3 ᠰᠠᠷ᠎ᠠ ᠶᠢᠨ 20 ᠤ ᠡᠳᠦᠷ᠂ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ | ᠳᠠᠷᠤᠭ᠎ᠠ ᠢᠦᠶ ᠵᠢᠶ ᠱᠦᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠬᠥᠭᠵᠢᠯᠲᠡ ᠶᠢᠨ ᠢᠲᠡᠭᠡᠯ ᠵᠣᠷᠢᠭ ᠢᠶᠠᠨ ᠴᠢᠨᠠᠭᠰᠢᠳᠠ ᠴᠢᠩᠭᠠᠷᠠᠭᠤᠯᠵᠦ᠂ ᠶᠡᠷᠦᠩᠬᠡᠢ ᠱᠦᠵᠢ ᠶᠢᠨ | ᠵᠢᠭᠠᠭᠰᠠᠨ ᠴᠢᠭᠯᠡᠯ ᠢᠶᠠᠷ ᠭᠤᠶᠢᠪᠢᠰᠢ ᠦᠭᠡᠢ ᠡᠷᠡᠮᠡᠬᠡᠶᠢᠯᠡᠨ ᠤᠷᠤᠭᠰᠢᠯᠠᠬᠤ ᠬᠡᠷᠡᠭᠲᠡᠢ᠃ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠭᠤᠰᠤᠯᠴᠠᠭᠤᠯᠤᠨ | ᠬᠥᠭᠵᠢᠭᠦᠯᠬᠦ ᠲᠠᠪᠴᠠᠩ ᠢ ᠬᠦᠴᠦᠯᠡᠨ ᠪᠠᠶᠢᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠵᠢᠯ ᠤᠯᠭᠤᠵᠦ | ᠤᠷᠤᠯᠭ᠎ᠠ ᠶᠢᠨ ᠨᠡᠮᠡᠭᠳᠡᠯ ᠢ ᠪᠠᠳᠤᠯᠠᠬᠤ ᠰᠢᠰᠲ᠋ᠧᠮ ᠢ ᠪᠠᠶᠢᠭᠤᠯᠤᠨ ᠲᠡᠬᠦᠯᠳᠡᠷᠵᠢᠬᠦᠯᠵᠦ᠂ ᠰᠤᠷᠭᠠᠨ ᠬᠥᠮᠦᠵᠢᠯ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠳᠠᠨ ᠤ ᠨᠢᠭᠡ ᠴᠤᠭᠴᠠᠵᠢᠭᠰᠠᠨ ᠬᠦᠭᠵᠢᠯᠳᠡ ᠶᠢ ᠠᠬᠢᠭᠤᠯᠬᠤ | ᠬᠡᠷᠡᠭᠳᠡᠢ ᠭᠡᠵᠦ ᠴᠢᠬᠤᠯᠠᠴᠢᠯᠠᠪᠠ᠃ ᠬᠤᠷᠠᠯ ᠠᠴᠠ 3 ᠰᠠᠷ᠎ᠠ ᠶᠢᠨ 12 ᠤᠨ ᠡᠳᠦᠷ ᠤᠨ ᠲᠥᠪ ᠤᠨ ᠨᠠᠮ ᠤᠨ | ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠡᠯ᠎ᠡ | ᠵᠦᠢᠯ ᠤᠨ ᠠᠵᠢᠯ ᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ | ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃ ᠬᠤᠷᠠᠯ ᠠᠴᠠ ᠪᠦᠬᠦ ᠠᠶᠢᠮᠠᠭ ᠤᠨ ᠨᠢᠭᠡᠳᠦᠭᠡᠷ | ᠤᠯᠠᠷᠢᠯ ᠤᠨ ᠠᠵᠤ ᠠᠬᠤᠢ ᠶᠢᠨ ᠡᠷᠬᠢᠯᠳᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠷᠴᠢ | ᠵᠣᠷᠢᠭ ᠢᠶᠠᠨ ᠬᠥᠪᠴᠢᠯᠡᠵᠦ᠂ ᠠᠬᠢᠴᠠ ᠶᠢ ᠠᠮᠵᠢᠵᠤ᠂ ᠡᠯ᠎ᠡ ᠵᠦᠢᠯ ᠤᠨ ᠠᠵᠢᠯ ᠢᠶᠠᠨ ᠠᠬᠢᠭᠤᠯᠵᠤ᠂ ᠨᠢᠭᠡᠳᠦᠭᠡᠷ | ᠤᠯᠠᠷᠢᠯ ᠤᠨ ᠰᠠᠶᠢᠨ ᠡᠬᠢᠯᠡᠯᠲᠡ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠲᠠᠢ ᠬᠦᠷᠢᠶ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠬᠥᠳᠡᠯᠦᠩᠭᠦᠢ ᠠᠰᠠᠭᠤᠳᠠᠯ ᠤᠨ ᠨᠠᠷᠢᠨ ᠲᠠᠩᠰᠠ ᠶᠢ ᠪᠠᠶᠢᠭᠤᠯᠵᠤ᠂ ᠤᠨᠢᠨ | ᠳᠡᠭᠡᠷ᠎ᠡ ᠨᠢ ᠪᠣᠭᠤᠮᠲᠠ ᠰᠢᠪᠲᠤᠯᠵᠦ᠂ ︽ᠭᠤᠷᠪᠠᠨ ᠨᠠᠷᠢᠨ ᠲᠠᠩᠰᠠ︾ ᠶᠢᠨ ᠡᠯ᠎ᠡ ᠵᠦᠢᠯ ᠤᠨ ᠡᠭᠦᠷᠭᠡ ᠶᠢᠨ | ᠨᠠᠶᠢᠳᠠᠪᠤᠷᠢᠵᠢᠭᠤᠯᠤᠯᠳᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠡᠢ᠃ ᠴᠢᠬᠤᠯᠠ ᠶᠡᠭᠡ ᠲᠦᠷᠦᠯ | ᠵᠦᠢᠯ ᠤᠨ ᠪᠦᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢ ᠴᠢᠩᠭᠠᠳᠬᠠᠵᠤ᠂ ᠨᠡᠩ ᠤᠯᠠᠨ ᠪᠤᠳᠠᠳᠠᠢ | ᠠᠵᠢᠯ ᠤᠨ ᠠᠷᠭ᠎ᠠ ᠶᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠬᠠᠮᠠᠭᠠᠯᠠᠯᠲᠠ ᠪᠣᠯᠤᠨ | ᠠᠷᠠᠳ ᠤᠨ ᠠᠮᠢᠳᠤᠷᠠᠯ ᠤᠨ ᠰᠠᠶᠢᠵᠢᠷᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠴᠢᠨᠠᠷ ᠰᠠᠶᠢᠳᠠᠢ ᠬᠦᠭᠵᠢᠯᠳᠡ ᠶᠢᠨ | ᠰᠠᠭᠤᠷᠢ ᠶᠢ ᠪᠠᠬᠢᠵᠢᠬᠦᠯᠬᠦ ᠬᠡᠷᠡᠭᠳᠡᠢ᠃ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠪᠣᠯᠤᠨ ᠠᠵᠢᠯ ᠤᠨ | ᠰᠤᠷᠲᠠᠯ ᠤᠨ ᠬᠤᠪᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠳᠠᠯᠳᠤᠭ᠎ᠠ ᠡᠷᠬᠢᠯᠡᠬᠦ | ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠢ ᠲᠤᠰᠠᠯᠠᠬᠤ ᠦᠢᠯᠡᠴᠢᠯᠡᠭᠡᠨ ᠤ ᠶᠠᠰᠤ | ᠴᠢᠨᠠᠷ ᠦᠷ᠎ᠡ ᠠᠰᠢᠭ ᠢ ᠪᠦᠬᠦ ᠲᠠᠯ᠎ᠠ ᠪᠠᠷ ᠲᠡᠭᠡᠭᠰᠢᠯᠡᠬᠦᠯᠬᠦ ᠬᠡᠷᠡᠭᠳᠡᠢ ᠭᠡᠵᠡᠢ᠃ ᠬᠤᠷᠠᠯ ᠠᠴᠠ ᠪᠦᠬᠦ ᠠᠶᠢᠮᠠᠭ ᠤᠨ | ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠨ | ᠤᠯᠠᠮᠵᠢᠯᠠᠬᠤ ᠶᠢ ᠴᠢᠩᠭᠠᠳᠬᠠᠵᠤ᠂ ᠲᠡᠦᠬᠡ ᠰᠣᠶᠣᠯ ᠢ ᠰᠤᠳᠤᠯᠬᠤ ᠪᠠ ᠰᠢᠨ᠎ᠡ ᠶᠢ ᠡᠭᠦᠳᠦᠨ ᠬᠤᠪᠢᠷᠠᠭᠤᠯᠬᠤ ᠶᠢ | ᠭᠦᠨᠵᠡᠭᠡᠶᠢᠷᠡᠭᠦᠯᠵᠦ᠂ ᠪᠦᠬᠦ ᠠᠶᠢᠮᠠᠭ ᠤᠨ ᠴᠢᠨᠠᠷ ᠰᠠᠶᠢᠲᠠᠢ ᠬᠥᠭᠵᠢᠯᠲᠡ ᠳᠤ ᠰᠣᠶᠣᠯ ᠤᠨ ᠬᠥᠳᠡᠯᠭᠡᠬᠦ ᠬᠦᠴᠦᠨ | ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ ︵ᠯᠢᠦ | ᠭᠥᠸᠧ ᠶᠠᠨ︶ |