— ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠤᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠶᠢ | ᠲᠡᠮᠵᠢᠬᠦ ᠠᠷᠭ᠎ᠠ ᠬᠡᠮᠵᠢᠶ᠎ᠠ ᠶᠢᠨ ᠲᠤᠬᠠᠢ ᠲᠠᠶᠢᠯᠤᠮᠵᠢ ︵ᠲᠤᠮᠳᠠᠳᠤ︶ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠵᠥᠪᠰᠢᠶᠡᠷᠡᠯ ᠢᠶᠠᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠠᠯᠪᠠᠨ ᠲᠢᠩᠬᠢᠮ ᠤᠶᠢᠷ᠎ᠠ ᠳᠤ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ | ᠪᠤᠯᠪᠠᠰᠤᠷᠠᠭᠤᠯᠬᠤ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ ᠤᠨ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ | 9 ᠵᠦᠢᠯ ᠤᠨ ᠠᠷᠭ᠎ᠠ ᠬᠡᠮᠵᠢᠶ᠎ᠠ ᠲᠤᠷᠠᠳᠤᠭᠰᠠᠨ ᠪᠦᠬᠡᠳ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠱᠠᠭᠠᠷᠳᠠᠵᠠᠢ᠃ | ᠠᠷᠭ᠎ᠠ ᠬᠡᠮᠵᠢᠶ᠎ᠠ ④ ᠪᠡᠯᠡᠨ ᠵᠠᠭᠤᠰᠢ ᠶᠢᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ ᠵᠢᠯ ᠪᠦᠷᠢ | ᠥᠪᠡᠷᠲᠡᠭᠡᠨ ᠵᠠᠰᠠᠬᠤ ᠣᠷᠣᠨ ᠤ ᠪᠡᠯᠡᠨ ᠵᠠᠭᠤᠰᠢ ᠶᠢᠨ ᠳᠠᠭᠠᠭᠤᠯᠤᠭᠴᠢ ᠠᠵᠤ ᠠᠬᠤᠶᠢᠯᠠᠯ᠂ ᠰᠦᠯᠵᠢᠶᠡᠨ ᠳᠡᠭᠡᠷᠡᠬᠢ | ᠪᠤᠷᠤᠯᠠᠭᠤᠯᠭ᠎ᠠ ᠪᠠ ᠣᠨᠴᠠᠯᠢᠠᠠᠳᠦ ᠲᠥᠷᠥᠯ ᠲᠡᠮᠳᠡᠭᠲᠦ ᠶᠢᠨ ᠠᠷᠪᠠᠨ ᠬᠦᠴᠦᠷᠬᠡᠭ ᠢᠶᠠᠷ ᠰᠢᠯᠭᠠᠷᠠᠭᠰᠠᠨ ᠠᠵᠤ | ᠠᠬᠤᠶᠢᠯᠠᠯ ᠤᠨ ᠪᠤᠷᠤᠯᠠᠭᠤᠯᠭ᠎ᠠ ᠶᠢᠨ ᠬᠡᠮᠵᠢᠶ᠎ᠠ ᠨᠢ ᠲᠦᠷᠦᠭᠦᠦ ᠵᠢᠯ ᠤᠨ ᠬᠢ ᠠᠴᠠ ᠪᠠᠨ 100 ᠲᠦᠮᠡᠨ ᠲᠥᠭᠦᠷᠢᠭ | ᠨᠡᠮᠡᠭᠳᠡᠬᠦ ᠪᠦᠷᠢ 2 ᠲᠦᠮᠡᠨ ᠲᠥᠭᠦᠷᠢᠭ ᠱᠠᠩᠨᠠᠨ᠂ ᠬᠠᠮᠤᠭ ᠤᠨ ᠥᠨᠳᠥᠷ ᠲᠡᠭᠡᠨ 30 ᠲᠦᠮᠡᠨ ᠲᠥᠭᠦᠷᠢᠭ | ᠱᠠᠩᠨᠠᠵᠤ᠂ ᠢᠵᠢᠯ ᠨᠢᠭᠡ ᠠᠵᠤ ᠠᠬᠤᠶᠢᠯᠠᠯ ᠢ ᠲᠤᠬᠠᠢ ᠶᠢᠨ ᠵᠢᠯ ᠳᠤ ᠳᠠᠪᠬᠤᠷᠳᠠᠭᠤᠯᠤᠨ ᠱᠠᠩᠨᠠᠬᠤ ᠥᠬᠡᠶ᠃ | ᠠᠷᠭ᠎ᠠ ᠬᠡᠮᠵᠢᠶ᠎ᠠ ⑤ ᠨᠠᠷᠢᠯᠢᠭ ᠪᠤᠯᠪᠠᠰᠤᠷᠠᠭᠤᠯᠬᠤ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠠᠶᠢᠰᠢ | ᠲᠥᠪᠯᠡᠷᠡᠬᠦ ᠶᠢ ᠠᠬᠢᠭᠤᠯᠤᠨ᠎ᠠ ᠵᠢᠯ ᠪᠦᠷᠢ ᠨᠠᠷᠢᠯᠢᠭ ᠪᠤᠯᠪᠠᠰᠤᠷᠠᠭᠤᠯᠬᠤ ᠪᠠᠷ ᠭᠤᠣᠯ ᠪᠣᠯᠭᠠᠭᠰᠠᠨ ᠥᠪᠡᠷᠲᠡᠭᠡᠨ | ᠵᠠᠰᠠᠬᠤ ᠣᠷᠣᠨ ᠤ ᠣᠳᠣ ᠦᠶ᠎ᠡ ᠶᠢᠨ ᠮᠠᠯ ᠠᠵᠤ ᠠᠬᠤᠶ ᠲᠠᠷᠢᠶᠠᠯᠠᠩ ᠤᠨ 2 ᠠᠵᠤ ᠦᠢᠯᠡᠰ ᠤᠨ ᠬᠦᠷᠢᠶᠡᠯᠡᠩ ᠢ | ᠰᠢᠯᠢᠨ ᠰᠣᠩᠭᠤᠵᠤ ᠳᠡᠮᠵᠢᠯᠭᠡ ᠦᠵᠡᠭᠦᠯᠦᠨ᠎ᠡ᠃ ᠤᠯᠤᠰ ᠤᠨ ᠣᠳᠣ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠦᠶ᠎ᠡ ᠳᠤ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠪᠠᠷ ᠭᠤᠣᠯ ᠪᠣᠯᠭᠠᠭᠰᠠᠨ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠢ ᠠᠳᠠᠯᠢ ᠨᠥᠬᠦᠴᠡᠯ ᠤᠨ ᠳᠣᠣᠷ᠎ᠠ ᠤᠷᠢᠳ ᠢᠶᠠᠷ ᠳᠡᠮᠵᠢᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠲᠤᠰᠬᠠᠶ ᠵᠦᠢᠯ ᠤᠨ ᠪᠡᠯᠡ ᠮᠥᠩᠭᠦ ᠶᠢ ᠬᠡᠷᠡᠭᠯᠡᠬᠦ ᠦᠶ᠎ᠡ ᠳᠤ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠤᠯᠪᠠᠰᠤᠷᠠᠭᠤᠯᠬᠤ ᠪᠠᠷ ᠭᠤᠣᠯ ᠪᠣᠯᠭᠠᠭᠰᠠᠨ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠢ ᠠᠳᠠᠯᠢ ᠨᠥᠬᠦᠴᠡᠯ ᠤᠨ ᠳᠣᠣᠷ᠎ᠠ ᠤᠷᠢᠳ ᠢᠶᠠᠷ ᠳᠡᠮᠵᠢᠨ᠎ᠡ᠃ ᠠᠷᠭ᠎ᠠ ᠬᠡᠮᠵᠢᠶ᠎ᠠ ⑥ | ᠵᠠᠬ᠎ᠠ ᠳᠡᠯᠭᠡᠭᠦᠷ ᠤᠨ ᠡᠵᠡᠩᠨᠡᠨ ᠪᠣᠷᠣᠯᠠᠭᠤᠯᠬᠤ ᠵᠠᠭᠪᠤᠷ ᠤᠨ ᠰᠢᠨ᠎ᠡ ᠶᠢ ᠡᠭᠦᠳᠦᠨ᠎ᠡ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠲᠥᠷᠥᠯ ᠲᠡᠮᠲᠡᠭ ᠢ ᠪᠤᠶᠢᠵᠢᠭᠤᠯᠬᠤ ᠪᠠ ᠵᠠᠬ᠎ᠠ ᠳᠡᠯᠭᠡᠭᠦᠷ ᠤᠨ ᠡᠵᠡᠩᠨᠡᠨ | ᠪᠣᠷᠣᠯᠠᠭᠤᠯᠭ᠎ᠠ ᠶᠢ ᠲᠡᠮᠵᠢᠵᠤ᠂ ︽ᠥᠪᠥᠷ ᠮᠣᠩᠭᠤᠯ ᠨᠡᠷᠡᠮᠵᠢᠲᠦ︾ ᠲᠦᠷᠦᠯ ᠲᠡᠮᠲᠡᠭᠲᠦ ᠶᠢᠨ ᠭᠡᠷᠡᠴᠢᠯᠡᠯ ᠢ | ᠦᠷᠬᠦᠯᠵᠢᠯᠡᠨ ᠦᠷᠨᠢᠭᠦᠯᠵᠦ᠂ ᠨᠢᠭᠡᠳᠦᠯᠲᠡᠶ ᠪᠠᠷᠢᠮᠵᠢᠶ᠎ᠠ᠂ ᠨᠢᠭᠡᠳᠦᠯᠲᠡᠶ ᠲᠥᠷᠥᠯ ᠲᠡᠮᠳᠡᠭ᠂ ᠨᠢᠭᠡᠳᠦᠯᠲᠡᠶ | ᠢᠯᠡᠷᠬᠡᠶᠢᠯᠡᠯᠲᠦ ᠲᠡᠮᠳᠡᠭ᠂ ᠨᠢᠭᠡᠳᠦᠯᠲᠡᠶ ᠤᠬᠠᠭᠤᠯᠬᠤ᠂ ᠨᠢᠭᠡᠳᠦᠯᠲᠡᠶ ᠡᠵᠡᠩᠨᠡᠨ ᠪᠣᠷᠣᠯᠠᠭᠤᠯᠬᠤ ᠶᠢ ᠠᠬᠢᠭᠤᠯᠤᠨ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠥᠪᠥᠷ ᠮᠣᠩᠭᠤᠯ ᠨᠡᠷᠡᠮᠵᠢᠲᠦ︾ ᠲᠦᠷᠦᠯ ᠲᠡᠮᠲᠡᠭᠲᠦ | — ᠲᠠᠯ᠎ᠠ ᠨᠤᠲᠤᠭ ᠤᠨ ᠰᠢᠯᠢᠳᠡᠭ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ | ᠲᠡᠮᠳᠡᠭ ᠢ ᠴᠤᠭᠴᠠᠯᠠᠨ᠎ᠠ᠃ ︽ᠥᠪᠥᠷ ᠮᠣᠩᠭᠤᠯ ᠨᠡᠷᠡᠮᠵᠢᠲᠦ︾ ᠲᠦᠷᠦᠯ ᠲᠡᠮᠲᠡᠭᠲᠦ ᠪᠠᠷ ᠭᠡᠷᠡᠴᠢᠯᠡᠭᠳᠡᠭᠰᠡᠨ ᠠᠵᠤ | ᠠᠬᠤᠶᠢᠯᠠᠯ ᠤᠨ ᠭᠡᠷᠡᠴᠢᠯᠡᠯ ᠪᠠ ᠬᠢᠨᠠᠨ ᠪᠠᠶᠢᠴᠠᠭᠠᠯᠲᠠ ᠳᠤ ᠬᠡᠷᠡᠭᠯᠡᠭᠰᠡᠨ ᠵᠠᠷᠤᠳᠠᠯ ᠳᠤ ᠱᠠᠩᠨᠠᠯ ᠨᠥᠬᠦᠪᠥᠷᠢ ᠣᠯᠭᠤᠨ᠎ᠠ | ᠃ 2024 ᠣᠨ ᠳᠤ ᠪᠣᠬᠢᠷᠲᠤᠯ ᠥᠬᠡᠶ ᠢᠳᠡᠭᠡᠨ᠂ ᠤᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠭᠦᠨ ᠢᠶᠠᠷ ᠭᠡᠷᠡᠴᠢᠯᠡᠭᠦᠯᠦᠭᠰᠡᠨ ᠪᠦᠲᠦᠭᠡᠭᠳᠡᠭᠦᠨ ᠤ ᠬᠡᠮᠵᠢᠶ᠎ᠡ ᠨᠢ 1000 ᠳᠤᠨ ᠢ ᠲᠠᠪᠠᠭᠰᠠᠨ ᠠᠵᠤ | ᠠᠬᠤᠶᠢᠯᠠᠯ ᠤᠨ ᠭᠡᠷᠡᠴᠢᠯᠡᠯ ᠤᠨ ᠵᠠᠷᠤᠳᠠᠯ ᠢ ᠪᠦᠬᠦ ᠮᠦᠡᠭᠬᠦ ᠪᠠᠷ ᠱᠠᠩᠨᠠᠨ ᠨᠦᠬᠦᠪᠦᠷᠢᠯᠡᠵᠦ᠂ ᠪᠣᠳᠠᠲᠠᠶ ᠪᠠᠷᠢᠮᠵᠢᠶ᠎ᠠ ᠶᠢ | ᠳᠡᠭᠡᠷ᠎ᠡ ᠨᠢᠭᠡ ᠵᠢᠯ ᠤᠨ ᠭᠡᠷᠡᠴᠢᠯᠡᠭᠰᠡᠨ ᠶᠡᠷᠦᠩᠬᠡᠢ ᠬᠡᠮᠵᠢᠶ᠎ᠡ ᠶᠢ ᠦᠨᠳᠤᠰᠤᠯᠡᠨ ᠲᠣᠭᠲᠠᠭᠠᠨ᠎ᠠ᠃ ᠪᠡᠭᠡᠵᠢᠩ ᠥᠪᠥᠷ | ᠮᠣᠩᠭᠤᠯ ᠤᠨ ᠬᠠᠮᠵᠢᠯᠴᠠᠭᠠᠨ ᠤ ︽ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ ᠶᠢ | ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ︾ ᠶᠢ ᠬᠡᠷᠡᠭᠵᠢᠭᠦᠯᠬᠦ ᠶᠢ ᠠᠬᠢᠭᠤᠯᠵᠤ᠂ ᠪᠡᠭᠡᠵᠢᠩ ᠵᠡᠷᠭᠡ ᠶᠡᠭᠡ ᠬᠤᠲᠠ ᠳᠤ | ︽ᠪᠣᠬᠢᠷᠲᠤᠯ ᠥᠬᠡᠶ ᠪᠦᠲᠦᠭᠡᠭᠳᠡᠬᠦᠨ ᠢ ᠤᠷᠤᠨ ᠤ ᠭᠠᠳᠠᠨ᠎ᠠ ᠪᠤᠷᠤᠯᠠᠭᠤᠯᠬᠤ︾ ᠬᠡᠷᠡᠭᠯᠡᠭᠡ ᠪᠠᠷ ᠬᠠᠪᠰᠤᠷᠤᠨ | ᠲᠡᠳᠬᠦᠬᠦ ᠲᠠᠨᠢᠯᠴᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠦᠷᠨᠢᠬᠦᠯᠦᠨ᠎ᠠ᠃ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠢ ᠶᠠᠮᠤᠨ ᠵᠥᠪᠯᠡᠯ᠂ ᠲᠥᠪ ᠤᠨ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ | ᠬᠤᠳᠠᠯᠳᠤᠭᠠᠨ ᠤ ᠲᠠᠯᠠᠪᠠᠢ ᠬᠡᠲᠦ ᠳᠡᠯᠭᠡᠭᠦᠷ᠂ ᠢᠳᠡᠭᠡᠨ ᠤᠮᠳᠠᠭᠠᠨ ᠤ ᠭᠠᠵᠠᠷ ᠲᠤ ᠣᠷᠣᠭᠤᠯᠬᠤ ᠶᠢ ᠠᠬᠢᠭᠤᠯᠵᠤ᠂ | ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠪᠠ ᠡᠯᠧᠺᠳ᠋ᠷᠣᠨ ᠬᠤᠳᠠᠯᠳᠤᠭᠠᠨ ᠤ ᠲᠠᠪᠴᠠᠩ ᠵᠡᠷᠭᠡ | ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ︵︽ᠦᠪᠤᠷ ᠮᠤᠩᠭᠤᠯ ᠤᠨ | ᠡᠳᠤᠷ ᠤᠨ ᠰᠤᠨᠢᠨ︾ ᠠᠴᠠ ᠰᠢᠯᠵᠢᠬᠦᠯᠪᠡ︶ |