12 ᠰᠠᠷ᠎ᠠ ᠶᠢᠨ 19 ᠤ ᠡᠳᠦᠷ᠂ ᠭᠤᠣᠯ ᠤᠨ ᠪᠠᠶᠢᠰᠢᠩ ᠪᠠᠯᠭᠠᠰᠤ ᠣᠳᠣᠬᠠᠨ ᠤ ᠭᠤᠣᠯᠳᠠᠯᠭ᠎ᠠ ᠲᠠᠢ | ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ | ᠪᠦᠷᠢᠯᠳᠦᠬᠦᠨ᠂ ᠡᠯ᠎ᠡ ᠭᠠᠴᠠᠭᠠᠨ ᠤ ᠳᠠᠭᠠᠭᠠᠴᠢᠯᠠᠭᠰᠠᠨ ᠤᠳᠤᠷᠢᠳᠤᠯᠭ᠎ᠠ ᠬᠤᠷᠠᠯ ᠳᠤ ᠣᠷᠣᠯᠴᠠᠪᠠ᠃ ᠪᠠᠯᠭᠠᠰᠤᠨ ᠤ | ᠨᠠᠮ ᠤᠨ ᠬᠤᠷᠢᠶᠠᠨ ᠤ ᠱᠦᠵᠢ ᠤᠶᠤᠨᠪᠢᠯᠢᠭ ᠬᠤᠷᠠᠯ ᠡᠷᠬᠢᠯᠡᠪᠡ᠃ ᠬᠤᠷᠠᠯ ᠳᠡᠭᠡᠷ᠎ᠡ ᠦᠨᠳᠦᠰᠦᠨ ᠱᠠᠲᠤᠨ ᠤ | ᠨᠠᠮ ᠤᠨ ᠪᠠᠶᠢᠭᠤᠯᠤᠯᠲᠠ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠠᠮᠢᠨ ᠬᠡᠷᠡᠭ ᠢ | ᠰᠡᠷᠭᠡᠶᠢᠯᠡᠨ ᠡᠵᠡᠮᠳᠡᠬᠦ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ᠂ ︽ᠬᠤᠶᠠᠷ ᠵᠦᠢᠯ︾ ᠤᠨ | ᠰᠦᠢᠳᠬᠡᠯ ᠬᠤᠷᠢᠶᠠᠬᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠣᠳᠣᠬᠠᠨ ᠤ ᠭᠤᠣᠯᠳᠠᠯᠭ᠎ᠠ ᠲᠠᠢ | ᠠᠵᠢᠯ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠪᠠ᠃ ᠬᠤᠷᠠᠯ ᠠᠴᠠ᠂ ᠨᠢᠭᠡ ᠳᠤ᠂ ᠣᠳᠣᠬᠠᠨ ᠤ | ᠭᠤᠣᠯᠳᠠᠯᠭ᠎ᠠ ᠲᠠᠢ ᠴᠠᠭ ᠬᠤᠭᠤᠴᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ | ᠴᠢᠬᠤᠯᠠ ᠴᠢᠨᠠᠷ ᠢ ᠭᠦᠢᠴᠡᠳ ᠲᠠᠨᠢᠵᠤ᠂ ᠣᠳᠣᠬᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ | ᠠᠵᠢᠯ ᠤᠨ ᠪᠠᠶᠢᠳᠠᠯ ᠢ ᠣᠨᠣᠪᠴᠢᠲᠠᠢ ᠡᠵᠡᠮᠳᠡᠵᠦ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠣᠨᠢᠨ ᠳᠡᠭᠡᠷ᠎ᠡ ᠨᠢ | ᠬᠦᠴᠦᠯᠡᠵᠦ᠂ ᠲᠣᠭᠲᠠᠭᠤᠨ ᠢᠶᠠᠷ ᠡᠵᠡᠮᠳᠡᠬᠦ ᠬᠠᠷᠢᠭᠤᠴᠠᠯᠭ᠎ᠠ ᠪᠠᠨ ᠦᠨᠡᠨᠬᠦ ᠪᠠᠳᠠᠷᠠᠭᠤᠯᠵᠤ᠂ ᠭᠤᠣᠯᠳᠠᠯᠭ᠎ᠠ ᠲᠠᠢ | ᠵᠠᠬᠢᠳᠠᠯ ᠰᠤᠷᠪᠤᠯᠵᠢᠯᠠᠭ᠎ᠠ ᠶᠢᠨ ᠠᠵᠢᠯᠲᠠᠳ ᠤᠨ ᠦᠵᠡᠯ ᠰᠠᠨᠠᠭᠠᠨ ᠤ ᠪᠠᠶᠢᠳᠠᠯ ᠢ ᠨᠢᠭᠲᠠ ᠠᠩᠬᠠᠷᠴᠤ᠂ ᠳᠡᠭᠡᠭᠰᠢ | ᠰᠤᠷᠪᠤᠯᠵᠢᠯᠠᠬᠤ ᠬᠡᠷᠡᠭ ᠡᠭᠦᠰᠬᠦ ᠶᠢ ᠰᠡᠷᠭᠡᠶᠢᠯᠡᠵᠦ᠂ ᠡᠯ᠎ᠡ ᠲᠥᠷᠥᠯ ᠤᠨ ᠲᠣᠭᠲᠠᠭᠤᠨ ᠪᠤᠰᠤ ᠬᠦᠴᠦᠨ ᠵᠦᠢᠯ ᠢ | ᠪᠦᠬᠦ ᠲᠠᠯ᠎ᠠ ᠪᠠᠷ ᠰᠠᠶᠢᠲᠤᠷ ᠬᠢᠵᠦ᠂ ᠰᠠᠭᠤᠷᠢ ᠲᠤᠭ᠎ᠠ ᠲᠣᠳᠣᠷᠬᠠᠢ᠂ ᠪᠠᠶᠢᠳᠠᠯ ᠲᠣᠳᠣᠷᠬᠠᠢ᠂ ᠬᠠᠨᠳᠤᠯᠭᠠᠲᠤ | ᠴᠢᠨᠠᠷᠲᠠᠢ ᠪᠠᠷ ᠠᠰᠠᠭᠤᠳᠠᠯ ᠢ ᠰᠢᠢᠳᠪᠦᠷᠢᠯᠡᠵᠦ᠂ ᠨᠡᠶᠢᠭᠡᠮ ᠤᠨ ᠲᠣᠭᠲᠠᠭᠤᠨ ᠢ ᠬᠠᠮᠠᠭᠠᠯᠠᠬᠤ ᠠᠵᠢᠯ ᠢ ᠪᠦᠬᠦ | ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠬᠤᠶᠠᠷ ᠲᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ | ᠴᠢᠩᠭ᠎ᠠ ᠠᠩᠬᠠᠷᠴᠤ᠂ ︽ᠬᠤᠶᠠᠷ ᠵᠦᠢᠯ︾ ᠤᠨ ᠰᠦᠢᠳᠬᠡᠯ ᠬᠤᠷᠢᠶᠠᠬᠤ ᠠᠵᠢᠯ ᠢ ᠯᠠᠪᠳᠠᠭᠤᠨ ᠪᠠᠲᠤᠲᠠᠢ | ᠠᠬᠢᠭᠤᠯᠵᠤ᠂ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ︽ᠨᠢᠭᠡ ᠬᠥᠮᠦᠨ ᠢ ᠴᠦ ᠣᠷᠬᠢᠭᠳᠠᠭᠤᠯᠬᠤ | ᠦᠭᠡᠢ᠂ ᠨᠢᠭᠡ ᠡᠷᠦᠬᠡ ᠶᠢ ᠴᠦ ᠣᠷᠬᠢᠭᠳᠠᠭᠤᠯᠬᠤ ᠦᠭᠡᠢ︾ ᠪᠠᠶᠢᠬᠤ ᠶᠢ ᠪᠡᠶᠡᠯᠡᠭᠦᠯᠵᠦ᠂ ᠪᠠᠲᠤᠯᠠᠬᠤ | ᠶᠣᠰᠣᠲᠠᠢ ᠶᠢ ᠨᠢ ᠪᠦᠬᠦᠨ ᠢ ᠪᠠᠲᠤᠯᠠᠬᠤ ᠶᠢ ᠪᠡᠶᠡᠯᠡᠭᠦᠯᠬᠦ ᠬᠡᠷᠡᠭᠲᠡᠢ᠃ ᠡᠭᠦᠨ ᠤ ᠬᠠᠮᠲᠤ᠂ ᠸᠢᠴᠠᠲ᠂ ᠡᠷᠦᠬᠡ ᠳᠤ | ᠣᠷᠣᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠰᠢᠭᠯᠠᠨ ︽ᠬᠤᠶᠠᠷ ᠵᠦᠢᠯ︾ ᠤᠨ ᠰᠦᠢᠳᠬᠡᠯ | ᠬᠤᠷᠢᠶᠠᠬᠤ ᠶᠢᠨ ᠴᠢᠬᠤᠯᠠ ᠠᠴᠢ ᠬᠤᠯᠪᠣᠭᠳᠠᠯ ᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠤ ᠰᠦᠢᠳᠬᠡᠯ | ᠲᠤᠰᠢᠶᠠᠬᠤ ᠢᠳᠡᠪᠬᠢᠵᠢᠯ ᠢ ᠲᠠᠰᠤᠷᠠᠯᠲᠠ ᠥᠬᠡᠶ ᠬᠥᠭᠵᠢᠭᠡᠵᠦ᠂ ᠪᠦᠬᠦ ᠪᠠᠯᠭᠠᠰᠤᠨ ᠤ ︽ᠬᠤᠶᠠᠷ ᠵᠦᠢᠯ︾ ᠤᠨ | ᠰᠦᠢᠳᠬᠡᠯ ᠬᠤᠷᠢᠶᠠᠬᠤ ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠪᠠ᠃ | ᠭᠤᠷᠪᠠ ᠳᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠪᠣᠯᠤᠨ ᠠᠮᠤᠷ ᠲᠦᠪᠰᠢᠨ ᠤ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠠᠷᠢᠭᠤᠴᠠᠯᠭ᠎ᠠ ᠶᠢ ᠴᠢᠩᠭᠠᠳᠬᠠᠨ ᠪᠣᠳᠠᠲᠠᠶᠢᠵᠢᠭᠤᠯᠵᠤ᠂ ᠣᠯᠤᠯᠴᠠᠭ᠎ᠠ | ᠵᠣᠬᠢᠴᠠᠭᠤᠯᠭ᠎ᠠ ᠪᠠᠨ ᠴᠢᠩᠭᠠᠳᠬᠠᠨ᠂ ᠬᠠᠮᠲᠤᠷᠠᠯ ᠬᠦᠴᠦᠨ ᠢ ᠪᠦᠷᠢᠯᠳᠦᠭᠦᠯᠵᠦ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠤᠷᠢᠳᠠᠴᠢ ᠬᠢᠨᠠᠨ ᠵᠥᠪᠰᠢᠶᠡᠷᠡᠬᠦ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠨ ᠤ ᠬᠠᠮᠲᠤ ᠣᠯᠠᠨ ᠠᠷᠭ᠎ᠠ ᠵᠠᠮ ᠢᠶᠠᠷ ᠲᠡᠦᠬᠡ ᠶᠢᠨ ᠳᠤᠷᠠᠰᠬᠠᠯᠲᠤ | ᠵᠦᠢᠯᠡᠰ ᠤᠨ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠴᠢᠭᠯᠡᠯᠲᠡ ᠲᠥᠷᠥ ᠶᠢᠨ ᠪᠣᠳᠣᠯᠭ᠎ᠠ ᠶᠢ | ᠥᠷᠭᠡᠨ ᠢᠶᠠᠷ ᠤᠬᠠᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠠᠮᠠᠭᠠᠯᠠᠯᠲᠠ ᠶᠢ ᠰᠠᠶᠢᠲᠤᠷ | ᠠᠳᠬᠤᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠳᠥᠷᠪᠡ ᠳᠤ᠂ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠠᠵᠢᠯ ᠤᠨ | ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠥᠳᠡᠭᠡ | ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠣᠯᠳᠠᠯᠭ᠎ᠠ ᠲᠠᠢ | ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠤᠷᠲᠤ ᠬᠤᠭᠤᠴᠠᠭᠠᠨ ᠤ ᠪᠦᠲᠦᠮᠵᠢᠲᠡᠢ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠮᠠᠨ ᠤ ᠪᠠᠯᠭᠠᠰᠤᠨ ᠤ ᠬᠠᠷᠢᠶ᠎ᠠ ᠣᠷᠣᠨ ᠤ ᠣᠷᠴᠢᠨ ᠲᠣᠭᠤᠷᠢᠨ ᠤ | ᠳᠦᠷᠰᠦ ᠪᠠᠶᠢᠳᠠᠯ ᠢ ᠦᠷᠭᠦᠯᠵᠢᠯᠡᠨ ᠰᠠᠶᠢᠵᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ | ᠬᠦᠴᠦᠨ ᠨᠡᠮᠡᠷᠢᠯᠡᠬᠦ ᠬᠡᠷᠡᠭᠲᠡᠢ᠃ |