ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 31 ᠤ ᠴᠠᠭᠢᠯᠭᠠᠨ ᠮᠡᠳᠡᠭᠡ 2 ᠰᠠᠷ᠎ᠠ ᠶᠢᠨ 1 ᠤ | ᠡᠳᠦᠷ ᠬᠡᠪᠯᠡᠭᠳᠡᠬᠦ 3 ᠳ᠋ᠤᠭᠠᠷ ᠬᠤᠭᠤᠴᠠᠭᠠᠨ ᠤ ︽ᠦᠨᠡᠨ︾ ᠰᠡᠳᠬᠦᠯ ᠲᠤᠮᠳᠠᠳᠤ ᠤᠯᠤᠰ ᠤᠨ ᠡᠪ ᠬᠠᠮᠲᠤ | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ 2016 ᠣᠨ ᠤ 12 ᠰᠠᠷ᠎ᠠ ᠶᠢᠨ 12 ᠤᠨ ᠡᠳᠦᠷ | ᠠᠩᠬᠠᠳᠤᠭᠠᠷ ᠬᠤᠭᠤᠴᠠᠭᠠᠨ ᠤ ᠪᠦᠭᠦ ᠤᠯᠤᠰ ᠤᠨ ᠪᠣᠯᠪᠠᠰᠤᠨ ᠭᠡᠷ ᠪᠦᠯᠢ ᠶᠢᠨ ᠲᠥᠯᠥᠭᠡᠯᠡᠭᠴᠢᠳ ᠲᠠᠢ ᠠᠭᠤᠯᠵᠠᠬᠤ | ᠦᠶ᠎ᠡ ᠶᠢᠨ ᠶᠠᠷᠢᠶ᠎ᠠ ᠶᠢᠨ ︽ᠭᠡᠷ ᠪᠦᠯᠢ ᠶᠢ ᠴᠢᠬᠤᠯᠠᠴᠢᠯᠠᠵᠤ᠂ ᠭᠡᠷ ᠤᠨ ᠬᠥᠮᠦᠵᠢᠯ ᠢ ᠴᠢᠬᠤᠯᠠᠴᠢᠯᠠᠵᠤ᠂ ᠭᠡᠷ ᠤᠨ | ᠰᠤᠷᠲᠠᠯ ᠢ ᠴᠢᠬᠤᠯᠠᠴᠢᠯᠠᠬᠤ ᠬᠡᠷᠡᠭᠲᠡᠢ︾ ᠭᠡᠬᠦ ᠨᠢᠭᠡ ᠬᠡᠰᠡᠭ ᠢ ᠨᠡᠶᠢᠲᠡᠯᠡᠪᠡ᠃ ᠵᠣᠬᠢᠶᠠᠯ ᠳᠤ᠂ ᠳᠤᠮᠳᠠᠳᠤ ᠶᠢᠨ | ᠦᠨᠳᠦᠰᠦᠲᠡᠨ ᠶᠡᠷᠦ ᠠᠴᠠ ᠭᠡᠷ ᠪᠦᠯᠢ ᠶᠢ ᠴᠢᠬᠤᠯᠠᠴᠢᠯᠠᠳᠠᠭ᠃ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ | ᠬᠠᠶᠢᠷᠠᠯᠠᠬᠤ᠂ ᠤᠬᠠᠭᠠᠨᠲᠤ ᠭᠡᠷᠭᠡᠢ ᠲᠠᠢ ᠡᠷ᠎ᠡ ᠶᠢᠨ ᠰᠠᠨᠠᠭ᠎ᠠ ᠠᠮᠤᠷ ᠪᠠᠶᠢᠬᠤ᠂ ᠡᠬᠡ ᠨᠢ ᠡᠨᠡᠷᠢᠩᠭᠦᠢ ᠪᠣᠯ | ᠬᠥᠪᠡᠭᠦᠨ ᠨᠢ ᠡᠯᠪᠡᠷᠢᠯ ᠲᠠᠢ᠂ ᠠᠬ᠎ᠠ ᠳᠡᠭᠦᠦ ᠬᠤᠭᠤᠷᠣᠨᠳᠤ ᠪᠠᠨ ᠨᠥᠭᠦᠷᠰᠡᠭ ᠪᠠᠶᠢᠬᠤ᠂ ᠲᠠᠷᠢᠶᠠᠯᠠᠬᠤ ᠶᠢᠨ ᠬᠠᠮᠲᠤ | ᠰᠤᠷᠤᠯᠴᠠᠬᠤ ᠭᠡᠷ ᠤᠨ ᠤᠯᠠᠮᠵᠢᠯᠠᠯ ᠲᠠᠢ ᠪᠠᠶᠢᠬᠤ᠂ ᠠᠵᠢᠯᠴᠢ ᠠᠷᠪᠢᠴᠢ ᠪᠠᠷ ᠠᠵᠤ ᠲᠦᠷᠦᠭᠦ᠂ ᠮᠡᠳᠡᠯᠭᠡ ᠮᠣᠷᠠᠯ ᠲᠠᠢ | ᠪᠠᠶᠢᠬᠤ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ᠂ ᠭᠡᠷ ᠬᠤᠲᠠᠯᠠᠭᠠᠷ ᠡᠶ᠎ᠡ ᠡᠪᠲᠡᠢ ᠪᠣᠯᠪᠠᠰᠤ | ᠬᠠᠮᠤᠭ ᠦᠢᠯᠡᠰ ᠬᠥᠭᠵᠢᠩᠭᠦᠢ ᠵᠡᠷᠭᠡ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠭᠡᠷ ᠪᠦᠯᠢ ᠶᠢᠨ ᠰᠠᠶᠢᠬᠠᠨ | ᠰᠤᠷᠲᠠᠯ ᠪᠣᠯ ᠳᠤᠮᠳᠠᠳᠤ ᠶᠢᠨ ᠦᠨᠳᠦᠰᠦᠲᠡᠨ ᠦᠶ᠎ᠡ ᠶᠢᠨ ᠦᠶ᠎ᠡ ᠳᠡᠭᠡᠨ ᠲᠠᠰᠤᠷᠠᠰᠢ ᠦᠭᠡᠢ᠂ ᠦᠶ᠎ᠡ ᠤᠯᠠᠷᠢᠨ | ᠤᠯᠠᠮᠵᠢᠯᠠᠬᠤ ᠶᠢ ᠲᠤᠯᠭᠠᠭᠤᠷᠢᠯᠠᠬᠤ ᠴᠢᠬᠤᠯᠠ ᠤᠶᠤᠨ ᠰᠠᠨᠠᠭᠠᠨ ᠤ ᠬᠦᠴᠦᠨ ᠮᠥᠨ᠂ ᠭᠡᠷ ᠪᠦᠯᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠡᠷᠬᠢᠮ ᠨᠠᠨᠳᠢᠨ ᠤᠶᠤᠨ ᠰᠠᠨᠠᠭᠠᠨ ᠤ ᠡᠳ᠋ ᠪᠠᠶᠠᠯᠢᠭ ᠮᠥᠨ᠃ ᠴᠠᠭ ᠦᠶ᠎ᠡ ᠬᠡᠷᠬᠢᠨ ᠬᠤᠪᠢᠷᠠᠵᠤ | ᠂ ᠠᠵᠤ ᠠᠬᠤᠢ ᠨᠡᠶᠢᠭᠡᠮ ᠬᠡᠷᠬᠢᠨ ᠬᠥᠭᠵᠢᠭᠰᠡᠨ ᠴᠦ ᠨᠢᠭᠡ ᠨᠡᠶᠢᠭᠡᠮ ᠳᠤ ᠠᠪᠴᠤ ᠬᠡᠯᠡᠪᠡᠯ ᠭᠡᠷ ᠪᠦᠯᠢ ᠶᠢᠨ | ᠠᠮᠢᠳᠤᠷᠠᠯ ᠤᠨ ᠲᠦᠰᠢᠭ ᠲᠤᠯᠭᠠᠭᠤᠷᠢ ᠶᠢ ᠴᠥᠮ ᠣᠷᠣᠯᠠᠭᠤᠯᠵᠤ ᠪᠣᠯᠣᠰᠢ ᠦᠭᠡᠢ᠂ ᠭᠡᠷ ᠪᠦᠯᠢ ᠶᠢᠨ ᠨᠡᠶᠢᠭᠡᠮ ᠤᠨ | ᠴᠢᠳᠠᠮᠵᠢ ᠶᠢ ᠴᠥᠮ ᠣᠷᠣᠯᠠᠭᠤᠯᠵᠤ ᠪᠣᠯᠣᠰᠢ ᠦᠭᠡᠢ᠂ ᠭᠡᠷ ᠪᠦᠯᠢ ᠶᠢᠨ ᠪᠣᠯᠪᠠᠰᠤᠨ ᠤ ᠦᠢᠯᠡᠳᠦᠯ ᠢ ᠴᠥᠮ | ᠣᠷᠣᠯᠠᠭᠤᠯᠵᠤ ᠪᠣᠯᠣᠰᠢ ᠦᠭᠡᠢ ᠶᠤᠮ᠃ ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠬᠤᠯᠠᠴᠢᠯᠠᠵᠤ᠂ | ᠲᠦᠭ ᠲᠦᠮᠡᠨ ᠭᠡᠷ ᠪᠦᠯᠢ ᠶᠢ ᠤᠯᠤᠰ ᠣᠷᠣᠨ ᠤ ᠬᠥᠭᠵᠢᠯᠲᠡ᠂ ᠦᠨᠳᠦᠰᠦᠲᠡᠨ ᠤ ᠳᠠᠪᠰᠢᠯᠲᠠ᠂ ᠨᠡᠶᠢᠭᠡᠮ ᠤᠨ | ᠡᠶ᠎ᠡ ᠵᠣᠬᠢᠴᠠᠩᠭᠤᠢ ᠶᠢᠨ ᠴᠢᠬᠤᠯᠠ ᠰᠠᠭᠤᠷᠢ ᠴᠡᠭ ᠪᠤᠯᠭᠠᠵᠤ᠂ ᠬᠥᠮᠥᠰ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ | ᠠᠶᠠᠯᠠᠯ ᠢᠶᠠᠨ ᠡᠬᠢᠯᠡᠭᠦᠯᠬᠦ ᠭᠠᠵᠠᠷ ᠪᠤᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ ᠵᠣᠬᠢᠶᠠᠯ ᠳᠤ | ᠂ ᠤᠯᠠᠨ ᠢᠶᠠᠷ ᠢᠶᠠᠨ ᠭᠡᠷ ᠪᠦᠯᠢ ᠶᠢ ᠴᠢᠬᠤᠯᠠᠴᠢᠯᠠᠬᠤ ᠶᠢ ᠬᠦᠰᠡᠵᠦ ᠪᠠᠶᠢᠨ᠎ᠠ᠃ ᠭᠡᠷ ᠪᠦᠯᠢ ᠪᠣᠯ ᠨᠡᠶᠢᠭᠡᠮ ᠤᠨ ᠡᠰ | ᠮᠥᠨ᠃ ᠭᠡᠷ ᠪᠦᠯᠢ ᠡᠶ᠎ᠡ ᠨᠠᠶᠢᠷᠠᠮᠳᠠᠭᠤ ᠪᠣᠯ ᠨᠡᠶᠢᠭᠡᠮ ᠠᠮᠤᠷ ᠲᠣᠭᠲᠠᠭᠤᠨ ᠪᠣᠯᠵᠤ᠂ ᠭᠡᠷ ᠪᠦᠯᠢ ᠵᠣᠯ ᠵᠢᠷᠭᠠᠯ ᠲᠠᠢ | ᠪᠣᠯ ᠨᠡᠶᠢᠭᠡᠮ ᠡᠶ᠎ᠡ ᠨᠠᠶᠢᠷᠠᠮᠳᠠᠭᠤ ᠪᠣᠯᠵᠤ᠂ ᠭᠡᠷ ᠪᠦᠯᠢ ᠪᠣᠯᠪᠠᠰᠤᠨ ᠪᠣᠯ ᠨᠡᠶᠢᠭᠡᠮ ᠪᠣᠯᠪᠠᠰᠤᠨ ᠪᠣᠯᠣᠨ᠎ᠠ᠃ ᠭᠡᠷ | ᠪᠦᠯᠢ ᠶᠢᠨ ᠢᠷᠡᠭᠡᠳᠦᠢ ᠬᠤᠪᠢ ᠵᠠᠶᠠᠭ᠎ᠠ ᠨᠢ ᠤᠯᠤᠰ ᠪᠠ ᠦᠨᠳᠦᠰᠦᠲᠡᠨ ᠤ ᠢᠷᠡᠭᠡᠳᠦᠢ ᠬᠤᠪᠢ ᠵᠠᠶᠠᠭ᠎ᠠ ᠲᠠᠢ ᠨᠢᠭᠲᠠ | ᠬᠤᠯᠪᠤᠭ᠎ᠠ ᠲᠠᠢ ᠶᠤᠮ᠃ ᠲᠦᠭ ᠲᠦᠮᠡᠨ ᠠᠶᠢᠯ ᠡᠷᠦᠭᠡ ᠴᠥᠮ ᠰᠠᠶᠢᠨ ᠪᠠᠶᠢᠪᠠᠯ ᠤᠯᠤᠰ ᠣᠷᠣᠨ ᠰᠠᠶ᠋ᠢ ᠰᠠᠶᠢᠨ | ᠪᠠᠶᠢᠵᠤ᠂ ᠦᠨᠳᠦᠰᠦᠲᠡᠨ ᠰᠠᠶ᠋ᠢ ᠰᠠᠶᠢᠨ ᠪᠠᠶᠢᠵᠤ ᠴᠢᠳᠠᠨ᠎ᠠ᠃ ᠤᠯᠤᠰ ᠣᠷᠣᠨ ᠤ ᠪᠠᠶᠠᠵᠢᠯ ᠬᠦᠴᠦᠷᠬᠡᠭᠵᠢᠯ᠂ | ᠦᠨᠳᠦᠰᠦᠲᠡᠨ ᠤ ᠰᠡᠷᠭᠦᠨ ᠮᠠᠨᠳᠤᠯᠲᠠ᠂ ᠠᠷᠠᠳ ᠲᠦᠮᠡᠨ ᠤ ᠵᠣᠯ ᠵᠢᠷᠭᠠᠯ ᠪᠣᠯ ᠬᠡᠶᠢᠰᠪᠦᠷᠢ ᠶᠠᠭᠤᠮ᠎ᠠ ᠪᠢᠰᠢ᠂ | ᠡᠴᠦᠰ ᠲᠡᠭᠡᠨ ᠲᠦᠭ ᠲᠦᠮᠡᠨ ᠭᠡᠷ ᠪᠦᠯᠢ ᠶᠢᠨ ᠵᠣᠯ ᠵᠢᠷᠭᠠᠯ ᠲᠠᠢ ᠰᠠᠶᠢᠨ ᠰᠠᠶᠢᠬᠠᠨ ᠪᠤᠯᠬᠤ ᠳᠡᠭᠡᠷ᠎ᠡ ᠢᠯᠡᠷᠡᠵᠦ᠂ | ᠲᠦᠭ ᠲᠦᠮᠡᠨ ᠠᠷᠠᠳ ᠤᠨ ᠠᠮᠢᠳᠤᠷᠠᠯ ᠤᠨ ᠲᠠᠰᠤᠷᠠᠯᠳᠠ ᠦᠭᠡᠢ ᠰᠠᠶᠢᠵᠢᠷᠠᠬᠤ ᠳᠡᠭᠡᠷ᠎ᠡ ᠢᠯᠡᠷᠡᠳᠡᠭ᠃ ᠡᠭᠦᠨ ᠤ | ᠬᠠᠮᠲᠤ ᠤᠯᠤᠰ ᠣᠷᠣᠨ᠂ ᠦᠨᠳᠦᠰᠦᠲᠡᠨ ᠰᠠᠶᠢᠨ ᠪᠠᠶᠢᠪᠠᠯ ᠭᠡᠷ ᠪᠦᠯᠢ ᠰᠠᠶ᠋ᠢ ᠰᠠᠶᠢᠨ ᠪᠠᠶᠢᠵᠤ ᠴᠢᠳᠠᠨ᠎ᠠ᠃ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠪᠡᠯ ᠭᠡᠷ ᠪᠦᠯᠢ ᠶᠢᠨ ᠵᠡᠭᠦᠳᠦ ᠰᠠᠶ᠋ᠢ ᠲᠡᠷᠭᠡᠯᠰᠢᠵᠦ ᠴᠢᠳᠠᠨ᠎ᠠ᠃ ᠥᠷᠭᠡᠨ ᠤᠯᠠᠨ ᠭᠡᠷ ᠪᠦᠯᠢ ᠶᠢᠨ ᠬᠢᠨ | ᠭᠡᠷ ᠢᠶᠠᠨ ᠬᠠᠶᠢᠷᠠᠯᠠᠬᠤ ᠪᠠ ᠤᠯᠤᠰ ᠢᠶᠠᠨ ᠬᠠᠶᠢᠷᠠᠯᠠᠬᠤ ᠶᠢ ᠨᠢᠭᠡᠳᠬᠡᠵᠦ᠂ ᠭᠡᠷ ᠪᠦᠯᠢ ᠶᠢᠨ ᠵᠡᠭᠦᠳᠦ ᠶᠢ | ᠲᠡᠷᠭᠡᠯᠰᠢᠭᠦᠯᠬᠦ ᠶᠢ ᠦᠨᠳᠦᠰᠦᠲᠡᠨ ᠤ ᠵᠡᠭᠦᠳᠦ ᠳᠤ ᠠᠭᠤᠰᠤᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ | ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠠᠤᠭ᠎ᠠ ᠶᠡᠭᠡ ᠬᠦᠴᠦᠨ ᠢ | ᠨᠢᠭᠲᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠵᠣᠬᠢᠶᠠᠯ ᠳᠤ᠂ ᠤᠯᠠᠨ ᠢᠶᠠᠷ ᠢᠶᠠᠨ ᠭᠡᠷ ᠤᠨ | ᠬᠥᠮᠦᠵᠢᠯ ᠢ ᠴᠢᠬᠤᠯᠠᠴᠢᠯᠠᠬᠤ ᠶᠢ ᠬᠦᠰᠡᠵᠦ ᠪᠠᠶᠢᠨ᠎ᠠ᠃ ᠭᠡᠷ ᠪᠦᠯᠢ ᠪᠣᠯ ᠬᠥᠮᠥᠨ ᠤ ᠠᠮᠢᠳᠤᠷᠠᠯ ᠤᠨ ᠠᠩᠬᠠᠨ ᠤ | ᠬᠢᠴᠢᠶᠡᠯ ᠤᠨ ᠲᠠᠩᠬᠢᠮ᠂ ᠠᠪᠤ ᠡᠵᠢ ᠪᠣᠯ ᠬᠡᠦᠬᠡᠳ ᠤᠨ ᠠᠩᠬᠠᠨ ᠤ ᠪᠠᠭᠰᠢ ᠪᠣᠯᠣᠨ᠎ᠠ᠃ ᠭᠡᠷ ᠤᠨ ᠬᠥᠮᠦᠵᠢᠯ ᠤᠨ | ᠬᠠᠮᠤᠭ ᠴᠢᠬᠤᠯᠠ ᠨᠢ ᠵᠠᠩ ᠮᠣᠷᠠᠯ ᠤᠨ ᠬᠥᠮᠦᠵᠢᠯ᠂ ᠬᠡᠷᠬᠢᠨ ᠬᠥᠮᠥᠨ ᠪᠤᠯᠬᠤ ᠬᠥᠮᠦᠵᠢᠯ ᠪᠣᠯᠣᠨ᠎ᠠ᠃ ᠡᠴᠢᠭᠡ ᠡᠬᠡ | ᠪᠠ ᠭᠡᠷ ᠤᠨ ᠠᠬᠠᠮᠠᠳ ᠪᠣᠯᠤᠭᠰᠠᠨ ᠤ ᠬᠤᠪᠢ ᠳᠤ ᠰᠠᠶᠢᠨ ᠰᠠᠶᠢᠬᠠᠨ ᠶᠣᠰᠣ ᠰᠤᠷᠲᠠᠬᠤᠨ ᠤ ᠦᠵᠡᠯᠲᠡ ᠶᠢ | ᠬᠡᠦᠬᠡᠳ ᠲᠤ ᠪᠠᠭ᠎ᠠ ᠠᠴᠠ ᠨᠢ ᠳᠠᠮᠵᠢᠭᠤᠯᠵᠤ᠂ ᠲᠡᠳᠡᠨ ᠤ ᠬᠥᠮᠥᠨ ᠪᠤᠯᠬᠤ ᠴᠢᠩ ᠵᠣᠷᠢᠭ ᠪᠠ ᠰᠥᠰᠥ ᠵᠣᠷᠢᠭ ᠲᠠᠢ | ᠪᠤᠯᠬᠤ ᠶᠢ ᠬᠥᠲᠥᠯᠥᠨ ᠵᠢᠯᠤᠭᠤᠳᠴᠤ᠂ ᠲᠡᠳᠡᠨ ᠢ ᠬᠠᠪᠰᠤᠷᠤᠨ ᠰᠠᠶᠢᠨ ᠰᠠᠶᠢᠬᠠᠨ ᠰᠡᠳᠬᠢᠯ ᠰᠠᠨᠠᠭ᠎ᠠ ᠲᠠᠢ ᠪᠤᠯᠭᠠᠵᠤ᠂ | ᠲᠡᠳᠡᠨ ᠢ ᠡᠷᠡᠭᠦᠯ ᠢᠶᠠᠷ ᠥᠰᠬᠡᠨ ᠪᠤᠶᠢᠵᠢᠭᠤᠯᠵᠤ᠂ ᠲᠣᠮᠣ ᠪᠣᠯᠤᠭᠰᠠᠨ ᠤ ᠳᠠᠷᠠᠭ᠎ᠠ ᠤᠯᠤᠰ ᠪᠠ ᠠᠷᠠᠳ | ᠲᠦᠮᠡᠨ ᠳᠤ ᠬᠡᠷᠡᠭᠴᠡᠭᠡ ᠲᠠᠢ ᠬᠥᠮᠥᠨ ᠪᠤᠯᠭᠠᠬᠤ ᠬᠡᠷᠡᠭᠲᠡᠢ᠃ ᠥᠷᠭᠡᠨ ᠤᠯᠠᠨ ᠭᠡᠷ ᠪᠦᠯᠢ ᠶᠢᠨ ᠬᠢᠨ ᠬᠡᠯᠡᠵᠦ | ᠰᠤᠷᠭᠠᠬᠤ ᠶᠢ ᠴᠢᠬᠤᠯᠠᠴᠢᠯᠠᠵᠤ᠂ ᠬᠡᠪ ᠳᠦᠷᠢᠮ ᠪᠤᠯᠬᠤ ᠶᠢ ᠴᠢᠬᠤᠯᠠᠴᠢᠯᠠᠵᠤ᠂ ᠮᠡᠳᠡᠯᠭᠡ ᠵᠢᠭᠠᠵᠤ᠂ ᠶᠣᠰᠣ ᠮᠣᠷᠠᠯ ᠢ | ᠬᠥᠮᠥᠵᠢᠭᠦᠯᠵᠦ᠂ ᠬᠡᠦᠬᠡᠳ ᠤᠨ ᠬᠥᠮᠥᠨ ᠤ ᠠᠮᠢᠳᠤᠷᠠᠯ ᠤᠨ ᠠᠩᠬᠠᠨ ᠤ ᠠᠯᠬᠤᠮ ᠢ ᠰᠠᠶᠢᠲᠤᠷ ᠠᠯᠬᠤᠭᠤᠯᠵᠤ᠂ | ᠬᠥᠮᠥᠨ ᠤ ᠠᠮᠢᠳᠤᠷᠠᠯ ᠤᠨ ᠠᠩᠬᠠᠨ ᠤ ᠱᠠᠲᠤ ᠶᠢ ᠰᠠᠶᠢᠲᠤᠷ ᠳᠠᠪᠠᠭ᠋ᠤ ᠳᠤᠨᠢ ᠬᠠᠪᠰᠤᠷᠬᠤ ᠬᠡᠷᠡᠭᠲᠡᠢ᠃ ᠭᠡᠷ | ᠪᠦᠯᠢ ᠳᠡᠭᠡᠨ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠪᠤᠶᠢᠵᠢᠭᠤᠯᠤᠨ ᠦᠢᠯᠡᠳᠦᠯᠭᠡᠵᠢᠭᠦᠯᠵᠦ | ᠂ ᠭᠡᠷ ᠪᠦᠯᠢ ᠶᠢᠨ ᠪᠦᠷᠢᠯᠳᠦᠭᠦᠨ ᠢᠯᠠᠩᠭᠤᠶ᠎ᠠ ᠬᠤᠶᠢᠴᠢ ᠦᠶ᠎ᠡ ᠶᠢᠨ ᠬᠢᠨ ᠤ ᠨᠠᠮ ᠢᠶᠠᠨ ᠬᠠᠶᠢᠷᠠᠯᠠᠬᠤ᠂ ᠡᠬᠡ | ᠤᠯᠤᠰ ᠢᠶᠠᠨ ᠬᠠᠶᠢᠷᠠᠯᠠᠬᠤ᠂ ᠠᠷᠠᠳ ᠲᠦᠮᠡᠨ ᠢᠶᠠᠨ ᠬᠠᠶᠢᠷᠠᠯᠠᠬᠤ᠂ ᠳᠤᠮᠳᠠᠳᠤ ᠶᠢᠨ ᠦᠨᠳᠦᠰᠦᠲᠡᠨ ᠢᠶᠠᠨ | ᠬᠠᠶᠢᠷᠠᠯᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠤᠯᠠᠮᠵᠢᠯᠠᠯᠲᠤ ᠰᠠᠶᠢᠬᠠᠨ | ᠵᠠᠩ ᠰᠤᠷᠲᠠᠯ ᠢ ᠢᠳᠡᠪᠬᠢᠲᠡᠢ ᠤᠯᠠᠮᠵᠢᠯᠠᠨ ᠳᠡᠯᠭᠡᠷᠡᠭᠦᠯᠵᠦ᠂ ᠬᠥᠮᠥᠰ ᠤᠨ ᠭᠡᠷ ᠪᠦᠯᠢ ᠳᠡᠭᠡᠨ ᠵᠣᠯ ᠵᠢᠷᠭᠠᠯ ᠡᠳ᠋ᠯᠡᠭᠦᠯᠭᠦ | ᠂ ᠪᠤᠰᠤᠳ ᠲᠤ ᠬᠠᠶᠢᠷ᠎ᠠ ᠬᠠᠯᠠᠮᠵᠢ ᠬᠦᠷᠭᠡᠬᠦ᠂ ᠨᠡᠶᠢᠭᠡᠮ ᠳᠤ ᠬᠤᠪᠢ ᠨᠡᠮᠡᠷᠢ ᠦᠵᠡᠭᠦᠯᠭᠦ ᠶᠠᠪᠤᠴᠠ ᠳᠤ ᠤᠶᠤᠨ | ᠰᠠᠨᠠᠭᠠᠨ ᠤ ᠲᠦᠪᠰᠢᠨ ᠢᠶᠠᠨ ᠳᠡᠭᠡᠭᠰᠢᠯᠡᠭᠦᠯᠭᠦ᠂ ᠪᠣᠯᠪᠠᠰᠤᠨ ᠬᠡᠪ ᠰᠤᠷᠲᠠᠯ ᠢ ᠪᠤᠶᠢᠵᠢᠭᠤᠯᠬᠤ ᠶᠢ ᠠᠬᠢᠭᠤᠯᠬᠤ | ᠬᠡᠷᠡᠭᠲᠡᠢ ᠭᠡᠵᠦ ᠵᠢᠭᠠᠵᠤ ᠭᠠᠷᠭᠠᠪᠠ᠃ ᠵᠣᠬᠢᠶᠠᠯ ᠳᠤ᠂ ᠤᠯᠠᠨ ᠢᠶᠠᠷ ᠢᠶᠠᠨ ᠭᠡᠷ ᠤᠨ ᠰᠤᠷᠲᠠᠯ ᠢ | ᠴᠢᠬᠤᠯᠠᠴᠢᠯᠠᠬᠤ ᠶᠢ ᠬᠦᠰᠡᠵᠦ ᠪᠠᠶᠢᠨ᠎ᠠ᠃ ᠭᠡᠷ ᠤᠨ ᠰᠤᠷᠲᠠᠯ ᠪᠣᠯ ᠨᠡᠶᠢᠭᠡᠮ ᠤᠨ ᠬᠡᠪ ᠰᠤᠷᠲᠠᠯ ᠤᠨ ᠴᠢᠬᠤᠯᠠ | ᠪᠦᠷᠢᠯᠳᠦᠭᠦᠨ ᠬᠡᠰᠡᠭ ᠮᠥᠨ᠃ ᠭᠡᠷ ᠪᠦᠯᠢ ᠨᠢ ᠬᠥᠮᠥᠰ ᠤᠨ ᠣᠷᠣᠨ ᠰᠠᠭᠤᠴᠠ ᠲᠡᠳᠦᠢ ᠪᠢᠰᠢ ᠨᠡᠩ ᠴᠤ | ᠬᠥᠮᠥᠰ ᠤᠨ ᠰᠡᠳᠬᠢᠯ ᠤᠨ ᠪᠠᠭᠤᠴᠠ ᠪᠤᠯᠬᠤ ᠶᠤᠮ᠃ ᠥᠷᠭᠡᠨ ᠤᠯᠠᠨ ᠭᠡᠷ ᠪᠦᠯᠢ ᠴᠥᠮ ᠰᠢᠯᠢᠳᠡᠭ ᠰᠠᠶᠢᠨ | ᠭᠡᠷ ᠤᠨ ᠰᠤᠷᠲᠠᠯ ᠢ ᠪᠠᠳᠠᠷᠠᠭᠤᠯᠵᠤ᠂ ᠲᠦᠭ ᠲᠦᠮᠡᠨ ᠭᠡᠷ ᠪᠦᠯᠢ ᠶᠢᠨ ᠰᠠᠶᠢᠨ ᠰᠠᠶᠢᠬᠠᠨ ᠭᠡᠷ ᠤᠨ ᠰᠤᠷᠲᠠᠯ ᠢᠶᠠᠷ | ᠪᠦᠭᠦ ᠨᠡᠶᠢᠭᠡᠮ ᠤᠨ ᠰᠠᠶᠢᠨ ᠰᠠᠶᠢᠬᠠᠨ ᠬᠡᠪ ᠰᠤᠷᠲᠠᠯ ᠢ ᠲᠤᠯᠭᠠᠭᠤᠷᠢᠯᠠᠬᠤ ᠬᠡᠷᠡᠭᠲᠡᠢ᠃ ᠢᠯᠠᠩᠭᠤᠶ᠎ᠠ ᠡᠯ᠎ᠡ ᠱᠠᠲᠤᠨ ᠤ | ᠤᠳᠤᠷᠢᠳᠬᠤ ᠺᠠᠳ᠋ᠷᠴᠤᠳ ᠲᠦᠷᠦᠭᠦᠯᠡᠨ ᠭᠡᠷ ᠤᠨ ᠰᠤᠷᠲᠠᠯ ᠢ ᠰᠠᠶᠢᠲᠤᠷ ᠠᠳᠬᠤᠵᠤ᠂ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠢ ᠵᠠᠯᠭᠠᠮᠵᠢᠯᠠᠨ ᠪᠠᠳᠠᠷᠠᠭᠤᠯᠵᠤ᠂ ᠠᠬᠠᠮᠠᠳ ᠨᠢᠭᠡ ᠦᠶ᠎ᠡ ᠶᠢᠨ ᠬᠤᠪᠢᠰᠬᠠᠯᠲᠤ ᠭᠡᠷ ᠤᠨ | ᠰᠤᠷᠲᠠᠯ ᠢ ᠵᠠᠯᠭᠠᠮᠵᠢᠯᠠᠨ ᠪᠠᠳᠠᠷᠠᠭᠤᠯᠵᠤ᠂ ᠭᠡᠷ ᠤᠨ ᠰᠤᠷᠲᠠᠯ ᠤᠨ ᠪᠠᠶᠢᠭᠤᠯᠤᠯᠲᠠ ᠶᠢᠨ ᠦᠯᠢᠭᠡᠷ ᠳᠠᠭᠤᠷᠢᠶᠠᠯ ᠪᠣᠯᠵᠤ | ᠂ ᠲᠦᠷᠦᠯ ᠰᠠᠳᠤᠨ ᠦᠷ᠎ᠡ ᠬᠡᠦᠬᠡᠳ ᠢᠶᠠᠨ ᠴᠢᠩᠭ᠎ᠠ ᠱᠠᠭᠠᠷᠳᠠᠵᠤ᠂ ᠲᠦᠷᠦᠯ ᠰᠠᠳᠤᠨ ᠤ ᠬᠠᠶᠢᠷ᠎ᠠ ᠰᠡᠳᠬᠢᠯᠭᠡ ᠶᠢᠨ | ᠪᠣᠭᠤᠮᠲᠠ ᠶᠢ ᠰᠠᠶᠢᠲᠤᠷ ᠳᠠᠪᠠᠭ᠋ᠤ ᠬᠡᠷᠡᠭᠲᠡᠢ ᠭᠡᠵᠦ ᠵᠢᠭᠠᠵᠤ ᠭᠠᠷᠭᠠᠪᠠ᠃ ᠵᠣᠬᠢᠶᠠᠯ ᠳᠤ᠂ ᠡᠯ᠎ᠡ ᠱᠠᠲᠤᠨ ᠤ | ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤᠳᠤᠷᠢᠳᠬᠤ ᠬᠠᠷᠢᠭᠤᠴᠠᠯᠭ᠎ᠠ ᠪᠠᠨ ᠡᠭᠦᠷᠭᠡᠯᠡᠵᠦ᠂ ᠠᠵᠢᠯᠴᠢᠨ ᠤ | ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠤᠭ᠎ᠠ ᠵᠡᠷᠭᠡ ᠤᠯᠠᠨ ᠲᠦᠮᠡᠨᠴᠢ ᠪᠦᠯᠭᠦᠮ | ᠭᠡᠷ ᠪᠦᠯᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠤᠨ | ᠥᠷᠨᠢᠭᠦᠯᠵᠦ᠂ ᠡᠯ᠎ᠡ ᠲᠠᠯ᠎ᠠ ᠶᠢᠨ ᠬᠢᠨ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠪᠠᠷ ᠠᠮᠢᠳᠤᠷᠠᠯ ᠨᠢ | ᠬᠦᠴᠢᠷᠳᠡᠯᠲᠡᠢ ᠭᠡᠷ ᠪᠦᠯᠢ ᠶᠢ ᠬᠠᠯᠠᠮᠵᠢᠯᠠᠨ ᠬᠠᠪᠰᠤᠷᠴᠤ᠂ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠤᠨ | ᠰᠠᠯᠠᠭ᠎ᠠ ᠮᠥᠴᠢᠷ ᠤᠨ ᠬᠢᠨ ᠨᠢᠭᠡᠳᠦᠯᠲᠡᠢ ᠲᠥᠯᠥᠪᠵᠢᠭᠦᠯᠬᠦ᠂ ᠵᠣᠬᠢᠴᠠᠭᠤᠯᠬᠤ᠂ ᠵᠢᠯᠤᠭᠤᠳᠬᠤ᠂ ᠱᠠᠯᠠᠪᠳᠠᠭᠤᠯᠬᠤ | ᠦᠢᠯᠡᠳᠦᠯ ᠢᠶᠠᠨ ᠪᠠᠳᠠᠷᠠᠭᠤᠯᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ ᠲᠠᠶᠢᠴᠢᠯᠠᠨ ᠥᠷᠭᠡᠨ ᠢᠶᠠᠷ | ᠣᠷᠣᠯᠴᠠᠭᠤᠯᠵᠤ᠂ ᠤᠯᠤᠰ ᠢᠶᠠᠨ ᠬᠠᠶᠢᠷᠠᠯᠠᠵᠤ ᠭᠡᠷ ᠢᠶᠠᠨ ᠬᠠᠶᠢᠷᠠᠯᠠᠬᠤ᠂ ᠬᠠᠷᠢᠯᠴᠠᠨ ᠬᠠᠶᠢᠷᠠᠯᠠᠵᠤ ᠰᠠᠨᠠᠬᠤ᠂ | ᠥᠭᠡᠳᠡᠷᠬᠡᠭ ᠴᠠᠶᠢᠯᠭᠠᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠨᠡᠶᠢᠭᠡᠮ ᠵᠢᠷᠤᠮ ᠤᠨ ᠭᠡᠷ ᠪᠦᠯᠢ ᠶᠢᠨ | ᠪᠣᠯᠪᠠᠰᠤᠨ ᠤ ᠰᠢᠨ᠎ᠡ ᠬᠡᠪ ᠰᠤᠷᠲᠠᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ |