ᠰᠦᠬᠡ ᠢᠦᠶ ᠵᠢᠶ ᠱᠦᠨ ᠪᠦᠯᠬᠦᠮ ᠳᠠᠭᠠᠭᠤᠯᠤᠨ ᠬᠦᠯᠦᠨ ᠪᠤᠶᠢᠷ ᠬᠤᠳᠠ ᠪᠤᠯᠤᠨ ᠦᠪᠦᠷ ᠮᠤᠩᠭᠤᠯ ᠤᠨ ᠤᠢ ᠰᠢᠭᠤᠢ ᠠᠵᠦ ᠦᠢᠯᠡᠳᠪᠦᠷᠢ ᠶᠢᠨ ᠪᠦᠯᠦᠭᠯᠡᠯ ᠳᠤ ᠬᠦᠷᠴᠦ ᠬᠠᠮᠳᠤᠷᠠᠯᠴᠠᠭᠠᠨ ᠤ ᠲᠦᠷᠦᠯ ᠵᠦᠢᠯ ᠳᠤ ᠰᠢᠨᠵᠢᠯᠡᠨ ᠪᠠᠶᠢᠴᠠᠭᠠᠵᠦ ᠰᠤᠷᠤᠯᠴᠠᠨ ᠵᠤᠯᠭᠠᠭᠤᠯᠵᠦ ᠬᠠᠮᠳᠦᠪᠡᠷ ᠠᠰᠢᠭ ᠬᠦᠷᠳᠡᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2025/2/27
         ᠴᠢᠬᠤᠯᠠ ᠶᠡᠭᠡ ᠲᠦᠷᠦᠯ ᠵᠦᠢᠯ ᠢ ᠲᠦᠯᠦᠪᠵᠢᠬᠦᠯᠬᠦ᠂ ᠤᠷᠤᠨ ᠪᠦᠰᠡ ᠶᠢᠨ ᠬᠠᠮᠳᠤᠷᠠᠯᠴᠠᠭ᠎ᠠ ᠶᠢ ᠬᠦᠨᠵᠡᠭᠡᠶᠢᠷᠡᠬᠦᠯᠬᠦ ᠠᠵᠢᠯᠯᠠᠭ᠎ᠠ ᠶᠢ ᠰᠠᠶᠢᠳᠤᠷ ᠵᠤᠬᠢᠶᠠᠨ ᠪᠠᠶᠢᠭᠤᠯᠤᠨ ᠦᠷᠨᠢᠬᠦᠯᠵᠦ᠂ ᠠᠵᠦ ᠠᠬᠤᠢ ᠶᠢᠨ ᠬᠦᠭᠵᠢᠯᠳᠡ ᠶᠢᠨ ᠨᠢᠭᠡᠳᠦᠭᠡᠷ ᠤᠯᠠᠷᠢᠯ ᠤᠨ ᠰᠠᠶᠢᠨ ᠡᠬᠢᠯᠡᠯᠳᠡ ᠶᠢ ᠪᠦᠬᠦ ᠬᠦᠴᠦᠨ ᠢᠶᠠᠷ ᠰᠠᠶᠢᠳᠤᠷ ᠠᠳᠬᠤᠬᠤ ᠶᠢᠨ ᠲᠦᠯᠦᠭᠡ᠂ 2 ᠰᠠᠷ᠎ᠠ ᠶᠢᠨ 21 ᠤ ᠡᠳᠦᠷ ᠠᠴᠠ 22 ᠤᠨ ᠡᠳᠦᠷ ᠪᠤᠯᠳᠠᠯ᠎ᠠ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠭᠡ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠢ ᠵᠢᠶ ᠱᠦᠨ ᠠᠶᠢᠮᠠᠭ ᠤᠨ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠢ ᠳᠠᠭᠠᠭᠤᠯᠤᠨ ᠬᠥᠯᠥᠨ ᠪᠤᠶᠢᠷ ᠬᠤᠳᠠ᠂ ᠥᠪᠥᠷ ᠮᠣᠩᠭᠤᠯ ᠤᠨ ᠤᠢ ᠰᠢᠭᠤᠢ ᠠᠵᠤ ᠦᠢᠯᠡᠳᠪᠦᠷᠢ ᠶᠢᠨ ᠪᠦᠯᠦᠭᠯᠡᠯ ᠳᠤ ᠬᠦᠷᠴᠦ᠂ ᠬᠠᠮᠲᠤᠷᠠᠯᠴᠠᠭᠠᠨ ᠤ ᠲᠦᠷᠦᠯ ᠵᠦᠢᠯ ᠢ ᠵᠣᠯᠭᠠᠭᠤᠯᠵᠤ᠂ ᠰᠠᠨᠠᠯ ᠢᠶᠠᠨ ᠰᠣᠯᠢᠯᠴᠠᠨ ᠰᠢᠨᠵᠢᠯᠡᠨ ᠪᠠᠶᠢᠴᠠᠭᠠᠬᠤ ᠶᠢᠨ ᠬᠠᠮᠲᠤ ᠬᠤᠶᠠᠷ ᠭᠠᠵᠠᠷ ᠭᠤᠷᠪᠠᠨ ᠲᠠᠯ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠶᠠᠷᠢᠯᠴᠠᠬᠤ ᠬᠤᠷᠠᠯ ᠢ ᠬᠤᠷᠠᠯᠳᠤᠭᠤᠯᠪᠠ᠃ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠸᠠᠩ ᠱᠧᠩ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠰᠦᠬᠡ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠥᠷ ᠮᠣᠩᠭᠤᠯ ᠤᠨ ᠤᠢ ᠰᠢᠭᠤᠢ ᠠᠵᠤ ᠦᠢᠯᠡᠳᠪᠦᠷᠢ ᠶᠢᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠶᠡᠷᠦᠩᠬᠡᠢ ᠳᠠᠭᠠᠭᠠᠮᠠᠯ᠂ ᠬᠡᠷᠡᠭ ᠮᠡᠳᠡᠭᠴᠢ ᠡᠩᠬᠡᠳᠥ᠋ᠪᠰᠢᠨ ᠬᠤᠷᠠᠯ ᠡᠷᠬᠢᠯᠡᠨ ᠶᠠᠷᠢᠶ᠎ᠠ ᠲᠠᠯᠪᠢᠵᠤ᠂ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠵᠶᠢ ᠶᠦᠩ ᠴᠢᠶᠠᠨ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠢᠦᠢ ᠵᠢᠶ ᠱᠦᠨ ᠬᠤᠶᠠᠷ ᠭᠠᠵᠠᠷ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠶᠢᠨ ᠲᠤᠬᠠᠢ ᠪᠣᠳᠠᠲᠠᠢ ᠰᠠᠨᠠᠯ ᠰᠠᠨᠠᠭᠤᠯᠭ᠎ᠠ ᠳᠤᠷᠠᠳᠴᠠᠢ᠃ ᠬᠤᠷᠠᠯ ᠠᠴᠠ 2024 ᠣᠨ ᠤ ᠬᠤᠶᠠᠷ ᠭᠠᠵᠠᠷ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠭᠰᠠᠨ ᠠᠴᠠ ᠨᠠᠭᠠᠰᠢᠬᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠳᠠᠷᠠᠭᠠᠴᠢ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠬᠠᠮᠢᠶ᠎ᠠ ᠪᠦᠬᠦᠢ ᠠᠵᠢᠯ ᠢ ᠦᠷᠨᠢᠬᠦᠯᠬᠦ ᠪᠠᠶᠢᠳᠠᠯ ᠤᠨ ᠲᠤᠬᠠᠢ ᠬᠠᠷᠢᠭᠤ ᠮᠡᠳᠡᠬᠦᠯᠦᠯᠳᠡ ᠶᠢ ᠰᠤᠨᠤᠰᠴᠠᠢ᠃ ᠰᠦᠬᠡ ᠭᠤᠷᠪᠠᠨ ᠲᠠᠯ᠎ᠠ ᠶᠢᠨ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ ᠭᠠᠷ ᠤᠨ ᠦᠰᠦᠭ ᠵᠢᠷᠤᠭᠰᠠᠨ ᠠᠴᠠ ᠨᠠᠭᠠᠰᠢᠬᠢ ᠣᠯᠤᠭᠰᠠᠨ ᠠᠵᠢᠯ ᠤᠨ ᠦᠷ᠎ᠡ ᠪᠦᠲᠦᠭᠡᠯ ᠢ ᠭᠦᠢᠴᠡᠳ ᠨᠤᠲᠠᠯᠠᠵᠤ᠂ ᠭᠤᠷᠪᠠᠨ ᠲᠠᠯ᠎ᠠ ᠪᠠᠷ ᠢᠶᠠᠨ ᠤᠯᠠᠮ ᠨᠢᠭᠡ ᠠᠯᠬᠤᠮ ᠠᠵᠠ ᠲᠣᠬᠢᠶᠠᠯ ᠢ ᠠᠮᠵᠢᠵᠤ᠂ ᠣᠷᠣᠨ ᠪᠦᠰᠡ ᠶᠢᠨ ᠬᠠᠮᠵᠢᠯᠴᠠᠭ᠎ᠠ ᠶᠢ ᠭᠦᠨᠵᠡᠭᠡᠶᠢᠷᠡᠭᠦᠯᠬᠦ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠵᠢᠭᠤᠯᠴᠢᠯᠠᠯ ᠤᠨ ᠬᠠᠮᠲᠤᠷᠠᠯᠴᠠᠭ᠎ᠠ ᠶᠢ ᠴᠢᠩᠭᠠᠳᠬᠠᠬᠤ᠂ ᠠᠮᠢ ᠠᠬᠤᠢ ‍ᠣᠷᠴᠢᠨ ᠲᠣᠭᠤᠷᠢᠨ ᠤ ᠬᠠᠮᠠᠭᠠᠯᠠᠯᠲᠠ ᠶᠢ ᠥᠷᠨᠢᠭᠦᠯᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠬᠢᠩᠭᠠᠨ ᠠᠶᠢᠮᠠᠭ ᠪᠣᠯᠤᠨ ᠬᠥᠯᠥᠨ ᠪᠤᠶᠢᠷ ᠬᠤᠲᠠ ᠶᠢᠨ ᠣᠨᠴᠠ ᠥᠨᠳᠥᠷ ᠬᠦᠴᠦᠳᠡᠯᠲᠦ ᠪᠤᠬᠢᠷᠳᠤᠯ ᠦᠭᠡᠢ ᠴᠠᠬᠢᠯᠭᠠᠨ ᠢ ᠪᠡᠭᠡᠵᠢᠩ ᠳᠤ ᠣᠷᠣᠭᠤᠯᠵᠤ ᠭᠠᠳᠠᠭᠰᠢ ᠬᠦᠷᠭᠡᠬᠦ ᠵᠠᠮ ᠢ ᠬᠠᠮᠲᠤᠪᠠᠷ ᠠᠬᠢᠭᠤᠯᠬᠤ᠂ ᠤᠯᠠᠭᠠᠨᠬᠤᠳᠠ ᠷᠠᠰᠢᠶᠠᠨ ᠬᠠᠶᠢᠯᠠᠷ ᠮᠠᠨᠵᠤᠤᠷ ᠤᠨ ᠤᠶᠢᠷ᠎ᠠ ᠣᠭᠲᠠᠷᠭᠤᠢ ᠶᠢᠨ ᠵᠢᠭᠤᠯᠴᠢᠯᠠᠯ ᠤᠨ ᠲᠥᠪᠯᠡᠷᠡᠭᠰᠡᠨ ᠣᠷᠣᠨ ᠢ ᠪᠠᠶᠢᠭᠤᠯᠬᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠬᠢᠩᠭᠠᠨ ᠳᠠᠪᠠᠭᠠᠨ ᠳᠠᠬᠢ ᠠᠭᠤᠯᠠ ᠤᠰᠤ ᠤᠢ ᠮᠤᠳᠦ ᠭᠠᠵᠠᠷ ᠲᠠᠷᠢᠶ᠎ᠠ ᠨᠠᠭᠤᠷ ᠪᠦᠷᠢᠳᠦ ᠨᠤᠳᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠡᠯᠪᠢᠨ ᠵᠠᠰᠠᠬᠤ ᠢᠨᠵᠧᠨᠧᠷᠢᠩ᠂ ᠶᠢᠨ ᠵᠢᠶᠠᠩ ᠭᠸᠤ ᠵᠢᠭᠤᠯᠴᠢᠯᠠᠯ ᠤᠨ ᠠᠮᠠᠷᠠᠯᠲᠠ ᠶᠢᠨ ᠣᠷᠣᠨ᠂ ᠷᠠᠰᠢᠶᠠᠨ ᠠᠴᠠ ᠬᠠᠶᠢᠯᠠᠷ ᠬᠦᠷᠬᠦ ᠰᠢᠭᠤᠳ ᠨᠡᠪᠲᠡᠷᠡᠬᠦ ᠵᠠᠮ ᠱᠤᠭᠤᠮ᠂ ᠵᠠᠯᠠᠨ ᠠᠶᠢᠯ ᠤᠨ ᠮᠥᠬᠦᠵᠢ ᠪᠠᠯᠭᠠᠰᠤ ᠠᠴᠠ ᠷᠠᠰᠢᠶᠠᠨ ᠬᠦᠷᠬᠦ ᠵᠠᠰᠠᠮᠠᠯ ᠵᠠᠮ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠠᠮᠳᠦᠪᠡᠷ ᠠᠬᠢᠭᠤᠯᠵᠦ᠂ ᠭᠤᠷᠪᠠᠨ ᠲᠠᠯ᠎ᠠ ᠶᠢᠨ ᠬᠠᠮᠲᠤᠷᠠᠯᠴᠠᠭ᠎ᠠ ᠭᠦᠨᠵᠡᠭᠡᠶᠢᠷᠡᠨ ᠪᠣᠳᠠᠲᠠᠶᠢᠵᠢᠬᠤ ᠶᠢ ᠲᠠᠰᠤᠷᠠᠯᠲᠠ ᠦᠭᠡᠢ ᠠᠬᠢᠭᠤᠯᠵᠤ᠂ ᠨᠡᠩ ᠤᠯᠠᠨ ᠦᠷ᠎ᠡ ᠪᠦᠲᠦᠭᠡᠯ ᠣᠯᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠡᠢ᠃ ᠸᠠᠩ ᠸᠠᠩ ᠱᠧᠩ ᠬᠢᠩᠭᠠᠨ ᠠᠶᠢᠮᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠭᠡᠪᠡ᠃ ᠲᠡᠷᠡ ᠬᠡᠯᠡᠬᠦ ᠳᠡᠭᠡᠨ᠂ ᠬᠢᠩᠭᠠᠨ ᠠᠶᠢᠮᠠᠭ᠂ ᠣᠶ ᠰᠢᠭᠤᠶ ᠠᠵᠤ ᠦᠢᠯᠡᠳᠪᠦᠷᠢ ᠶᠢᠨ ᠪᠦᠯᠦᠭᠯᠡᠯ ᠥᠩᠭᠡᠷᠡᠭᠰᠡᠨ ᠲᠠᠢ ᠪᠠᠨ ᠠᠳᠠᠯᠢ ᠪᠠᠷ ᠬᠦᠯᠦᠨ ᠪᠤᠶᠢᠷ ᠲᠠᠢ ᠬᠠᠮᠲᠤᠪᠠᠷ ᠤᠷᠤᠭᠰᠢᠯᠠᠬᠤ ᠶᠢ ᠬᠦᠰᠡᠵᠦ ᠪᠠᠶᠢᠨ᠎ᠠ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ︽ᠨᠢᠭᠡ ᠵᠢᠷᠤᠭ︾ ︽ᠨᠢᠭᠡ ᠲᠣᠤᠷ︾ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠵᠤ᠂ ᠭᠠᠳᠠᠭᠠᠳᠤ ᠨᠡᠭᠡᠭᠡᠯᠲᠡ ᠶᠢᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠬᠦᠯᠦᠨ ᠪᠤᠶᠢᠷ ᠬᠢᠩᠭᠠᠨ ᠤ ︽ᠪᠤᠬᠢᠷᠳᠤᠯ ᠦᠭᠡᠢ ᠴᠠᠬᠢᠯᠭᠠᠨ ᠢ ᠪᠡᠭᠡᠵᠢᠩ ᠳᠤ ᠣᠷᠣᠭᠤᠯᠬᠤ︾ ︽ᠤᠮᠠᠷᠠᠲᠤ ᠶᠢᠨ ᠤᠰᠤ ᠶᠢ ᠡᠮᠦᠨᠡᠰᠢ ᠲᠠᠲᠠᠬᠤ︾ ᠵᠡᠷᠭᠡ ᠲᠥᠷᠥᠯ ᠵᠦᠢᠯ ᠤᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠬᠠᠮᠲᠤᠪᠠᠷ ᠭᠤᠶᠤᠴᠢᠯᠠᠨ ᠣᠯᠵᠤ᠂ ᠪᠣᠰᠤᠭ᠎ᠠ ᠴᠣᠭᠴᠠᠲᠤ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠵᠦ᠂ ᠥᠪᠥᠷ ᠮᠣᠩᠭᠤᠯ ᠤᠨ ᠵᠡᠭᠦᠨ ᠬᠡᠰᠡᠭ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠪᠠ ᠥᠪᠡᠷᠲᠡᠭᠡᠨ ᠵᠠᠰᠠᠬᠤ ᠣᠷᠣᠨ ᠤ ︽ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ ᠳᠤ ᠣᠷᠣᠬᠤ︾ ᠳᠤ ᠣᠶᠤᠨ ᠤᠬᠠᠭᠠᠨ ᠬᠦᠴᠦᠨ ᠴᠢᠳᠠᠯ ᠢᠶᠠᠨ ᠡᠷᠭᠦᠨ᠎ᠡ ᠭᠡᠪᠡ᠃ ᠡᠩᠬᠡᠲᠦ᠋ᠪᠰᠢᠨ᠂ ᠬᠦᠯᠦᠨ ᠪᠤᠶᠢᠷ ᠬᠢᠩᠭᠠᠨ ᠬᠤᠶᠠᠷ ᠭᠠᠵᠠᠷ ᠤᠨ ᠬᠢᠨ ᠬᠠᠮᠲᠤᠷᠠᠯᠴᠠᠭᠠᠨ ᠤ ᠠᠯᠤᠰ ᠢᠷᠡᠭᠡᠳᠦᠢ ᠥᠷᠭᠡᠨ ᠠᠭᠤᠳᠠᠮ ᠶᠤᠮ᠂ ᠤᠢ ᠰᠢᠭᠤᠢ ᠠᠵᠤ ᠦᠢᠯᠡᠳᠪᠦᠷᠢ ᠶᠢᠨ ᠪᠦᠯᠦᠭᠯᠡᠯ ᠤᠨ ᠬᠢᠨ ᠬᠠᠷᠢᠶ᠎ᠠ ᠭᠠᠵᠠᠷ ᠤᠨ ᠢᠶᠠᠨ ᠬᠡᠷᠡᠭᠴᠡᠭᠡ ᠳᠤ ᠰᠠᠭᠤᠷᠢᠯᠠᠵᠤ᠂ ᠴᠢᠬᠤᠯᠠ ᠶᠡᠭᠡ ᠲᠦᠷᠦᠯ ᠵᠦᠢᠯ ᠢ ᠨᠤᠳᠤᠭᠰᠢᠭᠤᠯᠤᠨ ᠨᠠᠶᠢᠳᠠᠪᠤᠷᠢᠵᠢᠭᠤᠯᠬᠤ ᠶᠢ ᠢᠳᠡᠪᠬᠢᠳᠡᠢ ᠲᠦᠯᠦᠪᠵᠢᠬᠦᠯᠵᠦ᠂ ᠬᠤᠶᠠᠷ ᠭᠠᠵᠠᠷ ᠤᠨ ᠠᠵᠦ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠳᠡ ᠳᠤ ᠤᠢ ᠰᠢᠭᠤᠢ ᠠᠵᠦ ᠦᠢᠯᠡᠳᠪᠦᠷᠢ ᠶᠢᠨ ᠬᠦᠴᠦᠨ ᠴᠢᠳᠠᠯ ᠢᠶᠠᠨ ᠨᠡᠮᠡᠷᠢᠯᠡᠨ᠎ᠡ ᠭᠡᠵᠦ ᠢᠯᠡᠳᠭᠡᠪᠡ᠃ ᠶᠠᠷᠢᠯᠴᠠᠬᠤ ᠬᠤᠷᠠᠯ ᠤᠨ ᠲᠠᠷᠠᠭ᠎ᠠ᠂ ᠬᠢᠩᠭᠠᠨ ᠠᠶᠢᠮᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠶᠠᠭᠰᠢ ᠬᠤᠳᠠ᠂ ᠬᠠᠶᠢᠯᠠᠷ ᠲᠣᠭᠤᠷᠢᠭ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤᠨ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠪᠠ ᠮᠥᠰᠥ ᠴᠠᠰᠤᠨ ᠤ ᠠᠵᠤ ᠦᠢᠯᠡᠰ ᠢ ᠨᠡᠭᠡᠭᠡᠨ ᠬᠥᠭᠵᠢᠭᠦᠯᠬᠦ᠂ ᠰᠢᠨ᠎ᠡ ᠡᠨᠧᠷᠭᠢ ᠪᠣᠯᠤᠨ ᠤᠯᠠᠮᠵᠢᠯᠠᠯᠲᠤ ᠡᠨᠧᠷᠭᠢ ᠶᠢᠨ ᠠᠵᠤ ᠦᠢᠯᠡᠰ ᠢ ᠬᠠᠮᠵᠢᠯᠴᠠᠭᠤᠯᠤᠨ ᠬᠥᠭᠵᠢᠭᠦᠯᠬᠦ ᠵᠡᠷᠭᠡ ᠲᠠᠯ᠎ᠠ ᠶᠢᠨ ᠲᠡᠷᠢᠭᠦᠨ ᠤ ᠲᠤᠷᠰᠢᠯᠭ᠎ᠠ ᠶᠢ ᠰᠢᠨᠵᠢᠯᠡᠨ ᠪᠠᠶᠢᠴᠠᠭᠠᠵᠤ ᠰᠤᠷᠤᠯᠴᠠᠪᠠ᠃ ᠬᠤᠸᠠ ᠨᠧᠩ ᠮᠧᠩ ᠨᠧᠩ ᠺᠣᠮᠫᠠᠨᠢ ᠳᠤ᠂ ᠬᠢᠩᠭᠠᠨ ᠠᠶᠢᠮᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠵᠤ ᠠᠬᠤᠶᠢᠯᠠᠯ ᠪᠣᠯᠤᠨ ᠠᠷᠠᠳ ᠤᠨ ᠠᠮᠢᠳᠤᠷᠠᠯ ᠳᠤ ᠬᠡᠷᠡᠭᠯᠡᠬᠦ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ᠂ ᠰᠠᠯᠬᠢᠨ ᠬᠦᠴᠦᠨ ᠭᠡᠷᠡᠯ ᠴᠡᠨᠡᠭ ᠤᠨ ᠥᠨᠳᠥᠷ ᠬᠠᠷᠢᠴᠠᠯ ᠲᠠᠢ ᠪᠤᠬᠢᠷᠳᠤᠯ ᠦᠭᠡᠢ ᠤᠰᠤᠲᠥ᠋ᠷᠥᠭᠴᠢ ᠦᠢᠯᠡᠳᠴᠦ ᠨᠥᠭᠡᠴᠡᠯᠡᠵᠦ ᠬᠡᠷᠡᠭᠯᠡᠬᠦ ᠶᠢ ᠨᠢᠭᠡ ᠴᠤᠬᠴᠠᠵᠢᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠬᠦᠴᠦ ᠪᠠᠨ ᠬᠠᠮᠲᠤᠳᠬᠠᠨ ᠠᠬᠢᠭᠤᠯᠬᠤ᠂ ᠬᠢᠩᠭᠠᠨ ᠠᠶᠢᠮᠠᠭ ᠤᠨ ᠪᠤᠬᠢᠷᠳᠤᠯ ᠦᠭᠡᠢ ᠴᠠᠬᠢᠯᠭᠠᠨ ᠢ ᠪᠡᠭᠡᠵᠢᠩ ᠳᠤ ᠣᠷᠣᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠳᠡᠮᠵᠢᠬᠦ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠬᠠᠮᠲᠤ ᠶᠢᠨ ᠲᠠᠨᠢᠯᠲᠠ ᠲᠠᠢ ᠪᠣᠯᠵᠠᠢ᠃ ︵ᠰᠤᠨᠢᠨ︶     
 
ᠢᠷᠡᠯᠲᠡ᠄ ᠬᠢᠩᠭᠠᠨ ᠤ ᠡᠳᠤᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号