ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠬᠡᠷ ᠤᠨ ᠬᠢᠩᠭᠠᠨ ᠠᠶᠢᠮᠠᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠤᠯᠳᠠᠯᠭ᠎ᠠ ᠲᠠᠢ  ᠨᠢᠭᠡᠴᠢ ᠶᠢᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ  ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2025/3/15
   ᠡᠯ᠎ᠡ ᠬᠤᠰᠢᠭᠤ ᠰᠢᠶᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ᠂ ᠠᠵᠤ ᠠᠬᠤᠶᠢᠯᠠᠯ ᠠᠵᠢᠯ ᠦᠶ᠋ᠯᠡᠰ ‍ᠤᠨ‌ᠨᠢᠭᠡᠴᠢ ᠂ ᠲᠦᠪ ᠦᠪᠡᠷᠳᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠰᠢᠭᠤᠳ ᠬᠠᠮᠢᠶᠠᠷᠤᠯᠲᠠ ᠶᠢᠨ  ᠨᠢᠭᠡᠴᠢ ᠳᠤ᠄    ᠠᠶᠢᠮᠠᠭ ᠤᠨ ᠵᠠᠬᠢᠷᠭ᠎ᠠ ᠪᠠᠷ ᠵᠥᠪᠰᠢᠶᠡᠷᠡᠭᠦᠯᠦᠭᠡᠳ᠂ ᠡᠳᠦᠭᠡ ︽ᠬᠢᠩᠭᠠᠨ ᠠᠶᠢᠮᠠᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠤᠯᠳᠠᠯᠭ᠎ᠠ ᠲᠠᠢ ᠨᠢᠭᠡᠴᠢ ᠶᠢᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ  ᠲᠠᠷᠬᠠᠭᠠᠬᠤ ᠲᠤᠬᠠᠶ︾ ᠶᠢ ᠲᠠᠨᠠᠷ ᠲᠤ ᠳᠠᠷᠤᠮᠠᠯᠯᠠᠨ ᠲᠠᠷᠬᠠᠭᠠᠯ᠎ᠠ ᠂ ᠪᠣᠳᠠᠲᠠᠶ ᠲᠠᠢ ᠪᠠᠨ ᠤᠶᠠᠯᠳᠤᠭᠤᠯᠤᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠲᠤᠭᠠᠶ᠃                                          2025 ᠣᠨ ᠤ 1 ᠰᠠᠷ᠎ᠠ ᠶᠢᠨ 26                                                      ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶    ᠬᠢᠩᠭᠠᠨ ᠠᠶᠢᠮᠠᠭ ᠤᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠤᠯᠳᠠᠯᠭ᠎ᠠ ᠲᠠᠢ ᠨᠢᠭᠡᠴᠢ ᠶᠢᠨ ᠬᠠᠮᠢᠶᠠᠷᠤᠯᠲᠠ ᠶᠢᠨ ᠠᠷᠭ᠎ᠠᠨᠢᠭᠡᠳᠦᠭᠡᠷ ᠪᠦᠯᠦᠭ   ᠵᠡᠷᠦᠩᠬᠡᠶ ᠲᠦᠷᠢᠮ    ᠨᠢᠭᠡᠳᠦᠭᠡᠷ ᠵᠦᠢᠯ  ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢᠨ ᠲᠥᠯᠥᠭᠡ᠂ ᠴᠠᠭ ᠠᠭᠤᠷ ᠤᠨ ᠭᠠᠮᠰᠢᠭ ᠠᠴᠠ ᠪᠣᠯᠤᠭᠰᠠᠨ ᠬᠤᠬᠢᠷᠠᠯ ᠠᠴᠠ ᠵᠠᠶᠢᠯᠠᠰᠬᠢᠬᠦ ᠪᠠ ᠪᠠᠭᠠᠰᠬᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠨ᠂ ᠬᠢᠩᠭᠠᠨ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠠᠭ ᠠᠭᠤᠷ ᠤᠨ ᠬᠠᠤᠯᠢ︾ ︽ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠬᠢᠩᠭᠠᠨ ᠠᠶᠢᠮᠠᠭ ᠤᠨ ᠪᠣᠳᠠᠲᠠᠶ ᠲᠠᠢ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃    ᠬᠤᠶᠠᠳᠤᠭᠠᠷ ᠵᠦᠢᠯ ᠬᠢᠩᠭᠠᠨ ᠠᠶᠢᠮᠠᠭ ᠤᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠤᠯᠳᠠᠯᠭ᠎ᠠ ᠲᠠᠢ ᠨᠢᠭᠡᠴᠢ ᠶᠢ ᠲᠣᠭᠲᠠᠭᠠᠬᠤ᠂ ᠬᠢᠨᠠᠯᠲᠠ ᠲᠠᠯᠪᠢᠬᠤ ᠪᠠ ᠬᠠᠮᠢᠶᠠᠷᠬᠤ ᠳᠤ ᠲᠣᠰ ᠠᠷᠭ᠎ᠠ ᠳᠣᠭᠢᠷᠠᠨ᠎ᠠ᠃    ᠲᠤᠰ ᠠᠷᠭ᠎ᠠ ᠳᠤ ᠬᠡᠯᠡᠵᠦ ᠪᠠᠶᠢᠭ᠎ᠠ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠢ ︵ᠳᠣᠷᠣᠭᠰᠢ ︽ᠭᠤᠣᠯᠳᠠᠯᠭ᠎ᠠ ᠲᠠᠢ ᠨᠢᠭᠡᠴᠢ︾ ᠭᠡᠵᠦ ᠲᠣᠪᠴᠢᠯᠠᠨ᠎ᠠ︶᠂ ᠰᠢᠷᠦᠭᠦᠨ ᠪᠣᠷᠣᠭᠠᠨ ︵ᠴᠠᠰᠤ︶᠂ ᠥᠨᠳᠥᠷ ᠳᠤᠯᠠᠭᠠᠨ᠂ ᠭᠠᠩ ᠬᠠᠭᠤᠷᠠᠶ᠂ ᠠᠶᠤᠩᠭ᠎ᠠ ᠴᠠᠬᠢᠯᠭᠠᠨ᠂ ᠶᠡᠭᠡ ᠰᠠᠯᠬᠢ᠂ ᠮᠥᠨᠳᠥᠷ᠂ ᠬᠦᠢᠳᠡᠨ ᠤᠷᠤᠰᠬᠠᠯ᠂ ᠬᠦᠢᠳᠡᠨ ᠳᠤᠯᠠᠭᠠᠨ᠂ ᠬᠢᠷᠠᠭᠤ ᠬᠥᠯᠳᠡᠭᠦᠦ᠂ ᠶᠡᠭᠡ ᠮᠠᠨᠠᠨ ᠵᠡᠷᠭᠡ ᠭᠠᠮᠰᠢᠭᠲᠤ ᠴᠠᠭ ᠠᠭᠤᠷ ᠡᠭᠦᠰᠬᠦ ᠦᠶ᠎ᠡ ᠳᠤ᠂ ᠣᠷᠣᠰᠢᠵᠤ ᠪᠠᠶᠢᠭ᠎ᠠ ᠭᠠᠵᠠᠷ ᠵᠦᠢ ᠶᠢᠨ ᠪᠠᠶᠢᠷᠢᠰᠢᠯ᠂ ᠭᠠᠵᠠᠷ ᠤᠨ ᠪᠠᠶᠢᠴᠠ᠂ ᠭᠠᠵᠠᠷ ᠤᠨ ᠭᠠᠳᠠᠷᠭᠤ᠂ ᠭᠠᠵᠠᠷ ᠤᠨ ᠭᠠᠳᠠᠷᠭᠤ᠂ ᠠᠭᠤᠷ ᠠᠮᠢᠰᠬᠤᠯ ᠤᠨ ᠣᠷᠴᠢᠨ ᠠᠬᠤᠶ ᠶᠢᠨ ᠨᠥᠬᠦᠴᠡᠯ ᠪᠠ ᠨᠢᠭᠡᠴᠢ ᠶᠢᠨ ᠴᠢᠬᠤᠯᠠ ᠴᠢᠨᠠᠷ ᠵᠢᠴᠢ ᠲᠡᠭᠦᠨ ᠤ ᠠᠵᠢᠯ ᠤᠨ ᠥᠪᠡᠷᠮᠢᠴᠡ ᠴᠢᠨᠠᠷ ᠠᠴᠠ ᠪᠤᠯᠵᠤ ᠠᠮᠠᠷᠬᠠᠨ ᠰᠢᠭᠤᠳ ᠪᠤᠶᠤ ᠲᠠᠮ ᠢᠶᠠᠷ ᠨᠡᠯᠢᠶᠡᠳ ᠶᠡᠭᠡ ᠬᠥᠮᠦᠨ ᠬᠠᠷ᠎ᠠ ᠦᠬᠦᠵᠦ ᠰᠢᠷᠬᠠᠲᠤᠬᠤ᠂ ᠡᠳ᠋ ᠬᠦᠷᠦᠩᠭᠡ ᠬᠤᠬᠢᠷᠠᠬᠤ ᠪᠤᠶᠤ ᠬᠦᠨᠳᠦ ᠨᠣᠴᠢᠲᠠᠶ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠡᠭᠦᠰᠭᠡᠬᠦ ᠨᠢᠭᠡᠴᠢ ᠶᠢ ᠵᠢᠭᠠᠵᠤ ᠪᠠᠶᠢᠨ᠎ᠠ᠃    ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ  ᠤ ᠵᠠᠰᠠᠭ  ᠤ ᠣᠷᠳᠣᠨ ᠨᠤᠭᠤᠳ ᠭᠤᠣᠯᠳᠠᠯᠭ᠎ᠠ ᠲᠠᠢ ᠨᠢᠭᠡᠴᠢ ᠶᠢᠨ ᠴᠠᠭ ᠠᠭᠤᠷ  ᠤ ᠭᠠᠮᠰᠢᠭ  ᠢ ᠰᠡᠷᠭᠡᠶᠢᠯᠡᠨ ᠬᠤᠷᠢᠭᠯᠠᠬᠤ ᠠᠵᠢᠯ  ᠤ ᠤᠳᠤᠷᠢᠳᠤᠯᠭ᠎ᠠ ᠪᠠᠨ ᠴᠢᠩᠭᠠᠳᠬᠠᠨ᠂ ᠰᠡᠷᠭᠡᠶᠢᠯᠡᠨ ᠬᠤᠷᠢᠭᠯᠠᠬᠤ ᠠᠵᠢᠯ  ᠤ ᠵᠣᠬᠢᠴᠠᠭᠤᠯᠬᠤ ᠲᠣᠭᠲᠠᠴᠠ ᠪᠣᠯᠤᠨ ᠭᠠᠮᠰᠢᠭ  ᠢ ᠰᠡᠷᠭᠡᠶᠢᠯᠡᠨ ᠭᠠᠮᠰᠢᠭ  ᠢ ᠪᠠᠭᠠᠰᠬᠠᠬᠤ ᠬᠠᠷᠢᠭᠤᠴᠠᠯᠭ᠎ᠠ ᠶᠢᠨ ᠲᠥᠷᠢᠮ  ᠢ ᠪᠠᠶᠢᠭᠤᠯᠤᠨ ᠪᠥᠷᠢᠨᠰᠢᠬᠦᠯᠵᠤ᠂ ᠬᠠᠮᠢᠶ᠎ᠠ ᠪᠥᠬᠦᠢ ᠠᠵᠢᠯ  ᠢ ᠲᠤᠰ ᠱᠠᠲᠤᠨ ᠤ ᠤᠯᠤᠰ ᠠᠷᠠᠳ  ᠤ ᠠᠵᠤ ᠠᠬᠤᠶ ᠪᠣᠯᠤᠨ ᠨᠡᠶᠢᠭᠡᠮ  ᠤ ᠬᠥᠭᠵᠢᠯᠲᠡ ᠶᠢᠨ ᠲᠥᠯᠥᠪᠵᠢᠭᠦᠯᠭᠡ᠂ ᠣᠨ ᠤ ᠲᠥᠯᠥᠪᠯᠡᠭᠡ  ᠳᠤ ᠣᠷᠣᠭᠤᠯᠵᠤ᠂ ᠬᠡᠷᠡᠭᠰᠡᠬᠦ ᠵᠠᠷᠤᠳᠠᠯ  ᠢ ᠲᠤᠰ ᠱᠠᠲᠤᠨ ᠤ  ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠬᠡᠷᠡᠭᠲᠡᠶ᠃    ᠳᠥᠷᠪᠡᠳᠦᠭᠡᠷ ᠵᠦᠢᠯ  ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ  ᠤ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠨᠤᠭᠤᠳ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠭᠤᠣᠯᠳᠠᠯᠭ᠎ᠠ ᠲᠠᠢ ᠨᠢᠭᠡᠴᠢ ᠶᠢᠨ ᠴᠠᠭ ᠠᠭᠤᠷ  ᠤ ᠠᠶᠤᠯ ᠥᠭᠡᠢ ᠶᠢᠨ ᠬᠠᠮᠢᠶᠠᠷᠤᠯᠲᠠ ᠶᠢᠨ ᠠᠵᠢᠯ  ᠢ ᠬᠠᠷᠢᠭᠤᠴᠠᠨ ᠵᠣᠬᠢᠶᠠᠨ ᠪᠠᠶᠢᠭᠤᠯᠵᠤ᠂ ᠴᠠᠭ ᠠᠭᠤᠷ  ᠤ ᠭᠠᠮᠰᠢᠭ  ᠢ ᠰᠡᠷᠭᠡᠶᠢᠯᠡᠬᠦ ᠲᠥᠷᠢᠮ ᠪᠣᠯᠤᠨ ᠠᠵᠢᠯ  ᠤ ᠲᠥᠷᠢᠮ  ᠢ ᠪᠠᠶᠢᠭᠤᠯᠤᠨ ᠪᠥᠷᠢᠨᠰᠢᠬᠦᠯᠬᠦ ᠬᠡᠷᠡᠭᠲᠡᠶ᠃ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠯᠲᠠ ᠵᠡᠷᠭᠡ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ ᠭᠤᠣᠯᠳᠠᠯᠭ᠎ᠠ ᠲᠠᠢ ᠨᠢᠭᠡᠴᠢ ᠶᠢᠨ ᠴᠠᠭ ᠠᠭᠤᠷ  ᠤ ᠭᠠᠮᠰᠢᠭ  ᠢ ᠰᠡᠷᠭᠡᠶᠢᠯᠡᠬᠦ ᠠᠵᠢᠯ  ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠲᠠᠯᠪᠢᠵᠤ ᠪᠠᠶᠢᠴᠠᠭᠠᠬᠤ ᠲᠥᠷᠢᠮ ᠪᠣᠯᠤᠨ ᠴᠤᠪᠤᠷᠠᠯ  ᠢ ᠲᠣᠭᠲᠠᠭᠠᠬᠤ ᠬᠡᠷᠡᠭᠲᠡᠶ᠃    ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ  ᠤ ᠵᠠᠰᠠᠭ  ᠤ ᠣᠷᠳᠣᠨ ᠤ ᠬᠤᠯᠪᠣᠭᠳᠠᠯ ᠪᠥᠬᠦᠢ ᠰᠠᠯᠠᠭ᠎ᠠ ᠮᠥᠴᠢᠷ  ᠤᠳ ᠲᠤᠰ ᠲᠤᠰ  ᠤ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠭᠤᠣᠯᠳᠠᠯᠭ᠎ᠠ ᠲᠠᠢ ᠨᠢᠭᠡᠴᠢ ᠶᠢᠨ ᠴᠠᠭ ᠠᠭᠤᠷ  ᠤ ᠭᠠᠮᠰᠢᠭ  ᠢ ᠰᠡᠷᠭᠡᠶᠢᠯᠡᠬᠦ ᠶᠢ ᠵᠢᠯᠣᠭᠤᠳᠬᠤ ᠪᠠ ᠬᠢᠨᠠᠯᠲᠠ ᠲᠠᠯᠪᠢᠵᠤ ᠬᠠᠮᠢᠶᠠᠷᠬᠤ ᠠᠵᠢᠯ  ᠢ ᠰᠠᠶᠢᠲᠤᠷ ᠬᠢᠵᠦ᠂ ᠭᠤᠣᠯᠳᠠᠯᠭ᠎ᠠ ᠲᠠᠢ ᠨᠢᠭᠡᠴᠢ ᠶᠢᠨ ᠴᠠᠭ ᠠᠭᠤᠷ  ᠤ ᠭᠠᠮᠰᠢᠭ  ᠢ ᠰᠡᠷᠭᠡᠶᠢᠯᠡᠬᠦ ᠪᠡᠯᠡᠳᠬᠡᠯ ᠲᠥᠰᠦᠯ ᠨᠠᠶᠢᠷᠠᠭᠤᠯᠤᠨ ᠵᠣᠬᠢᠶᠠᠬᠤ᠂ ᠪᠠᠴᠢᠮ ᠪᠠᠶᠢᠳᠠᠯ  ᠢ ᠠᠷᠭᠠᠴᠠᠬᠤ ᠰᠣᠷᠢᠯᠲᠠ᠂ ᠠᠵᠢᠯᠳᠠᠨ ᠤ ᠪᠣᠯᠪᠠᠰᠤᠷᠠᠭᠤᠯᠤᠯ᠂ ᠲᠠᠯᠳᠠ ᠭᠡᠮ  ᠢ ᠵᠢᠭᠰᠠᠭᠠᠨ ᠪᠠᠶᠢᠴᠠᠭᠠᠬᠤ ᠵᠡᠷᠭᠡ ᠶᠢ ᠵᠢᠯᠣᠭᠤᠳᠴᠤ᠂ ᠭᠤᠣᠯᠳᠠᠯᠭ᠎ᠠ ᠲᠠᠢ ᠨᠢᠭᠡᠴᠢ ᠶᠢᠨ ᠠᠶᠤᠯ ᠠᠴᠠ ᠵᠠᠶᠢᠯᠠᠬᠤ᠂ ᠭᠠᠮᠰᠢᠭ ᠠᠴᠠ ᠵᠠᠶᠢᠯᠠᠬᠤ᠂ ᠥᠪᠡᠷ  ᠢ ᠪᠠᠨ ᠠᠪᠤᠷᠠᠬᠤ᠂ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃    ᠰᠤᠮᠤ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠭᠤᠣᠯᠳᠠᠯᠭ᠎ᠠ ᠲᠠᠢ ᠨᠢᠭᠡᠴᠢ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢ ᠬᠠᠮᠵᠢᠨ ᠰᠠᠶᠢᠲᠤᠷ ᠬᠢᠬᠦ ᠬᠡᠷᠡᠭᠲᠡᠢ᠃    ᠭᠤᠣᠯᠳᠠᠯᠭ᠎ᠠ ᠲᠠᠢ ᠨᠢᠭᠡᠴᠢ ᠨᠦᠭᠦᠳ ᠲᠤᠰ ᠨᠢᠭᠡᠴᠢ ᠶᠢᠨ ᠢᠶᠠᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠵᠦ᠂ ᠲᠤᠰ ᠨᠢᠭᠡᠴᠢ ᠶᠢᠨ ᠢᠶᠠᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃    ᠬᠤᠶᠠᠳᠤᠭᠠᠷ ᠪᠦᠯᠦᠭ ᠭᠤᠣᠯᠳᠠᠯᠭ᠎ᠠ ᠲᠠᠢ ᠨᠢᠭᠡᠴᠢ ᠶᠢ ᠲᠣᠭᠲᠠᠭᠠᠬᠤ    ᠵᠢᠷᠭᠤᠳᠤᠭᠠᠷ ᠵᠦᠢᠯ ᠭᠤᠣᠯᠳᠠᠯᠭ᠎ᠠ ᠲᠠᠢ ᠨᠢᠭᠡᠴᠢ ᠶᠢ ᠲᠣᠭᠲᠠᠭᠠᠬᠤ ᠳᠠᠭᠠᠨ ᠭᠤᠣᠯᠳᠠᠯᠭ᠎ᠠ ᠶᠢ ᠲᠤᠪᠤᠶᠢᠯᠭᠠᠬᠤ᠂ ᠲᠤᠭ᠎ᠠ ᠬᠡᠮᠵᠢᠶ᠎ᠡ ᠶᠢ ᠵᠣᠬᠢᠰᠲᠠᠢ ᠪᠠᠶᠢᠯᠭᠠᠬᠤ ᠶᠢ ᠪᠠᠷᠢᠮᠲᠠᠯᠠᠵᠤ᠂ ᠴᠠᠭ ᠠᠭᠤᠷ ᠤᠨ ᠭᠠᠮᠰᠢᠭ ᠲᠤ ᠨᠥᠯᠥᠭᠡᠯᠡᠭᠳᠡᠬᠦ ᠪᠣᠯᠣᠯᠴᠠᠭᠠᠲᠤ ᠴᠢᠨᠠᠷ᠂ ᠬᠦᠨᠳᠦ ᠨᠣᠴᠢᠲᠠᠢ ᠴᠢᠨᠠᠷ ᠵᠢᠴᠢ ᠨᠢᠭᠡᠴᠢ ᠶᠢᠨ ᠴᠢᠬᠤᠯᠠ ᠴᠢᠨᠠᠷ᠂ ᠠᠵᠢᠯ ᠤᠨ ᠥᠪᠡᠷᠮᠢᠴᠡ ᠴᠢᠨᠠᠷ ᠢᠶᠠᠷ ᠵᠠᠷᠴᠢᠮ ᠪᠣᠯᠭᠠᠵᠤ᠂ ᠤᠯᠠᠨ ᠨᠡᠶᠢᠲᠡ ᠶᠢᠨ ᠲᠠᠯᠠᠪᠤᠷ᠂ ᠬᠥᠮᠦᠨ ᠬᠠᠷ᠎ᠠ ᠬᠤᠷᠠᠨ ᠴᠤᠭᠯᠠᠷᠠᠳᠠᠭ ᠲᠠᠯᠠᠪᠤᠷ ᠵᠢᠴᠢ ᠤᠯᠠᠨ ᠨᠡᠶᠢᠲᠡ ᠶᠢᠨ ᠠᠮᠤᠷ ᠲᠦᠪᠰᠢᠨ ᠢ ᠨᠥᠯᠥᠭᠡᠯᠡᠵᠦ ᠮᠡᠳᠡᠬᠦ ᠨᠢᠭᠡᠴᠢ ᠳᠤ ᠠᠩᠬᠠᠷᠤᠯ ᠢᠶᠠᠨ ᠲᠥᠪᠯᠡᠷᠡᠭᠦᠯᠵᠦ ᠂ ᠳᠣᠣᠷ᠎ᠠ ᠵᠢᠭᠰᠠᠭᠠᠭᠰᠠᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠬᠤ ᠬᠡᠷᠡᠭᠲᠡᠢ᠄    ︵ᠨᠢᠭᠡ︶ ᠨᠢᠭᠡᠴᠢ ᠶᠢᠨ ᠣᠷᠣᠰᠢᠵᠤ ᠪᠠᠶᠢᠭ᠎ᠠ ᠣᠷᠣᠨ ᠪᠦᠰᠡ ᠶᠢᠨ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢᠨ ᠲᠡᠰ︔    ︵ᠬᠤᠶᠠᠷ︶ ᠨᠢᠭᠡᠴᠢ ᠶᠢᠨ ᠣᠷᠣᠰᠢᠵᠤ ᠪᠠᠶᠢᠭ᠎ᠠ ᠭᠠᠵᠠᠷ ᠵᠦᠢ ᠶᠢᠨ ᠪᠠᠶᠢᠷᠢᠯᠠᠯ᠂ ᠭᠠᠵᠠᠷ ᠤᠨ ᠪᠠᠶᠢᠴᠠ᠂ ᠭᠠᠵᠠᠷ ᠤᠨ ᠪᠠᠶᠢᠴᠠ᠂ ᠭᠠᠵᠠᠷ ᠤᠨ ᠭᠠᠳᠠᠷᠭᠤ᠂ ᠣᠷᠴᠢᠨ ᠲᠣᠭᠤᠷᠢᠨ ᠵᠡᠷᠭᠡ ᠨᠥᠬᠦᠴᠡᠯ︔    ︵ᠭᠤᠷᠪᠠ︶ ᠨᠢᠭᠡᠴᠢ ᠶᠢᠨ ᠰᠢᠨᠵᠢ ᠴᠢᠨᠠᠷ᠂ ᠬᠡᠪᠴᠢᠶ᠎ᠡ᠂ ᠦᠢᠯᠡᠳᠪᠦᠷᠢᠯᠡᠯ ᠡᠵᠡᠩᠨᠡᠯᠲᠡ ᠶᠢᠨ ᠣᠨᠴᠠᠯᠢᠭ ᠰᠢᠨᠵᠢ ᠵᠢᠴᠢ ᠲᠡᠭᠦᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠦᠵᠡᠭᠦᠯᠬᠦ ᠴᠢᠬᠤᠯᠠ ᠴᠢᠨᠠᠷ︔    ︵ᠲᠦᠷᠪᠡ︶ ᠨᠢᠭᠡᠴᠢ ᠴᠠᠭ ᠠᠭᠤᠷ ᠤᠨ ᠭᠠᠮᠰᠢᠭ ᠲᠤ ᠤᠴᠠᠷᠠᠬᠤ ᠦᠶ᠎ᠡ ᠳᠤ ᠤᠴᠠᠷᠠᠭᠤᠯᠵᠤ ᠮᠡᠳᠡᠬᠦ ᠬᠤᠬᠢᠷᠠᠯ ᠤᠨ ᠬᠡᠮᠵᠢᠶ᠎ᠡ᠃    ᠳᠣᠯᠣᠳᠤᠭᠠᠷ ᠵᠦᠢᠯ ᠭᠤᠣᠯᠳᠠᠯᠭ᠎ᠠ ᠲᠠᠢ ᠨᠢᠭᠡᠴᠢ ᠨᠢ ᠴᠠᠭ ᠠᠭᠤᠷ ᠤᠨ ᠭᠠᠮᠰᠢᠭ ᠪᠤᠶᠤ ᠡᠭᠦᠰᠦᠮᠡᠯ ᠭᠠᠮᠰᠢᠭ ᠤᠨ ᠲᠣᠬᠢᠶᠠᠯᠳᠤᠮᠵᠢ ᠪᠠᠷ ᠨᠡᠯᠢᠶᠡᠳ ᠶᠡᠭᠡ᠂ ᠰᠢᠭᠤᠳ ᠪᠤᠶᠤ ᠳᠠᠮ ᠢᠶᠠᠷ ᠨᠡᠯᠢᠶᠡᠳ ᠶᠡᠭᠡ ᠬᠥᠮᠦᠨ ᠦᠬᠦᠵᠦ ᠰᠢᠷᠬᠠᠲᠤᠬᠤ᠂ ᠡᠳ᠋ ᠬᠦᠷᠦᠩᠭᠡ ᠶᠢᠨ ᠬᠤᠬᠢᠷᠠᠯ ᠢ ᠠᠮᠠᠷᠬᠠᠨ ᠪᠤᠢ ᠪᠣᠯᠭᠠᠬᠤ ᠪᠤᠶᠤ ᠦᠢᠯᠡᠳᠪᠦᠷᠢᠯᠡᠯ ᠤᠨ ᠠᠶᠤᠯᠭᠦᠶ ᠶᠢᠨ ᠬᠦᠨᠳᠦ ᠨᠣᠴᠢᠲᠠᠶ ᠡ᠊ᠨᠳᠡᠯ ᠢ ᠡᠭᠦᠰᠭᠡᠬᠦ ᠨᠢᠭᠡᠴᠢ ᠪᠠᠶᠢᠬᠤ ᠬᠡᠷᠡᠭᠲᠡᠶ᠃    ᠳᠣᠣᠷ᠎ᠠ ᠵᠢᠭᠰᠠᠭᠠᠭᠰᠠᠨ ᠨᠢᠭᠡᠴᠢ ᠶᠢ ᠭᠤᠣᠯᠳᠠᠯᠭ᠎ᠠ ᠲᠠᠢ ᠨᠢᠭᠡᠴᠢ ᠪᠠᠷ ᠲᠣᠭᠲᠠᠭᠠᠵᠤ ᠪᠣᠯᠤᠨ᠎ᠠ᠄    ︵ᠨᠢᠭᠡ︶ ᠨᠣᠴᠣᠮᠠᠲᠠᠭᠠᠶ ᠳᠡᠯᠪᠡᠷᠡᠮᠡᠲᠡᠭᠡᠶ᠂ ᠬᠤᠣᠷ ᠬᠥᠨᠥᠭᠡᠯ ᠲᠠᠢ᠂ ᠠᠶᠤᠯᠲᠠᠶ ᠬᠢᠮᠢ ᠶᠢᠨ ᠵᠦᠢᠯ᠂ ᠰᠠᠴᠤᠷᠠᠭ ᠢᠳᠡᠪᠬᠢ ᠴᠢᠨᠠᠷᠲᠠᠶ ᠡᠳ᠋ ᠪᠣᠳᠠᠰ ᠵᠡᠷᠭᠡ ᠠᠶᠤᠯᠲᠠᠶ ᠡᠳ᠋ ᠪᠣᠳᠠᠰ ᠢ ᠦᠢᠯᠡᠳᠪᠦᠷᠢᠯᠡᠬᠦ᠂ ᠳᠦᠭᠦᠷᠭᠡᠨ ᠰᠠᠪᠠᠯᠠᠬᠤ᠂ ᠬᠠᠳᠠᠭᠠᠯᠠᠬᠤ᠂ ᠬᠠᠩᠭᠠᠬᠤ᠂ ᠲᠡᠭᠡᠭᠡᠪᠦᠷᠢᠯᠡᠬᠦ ᠪᠤᠶᠤ ᠡᠵᠡᠩᠨᠡᠬᠦ᠂ ᠪᠣᠷᠣᠯᠠᠭᠤᠯᠬᠤ ᠨᠢᠭᠡᠴᠢ︔ ︵ᠨᠢᠭᠡ︶ ᠨᠣᠴᠣᠮᠠᠲᠠᠭᠠᠶ ᠳᠡᠯᠪᠡᠷᠡᠮᠡᠲᠡᠭᠡᠶ᠂ ᠬᠤᠣᠷ ᠬᠥᠨᠥᠭᠡᠯ ᠲᠠᠢ᠂ ᠠᠶᠤᠯᠲᠠᠶ ᠬᠢᠮᠢ ᠶᠢᠨ ᠵᠦᠢᠯ᠂ ᠰᠠᠴᠤᠷᠠᠭ ᠢᠳᠡᠪᠬᠢ ᠴᠢᠨᠠᠷᠲᠠᠶ ᠡᠳ᠋ ᠪᠣᠳᠠᠰ ᠵᠡᠷᠭᠡ ᠠᠶᠤᠯᠲᠠᠶ ᠡᠳ᠋ ᠪᠣᠳᠠᠰ ᠢ ᠦᠢᠯᠡᠳᠪᠦᠷᠢᠯᠡᠬᠦ᠂ ᠳᠦᠭᠦᠷᠭᠡᠨ ᠰᠠᠪᠠᠯᠠᠬᠤ᠂ ᠬᠠᠳᠠᠭᠠᠯᠠᠬᠤ᠂ ᠬᠠᠩᠭᠠᠬᠤ᠂ ᠲᠡᠭᠡᠭᠡᠪᠦᠷᠢᠯᠡᠬᠦ ᠪᠤᠶᠤ ᠡᠵᠡᠩᠨᠡᠬᠦ᠂ ᠪᠣᠷᠣᠯᠠᠭᠤᠯᠬᠤ ᠨᠢᠭᠡᠴᠢ︔    ︵ᠬᠤᠶᠠᠷ︶ ᠰᠤᠷᠭᠠᠭᠤᠯᠢ ︵ᠬᠡᠤᠬᠡᠳ ᠤᠨ ᠴᠡᠴᠡᠷᠯᠢᠭ ᠪᠠᠭᠲᠠᠨ᠎ᠠ︶᠂ ᠡᠮᠨᠡᠯᠭᠡ ᠶᠢᠨ ᠬᠤᠷᠢᠶ᠎ᠠ᠂ ᠨᠠᠰᠤᠲᠠᠨ ᠢ ᠠᠰᠠᠷᠠᠬᠤ ᠬᠦᠷᠢᠶᠡᠯᠡᠩ ︵ᠠᠰᠠᠷᠠᠮᠵᠢ ᠶᠢᠨ ᠬᠦᠷᠢᠶᠡᠯᠡᠩ︶᠂ ᠪᠡᠶ᠎ᠡ ᠶᠢᠨ ᠲᠠᠮᠢᠷ ︵ᠲᠠᠯᠠᠪᠠᠶ︶ ᠤᠨ ᠣᠷᠳᠣᠨ᠂ ᠺᠢᠨᠣ᠋ ᠵᠦᠴᠦᠭᠡ ᠶᠢᠨ ᠲᠢᠶᠠᠲᠷ᠂ ᠨᠢᠰᠬᠡᠯ ᠤᠨ ᠪᠠᠭᠤᠳᠠᠯ᠂ ᠠᠶᠠᠨᠴᠢᠳ ᠤᠨ ᠲᠡᠭᠡᠭᠡᠪᠦᠷᠢ ᠶᠢᠨ ᠲᠡᠷᠭᠡᠨ ᠥᠷᠲᠡᠭᠡ᠂ ᠬᠤᠳᠠᠯᠳᠤᠭᠠᠨ ᠤ ᠲᠠᠯᠠᠪᠤᠷ᠂ ᠠᠶᠠᠨᠴᠢᠳ ᠤᠨ ᠪᠠᠭᠤᠳᠠᠯ᠂ ᠢᠳᠡᠭᠡᠨ ᠤᠮᠳᠠᠭᠠᠨ ᠤ ᠲᠠᠯᠠᠪᠤᠷ᠂ ᠦᠶ᠋ᠯᠡᠳᠪᠦᠷᠢ ᠠᠭᠤᠷᠬᠠᠶ ᠠᠵᠤ ᠠᠬᠤᠶᠢᠯᠠᠯ᠂ ᠵᠢᠭᠤᠯᠴᠢᠯᠠᠯ ᠤᠨ ᠦᠵᠡᠮᠵᠢ ᠶᠢᠨ ᠭᠠᠵᠠᠷ ᠵᠡᠷᠭᠡ ᠬᠥᠮᠦᠨ ᠣᠯᠠᠨ ᠴᠤᠭᠯᠠᠷᠠᠬᠤ ᠲᠠᠯᠠᠪᠤᠷ ᠭᠠᠵᠠᠷ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ︔    ︵ᠭᠤᠷᠪᠠ︶ ᠴᠢᠬᠤᠯᠠ ᠶᠡᠭᠡ ᠰᠠᠭᠤᠷᠢ ᠪᠡᠯᠡᠳᠬᠡᠮᠵᠢ᠂ ᠲᠤᠮᠤ ᠬᠡᠯᠪᠡᠷᠢ ᠶᠢᠨ ᠪᠠᠷᠢᠯᠭ᠎ᠠ᠂ ᠤᠯᠠᠨ ᠨᠡᠶᠢᠲᠡ ᠶᠢᠨ ᠪᠠᠷᠢᠯᠭ᠎ᠠ᠂ ᠠᠵᠤ ᠠᠬᠤᠶ ᠶᠢᠨ ᠨᠡᠭᠡᠭᠡᠯᠳᠡ ᠶᠢᠨ ᠲᠥᠷᠥᠯ ᠵᠦᠢᠯ ᠵᠡᠷᠭᠡ ᠨᠢᠭᠡᠨᠲᠡ ᠪᠠᠶᠢᠭᠤᠯᠤᠭᠰᠠᠨ ᠪᠤᠶᠤ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠥᠮᠴᠢᠲᠡ᠊ ᠨᠢᠭᠡᠴᠢ ᠃    ︵ᠲᠦᠷᠪᠡ︶ ᠤᠯᠤᠰ ᠤᠨ ᠠᠵᠤ ᠠᠬᠤᠶ ᠠᠷᠠᠳ ᠤᠨ ᠠᠮᠢᠳᠤᠷᠠᠯ ᠳᠤ ᠴᠢᠬᠤᠯᠠ ᠶᠡᠭᠡ ᠨᠥᠯᠥᠭᠡ ᠲᠠᠢ ᠴᠠᠬᠢᠯᠭᠠᠨ ᠬᠦᠴᠦ᠂ ᠰᠢᠲᠠᠮᠠᠬᠠᠶ ᠬᠡᠢ᠂ ᠤᠰᠤᠨ ᠤ ᠬᠠᠩᠭᠠᠯᠭ᠎ᠠ᠂ ᠠᠮᠤ ᠪᠤᠳᠠᠭ᠎ᠠ᠂ ᠮᠡᠳᠡᠭᠡ ᠬᠤᠯᠪᠣᠭ᠎ᠠ᠂ ᠷᠠᠳᠢᠣ᠋ ᠨᠡᠪᠲᠡᠷᠡᠭᠦᠯᠭᠡ ᠲᠧᠯᠸᠢᠰ ᠵᠡᠷᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ︔    ︵ᠲᠠᠪᠤ︶ ᠵᠢᠭᠤᠯᠴᠢᠯᠠᠯ ᠤᠨ ᠦᠵᠡᠮᠵᠢ ᠶᠢᠨ ᠣᠷᠣᠨ᠂ ᠭᠤᠣᠯ ᠰᠡᠳᠦᠪᠲᠦ ᠴᠡᠴᠡᠷᠯᠢᠭ᠂ ᠦᠵᠡᠮᠵᠢ ᠶᠢᠨ ᠣᠷᠣᠨ ᠤ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ᠂ ᠭᠤᠣᠯᠳᠠᠯᠭ᠎ᠠ ᠲᠠᠢ ᠲᠡᠦᠬᠡ ᠶᠢᠨ ᠳᠤᠷᠠᠰᠬᠠᠯᠲᠤ ᠵᠦᠢᠯ ᠤᠨ ᠬᠠᠮᠠᠭᠠᠯᠠᠯᠲᠠ ᠶᠢᠨ ᠨᠢᠭᠡᠴᠢ᠂ ᠭᠠᠳᠠᠭᠰᠢ ᠨᠡᠭᠡᠭᠡᠭᠰᠡᠨ ᠰᠣᠶᠣᠯ ᠦᠵᠡᠰᠬᠦᠯᠡᠩ ᠤᠨ ᠨᠢᠭᠡᠴᠢ︔    ︵ᠵᠢᠷᠭᠤᠭ᠎ᠠ︶ ᠵᠠᠮ᠂ ᠭᠤᠣᠯ ᠤᠨ ᠵᠠᠮ᠂ ᠠᠭᠠᠷ ᠤᠨ ᠠᠶᠠᠯᠠᠯ ᠵᠡᠷᠭᠡ ᠶᠢᠨ ᠠᠵᠢᠯᠯᠠᠭᠠᠨ ᠢ ᠬᠠᠮᠢᠶᠠᠷᠬᠤ ᠨᠢᠭᠡᠴᠢ     ︵ᠲᠤᠯᠤᠭ᠎ᠠ︶ ᠲᠤᠮᠤ ᠬᠡᠯᠪᠡᠷᠢ ᠶᠢᠨ ᠦᠢᠯᠡᠳᠪᠦᠷᠢᠯᠡᠯ᠂ ᠲᠤᠮᠤ ᠬᠡᠯᠪᠡᠷᠢ ᠶᠢᠨ ᠦᠢᠯᠡᠳᠬᠦ ᠦᠢᠯᠡᠰ᠂ ᠠᠭᠤᠷᠬᠠᠶ ᠮᠠᠯᠲᠠᠬᠤ ᠦᠢᠯᠡᠰ ᠤᠨ ᠨᠢᠭᠡᠴᠢ ᠪᠤᠶᠤ ᠬᠥᠳᠡᠯᠮᠦᠷᠢ ᠬᠤᠷᠠᠭᠰᠠᠨ ᠬᠡᠯᠪᠡᠷᠢ ᠶᠢᠨ ᠠᠵᠤ ᠠᠬᠤᠶᠢᠯᠠᠯ︔    ︵ᠨᠠᠢᠮᠠ︶ ᠴᠠᠭ ᠠᠭᠤᠷ ᠤᠨ ᠭᠠᠮᠰᠢᠭ ᠲᠤ ᠠᠮᠠᠷᠬᠠᠨ ᠨᠥᠯᠥᠭᠡᠯᠡᠭᠳᠡᠬᠦ ᠴᠤᠭᠯᠠᠭ᠎ᠠ ᠪᠠᠯᠭᠠᠰᠤ᠂ ᠠᠶᠢᠯ ᠲᠣᠰᠬᠤᠨ᠂ ᠲᠥᠪᠬᠢᠨᠡᠭᠦᠯᠬᠦ ᠭᠠᠵᠠᠷ᠂ ᠨᠡᠶᠢᠭᠡᠮ ᠲᠣᠭᠤᠷᠢᠭ︔    ︵ᠶᠢᠰᠦ︶ ᠴᠠᠭ ᠠᠭᠤᠷ ᠤᠨ ᠭᠠᠮᠰᠢᠭ ᠠᠴᠠ ᠪᠤᠯᠵᠦ ᠬᠥᠮᠦᠨ ᠬᠠᠷ᠎ᠠ ᠤᠢᠬᠦᠵᠦ ᠰᠢᠷᠬᠠᠲᠤᠬᠤ᠂ ᠡᠳ᠋ ᠬᠦᠷᠦᠩᠭᠡ ᠬᠤᠬᠢᠷᠠᠬᠤ ᠪᠤᠶᠤ ᠠᠮᠤᠷ ᠲᠦᠪᠰᠢᠨ ᠤ ᠡ᠊ᠨᠳᠡᠯ ᠠᠮᠠᠷᠬᠠᠨ ᠭᠠᠷᠬᠤ ᠪᠤᠰᠤᠳ ᠨᠢᠭᠡᠴᠢ᠃    ᠨᠠᠶ᠋ᠮᠠᠳᠤᠭᠠᠷ ᠵᠦᠢᠯ ᠲᠣᠰ ᠠᠷᠭ᠎ᠠ ᠶᠢᠨ ᠵᠢᠷᠭᠤᠳᠤᠭᠠᠷ ᠵᠦᠢᠯ ᠳᠤ ᠵᠢᠭᠰᠠᠭᠠᠭᠰᠠᠨ ᠨᠢᠭᠡᠴᠢ ᠨᠢ ᠳᠣᠤᠷᠠᠬᠢ ᠨᠥᠬᠦᠴᠡᠯ ᠤᠳ ᠤᠨ ᠨᠢᠭᠡ ᠳᠤᠨᠢ ᠨᠡᠶᠢᠴᠡᠪᠡᠯ᠂ ᠭᠤᠤᠯᠳᠠᠯᠭ᠎ᠠ ᠲᠠᠢ ᠨᠢᠭᠡᠴᠢ ᠪᠠᠷ ᠲᠣᠭᠲᠠᠭᠠᠬᠤ ᠬᠡᠷᠡᠭᠲᠡᠶ᠄    ︵ᠨᠢᠭᠡ︶ ᠴᠠᠭ ᠠᠭᠤᠷ ᠤᠨ ᠭᠠᠮᠰᠢᠭ ᠪᠤᠶᠤ ᠡᠭᠦᠰᠦᠮᠡᠯ᠂ ᠡᠭᠦᠰᠦᠮᠡᠯ ᠭᠠᠮᠰᠢᠭ ᠭᠠᠷᠴᠤ ᠥᠩᠭᠡᠷᠡᠭᠰᠡᠨ᠂ ᠬᠥᠮᠦᠨ ᠬᠠᠷ᠎ᠠ ᠥᠭᠦᠵᠦ ᠰᠢᠷᠬᠠᠲᠤᠭᠰᠠᠨ ᠪᠤᠶᠤ ᠨᠡᠯᠢᠶᠡᠳ ᠶᠡᠭᠡ ᠡᠳ᠋ ᠬᠥᠷᠥᠩᠭᠡ ᠶᠢᠨ ᠬᠤᠬᠢᠷᠠᠯ ᠢ ᠪᠣᠶ ᠪᠣᠯᠭᠠᠭᠰᠠᠨ ᠨᠢᠭᠡᠴᠢ ︔    ︵ᠬᠤᠶᠠᠷ︶ ᠴᠠᠭ ᠠᠭᠤᠷ ᠤᠨ ᠭᠠᠮᠰᠢᠭ ᠤᠨ ᠠᠶᠤᠯ ᠲᠦᠭᠰᠢᠭᠦᠷᠢ ᠶᠡᠬᠡᠲᠡᠶ ᠣᠷᠣᠨ ᠤ ᠬᠤᠪᠢᠶᠠᠷᠢᠯᠠᠯ ᠤᠨ ᠳᠣᠲᠣᠷᠠᠬᠢ ᠲᠤᠮᠦ ᠬᠡᠯᠪᠡᠷᠢ ᠶᠢᠨ ᠠᠵᠤ ᠠᠬᠤᠶᠢᠯᠠᠯ︔    ︵ᠭᠤᠷᠪᠠ︶ ᠬᠠᠮᠲᠤ ᠳᠤᠨᠢ 3 ᠵᠦᠢᠯ ᠠᠴᠠ ᠳᠡᠭᠡᠭᠰᠢ ᠭᠠᠮᠰᠢᠭᠲᠤ ᠴᠠᠭ ᠠᠭᠤᠷ ᠲᠤ ᠰᠡᠷᠭᠡᠭ ᠴᠢᠨᠠᠷ ᠢᠶᠠᠷ ᠴᠢᠩᠭ᠎ᠠ ᠨᠢᠭᠡᠴᠢ ᠪᠠᠶᠢᠬᠤ ᠬᠡᠷᠡᠭᠲᠡᠶ᠃    ᠶᠢᠰᠦᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ  ᠤ ᠵᠠᠰᠠᠭ  ᠤ ᠣᠷᠳᠣᠨ ᠨᠤᠭᠤᠳ ᠴᠠᠭ ᠠᠭᠤᠷ ᠵᠡᠷᠭᠡ ᠬᠤᠯᠪᠣᠭᠳᠠᠯ ᠪᠥᠬᠦᠢ ᠰᠠᠯᠠᠭ᠎ᠠ ᠮᠥᠴᠢᠷ  ᠢ ᠵᠣᠬᠢᠶᠠᠨ ᠪᠠᠶᠢᠭᠤᠯᠤᠨ ᠴᠠᠭ ᠠᠭᠤᠷ  ᠤ ᠭᠠᠮᠰᠢᠭ  ᠤ ᠲᠦᠭᠰᠢᠭᠦᠷᠢ ᠶᠢ ᠦᠨᠡᠯᠡᠨ ᠵᠢᠱᠢᠵᠦ᠂ ᠦᠨᠡᠯᠡᠨ ᠵᠢᠱᠢᠭᠰᠡᠨ ᠦᠷ᠎ᠡ  ᠳ᠋ᠦᠩ  ᠢ ᠭᠤᠣᠯᠳᠠᠯᠭ᠎ᠠ ᠲᠠᠢ ᠨᠢᠭᠡᠴᠢ ᠶᠢ ᠲᠣᠭᠲᠠᠭᠠᠬᠤ ᠦᠨᠳᠦᠰᠦᠯᠡᠯ ᠪᠣᠯᠭᠠᠵᠤ ᠪᠣᠯᠤᠨ᠎ᠠ᠃ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ ᠦᠨᠡᠯᠡᠨ ᠵᠢᠱᠢᠬᠦ ᠳᠤ ᠤᠯᠤᠰ ᠤᠨ ᠬᠤᠯᠪᠣᠭᠳᠠᠯ ᠪᠦᠬᠦᠢ ᠪᠠᠷᠢᠮᠵᠢᠶ᠎ᠠ ᠶᠢᠨ ᠲᠣᠭᠲᠠᠭᠠᠯ ᠢ ᠵᠢᠷᠤᠮᠯᠠᠬᠤ ᠬᠡᠷᠡᠭᠲᠡᠢ᠃    ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ ᠦᠨᠡᠯᠡᠨ ᠵᠢᠱᠢᠬᠦ ᠳᠤ ᠳᠣᠣᠷᠠᠬᠢ ᠠᠭᠤᠯᠭ᠎ᠠ ᠶᠢ ᠪᠠᠭᠲᠠᠭᠠᠬᠤ ᠬᠡᠷᠡᠭᠲᠡᠶ᠄    ︵ᠨᠢᠭᠡ︶ ᠴᠠᠭ ᠠᠭᠤᠷ  ᠤ ᠭᠠᠮᠰᠢᠭ  ᠤ ᠲᠡᠦᠬᠡ᠂ ᠣᠳᠣᠬᠢ ᠪᠠᠶᠢᠳᠠᠯ  ᠤ ᠵᠠᠳᠠᠯᠤᠯᠲᠠ  ᠃    ︵ᠬᠤᠶᠠᠷ︶ ᠭᠠᠷᠴᠤ ᠮᠡᠳᠡᠬᠦ ᠴᠠᠭ ᠠᠭᠤᠷ ᠤᠨ ᠭᠠᠮᠰᠢᠭ ᠢ ᠤᠷᠢᠳᠴᠢᠯᠠᠨ ᠵᠢᠱᠢᠬᠦ ᠪᠠ ᠠᠶᠤᠯ ᠲᠦᠭᠰᠢᠭᠦᠷᠢ ᠶᠢ ᠤᠷᠢᠳᠴᠢᠯᠠᠨ ᠵᠢᠱᠢᠬᠦ︔    ︵ᠭᠤᠷᠪᠠ︶ ᠴᠠᠭ ᠠᠭᠤᠷ ᠤᠨ ᠭᠠᠮᠰᠢᠭ ᠤᠨ ᠨᠥᠯᠥᠭᠡ ᠶᠢ ᠤᠷᠢᠳᠴᠢᠯᠠᠨ ᠰᠡᠷᠭᠡᠶᠢᠯᠡᠬᠦ ᠪᠤᠶᠤ ᠪᠠᠭᠠᠰᠬᠠᠬᠤ ᠠᠷᠭ᠎ᠠ ᠪᠤᠳᠦᠯᠭ᠎ᠠ ᠪᠠ ᠠᠷᠭ᠎ᠠ ᠬᠡᠮᠵᠢᠶ᠎ᠡ ᠵᠢᠴᠢ ᠲᠧᠭᠨᠢᠭ ᠮᠡᠷᠭᠡᠵᠢᠯ ᠠᠵᠤ ᠠᠬᠤᠶ ᠶᠢᠨ ᠵᠠᠳᠠᠯᠤᠯᠲᠠ︔    ︵ᠳᠥᠷᠪᠡ︶ ᠴᠠᠭ ᠠᠭᠤᠷ ᠤᠨ ᠭᠠᠮᠰᠢᠭ ᠤᠨ ᠲᠦᠭᠰᠢᠭᠦᠷᠢ ᠶᠢ ᠦᠨᠡᠯᠡᠨ ᠵᠢᠱᠢᠭᠰᠡᠨ ᠳ᠋ᠦᠩᠨᠡᠯᠲᠡ᠃    ᠠᠷᠪᠠᠳᠤᠭᠠᠷ ᠵᠦᠢᠯ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ᠂ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ ᠣᠷᠴᠢᠨ ᠲᠣᠭᠤᠷᠢᠨ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠲᠠᠷᠢᠶᠠᠯᠠᠩ ᠮᠠᠯ ᠠᠵᠤ ᠠᠬᠤᠶ᠂ ᠤᠰᠤᠨ ᠠᠰᠢᠭᠯᠠᠯᠲᠠ᠂ ᠬᠤᠳᠠᠯᠳᠤᠭᠠᠨ ᠤ ᠶᠠᠪᠤᠳᠠᠯ ᠤᠨ ᠪᠣᠭᠤᠮᠲᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠠᠴᠢᠮ ᠪᠠᠶᠢᠳᠠᠯ ᠢ ᠠᠷᠭᠠᠴᠠᠬᠤ᠂ ᠣᠶ ᠰᠢᠭᠤᠶ ᠡᠪᠡᠰᠦ ᠪᠡᠯᠴᠢᠭᠡᠷ᠂ ᠴᠢᠮᠡᠭᠡ ᠬᠤᠯᠪᠣᠭ᠎ᠠ ᠶᠢᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠤᠰ ᠠᠷᠭ᠎ᠠ ᠶᠢᠨ ᠵᠢᠷᠭᠤᠳᠤᠭᠠᠷ ᠵᠦᠢᠯ᠂ ᠳᠣᠯᠣᠳᠤᠭᠠᠷ ᠵᠦᠢᠯ᠂ ᠨᠠᠢᠮᠠᠳᠤᠭᠠᠷ ᠵᠦᠢᠯ ᠤᠨ ᠲᠣᠭᠲᠠᠭᠠᠯ ᠢ ᠦᠨᠳᠦᠰᠦᠯᠡᠵᠦ᠂ ᠲᠤᠰ ᠠᠷᠭ᠎ᠠ ᠶᠢᠨ ᠲᠣᠭᠲᠠᠭᠠᠯ ᠳᠤ ᠨᠡᠶᠢᠴᠡᠬᠦ ᠨᠢᠭᠡᠴᠢ ᠶᠢ ᠭᠤᠣᠯᠳᠠᠯᠭ᠎ᠠ ᠲᠠᠢ ᠨᠢᠭᠡᠴᠢ ᠶᠢᠨ ᠨᠡᠷᠡᠰ ᠤᠨ ᠬᠥᠮᠥᠷᠭᠡ ᠳᠤ ᠣᠷᠣᠭᠤᠯᠵᠤ᠂ ᠠᠳᠠᠯᠢ ᠱᠠᠲᠤᠨ ᠤ ᠴᠠᠭ ᠠᠭᠤᠷ ᠤᠨ ᠠᠵᠢᠯ ᠢ ᠡᠷᠬᠢᠯᠡᠠ ᠬᠠᠮᠢᠶᠠᠷᠬᠤ ᠪᠠᠶᠢᠭᠤᠯᠤᠮᠵᠢ ᠳᠤ ᠬᠤᠷᠢᠶᠠᠩᠭᠤᠶᠢᠯᠠᠨ ᠲᠤᠰᠢᠶᠠᠵᠤ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠲᠣᠭᠲᠠᠭᠠᠯᠭᠠᠭᠰᠠᠨ ᠤ ᠲᠡᠷᠠᠭ᠎ᠠ ᠨᠡᠶᠢᠲᠡᠯᠡᠨ᠎ᠡ᠃    ᠲᠤᠰᠦᠠ ᠤ ᠬᠥᠮᠥᠷᠭᠡ᠂ ᠭᠡᠢ ᠶᠢᠨ ᠬᠥᠮᠥᠷᠭᠡ᠂ ᠰᠤᠮᠤ ᠲᠡᠷᠢ ᠶᠢᠨ ᠬᠥᠮᠥᠷᠭᠡ᠂ ᠠᠶᠤᠯᠲᠠᠶ ᠬᠢᠮᠢ ᠶᠢᠨ ᠪᠣᠳᠠᠰ ᠤᠨ ᠬᠥᠮᠥᠷᠭᠡ᠂ ᠲᠤᠰᠦ ᠨᠡᠮᠡᠬᠦ ︵ᠭᠡᠢ︶ ᠤᠢᠷᠳᠡᠭᠡ ᠶᠢᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠪᠣᠯᠤᠨ ᠬᠤᠸᠠᠷ ᠫᠤᠤᠵᠢᠩ᠂ ᠴᠢᠯᠠᠭᠤᠨ ᠲᠤᠰᠦ ᠬᠢᠮᠢ ᠶᠢᠨ ᠠᠵᠤ ᠦᠢᠯᠡᠳᠪᠦᠷᠢ ᠵᠡᠷᠭᠡ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠂ ᠦᠢᠯᠡᠳᠬᠦᠨ ᠤ ᠦᠢᠯᠡᠳᠪᠦᠷᠢᠯᠡᠯ ᠤᠨ ᠨᠢᠭᠡᠴᠢ ᠶᠢ ᠴᠠᠭ ᠠᠭᠤᠷ ᠤᠨ ᠠᠵᠢᠯ ᠢ ᠡᠷᠬᠢᠯᠡᠠ ᠬᠠᠮᠢᠶᠠᠷᠬᠤ ᠪᠠᠶᠢᠭᠤᠯᠤᠮᠵᠢ ᠠᠴᠠ ᠠᠵᠢᠯ ᠲᠦᠷᠦᠯ ᠤᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤ ᠪᠠᠷ ᠭᠤᠣᠯᠳᠠᠯᠭ᠎ᠠ ᠲᠠᠢ ᠨᠢᠭᠡᠴᠢ ᠶᠢᠨ ᠨᠡᠷᠡᠰ ᠤᠨ ᠵᠢᠭᠰᠠᠭᠠᠯᠲᠠ ᠳᠤ ᠰᠢᠭᠤᠳ ᠣᠷᠣᠭᠤᠯᠵᠤ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠲᠣᠭᠲᠠᠭᠠᠯᠭᠠᠭᠰᠠᠨ ᠤ ᠲᠡᠷᠠᠭ᠎ᠠ ᠨᠡᠶᠢᠲᠡᠯᠡᠨ᠎ᠡ᠃    ᠠᠷᠪᠠᠨ ᠨᠢᠭᠡᠳᠦᠭᠡᠷ ᠵᠦᠢᠯ ᠭᠤᠣᠯᠳᠠᠯᠭ᠎ᠠ ᠲᠠᠢ ᠨᠢᠭᠡᠴᠢ ᠶᠢᠨ ᠨᠡᠷᠡᠰ ᠤᠨ ᠵᠢᠭᠰᠠᠭᠠᠯᠲᠠ ᠳᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠪᠣᠳᠠᠲᠤ ᠬᠡᠷᠡᠭᠴᠡᠭᠡ ᠶᠢ ᠦᠨᠳᠦᠰᠦᠯᠡᠨ ᠴᠠᠭ ᠲᠤᠬᠠᠶ ᠳᠤᠨᠢ ᠲᠤᠬᠢᠷᠡᠭᠤᠯᠦᠯᠳᠠ ᠬᠢᠵᠦ᠂ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠂ ᠬᠤᠶᠠᠷ ᠵᠢᠯ ᠳᠤ ᠨᠢᠭᠡ ᠤᠳᠠᠭ᠎ᠠ ᠰᠢᠨᠡᠳᠬᠡᠬᠦ ᠬᠡᠷᠡᠭᠲᠡᠶ᠃    ᠭᠤᠣᠯᠳᠠᠯᠭ᠎ᠠ ᠲᠠᠢ ᠨᠢᠭᠡᠴᠢ ᠶᠢᠨ ᠭᠠᠵᠠᠷ ᠵᠦᠶ ᠶᠢᠨ ᠪᠠᠶᠢᠷᠢᠰᠢᠯ᠂ ᠠᠵᠢᠯ ᠲᠥᠷᠥᠯ ᠤᠨ ᠰᠢᠨᠵᠢ ᠴᠢᠨᠠᠷ᠂ ᠬᠡᠪᠴᠢᠶ᠎ᠡ ᠵᠡᠷᠭᠡ ᠳᠤ ᠬᠤᠪᠢᠷᠠᠯᠲᠠ ᠭᠠᠷᠴᠤ᠂ ᠲᠤᠰ ᠠᠷᠭ᠎ᠠ ᠶᠢᠨ ᠵᠢᠷᠭᠤᠳᠤᠭᠠᠷ ᠵᠦᠢᠯ᠂ ᠳᠣᠯᠣᠳᠤᠭᠠᠷ ᠵᠦᠢᠯ᠂ ᠨᠠᠢᠮᠠᠳᠤᠭᠠᠷ ᠵᠦᠢᠯ ᠤᠨ ᠲᠣᠭᠲᠠᠭᠠᠯ ᠳᠤ ᠨᠡᠶᠢᠴᠡᠬᠦ ᠤᠢᠭᠡᠢ ᠪᠣᠯᠤᠭᠰᠠᠨ ᠪᠠᠶᠢᠪᠠᠯ᠂ ᠭᠤᠣᠯᠳᠠᠯᠭ᠎ᠠ ᠲᠠᠢ ᠨᠢᠭᠡᠴᠢ ᠪᠤᠶᠤ ᠠᠵᠢᠯ ᠲᠦᠷᠦᠯ ᠤᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠠᠴᠠ ᠪᠠᠶᠢᠭ᠎ᠠ ᠭᠠᠵᠠᠷ ᠤᠨ ᠢᠶᠠᠨ ᠴᠠᠭ ᠠᠭᠤᠷ ᠤᠨ ᠠᠵᠢᠯ ᠢ ᠡᠷᠬᠢᠯᠡᠠ ᠬᠠᠮᠢᠶᠠᠷᠬᠤ ᠪᠠᠶᠢᠭᠤᠯᠤᠮᠵᠢ ᠳᠤ ᠭᠤᠶᠤᠴᠢᠯᠠᠯ ᠭᠠᠷᠭᠠᠵᠤ᠂ ᠴᠠᠭ ᠠᠭᠤᠷ ᠤᠨ ᠠᠵᠢᠯ ᠢ ᠡᠷᠬᠢᠯᠡᠠ ᠬᠠᠮᠢᠶᠠᠷᠬᠤ ᠪᠠᠶᠢᠭᠤᠯᠤᠮᠵᠢ ᠠᠴᠠ ᠠᠵᠢᠯ ᠲᠦᠷᠦᠯ ᠤᠨ ᠠᠵᠢᠯ ᠢ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠲᠠᠢ ᠬᠢᠨᠠᠨ ᠬᠠᠷᠭᠤᠭᠤᠯᠤᠭᠰᠠᠨ ᠤ ᠲᠡᠷᠠᠭ᠎ᠠ᠂ ᠵᠢᠴᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠴᠠᠭ ᠲᠤᠬᠠᠶ ᠳᠤᠨᠢ ᠮᠡᠳᠡᠭᠦᠯᠵᠦ ᠭᠤᠣᠯᠳᠠᠯᠭ᠎ᠠ ᠲᠠᠢ ᠨᠢᠭᠡᠴᠢ ᠶᠢᠨ ᠨᠡᠷᠡᠰ ᠤᠨ ᠵᠢᠭᠰᠠᠭᠠᠯᠲᠠ ᠠᠴᠠ ᠰᠢᠯᠵᠢᠭᠦᠯᠦᠨ ᠭᠠᠷᠭᠠᠬᠤ ᠶᠢᠨ ᠬᠠᠮᠲᠤ ᠨᠡᠶᠢᠲᠡᠯᠡᠨ᠎ᠡ᠃    ᠠᠷᠪᠠᠨ ᠬᠤᠶᠠᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ  ᠤ ᠵᠠᠰᠠᠭ  ᠤ ᠣᠷᠳᠣᠨ  ᠤ ᠬᠤᠯᠪᠣᠭᠳᠠᠯ ᠪᠥᠬᠦᠢ ᠰᠠᠯᠠᠭ᠎ᠠ ᠮᠥᠴᠢᠷ  ᠤᠳ ᠭᠤᠣᠯᠳᠠᠯᠭ᠎ᠠ ᠲᠠᠢ ᠨᠢᠭᠡᠴᠢ ᠶᠢᠨ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠤᠨ ᠪᠥᠷᠢᠨᠰᠢᠬᠦᠯᠬᠦ ᠶᠢᠨ ᠬᠠᠮᠲᠤ ᠠᠳᠠᠯᠢ ᠱᠠᠲᠤᠨ ᠤ ᠴᠠᠭ ᠠᠭᠤᠷ  ᠤ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠯᠤᠭ᠎ᠠ ᠬᠠᠮᠲᠤ ᠪᠠᠷ ᠡᠳ᠋ᠯᠡᠵᠦ᠂ ᠬᠠᠮᠲᠤ ᠪᠠᠷ ᠬᠡᠷᠡᠭᠯᠡᠬᠦ ᠬᠡᠷᠡᠭᠲᠡᠶ᠂ ᠠᠭᠤᠯᠭ᠎ᠠ  ᠳᠤ ᠨᠢᠭᠡᠴᠢ ᠶᠢᠨ ᠨᠡᠷᠡᠶᠢᠳᠦᠯ᠂ ᠬᠠᠶ᠋ᠢᠭ᠂ ᠰᠡᠷᠭᠡᠶᠢᠯᠡᠬᠦ ᠴᠢᠬᠤᠯᠠ ᠲᠠᠢ ᠭᠠᠮᠰᠢᠭ  ᠤ ᠲᠥᠷᠥᠯ ᠵᠦᠢᠯ᠂ ᠴᠠᠭ ᠠᠭᠤᠷ  ᠤ ᠭᠠᠮᠰᠢᠭ  ᠢ ᠰᠡᠷᠭᠡᠶᠢᠯᠡᠬᠦ ᠬᠠᠷᠢᠭᠤᠴᠠᠯᠭᠠᠲᠠᠨ᠂ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠭᠴᠢ ᠵᠡᠷᠭᠡ ᠶᠢ ᠪᠠᠭᠲᠠᠭᠠᠬᠤ ᠬᠡᠷᠡᠭᠲᠡᠶ᠃ ᠮᠡᠳᠡᠭᠡ ᠵᠠᠩᠭᠢ ᠶᠢᠨ ᠬᠥᠮᠥᠷᠭᠡ ᠶᠢᠨ ᠠᠭᠤᠯᠭ᠎ᠠ ᠶᠢ ᠭᠤᠣᠯᠳᠠᠯᠭ᠎ᠠ ᠲᠠᠢ ᠨᠢᠭᠡᠴᠢ ᠶᠢᠨ ᠬᠠᠷᠢᠭᠤ ᠲᠤᠰᠬᠠᠭᠰᠠᠨ ᠮᠡᠳᠡᠭᠡ ᠵᠠᠩᠭᠢ ᠶᠢ ᠦᠨᠳᠦᠰᠦᠯᠡᠨ ᠵᠢᠯ ᠪᠦᠷᠢ ᠨᠢᠭᠡ ᠤᠳᠠᠭ᠎ᠠ ᠰᠢᠨᠡᠳᠬᠡᠬᠦ ᠬᠡᠷᠡᠭᠲᠡᠶ᠃    ᠭᠤᠷᠪᠠᠳᠤᠭᠠᠷ ᠪᠦᠯᠦᠭ ᠭᠤᠣᠯᠳᠠᠯᠭ᠎ᠠ ᠲᠠᠢ ᠨᠢᠭᠡᠴᠢ ᠶᠢᠨ ᠴᠠᠭ ᠠᠭᠤᠷ ᠤᠨ ᠭᠠᠮᠰᠢᠭ ᠢ    ᠠᠷᠪᠠᠨ ᠭᠤᠷᠪᠠᠳᠤᠭᠠᠷ ᠵᠦᠢᠯ ᠭᠤᠣᠯᠳᠠᠯᠭ᠎ᠠ ᠲᠠᠢ ᠨᠢᠭᠡᠴᠢ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠢ ᠲᠤᠰ ᠨᠢᠭᠡᠴᠢ ᠶᠢᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠳᠤ ᠣᠷᠣᠭᠤᠯᠵᠤ᠂ ᠴᠠᠭ ᠠᠭᠤᠷ  ᠤ ᠭᠠᠮᠰᠢᠭ  ᠢ ᠰᠡᠷᠭᠡᠶᠢᠯᠡᠬᠦ ᠬᠠᠷᠢᠭᠤᠴᠠᠯᠭ᠎ᠠ ᠡᠭᠦᠷᠭᠡᠯᠡᠭᠴᠢ ᠬᠢᠭᠡᠳ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠴᠠᠭ ᠠᠭᠤᠷ  ᠤ ᠭᠠᠮᠰᠢᠭ  ᠤ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠭᠴᠢ ᠶᠢ ᠲᠣᠭᠲᠠᠭᠠᠨ᠂ ᠴᠠᠭ ᠠᠭᠤᠷ  ᠤ ᠭᠠᠮᠰᠢᠭ  ᠢ ᠰᠡᠷᠭᠡᠶᠢᠯᠡᠬᠦ ᠳᠤ ᠵᠠᠪᠠᠯ ᠬᠡᠷᠡᠭᠰᠡᠬᠦ ᠪᠡᠯᠡᠳᠬᠡᠮᠵᠢ᠂ ᠲᠥᠬᠦᠭᠡᠷᠦᠮᠵᠢ ᠶᠢ ᠪᠥᠳᠥᠭᠡᠨ ᠪᠠᠶᠢᠭᠤᠯᠬᠤ ᠪᠠ ᠬᠠᠮᠠᠭᠠᠯᠠᠵᠤ᠂ ᠴᠠᠭ ᠠᠭᠤᠷ  ᠤ ᠤᠷᠢᠳᠴᠢᠯᠠᠭᠰᠠᠨ ᠮᠡᠳᠡᠭᠡ ᠪᠣᠯᠤᠨ ᠴᠠᠭ ᠠᠭᠤᠷ  ᠤ ᠭᠠᠮᠰᠢᠭ  ᠢ ᠰᠡᠷᠡᠮᠵᠢᠯᠡᠭᠦᠯᠬᠦ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠴᠠᠭ ᠲᠤᠬᠠᠶ ᠟ ᠲᠤᠨᠢ ᠣᠯᠵᠤ᠂ ᠴᠠᠭ ᠠᠭᠤᠷ  ᠤ ᠭᠠᠮᠰᠢᠭ ᠭᠠᠷᠤᠭᠰᠠᠨ ᠤ ᠲᠠᠷᠠᠭ᠎ᠠ ᠭᠠᠮᠰᠢᠭ  ᠤ ᠪᠠᠶᠢᠳᠠᠯ ᠬᠢᠭᠡᠳ ᠰᠢᠶ᠋ᠳᠪᠦᠷᠢᠯᠡᠭᠰᠡᠨ ᠪᠠᠶᠢᠳᠠᠯ ᠢᠶᠠᠨ ᠬᠠᠮᠢᠶ᠎ᠠ ᠪᠥᠬᠦᠢ ᠰᠠᠯᠠᠭ᠎ᠠ ᠮᠥᠴᠢᠷ ᠲᠤ ᠴᠠᠭ ᠲᠤᠬᠠᠶ   ᠳᠤᠨᠢ ᠮᠡᠳᠡᠭᠦᠯᠦᠨ ᠬᠦᠷᠭᠡᠬᠦ ᠬᠡᠷᠡᠭᠲᠡᠶ᠃    ᠠᠷᠪᠠᠨ ᠳᠥᠷᠪᠡᠳᠦᠭᠡᠷ ᠵᠦᠢᠯ ᠭᠤᠣᠯᠳᠠᠯᠭ᠎ᠠ ᠲᠠᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠪᠣᠯ ᠲᠤᠰ ᠨᠢᠭᠡᠴᠢ  ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠨᠢᠭᠡᠳᠦᠭᠡᠷ ᠬᠠᠷᠢᠭᠤᠴᠠᠯᠭᠠᠲᠠᠨ ᠮᠥᠨ᠂ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄    ︵ᠨᠢᠭᠡ︶ ᠲᠤᠰ ᠨᠢᠭᠡᠴᠢ ᠶᠢᠨ ᠢᠶᠠᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠤᠨ ᠲᠦᠷᠢᠮ ᠢ ᠵᠣᠬᠢᠶᠠᠨ ᠪᠠᠶᠢᠭᠤᠯᠤᠨ ᠲᠣᠭᠲᠠᠭᠠᠵᠤ᠂ ᠴᠠᠭ ᠠᠭᠤᠷ ᠤᠨ ᠠᠶᠤᠯᠭᠦᠶ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ︔    ︵ᠬᠤᠶᠠᠷ︶ ᠴᠠᠭ ᠠᠭᠤᠷ  ᠤ ᠭᠠᠮᠰᠢᠭ  ᠢ ᠰᠡᠷᠭᠡᠶᠢᠯᠡᠨ ᠬᠤᠷᠢᠭᠯᠠᠬᠤ ᠪᠠᠴᠢᠮ ᠪᠠᠶᠢᠳᠠᠯ  ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠬᠤ᠂ ᠪᠠᠴᠢᠮ ᠪᠠᠶᠢᠳᠠᠯ  ᠢ ᠠᠷᠭᠠᠴᠠᠬᠤ ᠰᠣᠷᠢᠯᠲᠠ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ᠂ ᠭᠠᠮᠰᠢᠭ  ᠤ ᠪᠠᠶᠢᠳᠠᠯ  ᠢ ᠮᠡᠳᠡᠭᠦᠯᠬᠦ᠂ ᠪᠡᠯᠡᠳᠬᠡᠮᠵᠢ ᠶᠢ ᠬᠠᠮᠠᠭᠠᠯᠠᠬᠤ᠂ ᠤᠬᠠᠭᠤᠯᠤᠨ ᠪᠣᠯᠪᠠᠰᠤᠷᠠᠭᠤᠯᠬᠤ ᠵᠡᠷᠭᠡ ᠠᠵᠢᠯ  ᠢ ᠵᠣᠬᠢᠶᠠᠨ ᠪᠠᠶᠢᠭᠤᠯᠤᠨ ᠥᠷᠨᠢᠭᠦᠯᠵᠦ᠂ ᠴᠠᠭ ᠠᠭᠤᠷ  ᠤ ᠠᠶᠤᠯ ᠥᠭᠡᠢ ᠶᠢᠨ ᠬᠠᠮᠢᠶᠠᠷᠤᠯᠲᠠ ᠶᠢᠨ ᠲᠠᠩᠰᠠ ᠡᠪᠬᠡᠮᠡᠯ  ᠢ ᠪᠠᠶᠢᠭᠤᠯᠤᠨ ᠪᠥᠷᠢᠨᠰᠢᠬᠦᠯᠬᠦ ᠬᠡᠷᠡᠭᠲᠡᠶ ᠃    ︵ᠭᠤᠷᠪᠠ︶ ᠭᠠᠮᠰᠢᠭᠲᠤ ᠴᠠᠭ ᠠᠭᠤᠷ ᠤᠨ ᠨᠥᠯᠥᠭᠡ ᠪᠤᠶᠤ ᠴᠠᠭ ᠠᠭᠤᠷ ᠤᠨ ᠭᠠᠮᠰᠢᠭ ᠭᠠᠷᠤᠭᠰᠠᠨ ᠬᠤᠭᠤᠴᠠᠭᠠᠨ ᠳᠤ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠵᠢᠴᠢ ᠥᠪᠡᠷ ᠢ ᠪᠠᠨ ᠠᠪᠤᠷᠠᠵᠤ ᠬᠠᠷᠢᠯᠴᠠᠨ ᠠᠪᠦᠷᠡᠬᠤ ᠵᠡᠷᠭᠡ ᠠᠵᠢᠯ ᠢ ᠵᠢᠯᠣᠭᠤᠳᠤᠨ ᠥᠷᠨᠢᠭᠦᠯᠦᠨ᠎ᠡ︔    ︵ᠲᠦᠷᠪᠡ︶ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠦᠷᠢᠮ ᠲᠣᠭᠲᠠᠭᠠᠯ ᠳᠤ ᠲᠣᠭᠲᠠᠭᠠᠭᠰᠠᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠪᠤᠰᠤᠳ ᠡᠭᠦᠷᠭᠡ ᠬᠠᠷᠢᠭᠤᠴᠠᠯᠭ᠎ᠠ᠃    ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠭᠴᠢ ᠨᠢ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠨᠢᠭᠡᠳᠦᠭᠡᠷ ᠬᠠᠷᠢᠭᠤᠴᠠᠯᠭᠠᠲᠠᠨ ᠢ ᠬᠠᠮᠵᠢᠨ ᠴᠠᠭ ᠠᠭᠤᠷ ᠤᠨ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠨᠢᠭᠡᠴᠢ ᠶᠢᠨ ᠪᠠᠶᠢᠭ᠎ᠠ ᠭᠠᠵᠠᠷ ᠤᠨ ᠴᠠᠭ ᠠᠭᠤᠷ ᠤᠨ ᠠᠵᠢᠯ ᠢ ᠡᠷᠬᠢᠯᠡᠠ ᠬᠠᠮᠢᠶᠠᠷᠬᠤ ᠪᠠᠶᠢᠭᠤᠯᠤᠮᠵᠢ ᠯᠤᠭ᠎ᠠ ᠬᠠᠷᠢᠯᠴᠠᠬᠤ ᠶᠢ ᠪᠣᠳᠠᠲᠠᠶ ᠬᠠᠷᠢᠭᠤᠴᠠᠨ᠎ᠠ᠃    ᠠᠷᠪᠠᠨ ᠲᠠᠪᠤᠳᠤᠭᠠᠷ ᠵᠦᠢᠯ ᠭᠤᠣᠯᠳᠠᠯᠭ᠎ᠠ ᠲᠠᠢ ᠨᠢᠭᠡᠴᠢ ᠨᠦᠭᠦᠳ ᠲᠤᠰ ᠨᠢᠭᠡᠴᠢ ᠶᠢᠨ ᠢᠶᠠᠨ ᠣᠨᠴᠠᠯᠢᠭ ᠢ ᠦᠨᠳᠦᠰᠦᠯᠡᠨ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠠᠵᠢᠯ ᠥᠷᠨᠢᠭᠦᠯᠬᠦ ᠬᠡᠷᠡᠭᠲᠡᠶ᠃ ᠲᠣᠭᠤᠷᠢᠨ ᠪᠠᠶᠢᠴᠠᠭᠠᠬᠤ ᠳᠤ ᠳᠣᠣᠷᠠᠬᠢ ᠠᠭᠤᠯᠭ᠎ᠠ ᠶᠢ ᠪᠠᠭᠲᠠᠭᠠᠨ᠎ᠠ᠄    ︵ᠨᠢᠭᠡ︶ ᠴᠠᠭ ᠠᠭᠤᠷ  ᠤ ᠭᠠᠮᠰᠢᠭ  ᠢ ᠰᠡᠷᠭᠡᠶᠢᠯᠡᠬᠦ ᠭᠤᠣᠯᠳᠠᠯᠭ᠎ᠠ ᠲᠠᠢ ᠣᠷᠣᠨ ᠪᠠᠶᠢᠷᠢ  ᠶᠢᠨ ᠬᠠᠮᠢᠶᠠᠷᠤᠯᠲᠠ  ᠶᠢᠨ ᠪᠠᠶᠢᠳᠠᠯ ᠃    ︵ᠬᠤᠶᠠᠷ︶ ᠴᠠᠭ ᠠᠭᠤᠷ  ᠤ ᠭᠠᠮᠰᠢᠭ  ᠤ ᠲᠠᠯᠳᠠ ᠭᠡᠮ  ᠢ ᠵᠢᠭᠰᠠᠭᠠᠨ ᠪᠠᠶᠢᠴᠠᠭᠠᠭᠰᠠᠨ᠂ ᠴᠡᠭᠴᠡᠯᠡᠨ ᠰᠠᠶᠢᠵᠢᠷᠠᠭᠤᠯᠤᠭᠰᠠᠨ ᠵᠢᠴᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠃    ︵ᠭᠤᠷᠪᠠ︶ ᠴᠠᠭ ᠠᠭᠤᠷ ᠤᠨ ᠭᠠᠮᠰᠢᠭ ᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠦᠯᠢᠶᠡᠠ ᠠᠪᠤᠭᠰᠠᠨ᠂ ᠤᠯᠠᠮᠵᠢᠯᠠᠨ ᠲᠠᠷᠬᠠᠭᠠᠭᠰᠠᠨ ᠪᠠᠶᠢᠳᠠᠯ︔    ︵ᠲᠦᠷᠪᠡ︶ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠲᠥᠬᠦᠭᠡᠷᠦᠮᠵᠢ᠂ ᠲᠤᠨᠤᠬ ᠲᠥᠬᠦᠭᠡᠷᠦᠮᠵᠢ ᠶᠢ ᠪᠠᠶᠢᠴᠠᠭᠠᠨ ᠬᠡᠮᠵᠢᠭᠰᠡᠨ ᠪᠠ ᠡᠳᠦᠷ ᠲᠤᠳᠦᠮ ᠤᠨ ᠬᠠᠮᠠᠭᠠᠯᠠᠯᠲᠠ ᠶᠢᠨ ᠪᠠᠶᠢᠳᠠᠯ︔    ︵ᠲᠠᠪᠤ︶ ᠲᠣᠭᠤᠷᠢᠨ ᠪᠠᠶᠢᠴᠠᠭᠠᠬᠤ ᠴᠢᠬᠤᠯᠠ ᠲᠠᠢ ᠪᠤᠰᠤᠳ ᠠᠭᠤᠯᠭ᠎ᠠ᠃    ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ ᠳᠤ ᠲᠣᠭᠤᠷᠢᠨ ᠪᠠᠶᠢᠴᠠᠭᠠᠭᠰᠠᠨ ᠮᠡᠳᠡᠭᠡ ᠵᠠᠩᠭᠢ ᠶᠢ ᠦᠨᠡᠨ ᠮᠥᠨ ᠢᠶᠠᠷ ᠨᠢ ᠲᠡᠮᠳᠡᠭᠯᠡᠬᠦ ᠬᠡᠷᠡᠭᠲᠡᠶ᠂ ᠲᠡᠮᠳᠡᠭᠯᠡᠭᠰᠡᠨ ᠠᠭᠤᠯᠭ᠎ᠠ ᠳᠤ ᠲᠣᠭᠤᠷᠢᠨ ᠪᠠᠶᠢᠴᠠᠭᠠᠭᠰᠠᠨ ᠴᠠᠭ᠂ ᠲᠣᠭᠤᠷᠢᠨ ᠪᠠᠶᠢᠴᠠᠭᠠᠭᠴᠢ᠂ ᠲᠣᠭᠤᠷᠢᠨ ᠪᠠᠶᠢᠴᠠᠭᠠᠭᠰᠠᠨ ᠠᠭᠤᠯᠭ᠎ᠠ ᠪᠠ ᠣᠷᠣᠨ ᠪᠠᠶᠢᠷᠢ᠂ ᠲᠣᠭᠤᠷᠢᠨ ᠪᠠᠶᠢᠴᠠᠭᠠᠭᠰᠠᠨ ᠦᠷ᠎ᠡ ᠳ᠋ᠦᠩ ᠵᠢᠴᠢ ᠰᠢᠶ᠋ᠳᠪᠦᠷᠢᠯᠡᠭᠰᠡᠨ ᠪᠠᠶᠢᠳᠠᠯ ᠵᠡᠷᠭᠡ ᠶᠢ ᠪᠠᠭᠲᠠᠭᠠᠨ᠎ᠠ᠃ ᠲᠣᠭᠤᠷᠢᠨ ᠪᠠᠶᠢᠴᠠᠭᠠᠭᠰᠠᠨ ᠲᠡᠮᠳᠡᠭᠯᠡᠯ ᠢ ᠲᠣᠭᠤᠷᠢᠨ ᠪᠠᠶᠢᠴᠠᠭᠠᠭᠴᠢ ᠭᠠᠷ ᠤᠨ ᠦᠰᠦᠭ ᠵᠢᠷᠤᠵᠤ ᠨᠤᠲᠠᠯᠠᠨ ᠲᠣᠭᠲᠠᠭᠠᠨ᠎ᠠ᠂ ᠬᠠᠳᠠᠭᠠᠯᠠᠬᠤ ᠬᠤᠭᠤᠴᠠᠭ᠎ᠠ ᠶᠢ ᠨᠢᠭᠡ ᠵᠢᠯ ᠠᠴᠠ ᠳᠤᠲᠠᠭᠤ ᠪᠠᠶᠢᠯᠭᠠᠵᠤ ᠪᠣᠯᠬᠤ ᠦᠭᠡᠢ᠃    ᠠᠷᠪᠠᠨ ᠵᠢᠷᠭᠤᠳᠤᠭᠠᠷ ᠵᠦᠢᠯ ᠭᠤᠣᠯᠳᠠᠯᠭ᠎ᠠ ᠲᠠᠢ ᠨᠢᠭᠡᠴᠢ ᠨᠦᠭᠦᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠲᠡᠭᠦᠯᠳᠡᠷᠵᠢᠭᠦᠯᠬᠦ ᠬᠡᠷᠡᠭᠲᠡᠶ᠂ ᠡᠰᠡᠬᠦᠯ᠎ᠡ ᠨᠢᠭᠡᠴᠢ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠳᠡᠭᠡᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠶ᠂ ᠡᠭᠦᠨ ᠳᠤ ᠠᠮᠤᠷ ᠲᠦᠪᠰᠢᠨ ᠤ ᠠᠶᠤᠯ ᠲᠦᠭᠰᠢᠭᠦᠷᠢ ᠨᠢ ᠲᠡᠩ ᠴᠤᠯᠭᠤᠶ᠂ ᠠᠶᠦᠯᠳᠦ ᠴᠢᠨᠠᠷ ᠢᠶᠠᠷ ᠪᠠᠭ᠎ᠠ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠢ ᠨᠦᠭᠦᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠦᠴᠦᠨ ᠵᠦᠢᠯ ᠪᠠ ᠠᠭᠤᠯᠭ᠎ᠠ ᠶᠢ ᠳᠥᠭᠦᠮᠴᠢᠯᠡᠵᠦ ᠪᠣᠯᠤᠨ᠎ᠠ᠃    ᠭᠤᠣᠯᠳᠠᠯᠭ᠎ᠠ ᠲᠠᠢ ᠨᠢᠭᠡᠴᠢ ᠶᠢᠨ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠪᠠ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ ᠬᠢᠨᠠᠨ ᠲᠣᠭᠲᠠᠭᠠᠬᠤ᠂ ᠨᠤᠲᠠᠯᠠᠬᠤ ᠪᠠ ᠳᠠᠩᠰᠠᠯᠠᠬᠤ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠪᠤᠰᠤᠳ ᠦᠢᠯᠡᠳᠪᠦᠷᠢᠯᠡᠯ ᠤᠨ ᠠᠶᠤᠯᠭᠦᠶ ᠶᠢᠨ ᠲᠦᠷᠦᠯ᠂ ᠪᠠᠶᠢᠭᠠᠯᠢ ᠶᠢᠨ ᠭᠠᠮᠰᠢᠭ ᠤᠨ ᠲᠦᠷᠦᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠠᠢ ᠵᠣᠯᠭᠠᠭᠤᠯᠬᠤ ᠬᠡᠷᠡᠭᠲᠡᠶ᠃    ᠨᠣᠴᠣᠮᠠᠲᠠᠭᠠᠶ ᠳᠡᠯᠪᠡᠷᠡᠮᠡᠲᠡᠭᠡᠶ ᠭᠠᠵᠠᠷ ᠲᠠᠯᠠᠪᠤᠷ᠂ ᠠᠶᠤᠯ ᠲᠠᠢ ᠬᠢᠮᠢ ᠶᠢᠨ ᠪᠣᠳᠠᠰ ᠦᠢᠯᠡᠳᠪᠦᠷᠢᠯᠡᠵᠦ ᠡᠵᠡᠩᠨᠡᠬᠦ ᠭᠠᠵᠠᠷ ᠲᠠᠯᠠᠪᠤᠷ᠂ ᠣᠨᠴᠠ ᠲᠦᠷᠦᠯ ᠤᠨ ᠠᠵᠢᠯ ᠲᠦᠷᠦᠯ᠂ ᠬᠥᠮᠦᠨ ᠬᠠᠷ᠎ᠠ ᠬᠤᠷᠠᠨ ᠴᠤᠭᠯᠠᠷᠠᠬᠤ ᠭᠠᠵᠠᠷ ᠲᠠᠯᠠᠪᠤᠷ ᠵᠡᠷᠭᠡ ᠨᠢ ᠪᠠᠴᠢᠮ ᠪᠠᠶᠢᠳᠠᠯ ᠢ ᠠᠷᠭᠠᠴᠠᠬᠤ ᠲᠤᠰᠬᠠᠶ ᠵᠦᠢᠯ ᠤᠨ ᠪᠡᠯᠡᠳᠬᠡᠯ ᠲᠥᠰᠦᠯ ᠢ ᠲᠣᠭᠲᠠᠭᠠᠬᠤ᠂ ᠵᠠᠰᠠᠪᠤᠷᠢ ᠣᠷᠣᠭᠤᠯᠵᠤ ᠨᠡᠶᠢᠲᠡᠯᠡᠬᠦ ᠠᠴᠠ ᠡᠮᠦᠨ᠎ᠡ ᠴᠠᠭ ᠠᠭᠤᠷ ᠤᠨ ᠰᠠᠯᠠᠭ᠎ᠠ ᠮᠥᠴᠢᠷ ᠪᠣᠯᠤᠨ ᠠᠵᠢᠯ ᠲᠦᠷᠦᠯ ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠤᠨ ᠰᠠᠨᠠᠯ ᠢ ᠭᠦᠢᠴᠡᠳ ᠬᠤᠷᠢᠶᠠᠬᠤ ᠬᠡᠷᠡᠭᠲᠡᠶ᠃    ᠭᠤᠣᠯᠳᠠᠯᠭ᠎ᠠ ᠲᠠᠢ ᠨᠢᠭᠡᠴᠢ ᠨᠦᠭᠦᠳ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠪᠠ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠮᠡᠳᠡᠯᠭᠡ ᠶᠢᠨ ᠪᠣᠯᠪᠠᠰᠤᠷᠠᠭᠤᠯᠤᠯ ᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠵᠣᠬᠢᠶᠠᠨ ᠪᠠᠶᠢᠭᠤᠯᠬᠤ ᠶᠢᠨ ᠬᠠᠮᠲᠤ ᠰᠠᠶᠢᠲᠤᠷ ᠲᠡᠮᠳᠡᠭᠯᠡᠬᠦ ᠪᠠ ᠲᠡᠩᠰᠠ ᠡᠪᠬᠡᠮᠡᠯ ᠳᠤ ᠣᠷᠣᠭᠤᠯᠬᠤ ᠬᠡᠷᠡᠭᠲᠡᠶ᠃    ᠠᠷᠪᠠᠨ ᠳᠣᠯᠣᠳᠤᠭᠠᠷ ᠵᠦᠢᠯ ᠭᠤᠣᠯᠳᠠᠯᠭ᠎ᠠ ᠲᠠᠢ ᠨᠢᠭᠡᠴᠢ ᠨᠦᠭᠦᠳ ᠴᠠᠭ ᠠᠭᠤᠷ ᠤᠨ ᠭᠠᠮᠰᠢᠭ ᠢ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠦᠯᠢᠶᠡᠠ ᠠᠪᠬᠤ ᠦᠵᠦᠭᠦᠷ ᠭᠠᠷᠭᠠᠵᠤ᠂ ᠴᠠᠭ ᠠᠭᠤᠷ ᠤᠨ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠦᠯᠢᠶᠡᠠ ᠠᠪᠤᠭᠰᠠᠨ ᠤ ᠲᠡᠷᠠᠭ᠎ᠠ ᠴᠠᠭ ᠲᠤᠬᠠᠶ ᠳᠤᠨᠢ ᠤᠯᠠᠮᠵᠢᠯᠠᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ᠂ ᠪᠠᠷᠢᠮᠵᠢᠶ᠎ᠠ ᠵᠢᠷᠤᠮᠵᠢᠯ ᠪᠤᠶᠤ ᠰᠡᠷᠭᠡᠶᠢᠯᠡᠯᠲᠡ ᠶᠢᠨ ᠵᠦᠭᠯᠡᠭᠦᠷ ᠢ ᠦᠨᠳᠦᠰᠦᠯᠡᠨ᠂ ᠴᠠᠭ ᠲᠤᠬᠠᠶ ᠳᠤᠨᠢ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃    ᠳᠣᠣᠷ᠎ᠠ ᠵᠢᠭᠰᠠᠭᠠᠭᠰᠠᠨ ᠲᠦᠷᠦᠯ ᠵᠦᠢᠯ ᠤᠨ ᠭᠤᠣᠯᠳᠠᠯᠭ᠎ᠠ ᠲᠠᠢ ᠨᠢᠭᠡᠴᠢ ᠨᠦᠭᠦᠳ ᠳᠣᠣᠷᠠᠬᠢ ᠭᠤᠣᠯᠳᠠᠯᠭ᠎ᠠ ᠲᠠᠢ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠠᠪᠬᠤ    ︵ᠨᠢᠭᠡ︶ ᠴᠢᠮᠡᠭᠡ ᠬᠤᠯᠪᠣᠭ᠎ᠠ᠂ ᠴᠠᠬᠢᠯᠭᠠᠨ ᠬᠦᠴᠦᠨ᠂ ᠤᠰᠤ ᠬᠠᠩᠭᠠᠬᠤ᠂ ᠰᠢᠲᠠᠮᠠᠬᠠᠶ ᠬᠡᠢ᠂  ᠷᠢᠳᠢᠤ᠋ ᠲᠧᠯᠸᠢᠰ᠂ ᠤᠯᠠᠨ ᠨᠡᠶᠢᠳᠡ  ᠶᠢᠨ ᠵᠠᠮ ᠬᠠᠷᠢᠯᠴᠠᠭ᠎ᠠ ᠵᠡᠷᠭᠡ ᠤᠯᠤᠰ  ᠤ ᠠᠵᠤ ᠠᠬᠤᠶ ᠠᠷᠠᠳ  ᠤ ᠠᠮᠢᠳᠤᠷᠠᠯ ᠳᠤ ᠴᠢᠬᠤᠯᠠ ᠶᠡᠭᠡ ᠨᠥᠯᠥᠭᠡ ᠲᠠᠢ ᠭᠤᠣᠯᠳᠠᠯᠭ᠎ᠠ ᠲᠠᠢ ᠨᠢᠭᠡᠴᠢ ᠨᠦᠭᠦᠳ ᠠᠭᠠᠳᠠᠷ ᠪᠣᠷᠣᠭᠠᠨ ︵ᠴᠠᠰᠤ︶᠂ ᠬᠦᠢᠲᠡᠨ ᠤᠷᠤᠰᠬᠠᠯ᠂ ᠬᠥᠯᠳᠡᠬᠦ᠂ ᠶᠡᠭᠡ ᠰᠠᠯᠬᠢ ᠵᠡᠷᠭᠡ ᠰᠡᠷᠡᠮᠵᠢᠯᠡᠭᠦᠯᠬᠦ ᠲᠤᠬᠢᠶ᠎ᠠ  ᠶᠢ ᠬᠦᠯᠢᠶᠡᠨ ᠠᠪᠬᠤ  ᠳᠠᠭᠠᠨ ᠂ ᠦᠶᠡᠷ ᠤᠰᠤᠲᠤᠯ  ᠢ ᠵᠠᠯᠠᠬᠤ᠂ ᠬᠦᠢᠳᠡᠨ ᠠᠴᠠ ᠰᠡᠷᠭᠡᠶᠢᠯᠡᠬᠦ᠂ ᠬᠥᠯᠳᠡᠬᠦ ᠠᠴᠠ ᠰᠡᠷᠭᠡᠶᠢᠯᠡᠬᠦ᠂ ᠰᠠᠯᠬᠢ  ᠶᠢ ᠰᠡᠷᠭᠡᠶᠢᠯᠡᠬᠦ ᠪᠠ ᠴᠠᠰᠤᠨ ᠤ ᠭᠠᠮᠰᠢᠭ ᠠᠴᠠ ᠰᠡᠷᠭᠡᠶᠢᠯᠡᠬᠦ ᠪᠡᠯᠡᠳᠬᠡᠯ  ᠢ ᠰᠠᠶᠢᠲᠤᠷ ᠬᠢᠵᠦ᠂ ᠭᠠᠮᠰᠢᠭ  ᠤ ᠲᠠᠯᠳᠠ ᠭᠡᠮ  ᠤ ᠴᠢᠭ᠂ ᠲᠦᠭᠰᠢᠭᠦᠷᠢ ᠲᠠᠢ ᠣᠷᠣᠨ  ᠢ ᠪᠠᠶᠢᠴᠠᠭᠠᠬᠤ ᠪᠠ ᠵᠢᠭᠰᠠᠭᠠᠨ ᠪᠠᠶᠢᠴᠠᠭᠠᠬᠤ ᠤᠳᠠᠭ᠎ᠠ ᠪᠠᠨ ᠨᠡᠮᠡᠭᠳᠡᠭᠦᠯᠬᠦ ᠬᠡᠷᠡᠭᠲᠡᠶ᠃    ︵ᠬᠤᠶᠠᠷ︶ ᠬᠥᠮᠦᠨ ᠬᠠᠷ᠎ᠠ ᠬᠤᠷᠠᠨ ᠴᠤᠭᠯᠠᠷᠠᠭᠰᠠᠨ ᠭᠠᠵᠠᠷ᠂ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ ᠨᠢᠭᠡᠴᠢ ᠰᠢᠷᠦᠭᠦᠨ ᠪᠣᠷᠣᠭᠠᠨ ︵ᠴᠠᠰᠤ︶᠂ ᠮᠥᠰᠥ ᠬᠥᠯᠳᠡᠬᠦ᠂ ᠶᠡᠭᠡ ᠰᠠᠯᠬᠢ᠂ ᠠᠶᠤᠩᠭ᠎ᠠ ᠴᠠᠬᠢᠯᠭᠠᠨ ᠵᠡᠷᠭᠡ ᠰᠡᠷᠡᠮᠵᠢ ᠶᠢᠨ ᠳᠣᠬᠢᠶ᠎ᠠ ᠶᠢ ᠬᠦᠯᠢᠶᠡᠨ ᠠᠪᠬᠤ ᠦᠶ᠎ᠡ ᠳᠤ᠂ ᠨᠥᠯᠥᠭᠡᠯᠡᠭᠳᠡᠭᠰᠡᠨ ᠣᠷᠣᠨ ᠤ ᠬᠥᠮᠦᠰ ᠲᠤ ᠴᠠᠭ ᠲᠤᠬᠠᠶ   ᠳᠤᠨᠢ ᠰᠡᠷᠡᠮᠵᠢ ᠥᠭᠴᠦ᠂ ᠡᠯ᠎ᠡ ᠲᠥᠷᠥᠯ  ᠤ ᠪᠠᠷᠢᠯᠭ᠎ᠠ ᠶᠢᠨ ᠵᠦᠢᠯ ᠢᠯᠠᠩᠭᠤᠶ᠎ᠠ ᠲᠤᠮᠤ ᠠᠯᠭᠠᠰᠠᠯᠳᠤ ᠬᠦᠷᠢᠶ᠎ᠡ ᠵᠢᠶᠠᠰᠠ ᠶᠢᠨ ᠪᠦᠳᠦᠴᠡᠳᠤ ᠪᠠᠷᠢᠯᠭ᠎ᠠ᠂ ᠰᠠᠷᠠᠪᠴᠢ ᠶᠢ ᠲᠣᠭᠤᠷᠢᠨ ᠪᠠᠶᠢᠴᠠᠭᠠᠵᠤ ᠵᠢᠭᠰᠠᠭᠠᠨ ᠪᠠᠶᠢᠴᠠᠭᠠᠵᠤ᠂ ᠬᠠᠮᠢᠶ᠎ᠠ ᠪᠥᠬᠦᠢ ᠣᠷᠣᠨ  ᠢ ᠴᠠᠭ ᠲᠤᠨᠢ ᠲᠣᠬᠢᠷᠠᠭᠤᠯᠤᠨ ᠬᠠᠭᠠᠵᠤ᠂ ᠬᠥᠮᠦᠰ  ᠢ ᠴᠠᠭ ᠲᠤᠬᠠᠶ   ᠳᠤᠨᠢ ᠲᠠᠷᠬᠠᠭᠠᠬᠤ ᠶᠢᠨ ᠬᠠᠮᠲᠤ ᠴᠠᠭ ᠠᠭᠤᠷ  ᠤ ᠰᠢᠯᠲᠠᠭᠠᠨ ᠠᠴᠠ ᠪᠣᠯᠣᠭᠠᠳ ᠰᠠᠭᠠᠲᠠᠭᠰᠠᠨ ᠬᠥᠮᠦᠰ ᠲᠤ ᠠᠶᠤᠯ ᠥᠭᠡᠢ ᠶᠢᠨ ᠠᠶᠤᠯ ᠠᠴᠠ ᠵᠠᠶᠢᠯᠠᠬᠤ ᠲᠥᠷ ᠴᠠᠭ  ᠤ ᠭᠠᠵᠠᠷ ᠲᠠᠯᠠᠪᠤᠷ ᠬᠠᠩᠭᠠᠬᠤ ᠪᠤᠶᠤ ᠠᠶᠤᠯ ᠥᠭᠡᠢ ᠶᠢᠨ ᠵᠣᠬᠢᠴᠠᠩᠭᠤᠶ ᠠᠷᠭ᠎ᠠ ᠬᠡᠮᠵᠢᠶ᠎ᠡ ᠠᠪᠬᠤ ᠬᠡᠷᠡᠭᠲᠡᠶ᠃    ︵ᠭᠤᠷᠪᠠ︶ ᠠᠶᠤᠯᠲᠠᠢ ᠪᠣᠳᠠᠰ ᠤᠨ ᠲᠦᠷᠦᠯ ᠤᠨ ᠭᠤᠣᠯᠳᠠᠯᠭ᠎ᠠ ᠲᠠᠢ ᠨᠢᠭᠡᠴᠢ ᠶᠡᠭᠡ ᠰᠠᠯᠬᠢᠨ ᠤ ᠰᠢᠷ᠎ᠠ ᠥᠩᠭᠡ ᠠᠴᠠ ᠳᠡᠭᠡᠭᠰᠢᠬᠢ ᠰᠡᠷᠡᠮᠵᠢ ᠶᠢᠨ ᠳᠤᠬᠢᠶ᠎ᠠ ᠪᠤᠶᠤ ᠠᠶᠤᠩᠭ᠎ᠠ ᠴᠠᠬᠢᠯᠭᠠᠨ ᠤ ᠰᠡᠷᠡᠮᠵᠢ ᠶᠢᠨ ᠳᠤᠬᠢᠶ᠎ᠠ ᠶᠢ ᠬᠦᠯᠢᠶᠡᠨ ᠠᠪᠬᠤ ᠳᠠᠭᠠᠨ ᠭᠡᠷ ᠤᠨ ᠭᠠᠳᠠᠨ᠎ᠠ ᠠᠵᠢᠯᠯᠠᠬᠤ ᠪᠠᠨ ᠵᠣᠭᠰᠣᠭᠠᠬᠤ᠂ ᠠᠶᠤᠯᠲᠠᠢ ᠴᠠᠬᠢᠯᠭᠠᠨ ᠡᠭᠦᠰᠭᠡᠭᠴᠢ ᠶᠢ ᠲᠠᠰᠤᠯᠬᠤ ᠵᠡᠷᠭᠡ ᠰᠡᠷᠭᠡᠶᠢᠯᠡᠯᠲᠡ ᠶᠢᠨ ᠠᠷᠭ᠎ᠠ ᠬᠡᠮᠵᠢ᠊ ᠡᠶ᠎ᠡ ᠠᠪᠬᠤ ᠶᠢᠨ ᠬᠠᠮᠲᠤ ᠦᠢᠯᠡᠳᠪᠦᠷᠢᠯᠡᠯ ᠤᠨ ᠠᠵᠢᠯ ᠢᠶᠠᠨ ᠴᠠᠭ ᠲᠤᠬᠠᠢ ᠳᠤᠨᠢ ᠲᠤᠬᠢᠷᠠᠭᠤᠯᠬᠤ ᠬᠡᠷᠡᠭᠲᠡᠢ︔ ᠥᠨᠳᠥᠷ ᠬᠠᠯᠠᠭᠤᠨ ᠤ ᠰᠡᠷᠡᠮᠵᠢ ᠶᠢᠨ ᠳᠤᠬᠢᠶ᠎ᠠ ᠶᠢ ᠬᠦᠯᠢᠶᠡᠵᠦ ᠠᠪᠬᠤ ᠦᠶ᠎ᠡ ᠳᠤ᠂ ᠦᠢᠯᠡᠳᠪᠦᠷᠢᠯᠡᠬᠦ᠂ ᠬᠠᠳᠠᠭᠠᠯᠠᠬᠤ᠂ ᠠᠴᠢᠶᠠᠯᠠᠵᠤ ᠪᠠᠭᠤᠯᠭᠠᠬᠤ ᠲᠥᠬᠦᠭᠡᠷᠦᠮᠵᠢ ᠪᠠ ᠲᠡᠭᠡᠭᠡᠪᠦᠷᠢ ᠶᠢᠨ ᠪᠠᠭᠠᠵᠢ ᠳᠤ ᠬᠠᠯᠠᠭᠤᠨ ᠢ ᠬᠥᠨᠳᠡᠶᠢᠷᠡᠭᠦᠯᠦᠨ ᠬᠠᠯᠠᠭᠤᠨ ᠢ ᠪᠠᠭᠤᠷᠠᠭᠤᠯᠬᠤ ᠠᠷᠭ᠎ᠠ ᠬᠡᠮᠵᠢᠶ᠎ᠡ ᠠᠪᠴᠤ᠂ ᠴᠢᠬᠤᠯᠠ ᠲᠠᠢ ᠦᠶ᠎ᠡ ᠳᠤ ᠭᠡᠷ ᠤᠨ ᠭᠠᠳᠠᠨ᠎ᠠ ᠠᠵᠢᠯᠯᠠᠬᠤ ᠪᠠᠨ ᠵᠣᠭᠰᠣᠬᠤ ᠬᠡᠷᠡᠭᠲᠡᠶ᠃    ︵ᠲᠦᠷᠪᠡ︶ ᠪᠠᠶᠢᠭᠤᠯᠵᠤ ᠪᠠᠶᠢᠭ᠎ᠠ ᠪᠠᠷᠢᠯᠭ᠎ᠠ ᠶᠢᠨ ᠭᠤᠣᠯᠳᠠᠯᠭ᠎ᠠ ᠲᠠᠢ ᠨᠢᠭᠡᠴᠢ ᠶᠡᠭᠡ ᠰᠠᠯᠬᠢ᠂ ᠠᠶᠤᠩᠭ᠎ᠠ ᠴᠠᠬᠢᠯᠭᠠᠨ ᠵᠡᠷᠭᠡ ᠰᠡᠷᠡᠮᠵᠢ ᠶᠢᠨ ᠲᠤᠬᠢᠶ᠎ᠠ ᠶᠢ ᠬᠦᠯᠢᠶᠡᠵᠦ ᠠᠪᠬᠤ ᠦᠶ᠎ᠡ ᠳᠤ᠂ ᠪᠠᠬᠢᠯᠡᠬᠦ ᠠᠷᠭ᠎ᠠ ᠬᠡᠮᠵᠢᠶ᠎ᠡ ᠠᠪᠴᠤ᠂ ᠠᠵᠢᠯ ᠤᠨ ᠰᠠᠷᠠᠪᠴᠢ᠂ ᠴᠠᠬᠤᠯᠠᠭᠤᠷ᠂ ᠬᠤᠳᠳᠤᠭ ᠤᠨ ᠵᠢᠶᠠᠰᠠ ᠵᠡᠷᠭᠡ ᠲᠥᠬᠦᠭᠡᠷᠦᠮᠵᠢ ᠪᠠ ᠰᠤᠪᠤᠷᠭᠠᠨ ᠲᠡᠭᠦᠵᠢ᠂ ᠬᠠᠴᠠᠪᠴᠢᠲᠤ ᠲᠡᠭᠦᠵᠢ᠂ ᠡᠷᠭᠦᠭᠦᠷ ᠮᠠᠰᠢᠨ ᠵᠡᠷᠭᠡ ᠲᠥᠬᠦᠭᠡᠷᠦᠮᠵᠢ ᠶᠢᠨ ᠠᠶᠤᠯᠭᠦᠶ ᠶᠢᠨ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠶ︔ ᠶᠡᠭᠡ ᠰᠠᠯᠬᠢᠨ ᠤ ᠰᠢᠷ᠎ᠠ ᠥᠩᠭᠡ ᠠᠴᠠ ᠳᠡᠭᠡᠭᠰᠢᠬᠢ ᠰᠡᠷᠡᠮᠵᠢ ᠶᠢᠨ ᠳᠣᠬᠢᠶ᠎ᠠ ᠶᠢ ᠬᠦᠯᠢᠶᠡᠵᠦ ᠠᠪᠬᠤ ᠦᠶ᠎ᠡ ᠳᠤ᠂ ᠭᠡᠷ ᠤᠨ ᠭᠠᠳᠠᠨ᠎ᠠ ᠥᠨᠳᠥᠷ ᠳᠡᠭᠡᠷ᠎ᠡ ᠠᠵᠢᠯᠯᠠᠬᠤ ᠪᠠᠨ ᠵᠣᠭᠰᠣᠬᠤ ᠬᠡᠷᠡᠭᠲᠡᠢ︔ ᠰᠢᠷᠦᠭᠦᠨ ᠪᠣᠷᠣᠭᠠᠨ ︵ᠴᠠᠰᠤ︶ ᠵᠡᠷᠭᠡ ᠰᠡᠷᠡᠮᠵᠢ ᠶᠢᠨ ᠳᠣᠬᠢᠶ᠎ᠠ ᠶᠢ ᠭᠥᠯᠢᠶᠡᠨ ᠠᠪᠬᠤ ᠦᠶ᠎ᠡ ᠳᠤ᠂ ᠬᠤᠲᠣᠭᠤᠷ ᠭᠠᠵᠠᠷ ᠤᠨ ᠠᠶᠤᠯᠲᠠᠶ ᠬᠡᠷ ᠤᠨ ᠭᠠᠳᠠᠨᠠᠬᠢ ᠴᠠᠬᠢᠯᠭᠠᠨ ᠡᠭᠦᠰᠭᠡᠭᠴᠢ ᠶᠢ ᠲᠡᠰᠦᠯᠵᠦ᠂ ᠭᠠᠵᠠᠷ ᠳᠣᠤᠷᠠᠬᠢ ᠤᠰᠤ ᠲᠠᠲᠠᠷᠠᠭᠤᠯᠬᠤ ᠬᠤᠭᠤᠯᠠᠶ ᠶᠢ ᠴᠠᠭ ᠲᠤᠬᠠᠶ ᠳᠤᠨᠢ ᠨᠡᠪᠲᠡᠷᠡᠭᠦᠯᠬᠦ ᠪᠤᠶᠤ ᠤᠰᠤ ᠲᠠᠲᠠᠷᠠᠭᠤᠯᠬᠤ ᠲᠦᠷ ᠴᠠᠭ ᠤᠨ ᠠᠷᠭ᠎ᠠ ᠬᠡᠮᠵᠢᠶ᠎ᠡ ᠠᠪᠴᠤ᠂ ᠭᠠᠵᠠᠷ ᠳᠣᠤᠷᠠᠬᠢ ᠪᠠᠷᠢᠯᠭ᠎ᠠ ᠶᠢᠨ ᠠᠵᠢᠯ ᠢ ᠬᠢᠬᠦ ᠳᠤ ᠭᠠᠵᠠᠷ ᠰᠢᠨᠵᠢᠯᠡᠭᠡᠨ ᠤ ᠬᠤᠪᠢᠷᠠᠯᠲᠠ ᠪᠠ ᠪᠠᠷᠢᠯᠭ᠎ᠠ ᠶᠢᠨ ᠲᠤᠯᠭᠠᠭᠤᠷᠢᠯᠠᠬᠤ ᠰᠢᠰᠲ᠋ᠧᠮ ᠤᠨ ᠰᠢᠯᠵᠢᠯᠲᠡ ᠶᠢᠨ ᠬᠤᠪᠢᠷᠠᠯᠲᠠ ᠶᠢ ᠴᠢᠩᠭ᠎ᠠ ᠬᠢᠨᠠᠨ ᠠᠵᠢᠭᠯᠠᠬᠤ ᠬᠡᠷᠡᠭᠲᠡᠶ︔ ᠰᠢᠷᠦᠭᠦᠨ ᠪᠣᠷᠣᠭᠠᠨ ︵ᠴᠠᠰᠤ︶ ᠤ ᠤᠯᠠᠭᠠᠨ ᠥᠩᠭᠡ ᠶᠢᠨ ᠰᠡᠷᠡᠮᠵᠢ ᠶᠢᠨ ᠳᠤᠬᠢᠶ᠎ᠠ ᠶᠢ ᠬᠦᠯᠢᠶᠡᠨ ᠠᠪᠤᠭᠰᠠᠨ ᠦᠶ᠎ᠡ ᠳᠤ᠂ ᠭᠠᠳᠠᠨ᠎ᠠ ᠠᠵᠢᠯᠯᠠᠬᠤ ᠪᠠᠨ ᠵᠣᠭᠰᠣᠬᠤ ᠬᠡᠷᠡᠭᠲᠡᠶ᠃    ︵ᠲᠠᠪᠤ︶ ᠠᠭᠤᠷᠬᠠᠶ᠂ ᠦᠯᠡᠳᠡᠭᠳᠡᠯ ᠬᠦᠳᠡᠷ ᠤᠨ ᠬᠥᠮᠥᠷᠭᠡ ᠵᠡᠷᠭᠡ ᠭᠤᠣᠯᠳᠠᠯᠭ᠎ᠠ ᠲᠠᠢ ᠨᠢᠭᠡᠴᠢ ᠰᠢᠷᠦᠭᠦᠨ ᠪᠣᠷᠣᠭᠠᠨ ︵ᠴᠠᠰᠤ︶᠂ ᠬᠦᠢᠳᠡᠨ ᠤᠷᠤᠰᠬᠠᠯ᠂ ᠬᠥᠯᠳᠡᠭᠦᠦ᠂ ᠶᠡᠭᠡ ᠰᠠᠯᠬᠢ ᠵᠡᠷᠭᠡ ᠶᠢᠨ ᠰᠡᠷᠡᠮᠵᠢ ᠶᠢᠨ ᠳᠤᠬᠢᠶ᠎ᠠ ᠶᠢ ᠬᠦᠯᠢᠶᠡᠨ ᠠᠪᠬᠤ ᠳᠠᠭᠠᠨ ᠤᠰᠤᠲᠤᠯ ᠢ ᠵᠠᠯᠠᠬᠤ᠂ ᠬᠦᠢᠳᠡᠨ ᠢ ᠰᠡᠷᠭᠡᠶᠢᠯᠡᠬᠦ᠂ ᠬᠥᠯᠳᠡᠬᠦ ᠶᠢ ᠰᠡᠷᠭᠡᠶᠢᠯᠡᠬᠦ᠂ ᠰᠠᠯᠬᠢ ᠶᠢ ᠰᠡᠷᠭᠡᠶᠢᠯᠡᠬᠦ ᠪᠠ ᠴᠠᠰᠤᠨ ᠤ ᠭᠠᠮᠰᠢᠭ ᠢ ᠰᠡᠷᠭᠡᠶᠢᠯᠡᠬᠦ ᠪᠡᠯᠡᠳᠬᠡᠯ ᠢ ᠰᠠᠶᠢᠲᠤᠷ ᠬᠢᠬᠦ ᠬᠡᠷᠡᠭᠲᠡᠢ︔ ᠲᠤᠮᠤ ᠳᠤᠮᠳᠠ ᠬᠡᠯᠪᠡᠷᠢ ᠶᠢᠨ ᠤᠰᠤᠨ ᠴᠥᠭᠦᠷᠥᠮ᠂ ᠲᠤᠮᠤ ᠬᠡᠯᠪᠡᠷᠢ ᠶᠢᠨ ᠤᠢ ᠰᠢᠭᠤᠶ ᠶᠢᠨ ᠲᠠᠯᠠᠪᠠᠢ ᠵᠡᠷᠭᠡ ᠭᠤᠣᠯᠳᠠᠯᠭ᠎ᠠ ᠲᠠᠢ ᠨᠢᠭᠡᠴᠢ ᠨᠦᠭᠦᠳ ᠰᠢᠷᠦᠭᠦᠨ ᠪᠣᠷᠣᠭᠠᠨ ︵ᠴᠠᠰᠤ︶᠂ ᠵᠠᠯᠭᠠᠯᠳᠤᠨ ᠲᠤᠩᠭᠠᠯᠠᠭᠰᠢᠬᠤ᠂ ᠭᠠᠩ ᠬᠠᠭᠤᠷᠠᠶ᠂ ᠥᠨᠳᠥᠷ ᠳᠤᠯᠠᠭᠠᠨ᠂ ᠶᠡᠭᠡ ᠰᠠᠯᠬᠢ ᠵᠡᠷᠭᠡ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠦᠯᠢᠶᠡᠨ ᠠᠪᠬᠤ ᠳᠠᠭᠠᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠪᠠ ᠤᠢ ᠰᠢᠭᠤᠶ ᠶᠢᠨ ᠭᠠᠯ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠢ ᠴᠠᠭ ᠲᠤᠬᠠᠶ ᠳᠤᠨᠢ ᠰᠠᠶᠢᠲᠤᠷ ᠬᠢᠬᠦ ᠬᠡᠷᠡᠭᠲᠡᠶ᠃    ︵ᠵᠢᠷᠭᠤᠭ᠎ᠠ︶ ᠮᠤᠵᠢ ᠶᠢᠨ ᠱᠠᠲᠤᠨ ᠠᠴᠠ ᠳᠡᠭᠡᠭᠰᠢᠬᠢ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠬᠤ᠂ ᠤᠯᠤᠰ ᠤᠨ ᠥᠮᠴᠢᠯᠡᠯ ᠤᠨ ᠲᠡᠦᠬᠡ ᠶᠢᠨ ᠳᠤᠷᠠᠰᠬᠠᠯᠲᠤ ᠵᠦᠢᠯ ᠢ ᠬᠤᠷᠢᠶᠠᠨ ᠬᠠᠳᠠᠭᠠᠯᠠᠬᠤ ᠵᠡᠷᠭᠡ ᠭᠤᠣᠯᠳᠠᠯᠭ᠎ᠠ ᠲᠠᠢ ᠨᠢᠭᠡᠴᠢ ᠰᠢᠷᠦᠭᠦᠨ ᠪᠣᠷᠣᠭᠠᠨ ︵ᠴᠠᠰᠤ︶᠂ ᠬᠥᠯᠳᠡᠭᠦᠦ᠂ ᠶᠡᠭᠡ ᠰᠠᠯᠬᠢ᠂ ᠠᠶᠤᠩᠭ᠎ᠠ ᠴᠠᠬᠢᠯᠭᠠᠨ ᠵᠡᠷᠭᠡ ᠰᠡᠷᠡᠮᠵᠢ ᠶᠢᠨ ᠳᠤᠬᠢᠶ᠎ᠠ ᠶᠢ ᠬᠦᠯᠢᠶᠡᠨ ᠠᠪᠬᠤ ᠦᠶ᠎ᠡ ᠳᠤ᠂ ᠴᠠᠭ ᠲᠤᠨᠢ ᠲᠣᠬᠢᠷᠠᠭᠤᠯᠤᠨ ᠲᠠᠯᠠᠪᠤᠷ ᠣᠷᠳᠣᠨ ᠢ ᠨᠢ ᠬᠠᠭᠠᠵᠤ᠂ ᠬᠥᠮᠦᠰ ᠢ ᠵᠣᠬᠢᠶᠠᠨ ᠪᠠᠶᠢᠭᠤᠯᠤᠨ ᠠᠶᠤᠯ ᠠᠴᠠ ᠵᠠᠶᠢᠯᠠᠭᠤᠯᠵᠤ᠂ ᠠᠷᠭ᠎ᠠ ᠬᠡᠮᠵᠢᠶ᠎ᠡ ᠠᠪᠴᠤ ᠪᠠᠶᠢᠭᠠᠳ ᠲᠡᠦᠬᠡ ᠶᠢᠨ ᠳᠤᠷᠠᠰᠬᠠᠯᠲᠤ ᠵᠦᠢᠯ ᠢ ᠡᠪᠳᠡᠨ ᠰᠦᠢᠳᠬᠡᠬᠦ ᠦᠭᠡᠢ ᠪᠠᠶᠢᠬᠤ ᠶᠢ ᠬᠠᠮᠠᠭᠠᠯᠠᠬᠤ ᠬᠡᠷᠡᠭᠲᠡᠶ᠃    ᠠᠷᠪᠠᠨ ᠨᠠᠢᠮᠠᠳᠤᠭᠠᠷ ᠵᠦᠢᠯ ᠭᠤᠣᠯᠳᠠᠯᠭ᠎ᠠ ᠲᠠᠢ ᠨᠢᠭᠡᠴᠢ ᠨᠦᠭᠦᠳ ᠬᠤᠯᠪᠣᠭᠳᠠᠯ ᠪᠥᠬᠦᠢ ᠬᠠᠤᠯᠢ ᠴᠠᠭᠠᠵᠠ ᠬᠠᠤᠯᠢ ᠲᠣᠭᠲᠠᠭᠠᠯ  ᠤ ᠱᠠᠭᠠᠷᠳᠠᠯᠭ᠎ᠠ ᠶᠣᠰᠣᠭᠠᠷ᠂ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠶᠢ ᠪᠠᠶᠢᠴᠠᠭᠠᠨ ᠰᠢᠯᠭᠠᠬᠤ ᠬᠢᠷᠢ ᠴᠢᠳᠠᠮᠵᠢ ᠲᠠᠢ ᠪᠠᠶᠢᠭᠤᠯᠤᠮᠵᠢ ᠳᠤ ᠨᠠᠶᠢᠳᠠᠵᠤ ᠪᠠᠶᠢᠭᠠᠳ ᠲᠤᠰ ᠨᠢᠭᠡᠴᠢ ᠶᠢᠨ ᠢᠶᠠᠨ ᠪᠠᠷᠢᠯᠭ᠎ᠠ ᠶᠢᠨ ᠵᠦᠢᠯ᠂ ᠭᠠᠵᠠᠷ ᠲᠠᠯᠠᠪᠤᠷ ᠪᠣᠯᠤᠨ ᠪᠡᠯᠡᠳᠬᠡᠮᠵᠢ ᠶᠢᠨ ᠠᠶᠤᠩᠭ᠎ᠠ ᠴᠠᠬᠢᠯᠭᠠᠨ ᠠᠴᠠ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠶᠢ ᠪᠠᠶᠢᠴᠠᠭᠠᠨ ᠰᠢᠯᠭᠠᠵᠤ᠂ ᠪᠠᠶᠢᠴᠠᠭᠠᠨ ᠰᠢᠯᠭᠠᠭᠰᠠᠨ ᠮᠡᠳᠡᠭᠦᠯᠦᠯᠲᠡ ᠶᠢ ᠲᠠᠩᠰᠠ ᠡᠪᠬᠡᠮᠡᠯ ᠳᠤ ᠬᠠᠳᠠᠭᠠᠯᠠᠵᠤ ᠪᠠᠶᠢᠴᠠᠭᠠᠬᠤ ᠳᠤ ᠪᠡᠯᠡᠳᠬᠡᠬᠦ ᠬᠡᠷᠡᠭᠲᠡᠶ᠃    ᠭᠤᠣᠯᠳᠠᠯᠭ᠎ᠠ ᠲᠠᠢ ᠨᠢᠭᠡᠴᠢ ᠶᠢᠨ ᠳᠡᠯᠪᠡᠷᠡᠯᠲᠡ ᠪᠠ ᠭᠠᠯ ᠤᠨ ᠠᠶᠤᠯ ᠤᠨ ᠠᠶᠤᠯ ᠲᠠᠢ ᠣᠷᠴᠢᠨ ᠲᠣᠭᠤᠷᠢᠨ ᠤ ᠲᠠᠯᠠᠪᠤᠷ ᠭᠠᠵᠠᠷ ᠤᠨ ᠠᠶᠤᠩᠭ᠎ᠠ ᠴᠠᠬᠢᠯᠭᠠᠨ ᠠᠴᠠ ᠰᠡᠷᠭᠡᠶᠢᠯᠡᠬᠦ ᠲᠣᠨᠣᠭᠯᠠᠯ ᠢ ᠬᠠᠭᠠᠰ ᠵᠢᠯ ᠳᠤ ᠨᠢᠭᠡ ᠤᠳᠠᠭ᠎ᠠ ᠪᠠᠶᠢᠴᠠᠭᠠᠨ ᠰᠢᠯᠭᠠᠵᠤ᠂ ᠪᠤᠰᠤᠳ ᠲᠠᠯᠠᠪᠤᠷ ᠭᠠᠵᠠᠷ ᠤᠨ ᠠᠶᠤᠩᠭ᠎ᠠ ᠴᠠᠬᠢᠯᠭᠠᠨ ᠠᠴᠠ ᠰᠡᠷᠭᠡᠶᠢᠯᠡᠬᠦ ᠲᠣᠨᠣᠭᠯᠠᠯ ᠢ ᠵᠢᠯ ᠪᠦᠷᠢ ᠨᠢᠭᠡ ᠤᠳᠠᠭ᠎ᠠ ᠪᠠᠶᠢᠴᠠᠭᠠᠨ ᠰᠢᠯᠭᠠᠬᠤ ᠬᠡᠷᠡᠭᠲᠡᠶ᠃    ᠠᠷᠪᠠ ᠶᠢᠰᠦᠳᠦᠭᠡᠷ ᠵᠦᠢᠯ ᠭᠤᠣᠯᠳᠠᠯᠭ᠎ᠠ ᠲᠠᠢ ᠨᠢᠭᠡᠴᠢ ᠨᠦᠭᠦᠳ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠲᠡᠩᠰᠠ ᠡᠪᠬᠡᠮᠡᠯ ᠢ ᠪᠠᠶᠢᠭᠤᠯᠤᠨ ᠲᠡᠭᠦᠯᠳᠡᠷᠵᠢᠭᠦᠯᠬᠦ ᠶᠢᠨ ᠬᠠᠮᠲᠤ ᠨᠢᠭᠡᠳᠦᠯᠲᠡᠶ ᠬᠠᠳᠠᠭᠠᠯᠠᠨ ᠬᠠᠮᠢᠶᠠᠷᠬᠤ ᠬᠡᠷᠡᠭᠲᠡᠶ᠃ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠲᠡᠩᠰᠠ ᠡᠪᠬᠡᠮᠡᠯ ᠳᠤ ᠳᠣᠣᠷᠠᠬᠢ ᠠᠭᠤᠯᠭ᠎ᠠ ᠶᠢ ᠪᠠᠭᠲᠠᠭᠠᠭᠰᠠᠨ ᠪᠠᠶᠢᠬᠤ ᠬᠡᠷᠡᠭᠲᠡᠶ᠄    ︵ᠨᠢᠭᠡ︶ ᠨᠢᠭᠡᠴᠢ ᠶᠢᠨ ᠦᠨᠳᠦᠰᠦᠨ ᠪᠠᠶᠢᠳᠠᠯ ᠪᠠ ᠠᠮᠠᠷᠬᠠᠨ ᠨᠥᠯᠥᠭᠡᠯᠡᠭᠳᠡᠬᠦ ᠭᠤᠣᠯ ᠪᠣᠯᠬᠤ ᠴᠠᠭ ᠠᠭᠤᠷ ᠤᠨ ᠭᠠᠮᠰᠢᠭ ᠤᠨ ᠲᠦᠷᠦᠯ ᠵᠦᠢᠯ᠂ ᠭᠠᠮᠰᠢᠭ ᠤᠨ ᠠᠶᠤᠯ ᠲᠦᠭᠰᠢᠭᠦᠷᠢ ᠶᠢᠨ ᠴᠡᠭ ᠬᠢᠭᠡᠳ ᠠᠶᠤᠯ ᠤᠨ ᠡᠬᠢ ᠰᠤᠷᠪᠤᠯᠵᠢ ᠶᠢᠨ ᠪᠣᠳᠠᠲᠠᠶ ᠣᠷᠣᠨ ᠪᠠᠶᠢᠷᠢ︔    ︵ᠬᠤᠶᠠᠷ︶ ᠴᠠᠭ ᠠᠭᠤᠷ  ᠤ ᠭᠠᠮᠰᠢᠭ  ᠢ ᠰᠡᠷᠭᠡᠶᠢᠯᠡᠬᠦ ᠠᠵᠢᠯ  ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠢᠭᠡᠳ ᠴᠠᠭ ᠠᠭᠤᠷ  ᠤ ᠭᠠᠮᠰᠢᠭ  ᠢ ᠰᠡᠷᠭᠡᠶᠢᠯᠡᠬᠦ ᠬᠠᠷᠢᠭᠤᠴᠠᠯᠭᠠᠲᠠᠨ᠂ ᠴᠠᠭ ᠠᠭᠤᠷ  ᠤ ᠭᠠᠮᠰᠢᠭ  ᠤ ᠪᠠᠴᠢᠮ ᠪᠠᠶᠢᠳᠠᠯ  ᠢ ᠠᠷᠭᠠᠴᠠᠬᠤ ᠬᠠᠮᠢᠶᠠᠷᠤᠭᠴᠢ ᠶᠢᠨ ᠬᠠᠮᠢᠶ᠎ᠠ ᠪᠥᠬᠦᠢ ᠪᠢᠴᠢᠭ  ᠮᠠᠲ᠋ᠧᠷᠢᠶᠠᠯ᠃    ︵ᠭᠤᠷᠪᠠ︶ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠤᠨ ᠲᠦᠷᠢᠮ᠂ ᠡᠭᠦᠨ ᠳᠤ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ᠂ ᠲᠣᠭᠤᠷᠢᠨ ᠪᠠᠶᠢᠴᠠᠭᠠᠬᠤ ᠠᠷᠭ᠎ᠠ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠲᠥᠯᠥᠪᠯᠡᠭᠡ᠂ ᠵᠢᠵᠢᠭᠦᠷᠯᠡᠬᠦ ᠲᠦᠷᠢᠮ ᠵᠡᠷᠭᠡ ᠪᠠᠭᠲᠠᠨ᠎ᠠ︔    ︵ᠲᠦᠷᠪᠡ︶ ᠠᠶᠤᠩᠭ᠎ᠠ ᠴᠠᠬᠢᠯᠭᠠᠨ ᠠᠴᠠ ᠰᠡᠷᠭᠡᠶᠢᠯᠡᠬᠦ ᠲᠣᠨᠣᠭᠯᠠᠯ ᠢ ᠵᠢᠷᠤᠵᠤ ᠲᠥᠯᠥᠪᠯᠡᠬᠦ᠂ ᠪᠠᠷᠢᠯᠭ᠎ᠠ ᠪᠠᠷᠢᠬᠤ᠂ ᠪᠠᠶᠢᠴᠠᠭᠠᠨ ᠬᠡᠮᠵᠢᠬᠦ ᠵᠡᠷᠭᠡ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠮᠠᠲ᠋ᠧᠷᠢᠶᠠᠯ︔    ︵ᠲᠠᠪᠤ︶ ᠴᠠᠭ ᠠᠭᠤᠷ  ᠤ ᠭᠠᠮᠰᠢᠭ  ᠤ ᠪᠠᠴᠢᠮ ᠪᠠᠶᠢᠳᠠᠯ  ᠢ ᠠᠷᠭᠠᠴᠠᠬᠤ ᠰᠣᠷᠢᠯᠲᠠ ᠪᠣᠯᠤᠨ ᠴᠠᠭ ᠠᠭᠤᠷ  ᠤ ᠭᠠᠮᠰᠢᠭ  ᠢ ᠰᠡᠷᠭᠡᠶᠢᠯᠡᠬᠦ ᠮᠡᠳᠡᠯᠭᠡ ᠶᠢᠨ ᠪᠣᠯᠪᠠᠰᠤᠷᠠᠭᠤᠯᠤᠯ  ᠤ ᠲᠡᠮᠳᠡᠭᠯᠡᠯ᠂ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠭᠰᠠᠨ ᠲᠡᠮᠳᠡᠭᠯᠡᠯ ᠬᠢᠭᠡᠳ ᠲᠠᠯᠳᠠ ᠭᠡᠮ  ᠢ ᠵᠢᠭᠰᠠᠭᠠᠨ ᠪᠠᠶᠢᠴᠠᠭᠠᠭᠰᠠᠨ᠂ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ  ᠤ ᠲᠡᠮᠳᠡᠭᠯᠡᠯ᠂ ᠰᠡᠷᠭᠡᠶᠢᠯᠡᠯᠲᠡ ᠶᠢᠨ ᠪᠡᠯᠡᠳᠬᠡᠮᠵᠢ᠂ ᠲᠣᠨᠣᠭᠯᠠᠯ᠂ ᠪᠠᠭᠠᠵᠢ ᠬᠡᠷᠡᠭᠰᠡᠯ ᠵᠡᠷᠭᠡ ᠶᠢ ᠪᠠᠶᠢᠴᠠᠭᠠᠨ ᠵᠠᠰᠠᠭᠰᠠᠨ ᠲᠡᠮᠳᠡᠭᠯᠡᠯ  ᠃    ︵ᠵᠢᠷᠭᠤᠭ᠎ᠠ︶ ᠴᠠᠭ ᠠᠭᠤᠷ ᠤᠨ ᠭᠠᠮᠰᠢᠭ ᠭᠠᠷᠤᠭᠰᠠᠨ ᠵᠢᠴᠢ ᠪᠠᠴᠢᠮ ᠪᠠᠶᠢᠳᠠᠯ ᠢ ᠠᠷᠭᠠᠴᠠᠨ ᠰᠢᠶ᠋ᠳᠪᠦᠷᠢᠯᠡᠭᠰᠡᠨ ᠪᠠᠶᠢᠳᠠᠯ︔    ︵ᠲᠤᠯᠤᠭ᠎ᠠ︶ ᠲᠠᠩᠰᠠ ᠡᠪᠬᠡᠮᠡᠯ ᠳᠤ ᠣᠷᠣᠭᠤᠯᠬᠤ ᠴᠢᠬᠤᠯᠠᠲᠠᠶ ᠪᠤᠰᠤᠳ ᠮᠠᠲ᠋ᠧᠷᠢᠶᠠᠯ᠃             ᠬᠤᠷᠢᠳᠤᠭᠠᠷ ᠵᠦᠢᠯ ᠴᠠᠭ ᠠᠭᠤᠷ ᠤᠨ ᠭᠠᠮᠰᠢᠭ ᠭᠠᠷᠤᠭᠰᠠᠨ ᠤ ᠲᠡᠷᠠᠭ᠎ᠠ᠂ ᠭᠤᠣᠯᠳᠠᠯᠭ᠎ᠠ ᠲᠠᠢ ᠨᠢᠭᠡᠴᠢ  ᠨᠦᠭᠦᠳ ᠭᠠᠮᠰᠢᠭᠳᠠᠭᠰᠠᠨ ᠪᠠᠶᠢᠳᠠᠯ ᠢᠶᠠᠨ ᠠᠵᠢᠯ ᠲᠦᠷᠦᠯ ᠤᠨ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠪᠣᠯᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠴᠠᠭ ᠠᠭᠤᠷ ᠤᠨ ᠠᠵᠢᠯ ᠢ ᠡᠷᠬᠢᠯᠡᠠ ᠬᠠᠮᠢᠶᠠᠷᠬᠤ ᠪᠠᠶᠢᠭᠤᠯᠤᠮᠵᠢ ᠵᠡᠷᠭᠡ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃    ᠳᠥᠷᠪᠡᠳᠦᠭᠡᠷ ᠪᠦᠯᠦᠭ ‍ᠦ᠋ᠯᠡᠴᠢᠯᠡᠬᠦ ᠪᠠ ᠬᠢᠨᠠᠯᠲᠠ ᠲᠠᠯᠪᠢᠬᠤ    ᠬᠤᠷᠢᠨ ᠨᠢᠭᠡᠳᠦᠭᠡᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ  ᠤ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠪᠣᠯᠤᠨ ᠬᠠᠮᠢᠶ᠎ᠠ ᠪᠥᠬᠦᠢ ᠠᠵᠢᠯ ᠲᠥᠷᠥᠯ  ᠤ ᠰᠠᠯᠠᠭ᠎ᠠ ᠮᠥᠴᠢᠷ  ᠤᠳ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠭᠤᠣᠯᠳᠠᠯᠭ᠎ᠠ ᠲᠠᠢ ᠨᠢᠭᠡᠴᠢ ᠶᠢᠨ ᠴᠠᠭ ᠠᠭᠤᠷ  ᠤ ᠭᠠᠮᠰᠢᠭ  ᠢ ᠰᠡᠷᠭᠡᠶᠢᠯᠡᠬᠦ ᠮᠡᠳᠡᠯᠭᠡ ᠶᠢᠨ ᠤᠬᠠᠭᠤᠯᠭ᠎ᠠ ᠶᠢ ᠥᠷᠨᠢᠭᠦᠯᠬᠦ ᠬᠡᠷᠡᠭᠲᠡᠶ᠃ ᠭᠤᠤᠯᠳᠠᠯᠭ᠎ᠠ ᠲᠠᠢ ᠨᠢᠭᠡᠴᠢ ᠶᠢᠨ ᠴᠠᠭ ᠠᠭᠤᠷ ᠤᠨ ᠭᠠᠮᠰᠢᠭ ᠢ ᠠᠷᠭᠠᠴᠠᠬᠤ ᠲᠤᠰᠬᠠᠶ ᠵᠦᠢᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠬᠤ ︵ᠵᠠᠰᠠᠪᠤᠷᠢ ᠣᠷᠣᠭᠤᠯᠬᠤ︶᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ᠂ ᠠᠵᠢᠯᠲᠠᠨ ᠤ ᠪᠣᠯᠪᠠᠰᠤᠷᠠᠭᠤᠯᠤᠯ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠵᠡᠷᠭᠡ ᠳᠤ ᠬᠢᠨᠠᠯᠲᠠ ᠳᠡᠯᠪᠢᠨ ᠵᠢᠯᠣᠭᠤᠳᠴᠤ᠂ ᠭᠤᠤᠯᠳᠠᠯᠭ᠎ᠠ ᠲᠠᠢ ᠨᠢᠭᠡᠴᠢ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠶ᠃    ᠬᠤᠷᠢᠨ ᠬᠤᠶᠠᠳᠤᠭᠠᠷ ᠵᠦᠢᠯ ᠵᠡᠮ ᠲᠡᠭᠡᠭᠡᠪᠦᠷᠢ᠂ ᠰᠣᠶᠣᠯ ᠪᠣᠯᠪᠠᠰᠤᠷᠠᠯ ᠪᠡᠶ᠎ᠡ ᠶᠢᠨ ᠲᠠᠮᠢᠷ᠂ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ᠂ ᠲᠠᠷᠢᠶᠠᠯᠠᠩ ᠮᠠᠯ ᠠᠵᠤ ᠠᠬᠤᠢ᠂ ᠤᠰᠦᠠ ᠠᠰᠢᠭᠯᠠᠯᠲᠠ᠂ ᠡᠨᠧᠷᠭᠢ ᠶᠢᠨ ᠰᠤᠷᠪᠤᠯᠵᠢ ᠵᠡᠷᠭᠡ ᠠᠵᠢᠯ ᠲᠦᠷᠦᠯ ᠤᠨ ᠭᠤᠣᠯᠳᠠᠯᠭ᠎ᠠ ᠲᠠᠢ ᠨᠢᠭᠡᠴᠢ ᠨᠦᠭᠦᠳ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠬᠡᠷᠡᠭᠴᠡᠭᠡ ᠪᠠ ᠦᠢᠯᠡᠳᠪᠦᠷᠢᠯᠡᠯ ᠡᠵᠡᠩᠨᠡᠯᠲᠡ ᠶᠢᠨ ᠬᠡᠷᠡᠭᠴᠡᠭᠡ ᠪᠠᠨ ᠦᠨᠳᠦᠰᠦᠯᠡᠨ᠂ ᠴᠢᠬᠤᠯᠠ ᠪᠦᠬᠦᠢ ᠴᠠᠭ ᠠᠭᠤᠷ ᠤᠨ ᠡᠯᠧᠮᠧᠨ᠋ᠲ ᠢ ᠬᠢᠨᠠᠨ ᠬᠡᠮᠵᠢᠬᠦ ᠲᠥᠬᠦᠭᠡᠷᠦᠮᠵᠢ ᠪᠠᠶᠢᠷᠢᠯᠠᠭᠤᠯᠬᠤ ᠬᠡᠷᠡᠭᠲᠡᠢ ᠪᠥᠭᠡᠳ ᠴᠠᠭ ᠠᠭᠤᠷ ᠤᠨ ᠠᠵᠢᠯ ᠲᠦᠷᠦᠯ ᠤᠨ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠴᠠᠭ ᠠᠭᠤᠷ ᠤᠨ ᠠᠵᠢᠯ ᠢ ᠡᠷᠬᠢᠯᠡᠠ ᠬᠠᠮᠢᠶᠠᠷᠬᠤ ᠪᠠᠶᠢᠭᠤᠯᠤᠮᠵᠢ ᠶᠢᠨ ᠬᠢᠨᠠᠯᠲᠠ᠂ ᠵᠢᠯᠦᠭᠤᠳᠦᠯᠭ᠎ᠠ ᠶᠢ ᠬᠦᠯᠢᠶᠡᠬᠦ ᠬᠡᠷᠡᠭᠲᠡᠢ᠃    ᠡᠯ᠎ᠡ ᠰᠠᠯᠠᠭ᠎ᠠ ᠮᠥᠴᠢᠷ ᠡᠯ᠎ᠡ ᠠᠵᠢᠯ ᠲᠦᠷᠦᠯ ᠤᠨ ᠥᠪᠡᠷ ᠢᠶᠠᠨ ᠪᠠᠶᠢᠭᠤᠯᠤᠭᠰᠠᠨ ᠴᠠᠭ ᠠᠭᠤᠷ ᠢ ᠬᠠᠶᠢᠨ ᠬᠡᠮᠵᠢᠬᠦ ᠲᠥᠬᠦᠭᠡᠷᠦᠮᠵᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠴᠠᠭ ᠠᠭᠤᠷ ᠤᠨ ᠠᠵᠢᠯ ᠢ ᠡᠷᠬᠢᠯᠡᠠ ᠬᠠᠮᠢᠶᠠᠷᠬᠤ ᠪᠠᠶᠢᠭᠤᠯᠤᠮᠵᠢ ᠶᠢᠨ ᠲᠣᠭᠲᠠᠭᠠᠭᠰᠠᠨ ᠪᠠᠷᠢᠮᠵᠢᠶ᠎ᠠ ᠪᠠ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠢ᠃    ᠬᠤᠷᠢᠨ ᠭᠤᠷᠪᠠᠳᠤᠭᠠᠷ ᠵᠦᠢᠯ ᠬᠠᠮᠢᠶ᠎ᠠ ᠪᠦᠬᠦᠢ ᠰᠠᠯᠠᠭ᠎ᠠ ᠮᠥᠴᠢᠷ᠂ ᠠᠵᠢᠯ ᠲᠦᠷᠦᠯ ᠤᠨ ᠨᠡᠶᠢᠭᠡᠮᠯᠢᠭ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ᠂ ᠴᠠᠭ ᠠᠭᠤᠷ ᠤᠨ ᠮᠡᠳᠡᠭᠡ ᠵᠠᠩᠭᠢ ᠶᠢᠨ ᠦᠢᠯᠡᠴᠢᠯᠡᠭᠡᠨ ᠤ ᠨᠢᠭᠡᠴᠢ ᠵᠡᠷᠭᠡ ᠶᠢᠨ ᠭᠤᠣᠯᠳᠠᠯᠭ᠎ᠠ ᠲᠠᠢ ᠨᠢᠭᠡᠴᠢ ᠶᠢᠨ ᠦᠢᠯᠡᠳᠪᠦᠷᠢᠯᠡᠯ ᠤᠨ ᠠᠵᠢᠯᠯᠠᠭ᠎ᠠ ᠬᠢᠭᠡᠳ ᠴᠠᠭ ᠠᠭᠤᠷ ᠤᠨ ᠹᠠᠺᠲ᠋ᠤᠷ ᠤᠨ ᠬᠠᠷᠢᠴᠠᠭ᠎ᠠ ᠶᠢᠨ ᠰᠤᠳᠤᠯᠭᠠᠨ ᠥᠷᠨᠢᠭᠦᠯᠬᠦ ᠶᠢ ᠵᠣᠷᠢᠭᠵᠢᠭᠤᠯᠤᠨ ᠲᠡᠮᠵᠢᠵᠦ᠂ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃    ᠭᠤᠣᠯᠳᠠᠯᠭ᠎ᠠ ᠲᠠᠢ ᠨᠢᠭᠡᠴᠢ ᠨᠦᠭᠦᠳ ᠡᠵᠡᠩᠨᠡᠯᠲᠡ᠂ ᠦᠢᠯᠡᠳᠪᠦᠷᠢᠯᠡᠯ ᠤᠨ ᠠᠵᠢᠯᠯᠠᠭᠠᠨ ᠤ ᠬᠡᠷᠡᠭᠴᠡᠭᠡ ᠪᠠᠨ ᠦᠨᠳᠦᠰᠦᠯᠡᠵᠦ᠂ ᠥᠪᠡᠷᠮᠢᠴᠡ ᠣᠨᠴᠠᠯᠢᠭ ᠲᠠᠢ ᠴᠠᠭ ᠠᠭᠤᠷ ᠤᠨ ᠦᠢᠯᠡᠴᠢᠯᠡᠭᠡ ᠶᠢ ᠵᠠᠬᠢᠶᠠᠯᠠᠨ ᠦᠢᠯᠡᠳᠴᠦ ᠪᠣᠯᠤᠨ᠎ᠠ᠃    ᠬᠤᠷᠢᠨ ᠳᠥᠷᠪᠡᠳᠦᠭᠡᠷ ᠵᠦᠢᠯ ᠬᠠᠮᠢᠶ᠎ᠠ ᠪᠦᠬᠦᠢ ᠠᠵᠢᠯ ᠲᠦᠷᠦᠯ ᠤᠨ ᠨᠡᠶᠢᠭᠡᠮᠯᠢᠭ ᠤᠨ ᠭᠤᠣᠯᠳᠠᠯᠭ᠎ᠠ ᠲᠠᠢ ᠨᠢᠭᠡᠴᠢ ᠳᠤ ᠦᠨᠡᠯᠡᠯᠲᠡ ᠬᠢᠬᠦ ᠲᠣᠭᠲᠠᠴᠠ ᠪᠠᠶᠢᠭᠤᠯᠬᠤ ᠶᠢ ᠵᠣᠷᠢᠭᠵᠢᠭᠤᠯᠵᠤ᠂ ᠪᠠᠷᠢᠮᠵᠢᠶ᠎ᠠ ᠶᠢᠨ ᠵᠢᠷᠤᠮᠵᠢᠯ ᠶᠣᠰᠣᠭᠠᠷ ᠭᠤᠣᠯᠳᠠᠯᠭ᠎ᠠ ᠲᠠᠢ ᠨᠢᠭᠡᠴᠢ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠴᠢᠳᠠᠪᠤᠷᠢ ᠪᠣᠯᠤᠨ ᠬᠢᠷᠢ ᠬᠡᠮᠵᠢᠶ᠎ᠡ ᠳᠤ ᠦᠨᠡᠯᠡᠯᠲᠡ ᠬᠢᠬᠦ ᠬᠡᠷᠡᠭᠲᠡᠶ᠃    ᠭᠤᠣᠯᠳᠠᠯᠭ᠎ᠠ ᠲᠠᠢ ᠨᠢᠭᠡᠴᠢ ᠶᠢᠨ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠴᠢᠳᠠᠪᠤᠷᠢ ᠪᠣᠯᠤᠨ ᠬᠢᠷᠢ ᠬᠡᠮᠵᠢᠶ᠎ᠡ ᠶᠢᠨ ᠦᠨᠡᠯᠡᠯᠲᠡ ᠳᠤ    ᠬᠤᠷᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠴᠠᠭ ᠠᠭᠤᠷ  ᠤ ᠭᠤᠣᠯᠴᠢᠯᠠᠨ ᠬᠠᠮᠢᠶᠠᠷᠬᠤ ᠪᠠᠶᠢᠭᠤᠯᠤᠮᠵᠢ ᠪᠤᠶᠤ ᠬᠤᠷᠠᠯ  ᠤ ᠠᠳᠠᠯᠢ ᠠᠵᠢᠯ ᠲᠥᠷᠥᠯ  ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠟ ᠣᠳ ᠭᠤᠣᠯᠳᠠᠯᠭ᠎ᠠ ᠲᠠᠢ ᠨᠢᠭᠡᠴᠢ ᠶᠢᠨ ᠴᠠᠭ ᠠᠭᠤᠷ  ᠤ ᠭᠠᠮᠰᠢᠭ  ᠢ ᠰᠡᠷᠭᠡᠶᠢᠯᠡᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ ᠪᠠᠶᠢᠭ᠎ᠠ ᠪᠠᠶᠢᠳᠠᠯ  ᠳᠤ ᠲᠤᠰᠬᠠᠶ ᠵᠦᠢᠯ  ᠤ ᠪᠠᠶᠢᠴᠠᠭᠠᠯᠲᠠ ᠪᠤᠶᠤ ᠰᠤᠭᠤᠴᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠬᠤ ᠶᠢᠨ ᠬᠠᠮᠲᠤ ᠪᠠᠶᠢᠴᠠᠭᠠᠭᠰᠠᠨ ᠦᠷ᠎ᠡ  ᠳ᠋ᠦᠩ  ᠢ ᠨᠡᠪᠲᠡᠷᠡᠭᠦᠯᠬᠦ ᠬᠡᠷᠡᠭᠲᠡᠶ᠃ ᠬᠢᠨᠠᠯᠲᠠ ᠲᠠᠯᠪᠢᠵᠤ ᠪᠠᠶᠢᠴᠠᠭᠠᠬᠤ ᠳᠤ ᠳᠣᠣᠷᠠᠬᠢ ᠠᠭᠤᠯᠭ᠎ᠠ ᠨᠤᠭᠤᠳ ᠢ ᠪᠠᠭᠲᠠᠭᠠᠬᠤ ᠬᠡᠷᠡᠭᠲᠡᠶ᠄    ︵ᠨᠢᠭᠡ︶ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠠᠵᠢᠯ ᠤᠨ ᠲᠦᠷᠢᠮ ᠤᠨ ᠪᠠᠶᠢᠭᠤᠯᠤᠯᠲᠠ ᠶᠢᠨ ᠪᠠᠶᠢᠳᠠᠯ︔    ︵ᠬᠤᠶᠠᠷ︶ ᠴᠠᠭ ᠠᠭᠤᠷ ᠤᠨ ᠭᠠᠮᠰᠢᠭ ᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠮᠡᠳᠡᠭᠡ ᠵᠠᠩᠭᠢ ᠶᠢ ᠬᠦᠯᠢᠶᠡᠠ ᠠᠪᠬᠤ ᠦᠵᠦᠭᠦᠷ ᠤᠨ ᠪᠦᠳᠦᠭᠡᠠ ᠪᠠᠶᠢᠭᠤᠯᠤᠯᠲᠠ ᠪᠠ ᠠᠵᠢᠯᠯᠠᠭᠠᠨ ᠤ ᠪᠠᠶᠢᠳᠠᠯ︔    ︵ᠭᠤᠷᠪᠠ︶ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠨ ᠲᠡᠭᠦᠯᠳᠡᠷᠵᠢᠭᠦᠯᠦᠭᠰᠡᠨ ᠵᠢᠴᠢ ᠪᠠᠴᠢᠮ ᠪᠠᠶᠢᠳᠠᠯ ᠢ ᠠᠷᠭᠠᠴᠠᠬᠤ ᠰᠣᠷᠢᠯᠲᠠ᠂ ᠪᠣᠯᠪᠠᠰᠤᠷᠠᠭᠤᠯᠤᠯ ᠢ ᠥᠷᠨᠢᠭᠦᠯᠦᠭᠰᠡᠨ ᠪᠠᠶᠢᠳᠠᠯ︔    ︵ᠳᠥᠷᠪᠡ︶ ᠴᠠᠭ ᠠᠭᠤᠷ ᠤᠨ ᠭᠠᠮᠰᠢᠭ ᠤᠨ ᠰᠡᠷᠭᠡᠶᠢᠯᠡᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠬᠤ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ︔    ︵ᠲᠠᠪᠤ︶ ᠠᠶᠤᠩᠭ᠎ᠠ ᠴᠠᠬᠢᠯᠭᠠᠨ ᠠᠴᠠ ᠰᠡᠷᠭᠡᠶᠢᠯᠡᠬᠦ ᠲᠣᠨᠣᠭᠯᠠᠯ ᠤᠨ ᠪᠠᠶᠢᠴᠠᠭᠠᠨ ᠬᠡᠮᠵᠢᠯᠲᠡ ᠵᠢᠴᠢ ᠡᠳᠦᠷ ᠲᠤᠳᠤᠮ ᠤᠨ ᠬᠠᠮᠠᠭᠠᠯᠠᠯᠲᠠ ᠶᠢᠨ ᠪᠠᠶᠢᠳᠠᠯ︔    ︵ᠵᠢᠷᠭᠤᠭ᠎ᠠ︶ ᠭᠠᠮᠰᠢᠭᠲᠤ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠭᠰᠡᠨ ᠵᠢᠴᠢ ᠭᠠᠮᠰᠢᠭ ᠤᠨ ᠪᠠᠶᠢᠳᠠᠯ ᠢ ᠳᠡᠭᠡᠭᠰᠢ ᠮᠡᠳᠡᠭᠦᠯᠦᠭᠰᠡᠨ ᠪᠠᠶᠢᠳᠠᠯ︔    ︵ᠲᠤᠯᠤᠭ᠎ᠠ︶ ᠴᠠᠭ ᠠᠭᠤᠷ ᠤᠨ ᠭᠠᠮᠰᠢᠭ ᠢ ᠰᠡᠷᠭᠡᠶᠢᠯᠡᠬᠦ ᠲᠡᠩᠰᠠ ᠡᠪᠬᠡᠮᠡᠯ ᠪᠠᠶᠢᠭᠤᠯᠤᠭᠰᠠᠨ ᠪᠠᠶᠢᠳᠠᠯ︔    ︵ᠨᠠᠢᠮᠠ︶ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠲᠥᠷᠢᠮ ᠲᠣᠭᠲᠠᠭᠠᠯ  ᠳᠤ ᠲᠣᠭᠲᠠᠭᠠᠭᠰᠠᠨ ᠬᠢᠨᠠᠯᠲᠠ ᠲᠠᠯᠪᠢᠵᠤ ᠪᠠᠶᠢᠴᠠᠭᠠᠬᠤ ᠴᠢᠬᠤᠯᠠ ᠲᠠᠢ ᠪᠤᠰᠤᠳ ᠪᠠᠶᠢᠳᠠᠯ᠃    ᠲᠠᠪᠤᠳᠤᠭᠠᠷ ᠪᠦᠯᠦᠭ ᠳ᠋ᠠᠭᠠᠯᠳᠤᠭᠤᠯᠤᠭᠰᠠᠨ ᠲᠦᠷᠢᠮ    ᠬᠤᠷᠢᠨ ᠵᠢᠷᠭᠤᠳᠤᠭᠠᠷ ᠵᠦᠢᠯ ᠲᠤᠰ ︽ᠠᠷᠭ᠎ᠠ︾ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃     
 
ᠢᠷᠡᠯᠲᠡ᠄ ᠬᠢᠩᠭᠠᠨ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号