| ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 5 ᠤ ᠴᠠᠭᠢᠯᠭᠠᠨ ᠮᠡᠳᠡᠭᠡ 2 ᠰᠠᠷ᠎ᠠ ᠶᠢᠨ 5 ᠤ | ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ | ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ | ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ᠃ | | 2 ᠰᠠᠷ᠎ᠠ ᠶᠢᠨ 5 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ | ᠬᠢᠬᠦ ᠪᠠᠷ ᠢᠷᠡᠭᠰᠡᠨ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ᠃ ᠵᠢᠷᠤᠭ ᠪᠣᠯ ᠰᠢ ᠶᠢᠨ | ᠫᠢᠩ ᠬᠠᠳᠤᠨ ᠫᠧᠩ ᠯᠢ ᠶᠤᠸᠠᠨ ᠲᠠᠢ ᠪᠠᠨ ᠵᠠᠫᠠᠯᠤᠹ ᠪᠣᠯᠣᠨ ᠲᠡᠭᠦᠨ ᠤ ᠬᠠᠳᠤᠨ ᠵᠠᠫᠠᠯᠤᠸᠠ ᠲᠠᠢ ᠬᠠᠮᠲᠤ ᠭᠡᠷᠡᠯ | ᠵᠢᠷᠤᠭ ᠲᠠᠲᠠᠭᠤᠯᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠯᠢᠨ ᠰᠡᠭᠦᠳᠡᠷᠯᠡᠪᠡ | | 2 ᠰᠠᠷ᠎ᠠ ᠶᠢᠨ 5 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ | ᠬᠢᠬᠦ ᠪᠠᠷ ᠢᠷᠡᠭᠰᠡᠨ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ | ᠬᠢᠬᠦ ᠠᠴᠠ ᠡᠮᠦᠨ᠎ᠡ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ | ᠵᠠᠫᠠᠯᠤᠹ ᠢ ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ | ᠱᠧᠨ ᠬᠤᠩ ᠰᠡᠭᠦᠳᠡᠷᠯᠡᠪᠡ ᠰᠢ ᠶᠢᠨ ᠫᠢᠩ᠂ ᠳᠤᠮᠳᠠᠳᠤ ᠤᠯᠤᠰ ᠪᠣᠯᠣᠨ ᠺᠢᠷᠭᠢᠽᠰᠲ᠋ᠠᠨ ᠠᠭᠤᠯᠠ | ᠤᠰᠤ ᠪᠠᠷ ᠢᠶᠠᠨ ᠵᠠᠯᠭᠠᠯᠳᠤᠵᠤ᠂ ᠠᠷᠠᠳ ᠤᠨ ᠰᠡᠳᠬᠢᠯ ᠡᠯᠢᠭᠡᠰᠡᠭ ᠳᠣᠲᠣᠨᠣ ᠪᠠᠶᠢᠵᠤ᠂ ᠰᠠᠶᠢᠨ ᠬᠥᠷᠰᠢ᠂ ᠰᠠᠶᠢᠨ | ᠨᠠᠶᠢᠵᠠ᠂ ᠰᠠᠶᠢᠨ ᠬᠠᠨᠢᠲᠠᠨ ᠶᠤᠮ᠃ ᠣᠶᠢᠷ᠎ᠠ ᠶᠢᠨ ᠵᠢᠯ ᠠᠴᠠ ᠳᠤᠮᠳᠠᠳᠤ ᠺᠢᠷᠭᠢᠽᠰᠲ᠋ᠠᠨ ᠤ ᠬᠠᠷᠢᠯᠴᠠᠭ᠎ᠠ ᠲᠠᠪᠠᠯᠳᠠᠳᠤ | ᠮᠠᠶ᠋ᠢᠭ ᠤᠨ ᠬᠥᠭᠵᠢᠯᠲᠡ ᠶᠢ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠤ ᠰᠢᠨ᠎ᠡ ᠥᠨᠳᠥᠷᠴᠡ ᠳᠤ ᠬᠦᠷᠴᠡᠢ᠃ ᠬᠤᠶᠠᠷ ᠲᠠᠯ᠎ᠠ ᠶᠢᠨ ᠤᠯᠤᠰ ᠲᠦᠷᠦ ᠶᠢᠨ ᠢᠲᠡᠭᠡᠯᠴᠡᠭᠡ | ᠦᠷᠭᠦᠯᠵᠢᠯᠡᠨ ᠪᠠᠬᠢᠵᠢᠵᠦ᠂ ᠡᠯ᠎ᠡ ᠬᠦᠷᠢᠶᠡᠨ ᠳᠠᠬᠢ ᠬᠠᠮᠲᠤᠷᠠᠯᠴᠠᠭᠠᠨ ᠤ ᠪᠠᠶᠠᠷ ᠤᠨ ᠴᠢᠮᠡᠭᠡ ᠲᠠᠰᠤᠷᠠᠯᠳᠠ ᠦᠭᠡᠢ | ᠤᠯᠠᠮᠵᠢᠯᠠᠭᠳᠠᠵᠤ᠂ ᠳᠤᠮᠳᠠᠳᠤ ᠺᠢᠷᠭᠢᠽᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠡᠶᠢᠭᠡᠮ | ᠪᠠ ᠠᠷᠠᠳ ᠤᠨ ᠰᠠᠨᠠᠭᠠᠨ ᠤ ᠰᠠᠭᠤᠷᠢ ᠡᠳᠦᠷ ᠢᠷᠡᠬᠦᠶ᠎ᠡ ᠪᠠᠬᠢᠵᠢᠪᠡ᠃ ᠺᠢᠷᠭᠢᠽᠰᠲ᠋ᠠᠨ ᠤ ᠬᠢᠨ ᠲᠤᠰ | ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠳᠤᠮᠳᠠᠳᠤ ᠤᠯᠤᠰ ᠲᠡᠮᠵᠢᠵᠥ᠂ | ᠳᠤᠷᠠᠲᠠᠶ᠎ᠠ ᠺᠢᠷᠭᠢᠽᠰᠲ᠋ᠠᠨ ᠤ ᠬᠢᠨ ᠲᠠᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ | ᠭᠦᠨᠵᠡᠭᠡᠶᠢᠷᠡᠭᠦᠯᠵᠦ᠂ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠥᠷᠭᠡᠳᠬᠡᠵᠦ᠂ | ᠪᠦᠭᠦ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠠᠬᠢᠭᠤᠯᠵᠤ᠂ ᠭᠠᠷ ᠬᠤᠯᠪᠣᠨ ᠬᠤᠶᠠᠷ ᠤᠯᠤᠰ ᠤᠨ | ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠳᠤᠮᠳᠠᠳᠤ ᠺᠢᠷᠭᠢᠽᠰᠲ᠋ᠠᠨ ᠤ ᠬᠤᠪᠢ ᠵᠠᠶᠠᠭᠠᠨ ᠤ ᠬᠠᠮᠲᠤ ᠶᠢᠨ | ᠴᠣᠭᠴᠠ ᠶᠢᠨ ᠪᠠᠶᠢᠭᠤᠯᠤᠯᠲᠠ ᠶᠢ ᠨᠡᠩ ᠰᠠᠶᠢᠲᠤᠷ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ | ᠭᠡᠵᠦ ᠵᠢᠭᠠᠵᠤ ᠭᠠᠷᠭᠠᠪᠠ᠃ | | 2 ᠰᠠᠷ᠎ᠠ ᠶᠢᠨ 5 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ | ᠬᠢᠬᠦ ᠪᠠᠷ ᠢᠷᠡᠭᠰᠡᠨ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ᠃ ᠰᠢᠨᠬᠤᠸᠠ | ᠬᠤᠷᠢᠶ᠎ᠠ ᠶᠢᠨ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ ᠰᠢ ᠶᠢᠨ ᠫᠢᠩ᠂ ᠬᠤᠶᠠᠷ ᠲᠠᠯ᠎ᠠ ᠪᠠᠷ ᠢᠶᠠᠨ | ᠰᠡᠳᠬᠢᠮᠵᠢ ᠪᠠᠨ ᠦᠷᠭᠦᠯᠵᠢᠯᠡᠨ ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ | ᠪᠦᠲᠦᠭᠡᠨ ᠪᠠᠶᠢᠭᠤᠯᠬᠤ ᠪᠠᠷ ᠭᠤᠣᠯ ᠰᠢᠵᠢᠮ ᠪᠤᠯᠭᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠲᠠᠰᠤᠷᠠᠯᠲᠠ | ᠦᠭᠡᠢ ᠭᠦᠨᠵᠡᠭᠡᠶᠢᠷᠡᠭᠦᠯᠦᠶ᠎ᠡ᠃ ᠳᠤᠮᠳᠠᠳᠤ ᠤᠯᠤᠰ ᠳᠤᠷᠠᠲᠠᠶ᠎ᠠ ᠠᠵᠤ ᠠᠬᠤᠢ ᠠᠷᠠᠯᠵᠢᠶ᠎ᠠ ᠪᠡᠯᠡ ᠣᠷᠣᠭᠤᠯᠤᠯᠲᠠ ᠶᠢᠨ | ᠲᠠᠯ᠎ᠠ ᠪᠠᠷ ᠬᠢ ᠬᠠᠮᠲᠤᠷᠠᠯᠴᠠᠭ᠎ᠠ ᠪᠠᠨ ᠦᠷᠭᠦᠯᠵᠢᠯᠡᠨ ᠥᠷᠭᠡᠳᠬᠡᠵᠦ᠂ ᠺᠢᠷᠭᠢᠽᠰᠲ᠋ᠠᠨ ᠤ ᠨᠠᠩ ᠣᠯᠠᠨ ᠴᠢᠨᠠᠷ ᠰᠠᠶᠢᠲᠠᠢ | ᠲᠠᠸᠠᠷ ᠢ ᠣᠷᠣᠭᠤᠯᠵᠤ᠂ ᠨᠠᠩ ᠣᠯᠠᠨ ᠳᠤᠮᠳᠠᠳᠤ ᠶᠢᠨ ᠪᠠᠯᠡᠲᠤ ᠠᠵᠤ ᠠᠬᠤᠶᠢᠯᠠᠯ ᠤᠨ ᠺᠢᠷᠭᠢᠽᠰᠲ᠋ᠠᠨ ᠳᠤ ᠬᠦᠷᠴᠦ | ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠳᠡᠮᠵᠢᠨ᠎ᠡ᠂ ᠺᠢᠷᠭᠢᠽᠰᠲ᠋ᠠᠨ ᠤ ᠬᠢᠨ ᠳᠤᠮᠳᠠᠳᠤ | ᠤᠯᠤᠰ ᠤᠨ ᠪᠡᠯᠡ ᠣᠷᠣᠭᠤᠯᠤᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠬᠤ ᠶᠢ ᠬᠦᠰᠡᠵᠦ | ᠪᠠᠶᠢᠨ᠎ᠠ᠃ ᠬᠤᠯᠪᠣᠯᠳᠤᠨ ᠨᠡᠪᠲᠡᠷᠡᠯᠴᠡᠬᠦ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠳᠤᠮᠳᠠᠳᠤ ᠺᠢᠷᠭᠢᠽᠰᠲ᠋ᠠᠨ | ᠦᠽᠪᠤᠺᠰᠲ᠋ᠠᠨ ᠤ ᠲᠡᠮᠦᠷ ᠵᠠᠮ ᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠢ ᠪᠠᠷ ᠰᠠᠶᠢᠲᠤᠷ ᠪᠦᠲᠦᠭᠡᠨ ᠪᠠᠶᠢᠭᠤᠯᠵᠤ᠂ | ᠨᠢᠭᠡᠨᠲᠡ ᠪᠠᠶᠢᠭ᠎ᠠ ᠬᠢᠯᠢ ᠶᠢᠨ ᠪᠣᠭᠤᠮᠲᠠ ᠶᠢᠨ ᠣᠳᠣᠬᠢᠴᠢᠯᠠᠭᠰᠠᠨ ᠥᠭᠡᠷᠡᠴᠢᠯᠡᠯᠲᠡ ᠶᠢ ᠵᠡᠷᠭᠡ ᠪᠠᠷ ᠠᠬᠢᠭᠤᠯᠵᠤ᠂ | ᠨᠡᠩ ᠤᠯᠠᠨ ᠠᠶᠠᠨᠴᠢᠳ ᠤᠨ ᠵᠥᠭᠡᠭᠡᠪᠦᠷᠢ ᠪᠠ ᠪᠠᠷᠠᠭᠠᠨ ᠤ ᠲᠡᠭᠡᠭᠡᠪᠦᠷᠢ ᠶᠢᠨ ᠡᠭᠡᠯᠵᠢ ᠶᠢᠨ ᠨᠢᠰᠬᠡᠯ ᠢ ᠨᠠᠪᠲᠠᠷᠡᠭᠦᠯᠵᠦ | ᠂ ᠬᠤᠶᠠᠷ ᠤᠯᠤᠰ ᠤᠨ ᠬᠥᠮᠥᠰ ᠤᠨ ᠶᠠᠪᠤᠯᠴᠠᠭ᠎ᠠ ᠪᠣᠯᠣᠨ ᠪᠠᠷᠠᠭᠠᠨ ᠤ ᠭᠦᠢᠯᠭᠡᠭᠡ ᠳᠤ ᠨᠡᠩ ᠤᠯᠠᠨ ᠲᠦᠭᠦᠮ | ᠦᠵᠡᠭᠦᠯᠦᠶ᠎ᠡ᠃ ᠬᠢᠯᠢ ᠠᠯᠤᠰᠯᠠᠭᠰᠠᠨ ᠡᠯᠧᠺᠳ᠋ᠷᠣᠨ ᠬᠤᠳᠠᠯᠳᠤᠭ᠎ᠠ᠂ ᠲᠣᠮᠣ ᠳ᠋ᠠᠶᠢᠲ᠋ᠠ᠂ ᠵᠣᠬᠢᠶᠠᠮᠠᠯ ᠤᠶᠤᠨ | ᠴᠢᠳᠠᠪᠤᠷᠢ ᠵᠡᠷᠭᠡ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ | ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠶ᠎ᠠ᠃ ᠬᠤᠶᠠᠷ ᠲᠠᠯ᠎ᠠ ᠪᠠᠷ ᠢᠶᠠᠨ ᠳᠤᠮᠳᠠᠳᠤ ᠤᠯᠤᠰ ᠤᠨ ᠰᠣᠶᠣᠯ ᠤᠨ ᠲᠥᠪ | ᠂ ᠯᠦ ᠪᠠᠨ ᠦᠢᠯᠡᠳᠬᠡᠯ ᠤᠨ ᠭᠠᠵᠠᠷ᠂ ᠺᠦᠩᠽᠢ ᠳᠡᠭᠡᠳᠦ ᠰᠤᠷᠭᠠᠭᠤᠯᠢ ᠵᠡᠷᠭᠡ ᠪᠠᠶᠢᠭᠤᠯᠤᠮᠵᠢ ᠶᠢ ᠰᠠᠶᠢᠲᠤᠷ | ᠡᠵᠡᠩᠨᠡᠵᠦ᠂ ᠣᠷᠣᠨ ᠨᠤᠲᠤᠭ ᠤᠨ ᠰᠣᠯᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠺᠢᠷᠭᠢᠽᠰᠲ᠋ᠠᠨ ᠤ ᠨᠥᠬᠦᠷᠯᠡᠯ ᠤᠨ | ᠦᠢᠯᠡᠰ ᠲᠤ ᠣᠷᠤᠯᠴᠠᠬᠤ ᠨᠡᠩ ᠤᠯᠠᠨ ᠬᠦᠴᠦᠨ ᠢ ᠪᠤᠶᠢᠵᠢᠭᠤᠯᠤᠶ᠎ᠠ᠃ ᠳᠤᠮᠳᠠᠳᠤ ᠶᠢᠨ ᠲᠠᠯ᠎ᠠ ᠳᠤᠷᠠᠲᠠᠶ᠎ᠠ | ᠺᠢᠷᠭᠢᠽᠰᠲ᠋ᠠᠨ ᠤ ᠲᠠᠯ᠎ᠠ ᠲᠠᠢ ᠨᠢᠭᠲᠠ ᠬᠠᠮᠵᠢᠯᠴᠠᠵᠤ᠂ ᠳᠤᠮᠳᠠᠳᠤ ᠤᠯᠤᠰ – ᠳᠤᠮᠳᠠ ᠠᠽᠢᠶ᠎ᠠ ᠶᠢᠨ | ᠲᠣᠭᠲᠠᠴᠠ ᠶᠢᠨ ᠬᠠᠮᠲᠤᠷᠠᠯᠴᠠᠭᠠᠨ ᠤ ᠲᠦᠪᠰᠢᠨ ᠢ ᠳᠡᠭᠡᠭᠰᠢᠯᠡᠭᠦᠯᠵᠦ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢ ᠪᠣᠳᠠᠲᠠᠶᠢᠵᠢᠭᠤᠯᠤᠨ ᠬᠦᠴᠦᠷᠬᠡᠭᠵᠢᠭᠦᠯᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ | ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠢ ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ | ᠪᠣᠯᠪᠠᠰᠤᠨ ᠤ ᠰᠠᠨᠠᠭᠠᠴᠢᠯᠠᠭ᠎ᠠ ᠶᠢ ᠦᠢᠯᠡᠳᠦᠯᠭᠡᠵᠢᠭᠦᠯᠵᠦ᠂ ᠭᠠᠷ ᠬᠤᠯᠪᠣᠨ ᠬᠥᠮᠥᠨ ᠲᠥᠷᠥᠯᠬᠢᠲᠡᠨ ᠤ ᠬᠤᠪᠢ | ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ ᠭᠡᠵᠦ ᠴᠢᠬᠤᠯᠠᠴᠢᠯᠠᠪᠠ᠃ ᠵᠠᠫᠠᠯᠤᠹ᠂ ᠰᠢᠨ᠎ᠡ ᠵᠢᠯ ᠤᠨ | ᠡᠬᠢᠨ ᠢᠶᠠᠷ ᠳᠤᠮᠳᠠᠳᠤ ᠤᠯᠤᠰ ᠲᠤ ᠠᠶᠢᠯᠴᠢᠯᠠᠵᠤ ᠪᠠᠶᠢᠬᠤ ᠳᠠᠭᠠᠨ ᠮᠠᠰᠢ ᠪᠠᠶᠠᠷ ᠲᠠᠢ ᠪᠠᠶᠢᠨ᠎ᠠ᠃ ᠲᠡᠷᠢᠭᠦᠯᠡᠭᠴᠢ | ᠰᠢ ᠶᠢᠨ ᠫᠢᠩ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠳᠤ ᠬᠠᠮᠤᠭ ᠤᠨ ᠰᠠᠶᠢᠨ ᠰᠠᠶᠢᠬᠠᠨ ᠴᠠᠭᠠᠨ | ᠰᠠᠷ᠎ᠠ ᠶᠢᠨ ᠵᠥᠩᠨᠡᠯ ᠳᠡᠪᠰᠢᠭᠦᠯᠦᠶ᠎ᠡ᠃ ᠳᠤᠮᠳᠠᠳᠤ ᠤᠯᠤᠰ ᠤᠨ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ | ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠭᠦ ᠶᠢ ᠬᠦᠰᠡᠨ ᠵᠥᠩᠨᠡᠵᠦ ᠪᠠᠶᠢᠨ᠎ᠠ᠃ | ᠲᠡᠷᠢᠭᠦᠯᠡᠭᠴᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ ᠳᠤᠮᠳᠠᠳᠤ ᠤᠯᠤᠰ ᠬᠤᠣᠰ ᠵᠠᠭᠤᠨ ᠵᠢᠯ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠬᠦ ᠠᠶᠠᠨ ᠳᠤ ᠭᠢᠯᠠᠯᠵᠠᠭᠰᠠᠨ ᠠᠮᠵᠢᠯᠲᠠ ᠣᠯᠵᠤ᠂ ᠡᠯ᠎ᠡ ᠤᠯᠤᠰ ᠲᠠᠢ ᠬᠥᠭᠵᠢᠯᠲᠡ ᠶᠢᠨ | ᠦᠷ᠎ᠡ ᠪᠦᠲᠦᠭᠡᠯ ᠢᠶᠠᠨ ᠬᠤᠪᠢᠶᠠᠯᠴᠠᠵᠤ᠂ ᠣᠳᠣᠬᠢᠴᠢᠯᠠᠯᠲᠠ ᠲᠡᠶᠢᠰᠢ ᠤᠷᠤᠭᠰᠢᠯᠠᠬᠤ ᠶᠢᠨ ᠬᠠᠮᠲᠤ ᠳᠤᠮᠳᠠᠳᠤ ᠶᠢᠨ | ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠵᠤ᠂ ᠳᠡᠯᠡᠬᠡᠢ ᠳ᠋ᠠᠬᠢᠨ ᠳᠤ ᠦᠯᠢᠭᠡᠷ ᠳᠠᠭᠤᠷᠢᠶᠠᠯ ᠪᠣᠯᠪᠠ᠃ | ᠺᠢᠷᠭᠢᠽᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠤᠨ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠨ᠎ᠠ᠃ | ᠺᠢᠷᠭᠢᠽᠰᠲ᠋ᠠᠨ ᠳᠤᠮᠳᠠᠳᠤ ᠶᠢᠨ ᠨᠥᠭᠦᠷᠰᠡᠭ ᠶᠠᠪᠤᠯᠴᠠᠭ᠎ᠠ ᠥᠨᠢ ᠤᠳᠠᠭᠠᠨ ᠲᠡᠦᠬᠡ ᠲᠠᠢ ᠶᠤᠮ᠃ ᠬᠤᠶᠠᠷ ᠤᠯᠤᠰ ᠤᠨ | ᠬᠠᠷᠢᠯᠴᠠᠭ᠎ᠠ ᠣᠶᠢᠷ᠎ᠠ ᠶᠢᠨ ᠵᠢᠯ ᠳᠤ ᠰᠢᠨ᠎ᠡ ᠲᠦᠪᠰᠢᠨ ᠳᠤ ᠭᠦᠷᠪᠠ᠂ ᠳᠤᠮᠳᠠᠳᠤ ᠤᠯᠤᠰ ᠪᠣᠯ ᠺᠢᠷᠭᠢᠽᠰᠲ᠋ᠠᠨ ᠤ | ᠨᠠᠶᠢᠳᠠᠪᠤᠷᠢᠲᠠᠢ ᠨᠠᠶᠢᠵᠠ ᠪᠠ ᠬᠠᠨᠢᠲᠠᠨ ᠮᠥᠨ᠂ ᠡᠯ᠎ᠡ ᠰᠠᠯᠠᠭ᠎ᠠ ᠮᠥᠴᠢᠷ ᠡᠯ᠎ᠡ ᠭᠠᠵᠠᠷ ᠣᠷᠣᠨ ᠤ ᠬᠢᠨ ᠨᠢᠭᠲᠠ | ᠬᠠᠮᠲᠤᠷᠠᠯᠴᠠᠭ᠎ᠠ ᠥᠷᠨᠢᠭᠦᠯᠦᠭᠰᠡᠨ ᠪᠥᠭᠡᠳ ᠦᠯᠡᠮᠵᠢ ᠦᠷ᠎ᠡ ᠪᠦᠲᠦᠭᠡᠯ ᠣᠯᠪᠠ᠃ ᠺᠢᠷᠭᠢᠽᠰᠲ᠋ᠠᠨ ᠤ ᠬᠢᠨ ᠲᠠᠶᠢᠸᠠᠨ᠂ | ᠰᠢᠨᠵᠢᠶᠠᠩ ᠳᠤ ᠬᠤᠯᠪᠣᠭᠳᠠᠭᠰᠠᠨ᠂ ᠰᠢᠶᠠᠩᠭᠠᠩ ᠳᠤ ᠬᠤᠯᠪᠣᠭᠳᠠᠭᠰᠠᠨ ᠵᠡᠷᠭᠡ ᠠᠰᠠᠭᠤᠳᠠᠯ ᠤᠨ ᠲᠠᠯ᠎ᠠ ᠪᠠᠷ | ᠳᠤᠮᠳᠠᠳᠤ ᠤᠯᠤᠰ ᠢ ᠦᠷᠭᠦᠯᠵᠢᠯᠡᠨ ᠡᠷᠡᠰ ᠳᠡᠮᠵᠢᠨ᠎ᠡ᠃ ᠺᠢᠷᠭᠢᠽᠰᠲ᠋ᠠᠨ ᠤ ᠬᠢᠨ ᠳᠤᠷᠠᠲᠠᠶ᠎ᠠ ᠳᠤᠮᠳᠠᠳᠤ | ᠤᠯᠤᠰ ᠯᠤᠭ᠎ᠠ ᠺᠢᠷᠭᠢᠽᠰᠲ᠋ᠠᠨ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤ | ᠨᠠᠩ ᠣᠯᠠᠨ ᠦᠷ᠎ᠡ ᠪᠦᠲᠦᠭᠡᠯ ᠣᠯᠬᠤ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ | ᠬᠠᠮᠲᠤ ᠪᠠᠷ ᠪᠦᠲᠦᠭᠡᠨ ᠪᠠᠶᠢᠭᠤᠯᠵᠤ᠂ ᠳᠤᠮᠳᠠᠳᠤ ᠺᠢᠷᠭᠢᠽᠰᠲ᠋ᠠᠨ ᠦᠽᠪᠤᠺᠰᠲ᠋ᠠᠨ ᠤ ᠲᠡᠮᠦᠷ ᠵᠠᠮ ᠭᠡᠬᠦ ᠡᠨᠡ ᠬᠦ ︽ | ᠪᠣᠯᠣᠳ ᠲᠡᠮᠦᠷ ᠤᠨ ᠲᠣᠷᠭᠠᠨ ᠵᠠᠮ︾ ᠢ ᠰᠠᠶᠢᠲᠤᠷ ᠪᠦᠲᠦᠭᠡᠨ ᠪᠠᠶᠢᠭᠤᠯᠵᠤ᠂ ᠠᠵᠤ ᠦᠢᠯᠡᠰ᠂ ᠪᠡᠯᠡ | ᠣᠷᠣᠭᠤᠯᠤᠯᠲᠠ᠂ ᠠᠷᠠᠯᠵᠢᠶ᠎ᠠ᠂ ᠵᠠᠮ ᠬᠠᠷᠢᠯᠴᠠᠭ᠎ᠠ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ᠂ ᠰᠤᠷᠭᠠᠨ ᠬᠥᠮᠦᠵᠢᠯ | ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠠᠬᠢᠭᠤᠯᠤᠨ᠎ᠠ᠃ ᠳᠡᠯᠡᠬᠡᠢ ᠶᠢᠨ ᠪᠠ ᠭᠠᠵᠠᠷ ᠣᠷᠣᠨ ᠤ ᠪᠠᠶᠢᠳᠠᠯ ᠤᠨ | ᠨᠠᠷᠢᠨ ᠪᠤᠳᠤᠯᠢᠶᠠᠨᠲᠠᠢ ᠬᠤᠪᠢᠷᠠᠯᠲᠠ ᠶᠢᠨ ᠡᠮᠦᠨ᠎ᠡ ᠺᠢᠷᠭᠢᠽᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ | ᠨᠢᠭᠲᠠ ᠬᠠᠮᠲᠤᠷᠠᠯᠴᠠᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠪᠣᠯᠣᠨ ᠳᠤᠮᠳᠠᠳᠤ ᠤᠯᠤᠰ | – ᠳᠤᠮᠳᠠ ᠠᠽᠢᠶ᠎ᠠ ᠶᠢᠨ ᠲᠣᠭᠲᠠᠴᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠵᠤ᠂ ᠪᠦᠭᠦ | ᠪᠥᠮᠪᠥᠷᠴᠡᠭ ᠤᠨ ᠭᠤᠷᠪᠠᠨ ᠶᠡᠭᠡ ᠰᠠᠨᠠᠭᠠᠴᠢᠯᠠᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠭᠠᠵᠠᠷ ᠣᠷᠣᠨ ᠪᠣᠯᠣᠨ | ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠲᠤ ᠪᠠᠷ ᠬᠠᠮᠠᠭᠠᠯᠠᠨ᠎ᠠ ᠭᠡᠵᠦ ᠢᠯᠡᠳᠬᠡᠪᠡ᠃  | 2 ᠰᠠᠷ᠎ᠠ ᠶᠢᠨ 5 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ | ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ | ᠬᠢᠬᠦ ᠪᠠᠷ ᠢᠷᠡᠭᠰᠡᠨ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ | ᠲᠡᠭᠦᠰᠦᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠪᠣᠯᠣᠨ ᠪᠦᠭᠦᠳᠡ ᠨᠠᠶᠢᠷᠠᠮᠳᠠᠬᠤ ᠺᠢᠷᠭᠢᠽᠰᠲ᠋ᠠᠨ ᠤᠯᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ | ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠳᠤ | ᠬᠠᠮᠲᠤ ᠪᠠᠷ ᠭᠠᠷ ᠤᠨ ᠥᠰᠥᠭ ᠵᠢᠷᠤᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠱᠧᠨ ᠬᠤᠩ ᠰᠡᠭᠦᠳᠡᠷᠯᠡᠪᠡ ᠬᠡᠯᠡᠯᠴᠡᠭᠡ ᠲᠡᠭᠦᠰᠦᠭᠰᠡᠨ ᠤ ᠳᠠᠷᠠᠭ᠎ᠠ | ᠬᠤᠶᠠᠷ ᠤᠯᠤᠰ ᠤᠨ ᠲᠡᠷᠢᠭᠦᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ | ᠨᠠᠶᠢᠷᠠᠮᠳᠠᠬᠤ ᠺᠢᠷᠭᠢᠽᠰᠲ᠋ᠠᠨ ᠤᠯᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶᠢᠯᠡᠯᠲᠡ︾ ᠳᠤ ᠬᠠᠮᠲᠤ ᠪᠠᠷ | ᠭᠠᠷ ᠤᠨ ᠥᠰᠥᠭ ᠵᠢᠷᠤᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ | ᠬᠠᠮᠲᠤᠷᠠᠯᠴᠠᠭᠠᠨ ᠤ ᠲᠥᠯᠦᠪᠵᠢᠭᠦᠯᠭᠡ ᠵᠢᠴᠢ ᠭᠠᠳᠠᠭᠠᠳᠤ ᠬᠠᠷᠢᠯᠴᠠᠭ᠎ᠠ᠂ ᠠᠵᠤ ᠠᠬᠤᠢ ᠠᠷᠠᠯᠵᠢᠶ᠎ᠠ᠂ ᠬᠥᠳᠡᠭᠡ | ᠠᠵᠤ ᠠᠬᠤᠢ ᠵᠡᠷᠭᠡ ᠬᠦᠷᠢᠶᠡᠨ ᠳᠠᠬᠢ ᠣᠯᠠᠨ ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ | ᠥᠰᠥᠭ ᠵᠢᠷᠤᠬᠤ ᠶᠢ ᠭᠡᠷᠡᠴᠢᠯᠡᠪᠡ᠃ | ᠬᠡᠯᠡᠯᠴᠡᠭᠡ ᠬᠢᠬᠦ ᠠᠴᠠ ᠡᠮᠦᠨ᠎ᠡ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ | ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠵᠠᠫᠠᠯᠤᠹ ᠪᠣᠯᠣᠨ ᠲᠡᠭᠦᠨ ᠤ ᠬᠠᠳᠤᠨ ᠵᠠᠫᠠᠯᠤᠸᠠ ᠶᠢ | ᠤᠭᠲᠤᠬᠤ ᠶᠣᠰᠣᠯᠠᠯ ᠶᠠᠪᠤᠭᠤᠯᠪᠠ᠃ | | 2 ᠰᠠᠷ᠎ᠠ ᠶᠢᠨ 5 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ | ᠢᠷᠡᠭᠰᠡᠨ ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ ᠠᠴᠠ | ᠡᠮᠦᠨ᠎ᠡ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠵᠠᠫᠠᠯᠤᠹ ᠢ | ᠤᠭᠲᠤᠬᠤ ᠶᠣᠰᠣᠯᠠᠯ ᠶᠠᠪᠤᠭᠤᠯᠵᠤ ᠪᠠᠶᠢᠭ᠎ᠠ ᠨᠢ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠳ᠋ᠢᠩ ᠯᠢᠨ | ᠰᠡᠭᠦᠳᠡᠷᠯᠡᠪᠡ ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ | ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ | ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠺᠢᠷᠭᠢᠽᠰᠲ᠋ᠠᠨ ᠬᠤᠶᠠᠷ ᠤᠯᠤᠰ ᠤᠨ | ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠵᠠᠫᠠᠯᠤᠹ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ | ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ | ᠪᠥᠭᠡᠳ ᠵᠢᠭᠰᠠᠭᠠᠯ ᠢ ᠰᠣᠨᠢᠷᠬᠠᠪᠠ᠃ ᠲᠤᠰ ᠡᠳᠦᠷ ᠤᠨ ᠦᠳᠡ ᠳᠤ ᠰᠢ ᠶᠢᠨ ᠫᠢᠩ ᠪᠣᠯᠣᠨ ᠫᠧᠩ ᠯᠢ ᠶᠤᠸᠠᠨ | ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠲᠢᠩᠬᠢᠮ ᠳᠤ ᠵᠠᠫᠠᠯᠤᠹ ᠪᠣᠯᠣᠨ ᠲᠡᠭᠦᠨ ᠤ ᠬᠠᠳᠤᠨ ᠢ | ᠤᠭᠲᠤᠬᠤ ᠳᠠᠶᠢᠯᠠᠯᠭ᠎ᠠ ᠬᠢᠪᠡ᠃ ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ |