ᠢᠦᠶ ᠵᠢᠶ ᠱᠦᠨ ᠠᠶᠢᠮᠠᠭ ᠤᠨ ᠬᠠᠮ ᠵᠠᠭᠤᠴᠢᠯᠠᠭᠤᠷ ᠤᠨ ᠲᠥᠪ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2025/2/21
      2 ᠳ᠋ᠤᠭᠠᠷ ᠰᠠᠷ᠎ᠠ ᠶᠢᠨ 18 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠶ ᠵᠢᠶ ᠱᠦᠨ ᠬᠢᠩᠭᠠᠨ ᠠᠶᠢᠮᠠᠭ ᠤᠨ  ᠬᠠᠮ ᠵᠠᠭᠤᠴᠢᠯᠠᠭᠤᠷ ᠤᠨ ᠲᠥᠪ ᠲᠤ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ᠂ ᠬᠠᠮ ᠵᠠᠭᠤᠴᠢᠯᠠᠭᠤᠷ ᠤᠨ ᠲᠥᠪ ᠤᠨ ᠥᠭᠡᠷᠡᠴᠢᠯᠡᠯᠲᠡ ᠬᠥᠭᠵᠢᠯᠲᠡ ᠶᠢᠨ ᠳᠤᠮᠳᠠᠬᠢ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ  ᠰᠢᠢᠳᠪᠦᠷᠢᠯᠡᠪᠡ ᠃    ᠢᠦᠢ ᠵᠢᠢ ᠱᠦᠨ ᠡᠮᠦᠨ᠎ᠡ ᠹᠷᠣᠨᠲ ᠤᠨ ᠰᠣᠨᠢᠨ ᠮᠡᠳᠡᠭᠡᠨ ᠤ ᠠᠵᠢᠯᠲᠠᠳ ᠢ ᠪᠣᠯᠭᠤᠭᠠᠨ ᠲᠣᠬᠤᠨᠢᠭᠤᠯᠵᠤ᠂ ᠰᠣᠨᠢᠨ ᠮᠡᠳᠡᠭᠡ ᠴᠤᠭᠯᠠᠭᠤᠯᠬᠤ᠂ ᠨᠠᠶᠢᠷᠠᠭᠤᠯᠤᠨ ᠬᠢᠨᠠᠬᠤ᠂ ᠦᠢᠯᠡᠳᠬᠦ᠂ ᠬᠡᠪᠯᠡᠨ ᠨᠡᠪᠲᠡᠷᠡᠭᠦᠯᠬᠦ ᠵᠡᠷᠭᠡ ᠶᠠᠪᠤᠴᠠ ᠵᠢᠴᠢ ᠵᠠᠭᠤᠴᠢᠯᠠᠭᠤᠷ ᠤᠨ ᠠᠭᠤᠰᠤᠯᠴᠠᠨ ᠬᠥᠭᠵᠢᠬᠦ᠂ ᠬᠠᠮ ᠵᠠᠭᠤᠴᠢᠯᠠᠭᠤᠷ ᠤᠨ ᠡᠩᠨᠡᠭᠡ ᠶᠢᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠥᠷᠭᠡᠨ ᠤᠯᠠᠨ ᠰᠣᠨᠢᠨ ᠮᠡᠳᠡᠭᠡᠨ ᠤ ᠠᠵᠢᠯᠲᠠᠳ ᠤᠨ ᠢᠯᠡᠷᠡᠭᠦᠯᠦᠭᠰᠡᠨ ᠰᠠᠶᠢᠨ ᠰᠠᠶᠢᠬᠠᠨ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠨᠤᠲᠠᠯᠠᠪᠠ᠃ ᠲᠡᠷᠡ᠂ ᠬᠠᠮ ᠵᠠᠭᠤᠴᠢᠯᠠᠭᠤᠷ ᠤᠨ ᠲᠥᠪ ᠨᠢ ᠪᠦᠬᠦ ᠠᠶᠢᠮᠠᠭ ᠤᠨ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢᠨ ᠭᠤᠣᠯ ᠵᠢᠭᠰᠠᠭᠠᠯ ᠤᠨ ᠭᠠᠵᠠᠷ᠂ ᠭᠤᠣᠯ ᠴᠤᠩᠬᠤᠪᠴᠢ ᠪᠣᠯᠤᠭᠰᠠᠨ ᠤ ᠬᠤᠪᠢ ᠳᠤ᠂ ᠢᠮᠠᠭᠲᠠ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠭᠡ ᠲᠠᠯ᠎ᠠ ᠳᠤ ᠦᠢᠯᠡᠴᠢᠯᠡᠬᠦ᠂ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ᠂ ᠭᠤᠣᠯ ᠤᠷᠤᠰᠬᠠᠯ ᠤᠨ ᠳᠠᠮᠵᠢᠭᠤᠯᠭ᠎ᠠ ᠶᠢ ᠰᠠᠶᠢᠲᠤᠷ ᠬᠢᠬᠦ᠂ ᠰᠣᠶᠣᠯ ᠵᠤᠭᠠᠴᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠢ ᠠᠵᠢᠯᠯᠠᠵᠤ᠂ ᠢᠯᠡᠳᠲᠡ ᠦᠷ᠎ᠡ ᠪᠦᠲᠦᠮᠵᠢ ᠣᠯᠵᠠᠢ  ᠭᠡᠪᠡ᠃    ᠢᠦᠶ ᠵᠢᠶ ᠱᠦᠨ ᠴᠢᠬᠤᠯᠠᠴᠢᠯᠠᠭᠰᠠᠨ ᠨᠢ᠂ ᠥᠷᠭᠡᠨ ᠣᠯᠠᠨ ᠰᠣᠨᠢᠨ ᠮᠡᠳᠡᠭᠡᠨ ᠤ ᠠᠵᠢᠯᠲᠠᠳ ᠶᠠᠷᠢᠶ᠎ᠠ ᠬᠡᠯᠡᠯᠴᠡᠭᠡᠨ ᠤ ᠵᠢᠯᠣᠭᠤᠳᠤᠮᠵᠢ ᠶᠢᠨ ᠭᠤᠣᠯ ᠬᠦᠴᠦᠨ ᠪᠣᠯᠵᠤ᠂ ᠨᠠᠮ ᠪᠠ ᠵᠠᠰᠠᠭ ᠤᠨ ᠣᠷᠳᠣᠨ ᠤ ᠠᠷᠠᠳ ᠣᠯᠠᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠶᠢᠨ ᠦᠶ᠋ᠯᠡᠳᠦᠯ ᠢ ᠦᠨᠡᠨᠬᠦ ᠪᠠᠳᠠᠷᠠᠭᠤᠯᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠭᠤᠤᠯ ᠠᠵᠢᠯ ᠤᠨ ᠲᠣᠭᠤᠷᠢᠨ ᠳᠤ᠂ ᠠᠷᠠᠳ ᠣᠯᠠᠨ ᠤ ᠠᠩᠬᠠᠷᠴᠤ ᠬᠠᠯᠠᠮᠵᠢᠯᠠᠵᠤ ᠪᠠᠶᠢᠭ᠎ᠠ ᠬᠠᠯᠠᠮᠰᠢᠯ ᠲᠥᠪᠯᠡᠷᠡᠯ ᠤᠨ ᠴᠡᠭ ᠢ ᠴᠢᠩᠭ᠎ᠠ ᠠᠩᠬᠠᠷᠴᠤ᠂ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠬᠤᠪᠢᠷᠠᠯᠲᠠ ᠶᠢ ᠴᠠᠭ ᠲᠤᠬᠠᠶ ᠳᠤᠨᠢ ᠲᠤᠰᠬᠠᠵᠤ᠂ ᠠᠷᠠᠳ ᠣᠯᠠᠨ ᠤ ᠰᠡᠳᠬᠢᠯ ᠤᠨ ᠳᠠᠭᠤᠨ ᠢ ᠬᠠᠷᠢᠭᠤ ᠲᠤᠰᠬᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠵᠦ᠂ ᠰᠠᠶᠢᠨ ᠰᠠᠶᠢᠬᠠᠨ ᠠᠵᠢᠯ ᠤᠨ ᠣᠷᠴᠢᠨ ᠲᠣᠭᠤᠷᠢᠨ ᠪᠣᠯᠤᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠵᠤ᠂ ᠬᠠᠮ ᠵᠠᠭᠤᠴᠢᠯᠠᠭᠤᠷ ᠤᠨ ᠦᠢᠯᠡᠳᠪᠦᠷᠢᠯᠡᠯ ᠳᠠᠮᠵᠢᠭᠤᠯᠭ᠎ᠠ ᠶᠢᠨ ᠰᠢᠨ᠎ᠡ  ᠰᠢᠰᠲ᠋ᠧᠮ ᠢ ᠬᠦᠴᠦᠯᠡᠨ ᠪᠠᠶᠢᠭᠤᠯᠬᠤ ᠬᠡᠷᠡᠭᠲᠡᠢ᠃ ᠰᠢᠨ᠎ᠡ ᠶᠢ ᠡᠭᠦᠳᠬᠦ ᠂ ᠥᠭᠡᠷᠡᠴᠢᠯᠡᠯᠲᠡ ᠬᠢᠬᠦ ᠶᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠪᠠᠶᠢᠭᠤᠯᠤᠯᠲᠠ ᠶᠢᠨ ᠬᠦᠳᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠶᠢ ᠡᠭᠦᠳᠬᠦ ᠶᠢ ᠲᠥᠪ ᠪᠠᠷᠢᠮᠲᠠᠯᠠᠬᠤ ᠬᠡᠷᠡᠭᠲᠡᠢ᠃ ᠤᠯᠠᠮᠵᠢᠯᠠᠯᠲᠤ ᠵᠠᠭᠤᠴᠢᠯᠠᠭᠤᠷ ᠪᠣᠯᠤᠨ ᠰᠢᠨ᠎ᠡ ᠪᠠᠷ ᠮᠠᠨᠳᠤᠭᠰᠠᠨ ᠵᠠᠭᠤᠴᠢᠯᠠᠭᠤᠷ ᠤᠨ ᠰᠢᠨ᠎ᠡ ᠶᠢ ᠡᠭᠦᠳᠬᠦ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠳᠠᠮᠵᠢᠭᠤᠯᠬᠤ ᠬᠦᠴᠦᠨ᠂ ᠬᠦᠳᠦᠯᠦᠨ ᠵᠢᠯᠣᠭᠤᠳᠬᠤ ᠬᠦᠴᠦᠨ᠂ ᠨᠥᠯᠥᠭᠡᠯᠡᠬᠦ ᠬᠦᠴᠦᠨ᠂ ᠤᠯᠠᠨ ᠢ ᠢᠲᠡᠭᠡᠭᠦᠯᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠦ᠂ ᠤᠬᠠᠭᠤᠯᠭ᠎ᠠ ᠶᠢᠨ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠵᠢᠭᠰᠠᠭᠠᠯ ᠢ ᠰᠠᠶᠢᠲᠤᠷ ᠠᠰᠢᠭᠯᠠᠵᠤ᠂ ᠠᠮᠢ ᠠᠬᠤᠢ ᠶᠢᠨ ᠰᠣᠶᠣᠯ ᠵᠤᠭᠠᠴᠠᠯ ᠵᠡᠷᠭᠡ ᠠᠵᠤ ᠦᠢᠯᠡᠰ ᠤᠨ ᠬᠥᠭᠵᠢᠯᠲᠡ ᠳᠤ ᠡᠬᠢ ᠪᠠᠶᠠᠯᠢᠭ ᠢ ᠬᠤᠷᠠᠮᠳᠤᠭᠤᠯᠵᠤ᠂ ᠲᠦᠷᠦᠯ ᠲᠡᠮᠳᠡᠭ ᠢ ᠪᠦᠲᠦᠭᠡᠵᠦ᠂ ᠵᠠᠬ᠎ᠠ ᠳᠡᠯᠭᠡᠭᠦᠷ ᠢ ᠥᠷᠭᠡᠳᠬᠡᠬᠦ ᠬᠡᠷᠡᠭᠲᠡᠢ ᠭᠡᠪᠡ ᠃    
 
ᠢᠷᠡᠯᠲᠡ᠄ ᠬᠢᠩᠭᠠᠨ ᠤ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号