠢᠴᠢᠬᠦ ᠵᠡᠷᠭᠡ ᠶᠠᠭᠠᠷᠠᠯᠳᠠᠢ ᠨᠢᠬᠡ ᠡᠳᠦᠷ ᠢᠶᠠᠨ | ᠡᠬᠢᠯᠡᠬᠦᠯᠳᠡᠭ᠃ ᠤᠶᠢᠷ᠎ᠠ ᠶᠢᠨ ᠬᠡᠳᠦᠨ ᠵᠢᠯ᠂ ᠤᠯᠠᠨ ᠲᠦᠮᠡᠨ ᠤ ᠡᠷᠡᠬᠦᠯ ᠮᠡᠨᠳᠤ ᠶᠢᠨ ᠱᠠᠭᠠᠷᠳᠠᠯᠭ᠎ᠠ ᠶᠢᠨ | ᠲᠠᠰᠦᠷᠠᠯᠳᠠ ᠦᠬᠡᠢ ᠲᠡᠭᠡᠭᠰᠢᠯᠡᠬᠦ ᠶᠢ ᠲᠠᠭᠠᠯᠳᠤᠨ᠂ ᠭᠠᠭᠴᠠ ᠤᠨᠤᠰᠢᠯᠠᠨ ᠵᠠᠰᠠᠬᠤ ᠠᠷᠭ᠎ᠠ ᠨᠢ ᠡᠪᠡᠳᠴᠢᠳᠡᠳ ᠤᠨ | ᠦᠪᠡᠷᠮᠢᠴᠢᠯᠡᠭᠰᠡᠨ ᠡᠮᠴᠢᠯᠡᠬᠡᠨ ᠤ ᠱᠠᠭᠠᠷᠳᠠᠯᠭ᠎ᠠ ᠶᠢ ᠬᠠᠨᠭ᠍ᠭᠠᠵᠦ ᠲᠡᠶᠢᠯᠬᠦ ᠦᠬᠡᠢ ᠪᠤᠯᠪᠠ᠃ ᠪᠠᠢ ᠢᠤᠢ ᠹᠧᠩ | ᠤᠨᠤᠰᠢᠯᠠᠨ ᠵᠠᠰᠠᠬᠤ ᠦᠢᠯᠡᠴᠢᠯᠡᠬᠡᠨ ᠤ ᠴᠢᠳᠠᠪᠦᠷᠢ ᠪᠠ ᠬᠢᠷᠢ ᠲᠦᠪᠰᠢᠨ ᠢᠶᠠᠨ ᠤᠯᠠᠮ ᠨᠢᠬᠡ ᠠᠯᠬᠤᠮ | ᠲᠡᠭᠡᠭᠰᠢᠯᠡᠬᠦᠯᠬᠦ ᠶᠢᠨ ᠲᠦᠯᠦᠬᠡ᠂ ᠬᠢᠳᠡᠳ ᠡᠮᠨᠡᠯᠬᠡ ᠶᠢᠨ ᠦᠪᠡᠷᠮᠢᠴᠡ ᠵᠠᠰᠠᠯᠭ᠎ᠠ ᠶᠢ ᠢᠳᠡᠪᠬᠢᠳᠡᠢ ᠰᠦᠪᠡᠭᠴᠢᠯᠡᠵᠦ᠂ | ᠵᠡᠬᠦᠦ ᠲᠦᠬᠡᠨᠡᠯᠬᠡ᠂ ᠰᠤᠷᠤᠭᠤᠯ ᠲᠠᠯᠪᠢᠬᠤ ᠪᠠ ᠢᠯᠢᠵᠦ ᠨᠤᠬᠤᠯᠠᠬᠤ ᠵᠡᠷᠭᠡ ᠤᠯᠠᠨ ᠬᠡᠯᠪᠡᠷᠢ ᠶᠢᠨ ᠤᠨᠤᠰᠢᠯᠠᠨ | ᠵᠠᠰᠠᠬᠤ ᠠᠷᠭ᠎ᠠ ᠶᠢ ᠰᠢᠨᠵᠢᠯᠡᠬᠦ ᠤᠬᠠᠭᠠᠨᠴᠢ ᠪᠠᠷ ᠬᠡᠷᠡᠭᠯᠡᠵᠦ᠂ ᠶᠡᠷᠦᠩᠭᠡᠶᠢᠯᠡᠭᠰᠡᠨ ᠤᠨᠤᠰᠢᠯᠠᠨ ᠵᠠᠰᠠᠬᠤ ᠦᠷ᠎ᠡ | ᠪᠦᠳᠦᠮᠵᠢ ᠪᠠᠨ ᠲᠡᠭᠡᠭᠰᠢᠯᠡᠬᠦᠯᠵᠡᠢ᠃ | ᠪᠠᠢ ᠢᠤᠢ ᠹᠧᠩ᠄ ︽ᠵᠡᠬᠦᠦ ᠲᠦᠬᠡᠨᠡᠯᠬᠡ᠂ ᠰᠤᠷᠤᠭᠤᠯ ᠲᠠᠯᠪᠢᠬᠤ ᠪᠠ ᠢᠯᠢᠵᠦ ᠨᠤᠬᠤᠯᠠᠬᠤ ᠵᠡᠷᠭᠡ | ᠤᠨᠤᠰᠢᠯᠠᠨ ᠵᠠᠰᠠᠬᠤ ᠮᠡᠷᠬᠡᠵᠢᠯ ᠨᠢ ᠴᠢᠰᠦ ᠶᠢ ᠲᠦᠯᠵᠢᠬᠦᠯᠳᠡᠭ᠃ ᠪᠢ ᠡᠪᠡᠳᠴᠢᠳᠡᠳ ᠤᠨ ᠪᠡᠶ᠎ᠡ ᠶᠢᠨ ᠪᠠᠶᠢᠳᠠᠯ ᠢ | ᠦᠨᠳᠦᠰᠦᠯᠡᠨ᠂ ᠰᠠᠶᠢᠳᠦᠷ ᠪᠠᠶᠢᠴᠠᠭᠠᠯᠳᠠ ᠬᠢᠭᠰᠡᠨ ᠤ ᠲᠠᠷᠠᠭ᠎ᠠ᠂ ᠬᠢᠳᠡᠳ ᠮᠤᠩᠭᠤᠯ ᠡᠮᠨᠡᠯᠬᠡ ᠪᠠ ᠡᠸᠦ᠋ᠷᠤᠫᠠ | ᠡᠮᠨᠡᠯᠬᠡ ᠶᠢᠨ ᠲᠠᠪᠠᠭᠤᠯᠢᠭ ᠲᠠᠢ ᠤᠶᠠᠯᠳᠤᠭᠤᠯᠤᠨ᠂ ᠦᠪᠡᠷᠮᠢᠴᠢᠯᠡᠭᠰᠡᠨ ᠤᠨᠤᠰᠢᠯᠠᠨ ᠵᠠᠰᠬᠠᠤ ᠲᠦᠰᠦᠪ ᠲᠤᠬᠳᠠᠭᠠᠵᠦ | ᠂ ᠡᠪᠡᠳᠴᠢᠳᠡᠳ ᠲᠤ ᠪᠦᠬᠦ ᠲᠠᠯ᠎ᠠ ᠶᠢᠨ ᠪᠦᠳᠦᠮᠵᠢᠳᠡᠢ ᠵᠠᠰᠠᠯᠭ᠎ᠠ ᠬᠢᠳᠡᠭ︾ ᠬᠡᠵᠦ ᠶᠠᠷᠢᠵᠦ ᠪᠠᠶᠢᠯ᠎ᠠ᠃ ᠬᠡᠷ | ᠪᠦᠯᠢ ᠶᠢᠨ ᠡᠮᠴᠢ ᠶᠢᠨ ᠵᠦᠪᠯᠡᠯᠴᠡᠭᠡᠷ ᠲᠤᠬᠳᠠᠬᠤ ᠦᠢᠯᠡᠴᠢᠯᠡᠭᠡ ᠪᠤᠯ ᠦᠨᠳᠦᠰᠦᠨ ᠱᠠᠳᠦᠨ ᠤ ᠤᠯᠠᠨ ᠲᠦᠮᠡᠨ ᠳᠤ | ᠲᠦᠬᠦᠮ᠂ ᠶᠡᠷᠦᠩᠭᠡᠶᠢᠯᠡᠭᠰᠡᠨ ᠦᠨᠳᠦᠰᠦᠨ ᠡᠮᠴᠢᠯᠡᠬᠡᠨ ᠤ ᠡᠷᠡᠬᠦᠯ ᠬᠠᠮᠠᠭᠠᠯᠠᠯ ᠤᠨ ᠦᠢᠯᠡᠴᠢᠯᠡᠭᠡ ᠬᠠᠨᠭ᠍ᠭᠠᠬᠤ | ᠴᠢᠬᠤᠯᠠ ᠠᠷᠭ᠎ᠠ ᠠᠪᠴᠠᠯ ᠤᠨ ᠨᠢᠬᠡ ᠨᠢ ᠪᠤᠯᠤᠨ᠎ᠠ᠃ ᠪᠠᠢ ᠢᠤᠢ ᠹᠧᠩ ᠬᠡᠬᠡᠨᠰᠦ᠋ᠮ᠎ᠡ ᠪᠠᠯᠭᠠᠰᠦ ᠶᠢᠨ ᠬᠡᠷ ᠪᠦᠯᠢ ᠶᠢᠨ | ᠡᠮᠴᠢ ᠶᠢᠨ ᠵᠦᠪᠯᠡᠯᠴᠡᠭᠡᠷ ᠲᠤᠬᠳᠠᠬᠤ ᠦᠢᠯᠡᠴᠢᠯᠡᠬᠡᠨ ᠤ ᠪᠦᠯᠬᠦᠮ ᠤᠨ ᠶᠡᠷᠦᠩᠭᠡᠢ ᠬᠠᠷᠢᠭᠤᠴᠠᠯᠭᠠᠳᠠᠨ ᠪᠤᠯᠤᠬᠰᠠᠨ ᠤ | ᠬᠤᠪᠢ ᠳᠤ᠂ ︽ᠨᠢᠬᠡ ᠬᠦᠮᠦᠨ ᠲᠠᠢ ᠵᠦᠪᠯᠡᠯᠴᠡᠬᠡᠷ ᠲᠤᠬᠳᠠᠪᠠᠯ ᠨᠢᠬᠡ ᠬᠦᠮᠦᠨ ᠳᠤ ᠰᠠᠶᠢᠳᠦᠷ ᠦᠢᠯᠡᠴᠢᠯᠡᠬᠦ︾ | ᠤᠨᠤᠯᠵᠢᠬᠤᠨ ᠢᠶᠠᠷ ᠪᠦᠯᠬᠦᠮ ᠢᠶᠠᠨ ᠲᠠᠭᠠᠭᠤᠯᠤᠨ ᠠᠷᠬᠠᠭ ᠡᠪᠡᠳᠴᠢᠨ ᠲᠠᠢ ᠬᠦᠮᠦᠰ ᠤᠨ ᠬᠡᠷ ᠲᠤᠨᠢ ᠬᠦᠷᠴᠦ | ᠮᠦᠷᠳᠡᠨ ᠰᠤᠷᠪᠤᠯᠵᠢᠯᠠᠬᠤ ᠦᠢᠯᠡᠴᠢᠯᠡᠭᠡ ᠬᠠᠨᠭ᠍ᠭᠠᠳᠠᠭ᠃ ᠪᠠᠢ ᠢᠤᠢ ᠹᠧᠩ ᠤᠯᠠᠭᠠᠨᠬᠤᠳᠠ ᠶᠢᠨ ᠬᠡᠬᠡᠨᠰᠦ᠋ᠮ᠎ᠡ | ᠪᠠᠯᠭᠠᠰᠦ ᠶᠢᠨ ᠬᠠᠳᠠᠨ ᠠᠷᠦ ᠭᠠᠴᠠᠭᠠᠨ ᠤ ᠯᠢ ᠸᠧᠨ ᠵᠠᠩ ᠤᠨ ᠬᠡᠷ ᠲᠤ ᠬᠦᠷᠴᠦ᠂ ᠲᠡᠬᠦᠨ ᠳᠤ ᠵᠢᠷᠦᠬᠡᠨ ᠤ | ᠯᠤᠬᠰᠢᠯᠳᠠ ᠶᠢᠨ ᠵᠢᠷᠤᠬ ᠬᠢᠵᠦ ᠦᠬᠬᠦᠭᠰᠡᠨ ᠪᠦᠭᠡᠳ ᠪᠠᠰᠠ ᠲᠦᠷᠢᠮᠵᠢᠬᠦᠨ ᠶᠤᠰᠤᠭᠠᠷ ᠡᠮ ᠤᠤᠭᠤᠬᠤ ᠶᠢ | ᠰᠠᠨᠠᠭᠤᠯᠵᠦ ᠪᠠᠶᠢᠯ᠎ᠠ᠃ | ᠯᠢ ᠸᠧᠨ ᠵᠠᠩ᠄ ︽ᠪᠢ ᠨᠢᠳᠦᠨᠦᠨ ᠲᠠᠷᠢᠬᠢᠨ ᠰᠤᠳᠠᠯ ᠤᠨ ᠲᠦᠭᠵᠢᠷᠡᠯ ᠤᠨ ᠡᠪᠡᠳᠴᠢᠨ ᠳᠤ ᠨᠡᠷᠪᠡᠭᠳᠡᠵᠦ᠂ | ᠪᠠᠢ ᠢᠤᠢ ᠹᠧᠩ ᠡᠮᠴᠢ ᠨᠠᠳᠠ ᠳᠤ ᠬᠡᠷᠬᠢᠨ ᠡᠪᠡᠳᠴᠢᠨ ᠢᠶᠠᠨ ᠡᠳᠡᠭᠡᠷᠡᠬᠦᠯᠬᠦ᠂ ᠬᠡᠷᠬᠢᠨ ᠪᠡᠶ᠎ᠡ ᠪᠠᠨ | ᠪᠤᠯᠪᠠᠰᠦᠷᠠᠭᠤᠯᠬᠤ ᠶᠢ ᠵᠢᠯᠤᠭᠤᠳᠴᠤ ᠦᠭᠬᠦᠭᠰᠡᠨ ᠠᠴᠠ ᠤᠳᠤ ᠮᠢᠨᠦ ᠡᠪᠡᠳᠴᠢᠨ ᠤ ᠪᠠᠶᠢᠳᠠᠯ ᠨᠡᠯᠢᠶᠡᠳ ᠰᠠᠶᠢᠵᠢᠷᠠᠵᠦ | ᠂ ᠬᠠᠮᠤᠭ ᠴᠢᠬᠤᠯᠠ ᠨᠢ ᠲᠠᠶᠠᠭ ᠬᠡᠷᠡᠭᠯᠡᠬᠦ ᠦᠬᠡᠢ ᠪᠠᠷ ᠶᠠᠪᠤᠵᠦ ᠰᠠᠭᠤᠬᠤ ᠪᠤᠯᠵᠠᠢ︾ ᠬᠡᠵᠦ ᠪᠠᠶᠠᠷᠳᠠᠶᠢᠬᠠᠨ ᠶᠠᠷᠢᠵᠦ | ᠪᠠᠶᠢᠯ᠎ᠠ᠃ ᠪᠠᠢ ᠢᠤᠢ ᠹᠧᠩ ᠨᠢᠬᠡᠨ ᠡᠬᠡᠯ ᠵᠢᠷ ᠤᠨ ᠡᠮᠴᠢ ᠠᠴᠠ ᠰᠢᠶᠠᠩ ᠪᠠᠯᠭᠠᠰᠦ ᠶᠢᠨ ᠡᠷᠡᠬᠦᠯ ᠬᠠᠮᠠᠭᠠᠯᠠᠯ ᠤᠨ | ᠬᠤᠷᠢᠶ᠎ᠠ ᠶᠢᠨ ᠲᠡᠳ᠋ ᠬᠤᠷᠢᠶᠠᠨ ᠲᠠᠷᠤᠭ᠎ᠠ ᠪᠤᠯᠳᠠᠯ᠎ᠠ ᠠᠷᠪᠠᠭᠠᠳ ᠵᠢᠯ ᠤᠯᠠᠨ ᠲᠦᠮᠡᠨ ᠳᠤ ᠬᠠᠯᠠᠭᠤᠮᠰᠤᠭ ᠢᠶᠠᠷ | ᠦᠢᠯᠡᠴᠢᠯᠡᠵᠦ᠂ ᠤᠯᠠᠨ ᠲᠦᠮᠡᠨ ᠤ ᠡᠷᠡᠬᠦᠯ ᠮᠡᠨᠳᠤ ᠶᠢᠨ ︽ᠰᠠᠬᠢᠨ ᠬᠠᠮᠠᠭᠠᠯᠠᠬᠴᠢ︾ ᠪᠤᠯᠵᠦ᠂ ᠦᠪᠡᠷ ᠤᠨ | ᠪᠤᠳᠠᠳᠠᠢ ᠦᠢᠯᠡ ᠠᠵᠢᠯᠯᠠᠭ᠎ᠠ ᠪᠠᠷ ᠢᠶᠠᠨ ᠡᠮᠴᠢᠯᠡᠬᠡᠨ ᠤ ᠠᠵᠢᠯᠳᠠᠳ ᠤᠨ ᠤᠭ ᠰᠠᠨᠠᠭ᠎ᠠ ᠡᠬᠦᠷᠭᠡ ᠬᠠᠷᠢᠭᠤᠴᠠᠯᠭ᠎ᠠ ᠪᠠᠨ | ᠦᠨᠡᠨᠬᠦ ᠦᠢᠯᠡᠳᠦᠯᠬᠡᠵᠢᠬᠦᠯᠦᠭᠰᠡᠨ ᠠᠴᠠ 2024 ᠤᠨ ᠤ ︽ᠦᠪᠦᠷ ᠮᠤᠩᠭᠤᠯ ᠤᠨ ᠰᠠᠶᠢᠨ ᠡᠮᠴᠢ᠂ ᠦᠪᠦᠷ | ᠮᠤᠩᠭᠤᠯ ᠤᠨ ᠰᠠᠶᠢᠨ ᠰᠤᠪᠢᠯᠠᠬᠴᠢ︾ ᠪᠠᠷ ᠰᠤᠩᠭᠤᠬᠳᠠᠵᠠᠢ᠃ | ᠪᠠᠢ ᠢᠤᠢ ᠹᠧᠩ᠄ ︽ᠪᠢ ᠡᠬᠦᠨ ᠠᠴᠠ ᠬᠤᠶᠢᠰᠢᠳᠠ ᠦᠪᠡᠷ ᠤᠨ ᠲᠤᠰᠬᠠᠢ ᠮᠡᠷᠬᠡᠵᠢᠯ ᠤᠨ ᠴᠢᠳᠠᠪᠦᠷᠢ ᠪᠠᠨ | ᠲᠠᠰᠦᠷᠠᠯᠳᠠ ᠦᠬᠡᠢ ᠲᠡᠭᠡᠭᠰᠢᠯᠡᠬᠦᠯᠵᠦ᠂ ᠲᠡᠷᠢᠬᠦᠨ ᠤ ᠤᠨᠤᠰᠢᠯᠠᠬᠤ ᠮᠡᠷᠬᠡᠵᠢᠯ ᠢ ᠦᠨᠳᠦᠰᠦᠨ ᠱᠠᠳᠦᠨ ᠳᠤ | ᠬᠦᠷᠬᠡᠬᠦ ᠶᠢᠨ ᠬᠠᠮᠳᠤ᠂ ᠲᠡᠭᠡᠷ᠎ᠡ ᠱᠠᠳᠦᠨ ᠤ ᠡᠮᠴᠢᠯᠡᠬᠡᠨ ᠤ ᠪᠠᠶᠢᠭᠤᠯᠤᠮᠵᠢ ᠲᠠᠢ ᠬᠤᠤᠰ ᠴᠢᠭᠯᠡᠯ ᠢᠶᠠᠷ ᠤᠨᠤᠰᠢᠯᠠᠵᠤ | ᠵᠠᠰᠠᠬᠤ ᠦᠢᠯᠡᠴᠢᠯᠡᠭᠡ ᠦᠷᠨᠢᠬᠦᠯᠵᠦ᠂ ᠰᠢᠨᠵᠢᠯᠡᠬᠦ ᠤᠬᠠᠭᠠᠨᠴᠢ ᠤᠨᠤᠰᠢᠯᠠᠨ ᠵᠠᠰᠠᠬᠤ ᠲᠦᠰᠦᠪ ᠲᠤᠬᠳᠠᠭᠠᠨ᠂ ᠤᠯᠠᠨ | ᠲᠦᠮᠡᠨ ᠳᠤ ᠰᠢᠯᠢᠳᠡᠭ᠂ ᠲᠦᠬᠦᠮ ᠡᠮᠴᠢᠯᠡᠬᠡᠨ ᠤ ᠦᠢᠯᠡᠴᠢᠯᠡᠭᠡ ᠬᠠᠨᠭ᠍ᠭᠠᠬᠤ ᠪᠠᠷ ᠦᠷᠬᠦᠯᠵᠢᠯᠡᠨ ᠵᠢᠳᠬᠦᠨ᠎ᠡ︾ ᠬᠡᠵᠦ | ᠢᠳᠡᠬᠡᠯ ᠲᠡᠬᠦᠯᠳᠡᠷ ᠶᠠᠷᠢᠵᠦ ᠪᠠᠶᠢᠯ᠎ᠠ᠃ |