2 ᠰᠠᠷ᠎ᠠ ᠶᠢᠨ 7 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠷᠪᠢᠨ ᠳᠤ | ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ | ᠶᠣᠰᠣᠯᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠳᠡᠯᠡᠬᠡᠢ ᠶᠢᠨ ᠣᠯᠢᠮᠫᠢᠺ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠵᠥᠪᠯᠡᠯ ᠤᠨ ᠲᠡᠷᠢᠭᠦᠯᠡᠭᠴᠢ ᠪᠠᠾᠧ ᠲᠠᠢ ᠠᠭᠤᠯᠵᠠᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠳ᠋ᠢᠩ ᠬᠠᠢ ᠲᠣᠣ ᠰᠡᠭᠦᠳᠡᠷᠯᠡᠪᠡ | ᠰᠢᠨᠬᠤᠸᠠ ᠬᠤᠷᠢᠶ᠎ᠠ ᠶᠢᠨ ᠬᠠᠷᠪᠢᠨ ᠤ 2 ᠰᠠᠷ᠎ᠠ ᠶᠢᠨ 7 ᠤ ᠴᠠᠭᠢᠯᠭᠠᠨ ᠮᠡᠳᠡᠭᠡ 2 ᠰᠠᠷ᠎ᠠ ᠶᠢᠨ 7 ᠤ ᠦᠳᠡ ᠶᠢᠨ | ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠷᠪᠢᠨ ᠳᠤ ᠶᠢᠰᠦᠳᠦᠭᠡᠷ ᠬᠤᠭᠤᠴᠠᠭᠠᠨ ᠤ ᠠᠽᠢᠶ᠎ᠠ | ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠪᠠᠷ | ᠳᠤᠮᠳᠠᠳᠤ ᠤᠯᠤᠰ ᠲᠤ ᠢᠷᠡᠭᠰᠡᠨ ᠳᠡᠯᠡᠬᠡᠢ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠤᠨ | ᠲᠡᠷᠢᠭᠦᠯᠡᠭᠴᠢ ᠪᠠᠾᠧ ᠲᠠᠢ ᠠᠭᠤᠯᠵᠠᠪᠠ᠃ ᠰᠢ ᠶᠢᠨ ᠫᠢᠩ᠂ ᠣᠶᠢᠷ᠎ᠠ ᠶᠢᠨ ᠵᠢᠯ ᠠᠴᠠ ᠳᠤᠮᠳᠠᠳᠤ ᠤᠯᠤᠰ | ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ᠂ ᠴᠧᠩᠳᠦ᠋ ᠶᠢᠨ ᠣᠶᠤᠲᠠᠳ ᠤᠨ | ᠲᠠᠮᠢᠷ ᠤᠨ ᠴᠤᠭᠯᠠᠭᠠᠨ᠂ ᠬᠠᠩᠵᠧᠦ ᠶᠢᠨ ᠠᠽᠢᠶ᠎ᠠ ᠲᠢᠪ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ | ᠡᠷᠭᠢᠯᠡᠵᠦ᠂ ᠡᠨᠡ ᠣᠷᠣᠢ ᠬᠠᠷᠪᠢᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ | ᠤᠭᠲᠤᠬᠤ ᠪᠣᠯᠣᠨ᠎ᠠ᠃ ᠡᠳᠡᠭᠡᠷ ᠴᠢᠬᠤᠯᠠ ᠶᠡᠭᠡ ᠪᠡᠶ᠎ᠡ ᠶᠢᠨ ᠲᠠᠮᠢᠷ ᠤᠨ ᠤᠷᠤᠯᠳᠤᠭᠠᠨ ᠨᠢ ᠴᠥᠮ ᠳᠤᠮᠳᠠᠳᠤ ᠤᠯᠤᠰ | ᠪᠣᠯᠣᠨ ᠳᠡᠯᠡᠬᠡᠢ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠤᠨ ᠨᠢᠭᠲᠠ | ᠬᠠᠮᠲᠤᠷᠠᠯᠴᠠᠭ᠎ᠠ ᠶᠢ ᠬᠠᠷᠠᠭᠤᠯᠵᠤ ᠪᠠᠶᠢᠨ᠎ᠠ᠃ ᠣᠯᠢᠮᠫᠢᠺ ᠤᠨ ᠵᠣᠷᠢᠭ ᠰᠠᠨᠠᠭ᠎ᠠ ᠪᠣᠯ ᠬᠥᠮᠥᠨ ᠲᠥᠷᠥᠯᠬᠢᠲᠡᠨ ᠤ | ᠪᠣᠯᠪᠠᠰᠤᠨ ᠤ ᠴᠢᠬᠤᠯᠠ ᠪᠦᠷᠢᠯᠳᠦᠭᠦᠨ ᠬᠡᠰᠡᠭ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠠᠷᠠᠯᠲᠠ ᠪᠣᠯᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠳᠤᠮᠳᠠᠳᠤ ᠤᠯᠤᠰ ᠤᠨ ᠬᠦᠰᠡᠯ ᠡᠷᠡᠮᠡᠯᠵᠡᠯ ᠲᠠᠢ ᠳᠡᠭᠡᠳᠦ ᠬᠡᠮᠵᠢᠶ᠎ᠡ ᠪᠠᠷ | ᠨᠡᠶᠢᠴᠡᠵᠦ ᠪᠠᠶᠢᠨ᠎ᠠ᠃ ᠳᠤᠮᠳᠠᠳᠤ ᠤᠯᠤᠰ ᠣᠯᠢᠮᠫᠢᠺ ᠤᠨ ᠵᠣᠷᠢᠭ ᠰᠠᠨᠠᠭ᠎ᠠ ᠶᠢ ᠳᠤᠮᠳᠠᠳᠤ ᠶᠢᠨ ᠰᠢᠯᠢᠳᠡᠭ | ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ᠂ ᠪᠡᠶ᠎ᠡ ᠶᠢᠨ ᠲᠠᠮᠢᠷ ᠤᠨ ᠦᠢᠯᠡᠰ ᠢ ᠶᠡᠭᠡ ᠪᠠᠷ ᠬᠥᠭᠵᠢᠭᠦᠯᠵᠦ᠂ | ᠪᠡᠶ᠎ᠡ ᠶᠢᠨ ᠲᠠᠮᠢᠷ ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ ᠢ ᠪᠦᠲᠦᠭᠡᠨ ᠪᠠᠶᠢᠭᠤᠯᠬᠤ | ᠬᠠᠷᠠᠯᠲᠠ ᠲᠡᠶᠢᠰᠢ ᠤᠷᠤᠭᠰᠢᠯᠠᠵᠤ᠂ ᠯᠠᠪᠲᠠᠢ ᠳᠡᠯᠡᠬᠡᠢ ᠶᠢᠨ ᠪᠡᠶ᠎ᠡ ᠶᠢᠨ ᠲᠠᠮᠢᠷ ᠤᠨ ᠦᠢᠯᠡᠰ ᠲᠤ ᠲᠠᠰᠤᠷᠠᠯᠲᠠ ᠦᠭᠡᠢ | ᠰᠢᠨ᠎ᠡ ᠬᠤᠪᠢ ᠨᠡᠮᠡᠷᠢ ᠦᠵᠡᠭᠦᠯᠭᠦ ᠪᠣᠯᠣᠨ᠎ᠠ᠃ ᠪᠢᠳᠡ ᠳᠤᠷᠠᠲᠠᠶ᠎ᠠ ᠳᠡᠯᠡᠬᠡᠢ ᠶᠢᠨ ᠣᠯᠢᠮᠫᠢᠺ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠵᠥᠪᠯᠡᠯ ᠲᠠᠢ ᠬᠠᠮᠲᠤ ᠪᠠᠷ ᠣᠯᠢᠮᠫᠢᠺ ᠤᠨ ᠬᠥᠳᠡᠯᠭᠡᠭᠡᠨ ᠤ ᠥᠷᠨᠢᠩᠭᠦᠢ ᠬᠥᠭᠵᠢᠯᠲᠡ ᠶᠢ | ᠦᠷᠭᠦᠯᠵᠢᠯᠡᠨ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | 2 ᠰᠠᠷ᠎ᠠ ᠶᠢᠨ 7 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠠᠷᠪᠢᠨ ᠳᠤ | ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ | ᠶᠣᠰᠣᠯᠠᠯ ᠳᠤ ᠣᠷᠤᠯᠴᠠᠬᠤ ᠪᠠᠷ ᠳᠤᠮᠳᠠᠳᠤ ᠤᠯᠤᠰ ᠲᠤ ᠢᠷᠡᠭᠰᠡᠨ ᠳᠡᠯᠡᠬᠡᠢ ᠶᠢᠨ ᠣᠯᠢᠮᠫᠢᠺ ᠤᠨ ᠪᠡᠶ᠎ᠡ ᠶᠢᠨ | ᠲᠠᠮᠢᠷ ᠤᠨ ᠬᠥᠳᠡᠯᠭᠡᠭᠡᠨ ᠤ ᠵᠥᠪᠯᠡᠯ ᠤᠨ ᠲᠡᠷᠢᠭᠦᠯᠡᠭᠴᠢ ᠪᠠᠾᠧ ᠲᠠᠢ ᠠᠭᠤᠯᠵᠠᠪᠠ᠃ ᠰᠢᠨᠬᠤᠸᠠ ᠬᠤᠷᠢᠶ᠎ᠠ ᠶᠢᠨ | ᠰᠤᠷᠪᠤᠯᠵᠢᠯᠠᠭᠴᠢ ᠶᠤᠸᠠᠢ ᠶᠤᠸᠠᠢ ᠸᠧᠢ ᠰᠡᠭᠦᠳᠡᠷᠯᠡᠪᠡ ᠪᠠᡁᠧ᠂ ᠳᠤᠮᠳᠠᠳᠤ ᠤᠯᠤᠰ ᠤᠨ ᠤᠷᠳᠤ | ᠬᠤᠭᠤᠴᠠᠭᠠᠨ ᠤ ᠲᠤᠷᠰᠢ ᠳᠡᠯᠡᠬᠡᠢ ᠶᠢᠨ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠵᠥᠪᠯᠡᠯ ᠳᠤ | ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠳᠤᠮᠳᠠᠳᠤ ᠤᠯᠤᠰ ᠪᠡᠭᠡᠵᠢᠩ ᠤᠨ ᠡᠪᠦᠯ ᠤᠨ | ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠵᠡᠷᠭᠡ ᠭᠤᠶᠢᠳᠠ ᠰᠠᠶᠢᠬᠠᠨ ᠴᠢᠬᠤᠯᠠ ᠶᠡᠭᠡ ᠤᠷᠤᠯᠳᠤᠭᠠᠨ ᠢ | ᠠᠮᠵᠢᠯᠲᠠ ᠲᠠᠢ ᠡᠷᠭᠢᠯᠡᠵᠦ᠂ ᠳᠡᠯᠡᠬᠡᠢ ᠶᠢᠨ ᠣᠯᠢᠮᠫᠢᠺ ᠤᠨ ᠦᠢᠯᠡᠰ ᠲᠤ ᠴᠢᠬᠤᠯᠠ ᠶᠡᠭᠡ ᠬᠤᠪᠢ ᠨᠡᠮᠡᠷᠢ ᠦᠵᠡᠭᠦᠯᠪᠡ | ᠃ ᠳᠤᠮᠳᠠᠳᠤ ᠤᠯᠤᠰ ᠪᠦᠯᠬᠦᠮᠳᠡᠨ ᠬᠠᠮᠲᠤᠷᠠᠯᠴᠠᠬᠤ᠂ ᠡᠷᠬᠡ ᠲᠡᠭᠰᠢ ᠪᠠᠷ ᠬᠦᠨᠳᠦᠳᠬᠡᠬᠦ ᠵᠡᠷᠭᠡ ᠣᠶᠢᠯᠠᠭᠠᠭᠳᠠᠬᠤᠨ ᠢ | ᠰᠠᠨᠠᠭᠠᠴᠢᠯᠠᠨ ᠦᠢᠯᠡᠳᠦᠯᠭᠡᠵᠢᠭᠦᠯᠵᠦ᠂ ᠤᠯᠠᠨ ᠲᠠᠯᠠᠲᠤ ᠦᠵᠡᠯ ᠢ ᠪᠠᠷᠢᠮᠲᠠᠯᠠᠨ᠂ ᠪᠡᠶ᠎ᠡ ᠶᠢᠨ ᠲᠠᠮᠢᠷ ᠢ ᠤᠯᠤᠰ | ᠲᠥᠷᠥᠴᠢᠯᠡᠬᠦ ᠶᠢ ᠡᠰᠡᠷᠭᠦᠴᠡᠵᠦ᠂ ᠬᠥᠭᠵᠢᠵᠦ ᠪᠠᠶᠢᠭ᠎ᠠ ᠤᠯᠤᠰ ᠤᠳ ᠤᠨ ᠳᠡᠯᠡᠬᠡᠢ ᠶᠢᠨ ᠪᠡᠶ᠎ᠡ ᠶᠢᠨ ᠲᠠᠮᠢᠷ ᠤᠨ | ᠦᠢᠯᠡᠰ ᠲᠤ ᠥᠷᠭᠡᠨ ᠢᠶᠠᠷ ᠣᠷᠤᠯᠴᠠᠬᠤ ᠶᠢ ᠳᠡᠮᠵᠢᠵᠦ᠂ ᠣᠯᠢᠮᠫᠢᠺ ᠤᠨ ᠪᠡᠶ᠎ᠡ ᠶᠢᠨ ᠲᠠᠮᠢᠷ ᠤᠨ ᠬᠥᠳᠡᠯᠭᠡᠭᠡᠨ ᠤ | ᠡᠷᠡᠭᠦᠯ ᠢᠶᠠᠷ ᠬᠥᠭᠵᠢᠬᠦ ᠶᠢ ᠬᠦᠴᠦᠲᠡᠢ ᠠᠬᠢᠭᠤᠯᠪᠠ᠃ ᠳᠤᠮᠳᠠᠳᠤ ᠤᠯᠤᠰ ᠨᠡᠩ ᠶᠡᠭᠡ ᠬᠥᠭᠵᠢᠯᠲᠡ ᠶᠢᠨ ᠠᠮᠵᠢᠯᠲᠠ | ᠪᠦᠲᠦᠮᠵᠢ ᠪᠠᠷ ᠳᠡᠯᠡᠬᠡᠢ ᠶᠢᠨ ᠡᠩᠬᠡ ᠲᠠᠶᠢᠪᠤᠩ᠂ ᠬᠥᠭᠵᠢᠯᠲᠡ᠂ ᠲᠠᠪᠰᠢᠯᠳᠠ ᠶᠢᠨ ᠦᠢᠯᠡᠰ ᠲᠤ ᠲᠠᠰᠤᠷᠠᠯᠳᠠ ᠦᠭᠡᠢ | ᠨᠡᠩ ᠶᠡᠭᠡ ᠦᠢᠯᠡᠳᠦᠯ ᠪᠠᠳᠠᠷᠠᠭᠤᠯᠬᠤ ᠶᠢ ᠢᠲᠡᠭᠡᠵᠦ ᠪᠠᠶᠢᠨ᠎ᠠ᠃ ᠬᠠᠷᠪᠢᠨ ᠤ ᠠᠽᠢᠶ᠎ᠠ ᠲᠢᠪ ᠤᠨ ᠡᠪᠦᠯ ᠤᠨ | ᠤᠯᠠᠷᠢᠯ ᠤᠨ ᠲᠠᠮᠢᠷ ᠤᠨ ᠴᠤᠭᠯᠠᠭᠠᠨ ᠠᠮᠵᠢᠯᠲᠠ ᠲᠠᠢ ᠶᠠᠪᠤᠭᠳᠠᠬᠤ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃ | ᠼᠠᠢ ᠴᠢ᠂ ᠸᠠᠩ ᠢ᠂ ᠱᠧᠨ ᠢ ᠴᠢᠨ ᠨᠠᠷ ᠠᠭᠤᠯᠵᠠᠯᠲᠠ ᠳᠤ ᠣᠷᠣᠯᠴᠠᠵᠠᠢ᠃ | |