1 ᠰᠠᠷ᠎ᠠ ᠶᠢᠨ 28 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠠᠶᠢᠮᠠᠭ ᠤᠨ ᠳᠠᠷᠤᠭ᠎ᠠ ᠢᠦᠢ ᠵᠢᠶ ᠱᠦᠨ ᠸᠢᠳᠢᠣ᠋ ᠪᠠᠷ ᠡᠯ᠎ᠡ ᠬᠤᠰᠢᠭᠤ ᠰᠢᠶᠠᠨ ᠬᠤᠳᠠ ᠶᠢᠨ ᠵᠢᠵᠢᠭᠦᠷᠯᠡᠬᠦ ᠡᠭᠡᠯᠵᠢ | ᠳᠠᠭᠠᠭᠤᠯᠤᠭᠰᠠᠨ ᠤᠳᠤᠷᠢᠳᠤᠯᠭ᠎ᠠ ᠲᠠᠢ ᠬᠠᠷᠢᠯᠴᠠᠵᠤ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠤ | ᠵᠠᠰᠠᠭ ᠤᠨ ᠶᠠᠪᠤᠳᠠᠯ ᠤᠨ ᠵᠢᠵᠢᠭᠦᠷᠯᠡᠬᠦ ᠠᠵᠢᠯ ᠢ ᠱᠠᠯᠠᠪᠳᠠᠭᠤᠯᠤᠨ ᠵᠢᠯᠣᠭᠤᠳᠴᠤ ᠲᠤᠬᠢᠷᠠᠭᠤᠯᠬᠤ ᠶᠢᠨ ᠬᠠᠮᠲᠤ | ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠺᠠᠳ᠋ᠷ ᠠᠵᠢᠯᠳᠠᠳ ᠲᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠡᠢ | ᠃ ᠢᠦᠶ ᠵᠢᠶ ᠱᠦᠨ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠠᠮᠤᠷ ᠲᠦᠪᠰᠢᠨ ᠤ | ᠬᠤᠷᠢᠭ᠎ᠠ ᠱᠤᠭᠤᠮ ᠢ ᠪᠠᠲᠤ ᠰᠠᠬᠢᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠮᠤᠷ ᠲᠦᠪᠰᠢᠨ ᠤ ᠠᠶᠤᠯ | ᠲᠦᠭᠰᠢᠭᠦᠷᠢ ᠶᠢ ᠰᠡᠷᠭᠡᠶᠢᠯᠡᠬᠦ ᠡᠯ᠎ᠡ ᠲᠥᠷᠥᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠡᠯ᠎ᠡ | ᠭᠠᠵᠠᠷ ᠣᠷᠣᠨ ᠡᠯ᠎ᠡ ᠠᠵᠢᠯ ᠲᠥᠷᠥᠯ ᠤᠨ ᠠᠮᠢᠨ ᠬᠡᠷᠡᠭ ᠢ ᠰᠡᠷᠭᠡᠶᠢᠯᠡᠨ ᠡᠵᠡᠮᠳᠡᠬᠦ᠂ ᠵᠠᠮ ᠬᠠᠷᠢᠯᠴᠠᠭᠠᠨ ᠤ ᠠᠮᠤᠷ | ᠲᠦᠪᠰᠢᠨ᠂ ᠵᠢᠭᠤᠯᠴᠢᠯᠠᠭᠴᠢᠳ ᠲᠤ ᠦᠢᠯᠡᠴᠢᠯᠡᠬᠦ ᠵᠡᠷᠭᠡ ᠪᠠᠶᠢᠳᠠᠯ ᠢ ᠴᠠᠭ ᠲᠤᠬᠠᠶ ᠳᠤᠨᠢ ᠤᠶᠢᠯᠠᠭᠠᠨ ᠡᠵᠡᠮᠰᠢᠵᠦ᠂ | ᠱᠠᠲᠤ ᠳᠠᠷᠠᠭᠠᠯᠠᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠠᠨᠠᠭᠤᠯᠬᠤ ᠪᠠ | ᠪᠠᠶᠢᠴᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠪᠠᠶᠢᠳᠠᠯ ᠢ ᠢᠯᠡᠭᠦᠬᠡᠨ ᠠᠰᠠᠭᠤᠵᠤ᠂ ᠢᠯᠡᠭᠦᠬᠡᠨ | ᠰᠠᠨᠠᠭᠤᠯᠵᠤ᠂ ᠦᠨᠳᠦᠰᠦᠨ ᠱᠠᠲᠤᠨ ᠤ ᠠᠮᠤᠷ ᠲᠦᠪᠰᠢᠨ ᠢ ᠴᠠᠭ ᠢᠮᠠᠭᠲᠠ ᠴᠢᠩᠭᠠᠷᠠᠭᠤᠯᠬᠤ ᠶᠢ ᠪᠠᠲᠤᠯᠠᠬᠤ | ᠬᠡᠷᠡᠭᠲᠡᠢ᠃ ᠰᠦᠯᠵᠢᠶᠡᠨ ᠳᠠᠬᠢ ᠶᠠᠷᠢᠶ᠎ᠠ ᠬᠡᠯᠡᠯᠴᠡᠭᠡᠨ ᠤ ᠪᠠᠶᠢᠳᠠᠯ ᠢ ᠴᠠᠭ ᠢᠮᠠᠭᠲᠠ ᠠᠩᠬᠠᠷᠴᠤ᠂ ᠣᠯᠠᠨ ᠲᠦᠮᠡᠨ ᠤ | ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠶ ᠳᠤᠨᠢ ᠪᠦᠲᠦᠮᠵᠢᠲᠡᠶ ᠬᠠᠷᠢᠭᠤᠯᠲᠠ ᠥᠭᠴᠦ᠂ ᠣᠷᠣᠰᠢᠵᠤ | ᠪᠠᠶᠢᠭ᠎ᠠ ᠠᠰᠠᠭᠤᠳᠠᠯ ᠢ ᠬᠠᠤᠯᠢ ᠶᠣᠰᠣᠭᠠᠷ ᠰᠢᠢᠳᠪᠦᠷᠢᠯᠡᠵᠦ᠂ ᠪᠥᠬᠦ ᠠᠶᠢᠮᠠᠭ ᠤᠨ ᠦᠨᠳᠦᠰᠦᠲᠡᠨ ᠨᠦᠭᠦᠳ ᠤᠨ ᠺᠠᠳ᠋ᠷ | ᠣᠯᠠᠨ ᠲᠦᠮᠡᠨ ᠤ ᠠᠮᠤᠷ ᠠᠮᠤᠭᠤᠯᠠᠩ ᠡᠷᠡᠭᠦᠯ ᠡᠩᠬᠡ᠂ ᠪᠠᠶᠠᠷ ᠬᠥᠷ ᠲᠠᠢ ᠪᠠᠷ ᠠᠮᠠᠷᠠᠯᠲᠠ ᠶᠢᠨ ᠬᠤᠭᠤᠴᠠᠭ᠎ᠠ ᠶᠢ | ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠶ᠃ ᠠᠶᠢᠮᠠᠭ ᠤᠨ ᠤᠳᠤᠷᠢᠳᠤᠯᠭ᠎ᠠ ᠴᠧᠨ ᠬᠤᠩ ᠪᠥᠸᠧ᠂ | ᠰᠦᠨ ᠱᠦ ᠲᠤᠤ ᠬᠤᠷᠠᠯ ᠳᠤ ᠣᠷᠣᠯᠴᠠᠪᠠ᠃ ︵ᠯᠢᠦ ᠭᠥᠸᠧ ᠶᠠᠨ ᠯᠢ ᠴᠤᠤ︶ |